ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠳᠣᠯᠣᠳᠤᠭᠠᠷ ᠬᠤᠭᠤᠴᠠᠭᠠᠨ ᠤ ᠬᠤᠷᠢᠶᠠᠨ ᠤ | ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ︵2021 ᠣᠨ ᠤ 8 ᠰᠠᠷ᠎ᠠ ᠶᠢᠨ 17 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ | ᠬᠤᠳᠠ ᠶᠢᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠠᠴᠠ | ᠪᠠᠲᠤᠯᠠᠪᠠ︶ | | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠳᠣᠯᠣᠳᠤᠭᠠᠷ ᠬᠤᠭᠤᠴᠠᠭᠠᠨ ᠤ | ᠬᠤᠷᠢᠶᠠᠨ ᠤ ᠠᠷᠪᠠᠨ ᠭᠤᠷᠪᠠᠳᠤᠭᠠᠷ ᠪᠦᠬᠦᠳᠠ ᠬᠤᠷᠠᠯ 2021 ᠣᠨ ᠤ 8 ᠰᠠᠷ᠎ᠠ ᠶᠢᠨ 17 ᠤ ᠡᠳᠦᠷ | ᠬᠠᠶᠢᠷᠤᠪ ᠤᠨ ᠲᠤᠬᠤᠢ ᠳᠤ ᠬᠤᠷᠠᠯᠳᠤᠪᠠ᠃ | ᠬᠤᠷᠠᠯ ᠳᠤ ᠣᠷᠣᠯᠴᠠᠭᠰᠠᠨ ᠦᠬᠠᠢ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 31 ᠬᠥᠮᠦᠨ᠂ | ᠣᠷᠣᠯᠠᠭᠴᠢ ᠭᠡᠰᠢᠭᠦᠨ 1 ᠬᠥᠮᠦᠨ᠃ | ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ | ᠪᠥᠬᠦᠶ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠠ ᠬᠡᠰᠡᠭ ᠦᠬᠠᠶ ᠬᠤᠲᠠ ᠶᠢᠨ ᠳᠣᠯᠣᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠳᠠ ᠶᠢᠨ | ᠨᠠᠮ ᠤᠨ ᠬᠤᠷᠢᠶᠠᠨ ᠤ ᠱᠦᠵᠢ ᠲᠠᠩ ᠢ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠳᠠᠩ ᠢ ᠶᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠣᠭᠰᠠᠨ ᠪᠦᠭᠡᠳ ᠶᠠᠷᠢᠯᠴᠠᠵᠤ᠂ ︽ᠦᠬᠠᠢ | ᠬᠤᠲᠠ ᠶᠢᠨ ᠨᠠᠮ ᠤᠨ ᠬᠤᠷᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ | ᠤ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ ᠰᠢᠨ᠎ᠡ ᠠᠶᠠᠨ ᠵᠠᠮ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠣᠭᠲᠠᠭᠠᠯ﹀ ᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ | ᠪᠠᠲᠤᠯᠠᠵᠤ᠂ ᠣᠳᠣᠬᠠᠨ ᠤ ᠬᠥᠭᠵᠢᠯᠲᠡ ᠶᠢᠨ ᠪᠠᠶᠢᠳᠠᠯ ᠳᠤ ᠵᠠᠳᠠᠯᠤᠯᠲᠠ ᠬᠢᠵᠦ᠂ ᠡᠨᠡ ᠵᠢᠯ ᠤᠨ ᠲᠠᠷᠠᠭᠠᠴᠢ ᠶᠢᠨ | ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠡ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ︽ᠬᠡᠷᠡᠭᠵᠢᠭᠦᠯᠬᠦ ᠰᠠᠨᠠᠯ ︵ᠲᠥᠰᠦᠯ︶︾ ᠤᠨ ᠲᠤᠬᠠᠶ ᠪᠥᠬᠦᠳᠡ | ᠬᠤᠷᠠᠯ ᠳᠤ ᠲᠣᠳᠣᠷᠬᠠᠶᠢᠯᠠᠯᠲᠠ ᠬᠢᠪᠡ᠃ | ᠪᠥᠬᠦᠳᠡ ᠬᠤᠷᠠᠯ ᠠᠴᠠ ᠡᠨᠡ ᠵᠢᠯ ᠠᠴᠠ ᠨᠠᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠭᠦᠢᠴᠡᠳ ᠨᠤᠳᠠᠯᠠᠪᠠ᠃ ᠰᠠᠨᠠᠯ ᠨᠢᠭᠡᠲᠡᠶ ᠦᠵᠡᠭᠰᠡᠨ ᠨᠢ᠂ ᠡᠨᠡ ᠵᠢᠯ ᠠᠴᠠ ᠨᠠᠰᠢ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ | ᠪᠠᠷᠢᠮᠳᠠᠯᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠦᠭᠡᠶ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ | ᠡᠵᠡᠮᠰᠢᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ | ᠂ ᠠᠮᠢ ᠠᠬᠤᠶ ᠶᠢᠨ ᠣᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳᠴᠢᠯᠠᠯ | ᠬᠠᠤᠯᠢᠵᠢᠯ ᠤᠨ ᠪᠠᠶᠢᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢᠨ ᠬᠢᠷᠢ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ | ᠠᠬᠢᠭᠤᠯᠵᠤ᠂ ᠮᠠᠨ ᠤ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠦᠷ᠎ᠡ | ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ | ᠡᠬᠢᠯᠡᠯᠲᠡ ᠶᠢ ᠪᠡᠶᠡᠯᠡᠭᠦᠯᠪᠡ ᠬᠡᠵᠡᠢ᠃ | | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ | ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ ᠨᠢ ᠭᠡᠷᠡᠯ ᠰᠠᠴᠤᠷᠠᠩᠭᠤᠶ ᠲᠡᠦᠬᠡ ᠶᠢ ᠡᠷᠭᠢᠴᠡᠭᠦᠯᠦᠨ᠂ ᠭᠡᠭᠡᠨ ᠰᠠᠷᠠᠭᠤᠯ | ᠢᠷᠡᠭᠡᠳᠦᠶ ᠶᠢ ᠵᠢᠷᠤᠭᠯᠠᠵᠤ᠂ ᠪᠢᠳᠡᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠵᠠᠮ | ᠳᠤ ᠰᠠᠶᠢᠲᠤᠷ ᠵᠠᠮᠨᠠᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠥᠭᠴᠦ᠂ ᠠᠵᠢᠯᠯᠠᠭᠠᠨ ᠤ ᠵᠦᠭᠯᠡᠭᠦᠷ | ᠬᠠᠩᠭᠠᠭᠰᠠᠨ ᠪᠠᠶᠢᠨ᠎ᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠩ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ | ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠠᠨ ᠪᠣᠯᠭᠠᠵᠤ᠂ ᠤᠬᠠᠮᠰᠠᠷ ᠠᠴᠠ ᠪᠠᠨ ᠶᠠᠷᠢᠶᠠᠨ ᠤ ᠵᠣᠷᠢᠭ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠦᠷᠭᠦᠯᠵᠢᠯᠡᠨ ᠠᠬᠢᠭᠤᠯᠬᠤ ᠬᠡᠷᠡᠭᠲᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢ ᠪᠦᠲᠦᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠠᠨᠠᠭᠠᠴᠢᠯᠠᠭ᠎ᠠ ᠠᠴᠠ ᠪᠠᠨ ᠳᠠᠭᠠᠵᠤ᠂ ᠮᠠᠨ ᠤ ᠬᠤᠲᠠ ᠶᠢᠨ | ︽ᠨᠢᠭᠡ ᠵᠢᠷᠤᠮᠯᠠᠯ ︵ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ | ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ | ᠠᠳᠬᠤᠬᠤ︶ ᠢ ᠪᠠᠷᠢᠮᠲᠠᠯᠠᠵᠤ᠂ ᠨᠢᠭᠡ ᠭᠤᠣᠯ ᠰᠢᠵᠢᠮ ︵ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ | ᠵᠠᠮᠨᠠᠬᠤ︶ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ︵ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ | ᠬᠤᠲᠠ ᠶᠢᠨ ᠬᠡᠯᠪᠡᠷᠢ ᠪᠠᠨ ᠬᠤᠪᠢᠷᠠᠭᠤᠯᠬᠤ︶ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ︵ᠴᠢᠨᠠᠷ | ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠴᠢᠨᠠᠷ ᠰᠠᠶᠢᠲᠠᠶ ᠵᠠᠰᠠᠯᠲᠠ︶ ᠶᠢ ᠪᠡᠶᠡᠯᠡᠬᠦᠯᠬᠦ︾ | ᠬᠥᠭᠵᠢᠯᠲᠡ ᠶᠢᠨ ᠰᠡᠳᠬᠢᠮᠵᠢ ᠶᠢ ᠪᠠᠷᠢᠮᠳᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ | ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠮᠠᠨ ᠤ ᠬᠤᠲᠠ ᠳᠤ ᠦᠨᠳᠦᠰᠦᠯᠡᠭᠦᠯᠦᠨ᠂ | ᠴᠡᠴᠡᠭᠯᠡᠨ ᠵᠢᠮᠢᠰᠯᠡᠭᠦᠯᠬᠦ ᠶᠢ ᠳᠥᠯᠭᠢᠨ ᠠᠬᠢᠭᠤᠯᠬᠤ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠮᠠᠨ ᠤ | ᠬᠤᠲᠠ ᠶᠢᠨ ︽ᠬᠡᠷᠡᠭᠵᠢᠭᠦᠯᠬᠦ ᠰᠠᠨᠠᠯ︾ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠶᠢ | ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠲᠣᠭᠲᠠᠭᠠᠯ ᠤᠨ ᠵᠣᠷᠢᠭ | ᠰᠠᠨᠠᠭ᠎ᠠ ᠶᠢ ᠲᠤᠤᠱᠯᠠᠭᠤᠯᠬᠤ ᠴᠢᠬᠤᠯᠠ ᠭᠠᠷᠳᠠᠴᠠ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠷᠠᠭᠤᠯᠤᠨ᠂ ᠭᠦᠨ ᠵᠤᠵᠠᠭᠠᠨ ᠠᠭᠤᠷ | ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠰᠢᠮᠳᠠᠭᠤᠯᠤᠨ ᠪᠠᠶᠢᠴᠠᠭᠠᠬᠤ ᠪᠠᠨ ᠦᠨᠡᠨᠬᠦ ᠴᠢᠩᠭᠠᠳᠬᠠᠨ᠂ ᠡᠯ᠎ᠡ | ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠲᠡᠷᠡ | ᠬᠡᠪ ᠢᠶᠠᠷ ᠨᠢ ᠳᠥᠯᠭᠢᠨ ᠠᠬᠢᠭᠤᠯᠬᠤ ᠬᠡᠷᠡᠭᠲᠡᠶ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠲᠠᠷᠠᠭᠠᠴᠢ ᠶᠢᠨ ᠱᠠᠲᠤᠨ ᠤ | ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠳᠤ ᠡᠷᠬᠡᠪᠰᠢ ᠣᠳᠣᠬᠠᠨ ᠤ ᠪᠠᠶᠢᠳᠠᠯ ᠳᠤ ᠪᠥᠬᠦ ᠲᠠᠯ᠎ᠠ ᠪᠠᠷ | ᠪᠤᠰᠤᠳᠴᠢ ᠪᠠᠷ ᠬᠠᠨᠳᠤᠵᠤ᠂ ᠪᠠᠶᠢᠳᠠᠯ ᠢ ᠦᠨᠳᠦᠰᠦᠯᠡᠨ ᠪᠣᠳᠣᠯᠬᠢᠯᠠᠵᠤ᠂ ᠪᠠᠶᠢᠳᠠᠯ ᠢ ᠲᠠᠭᠠᠨ ᠠᠵᠢᠯᠯᠠᠵᠤ᠂ | ᠪᠠᠶᠢᠳᠠᠯ ᠢ ᠠᠮᠵᠢᠨ ᠤᠷᠤᠭᠰᠢᠯᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠨᠠᠩ ᠦᠷ᠎ᠡ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ᠃ ᠨᠢᠭᠡ ᠲᠠᠯ᠎ᠠ ᠪᠠᠷ᠂ ᠣᠶᠢᠷ᠎ᠠ ᠶᠢᠨ | ᠵᠢᠯ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ ᠳᠡᠮᠵᠢᠨ᠂ ᠮᠠᠨ ᠤ ᠬᠤᠲᠠ ᠶᠢᠨ ᠬᠥᠭᠵᠢᠯᠲᠡ ᠶᠢᠨ ᠤᠳᠤᠷᠢᠳᠤᠮᠵᠢ | ᠤᠯᠠᠮ ᠨᠢᠭᠡ ᠠᠯᠬᠤᠮ ᠲᠥᠪᠯᠡᠷᠡᠵᠦ᠂ ᠬᠥᠭᠵᠢᠯᠲᠡ ᠶᠢᠨ ᠵᠠᠮ ᠱᠤᠭᠤᠮ ᠤᠯᠠᠮ ᠨᠢᠭᠡ ᠠᠯᠬᠤᠮ ᠲᠣᠳᠣᠷᠬᠠᠶ ᠪᠣᠯᠵᠣ᠂ | ᠬᠥᠭᠵᠢᠯᠲᠡ ᠶᠢᠨ ᠣᠷᠴᠢᠨ ᠲᠤᠭᠤᠷᠢᠨ ᠤᠯᠠᠮ ᠨᠢᠭᠡ ᠠᠯᠬᠤᠮ ᠰᠢᠯᠢᠳᠡᠭᠵᠢᠵᠦ᠂ ᠴᠢᠨᠠᠷ ᠰᠠᠶᠢᠲᠠᠶ ᠬᠥᠭᠵᠢᠯᠲᠡ ᠳᠤ | ᠬᠤᠯᠪᠣᠭᠳᠠᠬᠤ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠡᠬᠢᠯᠡᠭᠦᠯᠬᠦ ᠶᠢ ᠣᠯᠵᠤ ᠬᠠᠷᠠᠬᠤ ᠬᠡᠷᠡᠭᠲᠡᠶ᠃ ᠨᠥᠭᠦᠭᠡ | ᠲᠠᠯ᠎ᠠ ᠪᠠᠷ᠂ ᠣᠳᠣᠬᠠᠨ ᠳᠤ ᠮᠠᠨ ᠤ ᠬᠤᠲᠠ ᠶᠢᠨ ᠠᠵᠤ ᠠᠬᠤᠶ ᠶᠢᠨ ᠰᠡᠷᠭᠦᠯᠲᠡ ᠶᠢᠨ ᠬᠥᠳᠡᠯᠭᠡᠬᠦ ᠬᠦᠴᠦᠨ | ᠬᠦᠷᠦᠯᠴᠡᠬᠦ ᠦᠭᠡᠢ᠂ ᠰᠠᠭᠤᠷᠢ ᠪᠠᠲᠤ ᠪᠢᠰᠢ᠂ ᠠᠵᠤ ᠦᠢᠯᠡᠰ ᠤᠨ ᠪᠦᠲᠦᠴᠡ ᠳᠠᠩ ᠴᠤᠯᠭᠤᠶ᠂ ᠳᠡᠰ ᠳᠠᠪᠬᠤᠷᠭ᠎ᠠ | ᠳᠣᠣᠷ᠎ᠠ ᠪᠠᠶᠢᠬᠤ ᠠᠴᠠ ᠪᠣᠯᠤᠭᠰᠠᠨ ᠮᠠᠰᠢ ᠣᠯᠠᠨ ᠠᠰᠠᠭᠤᠳᠠᠯ ᠶᠠᠭ ᠢᠯᠡᠷᠡᠵᠦ ᠪᠠᠶᠢᠬᠤ ᠶᠢ ᠣᠯᠵᠤ ᠬᠠᠷᠠᠬᠤ ᠬᠡᠷᠡᠭᠲᠡᠶ | ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ | ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠠᠵᠠ ᠲᠣᠬᠢᠶᠠᠯ ᠤᠨ ᠤᠬᠠᠮᠰᠠᠷ᠂ ᠠᠶᠤᠯ ᠲᠦᠭᠰᠢᠭᠦᠷᠢ ᠶᠢᠨ | ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠮᠵᠢᠯᠲᠠ ᠪᠠᠨ ᠣᠯᠵᠤ ᠬᠠᠷᠠᠬᠤ᠂ ᠬᠥᠭᠵᠢᠯᠲᠡ ᠶᠢᠨ ᠢᠲᠡᠭᠡᠯ ᠢᠶᠠᠨ | ᠪᠠᠲᠤᠳᠬᠠᠬᠤ ᠬᠡᠷᠡᠭᠲᠡᠢ ᠪᠥᠭᠡᠳ ᠪᠠᠰᠠ ᠠᠰᠠᠭᠤᠳᠠᠯ ᠳᠤ ᠵᠥᠪ ᠢᠶᠠᠷ ᠬᠠᠨᠳᠤᠵᠤ᠂ ᠳᠣᠲᠣᠷ᠎ᠠ ᠪᠠᠨ ᠲᠤᠭ᠎ᠠ ᠲᠠᠢ | ᠪᠠᠶᠢᠬᠤ ᠬᠡᠷᠡᠭᠲᠡᠢ᠂ ᠨᠡᠩ ᠴᠤ ᠬᠦᠴᠢᠷ ᠪᠡᠷᠬᠡᠰᠢᠶᠡᠯ ᠥᠷᠢᠰᠥᠯᠳᠦᠭᠡᠨ ᠢ ᠠᠷᠭᠠᠴᠠᠭᠠᠬᠤ ᠳᠤᠮᠳᠠ ᠠᠵᠠ ᠲᠣᠬᠢᠶᠠᠯ ᠢ | ᠠᠮᠵᠢᠵᠤ᠂ ᠠᠵᠠ ᠲᠣᠬᠢᠶᠠᠯ ᠢ ᠡᠭᠦᠳᠴᠦ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ | ᠬᠤᠪᠢᠷᠠᠯᠲᠠ ᠶᠢ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ | ᠮᠠᠨ ᠤ ᠨᠠᠮ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠬᠠᠶᠢᠨ | ᠰᠦᠪᠡᠭᠴᠢᠯᠡᠭᠰᠡᠨ ᠤᠨᠤᠯ ᠤᠨ ᠦᠷ᠎ᠡ ᠪᠦᠲᠦᠭᠡᠯ ᠮᠥᠨ᠂ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ | ᠦᠨᠳᠦᠰᠦᠨ ᠵᠢᠷᠤᠮᠯᠠᠯ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠦᠴᠦᠨ ᠢᠶᠠᠷ ᠢᠶᠠᠨ ᠪᠦᠲᠦᠴᠡ ᠪᠠᠨ ᠳᠤᠬᠢᠷᠠᠭᠤᠯᠬᠤ᠂ | ᠴᠢᠳᠠᠪᠬᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠᠷ ᠴᠢᠷᠮᠠᠶᠢᠵᠤ᠂ ᠠᠮᠢ ᠠᠬᠤᠢ ᠶᠢ | ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ︽ᠬᠤᠣᠰ ᠨᠡᠭᠦᠷᠡᠰᠦᠲᠥ᠋ᠷᠥᠭᠴᠢ︾ ︽ | ᠬᠤᠶᠠᠷ ᠢ ᠡᠵᠡᠮᠳᠡᠬᠦ︾ ᠪᠠᠷ ᠴᠢᠩᠭ᠎ᠠ ᠬᠢᠵᠠᠭᠠᠷᠯᠠᠯ ᠪᠣᠯᠭᠠᠵᠤ᠂ ︽ᠬᠤᠶᠠᠷ ᠰᠠᠭᠤᠷᠢᠨ ᠢ ᠪᠠᠶᠢᠭᠤᠯᠬᠤ︾ ᠪᠠᠷ ᠬᠠᠲᠠᠭᠤ | ᠡᠭᠦᠷᠭᠡ ᠪᠣᠯᠭᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠲᠤ | ᠬᠦᠴᠦ ᠪᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠪᠠᠨ ᠬᠦᠴᠦᠯᠡᠨ ᠲᠦᠷᠭᠡᠳᠬᠡᠬᠦ | ᠬᠡᠷᠡᠭᠲᠡᠢ᠃ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠰᠢᠪᠲᠤᠯᠤᠯᠲᠠ ᠶᠢᠨ ᠴᠢᠭ ᠪᠣᠯᠭᠠᠵᠤ᠂ ᠠᠮᠢ | ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠪᠠᠨ ᠦᠷᠭᠦᠯᠵᠢᠯᠡᠨ ᠴᠢᠩᠭᠠᠳᠬᠠᠵᠤ᠂ ︽ᠳᠤᠯᠤᠭ᠎ᠠ ᠶᠢ ᠵᠠᠰᠠᠬᠤ︾ | ᠡᠯ᠎ᠡ ᠵᠦᠢᠯ ᠤᠨ ᠡᠭᠦᠷᠭᠡ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠡᠨᠧᠷᠭᠢ ᠡᠬᠢ ᠪᠠᠶᠠᠯᠢᠭ ᠢ | ᠥᠨᠳᠥᠷ ᠪᠦᠲᠦᠮᠵᠢᠲᠡᠢ ᠠᠰᠢᠭᠯᠠᠬᠤ ᠶᠢ ᠲᠦᠷᠭᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠰᠢᠨ᠎ᠡ ᠬᠠᠭᠤᠴᠢᠨ | ᠬᠥᠳᠡᠯᠭᠡᠬᠦ ᠬᠦᠴᠦᠨ ᠤ ᠰᠣᠯᠢᠭᠳᠠᠯ ᠢ ᠲᠦᠷᠭᠡᠳᠬᠡᠬᠦ ᠬᠡᠷᠡᠭᠲᠡᠢ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠪᠣᠯ ᠡᠬᠢ | ᠪᠠᠶᠠᠯᠢᠭ ᠤᠨ ᠬᠡᠯᠪᠡᠷᠢ ᠶᠢᠨ ᠬᠤᠳᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢᠨ ᠵᠠᠶᠢᠯᠠᠰᠢ ᠦᠭᠡᠢ ᠰᠣᠩᠭᠤᠯᠲᠠ | ᠮᠥᠨ᠃ ᠡᠷᠬᠡᠪᠰᠢ ᠬᠥᠮᠦᠨ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠬᠤᠳᠠ ᠬᠥᠳᠡᠭᠡ ᠶᠢ ᠨᠢᠭᠡᠳᠦᠯᠲᠡᠢ | ᠲᠥᠯᠥᠪᠵᠢᠭᠦᠯᠬᠦ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠴᠢᠬᠤᠯᠠᠴᠢᠯᠠᠵᠤ᠂ | ᠣᠷᠣᠨ ᠵᠠᠢ ᠶᠢᠨ ᠪᠠᠶᠢᠷᠢᠰᠢᠯ ᠢᠶᠠᠨ ᠲᠠᠰᠤᠷᠠᠯᠳᠠ ᠦᠭᠡᠢ ᠰᠢᠯᠢᠳᠡᠭᠵᠢᠭᠦᠯᠵᠦ᠂ ᠬᠤᠳᠠ ᠶᠢᠨ ᠴᠢᠳᠠᠮᠵᠢ ᠪᠠᠨ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠰᠢᠰᠲ᠋ᠧᠮ ᠢᠶᠠᠨ ᠪᠦᠷᠢᠨᠰᠢᠬᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠲᠤ ᠴᠢᠨᠠᠷ ᠰᠠᠶᠢᠲᠠᠢ ᠠᠮᠢᠳᠤᠷᠠᠯ ᠢ ᠬᠠᠮᠲᠤᠪᠠᠷ ᠡᠳ᠋ᠯᠡᠭᠦᠯᠬᠦ ᠬᠡᠷᠡᠭᠲᠡᠢ᠃ ᠬᠤᠳᠠ ᠶᠢᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠶᠡᠷᠦᠩᠬᠡᠢ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂᠂ ᠪᠢᠨ ᠾᠧ ᠶᠢᠨ | ᠬᠤᠶᠠᠳᠤᠭᠠᠷ ᠬᠤᠭᠤᠴᠠᠭ᠎ᠠ ᠶᠢ ᠥᠨᠳᠥᠷ ᠡᠬᠢᠯᠡᠯᠲᠡ ᠲᠠᠢ ᠲᠥᠯᠥᠪᠵᠢᠭᠦᠯᠭᠡ᠂ ᠥᠨᠳᠥᠷ ᠪᠠᠷᠢᠮᠵᠢᠶ᠎ᠠ ᠲᠠᠢ ᠵᠢᠷᠤᠭ | ᠲᠥᠯᠥᠪᠯᠡᠭᠡ᠂ ᠥᠨᠳᠥᠷ ᠶᠠᠰᠤ ᠴᠢᠨᠠᠷᠲᠠᠢ ᠪᠠᠷ ᠴᠤᠭᠴᠠᠯᠠᠨ ᠪᠠᠶᠢᠭᠤᠯᠵᠤ᠂ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠤᠳᠠ ᠶᠢᠨ ᠦᠡᠭᠭᠡ ᠵᠢᠰᠦ ᠶᠢ ᠰᠢᠨᠡᠳᠬᠡᠵᠦ᠂ ᠬᠤᠳᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠥᠨᠳᠥᠷ ᠡᠬᠢᠯᠡᠯᠲᠡ ᠲᠠᠢ ᠪᠠᠷ ᠬᠡᠷᠡᠭᠵᠢᠭᠦᠯᠵᠦ᠂ ᠬᠤᠳᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠠᠨ ᠲᠦᠷᠭᠡᠨ ᠲᠡᠭᠦᠯᠳᠡᠷᠵᠢᠭᠦᠯᠵᠦ᠂ ᠣᠨᠴᠠᠯᠢᠭ ᠢᠶᠠᠷ ᠢᠯᠡ ᠲᠣᠳᠣ᠂ | ᠰᠠᠭᠤᠷᠢ ᠲᠥᠬᠦᠭᠡᠷᠦᠮᠵᠢ ᠪᠠᠷ ᠪᠦᠷᠢᠨ ᠲᠡᠭᠦᠯᠳᠡᠷ ᠰᠢᠨ᠎ᠡ ᠬᠡᠯᠪᠡᠷᠢ ᠶᠢᠨ ᠲᠠᠷᠢᠶᠠᠯᠠᠬᠤ ᠣᠷᠣᠨ ᠢ ᠪᠦᠳᠦᠭᠡᠨ | ᠪᠠᠶᠢᠭᠤᠯᠵᠤ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ | ᠬᠥᠭᠵᠢᠯᠲᠡ ᠶᠢ ᠴᠢᠨᠠᠷ ᠰᠠᠶᠢᠲᠠᠶ ᠠᠬᠢᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠣᠷᠢᠳᠠᠪᠡᠷ ᠪᠠᠲᠤᠯᠠᠵᠤ᠂ | ᠡᠩ ᠤᠨ ᠴᠢᠨᠠᠷᠲᠠᠶ ᠵᠠᠷᠤᠯᠭ᠎ᠠ ᠶᠢ ᠡᠷᠡᠰ ᠪᠠᠭᠠᠰᠬᠠᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ | ᠪᠠᠶᠢᠷᠢ ᠶᠢ ᠥᠷᠭᠡᠳᠬᠡᠬᠦ ᠶᠢ ᠤᠷᠮᠠᠰᠢᠭᠤᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ | ᠨᠡᠭᠡᠭᠡᠬᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠪᠤᠶᠢᠵᠢᠭᠤᠯᠬᠤ᠂ ᠥᠪᠡᠷᠮᠢᠴᠡ ᠴᠢᠨᠠᠷᠲᠠᠶ ᠠᠵᠢᠯ | ᠣᠯᠭᠤᠯᠲᠠ ᠶᠢᠨ ᠦᠢᠯᠡᠴᠢᠯᠡᠭᠡ ᠵᠡᠷᠭᠡ ᠠᠵᠢᠯ ᠢ ᠬᠦᠴᠦᠯᠡᠨ ᠰᠠᠶᠢᠲᠤᠷ ᠠᠳᠬᠤᠵᠤ᠂ ᠤᠯᠠᠨ ᠲᠦᠮᠡᠨ ᠳᠤ ᠨᠡᠩ | ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠡᠮᠴᠢᠯᠡᠬᠡᠨ ᠤ ᠦᠢᠯᠡᠴᠢᠯᠡᠭᠡ ᠬᠦᠷᠲᠡᠭᠡᠵᠦ᠂ ᠲᠦᠭᠡᠮᠡᠯ | ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ | ᠠᠮᠢᠳᠤᠷᠠᠯ ᠢ ᠦᠨᠡᠨ ᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠨᠳᠥᠷ ᠦᠷ᠎ᠡ ᠪᠦᠲᠦᠮᠵᠢ ᠲᠠᠢ ᠪᠠᠷ ᠵᠠᠰᠠᠬᠤ ᠪᠣᠯ | ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ ᠤᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠲᠠᠢ ᠵᠣᠬᠢᠴᠠᠯᠳᠤᠭᠰᠠᠨ ᠨᠡᠶᠢᠭᠡᠮ ᠤᠨ ᠵᠠᠰᠠᠯᠲᠠ ᠶᠢᠨ | ᠪᠠᠶᠢᠷᠢᠰᠢᠯ ᠢ ᠬᠦᠴᠦᠯᠡᠨ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢ ᠨᠡᠶᠢᠭᠡᠮ ᠤᠨ | ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠲᠠᠢ ᠰᠠᠶᠢᠲᠤᠷ ᠨᠥᠬᠦᠴᠡᠯᠳᠦᠭᠦᠯᠬᠦ ᠶᠢ ᠲᠦᠯᠬᠢᠨ | ᠠᠬᠢᠭᠤᠯᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ | ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠣᠭᠠᠴᠢᠯᠠᠭᠰᠠᠨ ᠵᠠᠰᠠᠭ ᠤᠨ ᠣᠷᠳᠣᠨ᠂ | ᠲᠣᠭᠠᠴᠢᠯᠠᠭᠰᠠᠨ ᠨᠡᠶᠢᠭᠡᠮ ᠢ ᠢᠳᠡᠪᠬᠢᠲᠡᠢ ᠪᠠᠶᠢᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠤᠶᠤᠨᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ ᠲᠦᠪᠰᠢᠨ ᠢᠶᠠᠨ ᠳᠠᠰᠤᠷᠠᠯᠳᠠ ᠦᠬᠡᠢ | ᠳᠡᠭᠡᠭᠰᠢᠯᠡᠭᠦᠯᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ | ᠣᠶᠢᠯᠠᠭᠠᠭᠳᠠᠬᠤᠨ ᠪᠣᠯᠤᠨ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠳᠠ︾ ᠶᠢᠨ | ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ | ᠬᠡᠷᠡᠭᠳᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠᠨ ᠴᠢᠩᠭᠠᠳᠬᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ | ᠬᠦᠴᠦᠷᠬᠡᠭᠵᠢᠭᠦᠯᠬᠦ ᠳᠤ ᠲᠠᠰᠤᠷᠠᠯᠲᠠ ᠦᠭᠡᠢ ᠬᠦᠴᠦᠲᠡᠶ ᠲᠦᠰᠢᠭ ᠲᠤᠯᠭᠠᠭᠤᠷᠢ ᠬᠠᠩᠭᠠᠬᠤ ᠬᠡᠷᠡᠭᠳᠡᠢ᠃ ᠬᠦᠨᠳᠦ | ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠷᠢ | ᠥᠭᠴᠡᠭᠡ ᠶᠢᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠬᠤᠷᠢᠭᠯᠠᠵᠤ᠂ ᠡᠷᠡᠭᠦᠯ ᠪᠤᠰᠤ ᠵᠢᠭᠡᠯᠡᠯᠭᠡ ᠶᠢ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠤᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠨᠡᠯᠢᠶᠡᠳ ᠶᠡᠭᠡ ᠬᠡᠮᠵᠢᠶ᠎ᠡ ᠠᠴᠠ | ᠳᠡᠭᠡᠭᠰᠢᠬᠢ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠡᠬᠢᠨ ᠠᠴᠠ ᠨᠢ ᠬᠢᠴᠢᠶᠡᠨ ᠰᠠᠶᠢᠲᠤᠷ ᠠᠳᠬᠤᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠲᠠᠷᠬᠠᠨ ᠲᠡᠯᠬᠡᠷᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠴᠢᠩᠭ᠎ᠠ ᠪᠦᠭᠡᠳ ᠪᠣᠳᠠᠲᠠᠢ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠵᠦ ᠰᠡᠷᠭᠡᠶᠢᠯᠡᠨ ᠡᠵᠡᠮᠳᠡᠬᠦ᠂ | ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠶᠢ ᠨᠠᠷᠢᠨ ᠨᠢᠮᠪᠠᠢ | ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠶᠢᠨ ᠬᠤᠷᠳᠤᠴᠠ ᠪᠠᠨ ᠲᠦᠷᠭᠡᠳᠬᠡᠵᠦ ᠬᠡᠪᠴᠢᠶ᠎ᠡ ᠪᠠᠨ | ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠡᠭᠦᠯ | ᠮᠡᠨᠳᠦ ᠶᠢᠨ ᠬᠠᠯᠬᠠᠪᠴᠢ ᠶᠢ ᠲᠦᠷᠭᠡᠨ ᠪᠠᠶᠢᠭᠤᠯᠬᠤ ᠬᠡᠷᠡᠭᠲᠡᠢ ᠬᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠤᠳᠤᠷᠢᠳᠤᠯᠭ᠎ᠠ ᠶᠢ ᠡᠷᠬᠡᠪᠰᠢ ᠪᠠᠷᠢᠮᠲᠠᠯᠠᠨ ᠲᠡᠭᠦᠯᠳᠡᠷᠵᠢᠭᠦᠯᠵᠦ᠂ | ᠨᠠᠮ ᠤᠨ ᠤᠳᠤᠷᠢᠳᠬᠤ ᠲᠦᠷᠢᠮ ᠤᠨ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠨᠠᠮ ᠤᠨ | ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠡᠯ᠎ᠡ ᠵᠦᠢᠯ ᠤᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠵᠦᠢᠯ ᠤᠨ ᠦᠢᠯᠡᠰ ᠤᠨ | ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ | ᠡᠨᠡᠬᠦ ᠲᠤᠰᠤᠯᠲᠠ ᠶᠢ ᠪᠠᠲᠤ ᠡᠵᠡᠮᠳᠡᠵᠦ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠭᠰᠠᠨ᠂ ᠲᠡᠦᠬᠡ ᠶᠢ | ᠰᠤᠷᠤᠯᠴᠠᠵᠤ ᠢᠳᠡᠭᠡᠯ ᠢᠶᠠᠨ ᠨᠡᠮᠡᠭᠳᠡᠭᠦᠯᠦᠭᠰᠡᠨ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠭᠢᠮᠯᠡᠭᠰᠡᠨ | ᠦᠷ᠎ᠡ ᠪᠦᠲᠦᠭᠡᠯ ᠢᠶᠠᠨ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠪᠣᠳᠠᠲᠤ ᠠᠵᠢᠯᠯᠠᠭ᠎ᠠ | ᠪᠣᠯᠭᠠᠨ ᠬᠤᠪᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠦᠨᠡᠨᠬᠦ | ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠭᠠᠵᠠᠷ ᠣᠷᠣᠨ ᠤ | ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠤᠷᠲᠠᠯ ᠢᠶᠠᠨ | ᠰᠢᠨᠲᠠᠷᠠᠰᠢ ᠦᠭᠡᠢ ᠬᠤᠪᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠢᠶᠠᠨ ᠰᠠᠶᠢᠵᠢᠷᠠᠭᠤᠯᠵᠤ᠂ | ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ | ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ | ᠳᠠᠶᠢᠴᠢᠯᠠᠬᠤ ᠬᠡᠷᠡᠭᠲᠡᠢ᠃ ᠢᠯᠵᠢᠷᠡᠯ ᠢ ᠴᠢᠩᠭ᠎ᠠ ᠰᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ | ᠠᠷᠠᠯᠵᠢᠶᠠᠯᠠᠬᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠵᠡᠷᠭᠡ ᠠᠵᠢᠯ ᠲᠥᠷᠥᠯ ᠤᠨ ᠬᠦᠷᠢᠶ᠎ᠡ | ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠪᠠᠶᠢᠩᠭᠤᠵᠢᠭᠤᠯᠤᠨ ᠵᠠᠰᠠᠬᠤ ᠶᠢ ᠭᠦᠨᠵᠡᠭᠡᠶ ᠠᠬᠢᠭᠤᠯᠤᠨ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠬᠡᠷᠡᠭ ᠢᠶᠠᠷ ᠴᠡᠭᠴᠡᠯᠡᠯᠳᠡ ᠶᠢ | ᠠᠬᠢᠭᠤᠯᠬᠤ᠂ ᠬᠡᠷᠡᠭ ᠢᠶᠠᠷ ᠪᠠᠶᠢᠭᠤᠯᠤᠯᠳᠠ ᠶᠢ ᠠᠬᠢᠭᠤᠯᠬᠤ᠂ ᠬᠡᠷᠡᠭ ᠢᠶᠠᠷ ᠵᠠᠰᠠᠯᠳᠠ ᠶᠢ ᠠᠬᠢᠭᠤᠯᠬᠤ ᠶᠢ | ᠭᠦᠨᠵᠡᠭᠡᠶᠢᠷᠡᠭᠦᠯᠦᠨ᠂ ᠴᠡᠪᠡᠷ ᠲᠤᠭᠳᠠᠭᠤᠨ ᠤᠯᠤᠰ ᠲᠥᠷᠥ ᠶᠢᠨ ᠠᠮᠢ ᠠᠬᠤᠶ ᠶᠢ ᠪᠣᠶ ᠪᠤᠯᠭᠠᠬᠤ ᠬᠡᠷᠡᠭᠳᠡᠢ᠃ | ᠬᠤᠭᠤᠴᠠᠭ᠎ᠠ ᠰᠣᠯᠢᠬᠤ ᠠᠵᠢᠯ ᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠬᠤᠭᠤᠴᠠᠭ᠎ᠠ ᠰᠣᠯᠢᠬᠤ ᠪᠦᠬᠦ ᠶᠠᠪᠤᠴᠠ ᠳᠤ ᠲᠤᠤᠱᠯᠠᠭᠤᠯᠵᠤ᠂ | ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠷᠢᠮᠵᠢᠶ᠎ᠠ ᠪᠣᠯᠤᠨ | ᠤᠯᠤᠰ ᠲᠦᠷᠦ ᠶᠢᠨ ᠱᠠᠭᠠᠷᠳᠠᠯᠭ᠎ᠠ ᠶᠢ ᠲᠤᠪᠤᠶᠢᠯᠭᠠᠵᠤ᠂ ︽ᠠᠷᠪᠠ ᠶᠢ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ | ᠴᠢᠩᠭ᠎ᠠ ᠬᠡᠷᠡᠭᠵᠢᠭᠦᠯᠵᠦ᠂ ᠲᠡᠮᠤᠷ ᠮᠡᠲᠦ ᠰᠠᠬᠢᠯᠭ᠎ᠠ ᠪᠠᠲᠤ ᠪᠠᠷ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ | ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ ᠬᠡᠵᠡᠢ᠃ | ᠪᠦᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠨ ᠤ ᠡᠯ᠎ᠡ ᠵᠦᠢᠯ ᠤᠨ ᠡᠭᠦᠷᠭᠡ ᠪᠠᠨ ᠪᠦᠬᠦ | ᠬᠦᠴᠦᠨ ᠢᠶᠠᠷ ᠢᠶᠠᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ᠂ ᠰᠢᠨ᠎ᠡ ᠠᠶᠠᠨ | ᠵᠠᠮ ᠢᠶᠠᠨ ᠡᠬᠢᠯᠡᠭᠦᠯᠬᠦ ᠶᠠᠪᠤᠴᠠ ᠳᠤ ᠦᠬᠠᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ | ᠴᠢᠷᠮᠠᠶᠢᠬᠤ ᠬᠡᠷᠡᠭᠲᠡᠢ ᠬᠡᠵᠡᠢ᠃ |