ᠣᠶᠢᠷ᠎ᠠ ᠶᠢᠨ ᠬᠤᠭᠤᠴᠠᠭᠠᠨ ᠳᠤ ᠨᠠᠨᠵᠢᠩ ᠵᠡᠷᠭᠡ ᠭᠠᠵᠠᠷ ᠲᠤ ᠰᠢᠨ᠎ᠡ ᠡᠪᠡᠳᠴᠢᠨ ᠤ ᠸᠢᠷᠦ᠋ᠰ ᠡᠭᠦᠰᠴᠦ᠂ ︽ | ᠳ᠋ᠡᠯᠲ᠋ᠠ︾ ᠶᠢᠨ ᠣᠨᠳᠣᠣᠰᠢᠭᠰᠠᠨ ᠦᠨᠳᠦᠰᠦ ᠠᠴᠠ ᠪᠣᠯᠤᠭᠰᠠᠨ ᠬᠢᠵᠢᠭ ᠤᠨ ᠪᠠᠶᠢᠳᠠᠯ ᠨᠢᠭᠡᠨᠲᠡ ᠣᠯᠠᠨ ᠮᠤᠵᠢ | ᠣᠷᠣᠨ ᠢ ᠬᠠᠮᠤᠷᠴᠤ᠂ ᠬᠢᠵᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠦᠷᠭᠦᠯᠵᠢᠯᠡᠨ ᠨᠡᠮᠡᠭᠳᠡᠵᠦ᠂ ᠰᠡᠷᠭᠡᠶᠢᠯᠡᠨ | ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠨ᠎ᠠ᠂ ᠰᠢᠨ᠎ᠡ ᠡᠪᠡᠳᠴᠢᠨ ᠤ ᠸᠠᠺᠼᠢᠨ ᠤ ᠲᠠᠷᠢᠯᠭ᠎ᠠ ᠬᠢᠬᠦ | ᠪᠣᠯ ᠰᠢᠨ᠎ᠡ ᠡᠪᠡᠳᠴᠢᠨ ᠤ ᠸᠢᠷᠦ᠋ᠰ ᠤᠨ ᠬᠠᠯᠳᠠᠪᠤᠷᠢᠯᠠᠬᠤ ᠶᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃ | | ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠦᠢᠯᠡᠳᠦᠯᠭᠡ ᠶᠢᠨ ᠠᠵᠢᠯᠯᠠᠭ᠎ᠠ ᠪᠠ ︽ᠠᠵᠢᠯ ᠳᠤ | ᠪᠠᠶᠢᠭ᠎ᠠ ᠨᠠᠮ ᠤᠨ ᠭᠡᠰᠢᠭᠦᠨ ᠬᠤᠶᠠᠷ ᠨᠡᠷ᠎ᠡ ᠮᠡᠳᠡᠭᠦᠯᠵᠦ ᠬᠤᠶᠠᠷ ᠬᠢᠨᠠᠨ ᠰᠢᠯᠭᠠᠬᠤ︾ ᠠᠵᠢᠯ ᠤᠨ ᠱᠠᠭᠠᠷᠳᠠᠯᠭ᠎ᠠ ᠲᠠᠢ | ᠤᠶᠠᠯᠳᠤᠭᠤᠯᠤᠨ᠂ 8 ᠰᠠᠷ᠎ᠠ ᠶᠢᠨ 21 ᠤ ᠡᠳᠦᠷ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠤᠨ | ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠡᠩᠨᠡᠭᠡ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠬᠦᠷᠴᠦ ᠠᠵᠢᠯᠲᠠᠳ ᠢ | ᠬᠠᠪᠰᠤᠷᠤᠨ ᠡᠷᠦᠬᠡ ᠳᠤ ᠣᠷᠣᠭᠤᠯᠬᠤ ᠪᠤᠶᠤ ᠤᠲᠠᠰᠤ ᠠᠪᠴᠤ ᠰᠢᠨ᠎ᠡ ᠸᠠᠺᠼᠢᠨ ᠤ ᠲᠠᠷᠢᠯᠭ᠎ᠠ ᠶᠢᠨ ᠪᠠᠶᠢᠳᠠᠯ ᠢ | ᠤᠢᠢᠯᠠᠭᠠᠨ ᠪᠦᠷᠢᠳᠭᠡᠪᠡ᠂ ᠣᠳᠣᠬᠠᠨ ᠳᠤ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠠᠵᠢᠯ ᠳᠤ | ᠪᠠᠶᠢᠭ᠎ᠠ 100 ᠭᠠᠷᠤᠢ ᠨᠠᠮ ᠤᠨ ᠭᠡᠰᠢᠭᠦᠨ ᠳᠤ ᠨᠡᠷ᠎ᠡ ᠮᠡᠳᠡᠭᠦᠯᠵᠦ᠂ ᠨᠠᠮ ᠤᠨ ᠭᠡᠰᠢᠭᠦᠨ ᠨᠥᠬᠦᠳ ᠪᠣᠳᠠᠲᠤ | ᠠᠵᠢᠯᠯᠠᠭ᠎ᠠ ᠪᠠᠷ ᠢᠶᠠᠨ ᠦᠬᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠡᠨᠡᠳᠡᠭᠦᠯᠦᠨ ᠳᠠᠭᠠᠷᠢᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃ | |