ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭ᠎ᠠ ᠶᠢ ᠪᠠᠷᠠᠯᠠᠶ᠎ᠡ— ᠤᠳᠠ ᠶᠢᠨ ᠠᠷᠠᠳ ᠲᠦᠮᠡᠨ ᠳᠤ ᠨᠡᠩ ᠰᠢᠯᠢᠳᠡᠭ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2021/8/23
ᠰᠢᠨ᠎ᠡ ᠲᠠᠪᠤᠨ ᠵᠢᠯ ᠵᠦᠭ ᠲᠡᠮᠡᠦᠯᠦᠨ᠎ᠡ      ᠠᠷᠠᠳ ᠤᠯᠠᠨ ᠳᠤ ᠨᠡᠩ ᠰᠢᠯᠢᠳᠡᠭ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ      ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠡᠮᠴᠢᠯᠡᠭᠡᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠠᠭᠠᠨ ᠴᠢᠨᠠᠷᠲᠠᠶ ᠡᠪᠡᠳᠴᠢᠨ ᠤ ᠵᠢᠱᠢᠶ᠎ᠡ ᠦᠵᠡᠭᠦᠯᠬᠦ ᠣᠷᠣᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠵᠢᠷᠤᠮᠵᠢᠯ ᠤᠨ ᠣᠷᠣᠨ᠂ ᠡᠷᠡᠭᠦᠯ ᠮᠡᠨᠳᠦ ᠶᠢ ᠠᠬᠢᠭᠤᠯᠬᠤ ᠣᠷᠣᠨ ᠢ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠨᠠᠩ ᠥᠷᠭᠡᠨ ᠪᠣᠯᠭᠠᠵᠤ᠂ 9 ᠲᠦᠮᠡ ᠭᠠᠷᠤᠶ ᠬᠥᠮᠦᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠠᠶ᠃      2020 ᠣᠨ᠂ ᠤᠳᠠ  ᠲᠣᠭᠤᠷᠢᠭ ᠰᠢᠨ᠎ᠡ ᠬᠡᠯᠪᠡᠷᠢ ᠶᠢᠨ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠬᠡᠴᠡᠭᠦᠦ ᠰᠢᠯᠭᠠᠯᠲᠠ ᠶᠢ ᠳᠠᠭᠠᠭᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ︽ᠲᠤᠮᠤ ᠳ᠋ᠠᠶᠢᠲ᠋ᠠ + ᠲᠣᠣᠷᠵᠢᠯᠲᠠ︾ ᠶᠢ ᠬᠡᠷᠡᠭᠯᠡᠨ ᠤᠨᠢᠨ ᠳᠡᠭᠡᠷ᠎ᠡ ᠨᠢ ᠣᠶᠢᠯᠠᠭᠠᠵᠤ ᠵᠢᠭᠰᠠᠭᠠᠨ ᠬᠠᠮᠢᠶᠠᠷᠤᠨ ᠡᠵᠡᠮᠳᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠢᠵᠢᠭ ᠢ ᠰᠡᠷᠭᠡᠶᠢᠯᠡᠬᠦ ᠲᠣᠣᠷ ᠢ ᠨᠢᠭᠲᠠ ᠰᠦᠯᠵᠢᠵᠦ᠂ ᠭᠠᠳᠠᠨ᠎ᠠ ᠠᠴᠠ ᠢᠷᠡᠭᠰᠡᠨ ᠬᠥᠮᠦᠰ ᠢ ᠨᠡᠶᠢᠳᠡ 9 ᠲᠦᠮᠡ ᠭᠠᠷᠤᠢ ᠬᠥᠮᠦᠨ ᠤᠳᠠᠭ᠎ᠠ ᠵᠢᠭᠰᠠᠭᠠᠨ ᠪᠠᠶᠢᠴᠠᠭᠠᠵᠤ᠂ ᠣᠶᠢᠯᠠᠭᠠᠵᠤ ᠵᠢᠭᠰᠠᠭᠠᠨ ᠬᠠᠮᠢᠶᠠᠷᠤᠨ ᠡᠵᠡᠮᠳᠡᠬᠦ ᠶᠢ ᠨᠢᠭᠡ ᠡᠷᠦᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠠᠢ᠃ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ︽ᠣᠨᠣᠰᠢᠯᠠᠭ᠎ᠠ ᠥᠬᠡᠶ︾ ᠰᠢᠯᠢᠳᠡᠭ ᠬᠢᠷᠢ ᠪᠦᠲᠦᠮᠵᠢ ᠶᠢ ᠪᠡᠶᠡᠯᠡᠭᠦᠯᠵᠦ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃
     2021 ᠣᠨ ᠳᠤ᠂ ᠤᠳᠠ ᠲᠣᠭᠤᠷᠢᠭ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠡᠭᠦᠯ ᠡᠩᠭᠡ ᠠᠭᠤᠳᠠ ᠶᠢᠨ ᠪᠦᠳᠦᠬᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠪᠠ ᠡᠮ ᠡᠮᠨᠡᠯᠭᠡ ᠶᠢᠨ ᠠᠪᠤᠷᠠᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢᠨ ᠲᠣᠣᠷ ᠢ ᠪᠠᠬᠢᠵᠢᠭᠦᠯᠦᠨ᠎ᠡ᠃      1. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠪᠠ ︽ ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃
     2. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ  ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠰᠣᠷᠢᠯᠲᠠ ᠶᠢ ᠥᠷᠨᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠦᠨᠳᠦ ᠶᠡᠭᠡ ᠬᠡᠷᠡᠭ ᠢ ᠠᠷᠭᠠᠴᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃
     3. ᠡᠮᠴᠢᠯᠡᠭᠡᠨ ᠤ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠲᠥᠪ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠡᠮᠴᠢᠯᠡᠭᠡᠨ ᠤ ᠪᠠᠶᠢᠭᠤᠯᠤᠮᠵᠢ ᠶᠢᠨ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠵᠦ᠂ ᠲᠥᠪ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠡᠮᠭᠡᠭ᠂ ᠠᠮᠢᠰᠬᠤᠯ ᠤᠨ ᠬᠦᠨᠳᠦ ᠡᠪᠡᠳᠴᠢᠨ ᠵᠡᠷᠭᠡ ᠰᠠᠯᠠᠭ᠎ᠠ ᠲᠠᠰᠤᠭ ᠢ ᠳᠣᠭᠢᠷᠠᠭᠤᠯᠤᠨ᠂ ᠤᠷᠢᠳᠴᠢᠯᠠᠨ ᠰᠡᠷᠭᠡᠶᠢᠯᠡᠬᠦ ᠪᠠ ᠰᠢᠯᠭᠠᠨ ᠪᠠᠶᠢᠴᠠᠭᠠᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠯᠠᠨ ᠲᠦᠮᠡᠨ ᠳᠤ ᠨᠠᠩ ᠰᠢᠯᠢᠳᠡᠭ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号