【 ᠶᠡᠷᠦᠩᠬᠡᠶ ᠱᠦᠵᠢ ᠶᠢᠨ ︿7.1﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ | ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ—ᠰᠤᠷᠪᠤᠯᠵᠢᠯᠠᠭ᠎ᠠ 】 | ᠪᠤᠯᠤᠩ ᠨᠡᠭᠡᠭᠡᠬᠦ ᠦᠭᠡ | ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ ᠨᠢ ᠬᠡᠷᠡᠯ | ᠰᠠᠴᠤᠷᠠᠩᠭᠤᠶ ᠲᠡᠤᠬᠡ ᠪᠠᠨ ᠡᠷᠭᠢᠴᠡᠭᠦᠯᠵᠦ᠂ ᠬᠡᠷᠡᠯ ᠰᠠᠴᠤᠷᠠᠩᠭᠤᠶ ᠢᠷᠡᠭᠡᠳᠦᠶ ᠪᠠᠨ ᠵᠢᠷᠤᠭᠯᠠᠵᠤ᠂ ᠪᠢᠳᠡᠨ ᠤ ᠰᠢᠨ᠎ᠡ | ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠵᠠᠮ ᠢᠶᠠᠨ ᠰᠠᠶᠢᠲᠤᠷ ᠵᠠᠮᠨᠠᠬᠤ ᠳᠤ ᠤᠷᠤᠭᠰᠢᠯᠠᠬᠤ | ᠴᠢᠭᠯᠡᠯ ᠢ ᠲᠣᠳᠣᠷᠬᠠᠶ ᠵᠢᠭᠠᠨ ᠥᠭᠴᠦ᠂ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ 8 ᠰᠠᠷ᠎ᠠ ᠶᠢᠨ | 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠳᠣᠯᠣᠳᠤᠭᠠᠷ ᠬᠤᠭᠤᠴᠠᠭᠠᠨ ᠤ | ᠬᠤᠷᠢᠶ᠎ᠠ ᠶᠢᠨ ᠠᠷᠪᠠᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠬᠤᠳᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ | ᠶᠡᠷᠦᠩᠬᠡᠢ ᠱᠦᠵᠢ ᠰᠢ ᠶᠢᠨ ᠫᠢᠩ ᠤ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ | ᠤᠬᠠᠮᠰᠠᠷ ᠠᠴᠠ ᠪᠠᠨ ᠶᠠᠷᠢᠶᠠᠨ ᠤ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ | ᠤᠷᠢᠶᠠᠯᠠᠪᠠ᠃ ᠥᠨᠥᠳᠦᠷ ᠠᠴᠠ ᠡᠬᠢᠯᠡᠨ᠂ ᠠᠷᠠᠳ ᠤᠨ ᠡᠳᠦᠷ ᠤᠨ ᠰᠣᠨᠢᠨ ᠶᠡᠷᠦᠩᠬᠡᠶ ᠱᠦᠵᠢ ᠰᠢ ᠶᠢᠨ ᠫᠢᠩ ᠤᠨ | 7.1 ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ | ᠬᠤᠭᠤᠴᠠᠭᠠᠨ ᠤ ᠠᠷᠪᠠ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠲᠤᠬᠠᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠤ ᠰᠢᠷᠢᠰ ᠰᠤᠷᠪᠤᠯᠵᠢᠯᠠᠭ᠎ᠠ ᠶᠢ ᠨᠡᠶᠢᠳᠡᠯᠡᠨ᠎ᠡ᠃ | ︽ᠰᠢ ᠶᠢᠨ ᠫᠢᠩ ᠶᠡᠷᠦᠩᠬᠡᠶ ᠱᠦᠵᠢ ᠶᠢᠨ ︿ᠳᠣᠯᠣᠭᠠᠨ ᠰᠠᠷ᠎ᠠ ᠶᠢᠨ ᠨᠢᠭᠡᠨ﹀ ᠤ ᠴᠢᠬᠤᠯᠠ ᠶᠠᠷᠢᠶ᠎ᠠ᠂ ᠮᠠᠨ ᠤ | ᠨᠠᠮ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠠᠯᠬᠢ ᠪᠣᠷᠣᠭᠠᠨ ᠳᠤ ᠳᠠᠪᠲᠠᠭᠳᠠᠭᠰᠠᠨ ᠵᠠᠭᠤᠨ ᠵᠢᠯ ᠤᠨ | ᠲᠡᠦᠬᠡᠨ ᠶᠠᠪᠤᠴᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠮᠠᠨ ᠤ ᠨᠠᠮ ᠤᠨ ᠰᠠᠭᠤᠷᠢ ᠲᠠᠯᠪᠢᠵᠤ ᠦᠢᠯᠡᠰ ᠪᠤᠰᠬᠠᠵᠤ᠂ | ᠭᠡᠷᠡᠯ ᠰᠠᠴᠤᠷᠠᠩᠭᠤᠶ ᠵᠠᠭᠤᠨ ᠵᠢᠯ ᠤᠨ ᠲᠡᠮᠡᠴᠡᠯ ᠤᠨ ᠠᠮᠵᠢᠯᠲᠠ ᠶᠢ ᠰᠢᠰᠲ᠋ᠧᠮ ᠲᠠᠢ ᠳ᠋ᠦᠩᠨᠡᠵᠦ᠂ ᠮᠠᠨ ᠤ ᠨᠠᠮ ᠤᠨ | ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠦᠢᠯᠡᠳᠦᠯᠭᠡ ᠶᠢᠨ ᠡᠭᠦᠳᠦᠨ ᠪᠦᠲᠦᠭᠡᠯᠲᠡ ᠶᠢᠨ ᠵᠠᠭᠤᠨ ᠵᠢᠯ ᠤᠨ | ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠤᠨ ᠵᠠᠮ ᠨᠡᠭᠡᠭᠡᠨ | ᠤᠷᠤᠭᠰᠢᠯᠠᠵᠤ᠂ ᠢᠷᠡᠭᠡᠳᠦᠢ ᠲᠡᠰᠢ ᠤᠷᠤᠭᠰᠢᠯᠠᠬᠤ ᠵᠠᠭᠤᠨ ᠵᠢᠯ ᠤᠨ ᠠᠤᠭ᠎ᠠ ᠵᠢᠷᠤᠭ ᠲᠥᠯᠥᠪᠯᠡᠭᠡ ᠶᠢ ᠰᠢᠨᠵᠢᠯᠡᠬᠦ | ᠤᠬᠠᠭᠠᠨᠴᠢ ᠪᠠᠷ ᠪᠠᠷᠠᠯᠠᠪᠠ᠂ ᠡᠨᠡ ᠪᠣᠯ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ | ᠮᠥᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠬ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠰᠡᠨ ᠤᠯᠤᠰ ᠲᠦᠷᠦ ᠶᠢᠨ ᠲᠤᠩᠬᠠᠭ ᠮᠥᠨ᠂ ᠮᠠᠨ ᠤ | ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ | ᠠᠵᠢᠯᠯᠠᠭᠠᠨ ᠤ ᠵᠦᠭᠯᠡᠭᠦᠷ ᠮᠥᠨ︾ ᠭᠡᠵᠦ ᠤᠳᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ | ᠯᠦᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃ | ᠤᠳᠠ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ | ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠭᠦᠨᠵᠡᠭᠡᠶ ᠰᠤᠷᠤᠯᠴᠠᠨ ᠤᠬᠠᠭᠤᠯᠵᠤ | ᠲᠤᠤᠱᠯᠠᠭᠤᠯᠬᠤ ᠲᠤᠬᠠᠶ ᠶᠠᠷᠢᠬᠤ ᠳᠠᠭᠠᠨ᠂ ᠶᠠᠨ ᠸᠧᠨ ᠯᠦᠩ ᠢᠯᠡᠷᠬᠡᠶᠢᠯᠡᠬᠦ ᠳᠡᠭᠡᠨ᠂ ᠤᠳᠠ ᠲᠣᠭᠤᠷᠢᠭ ᠶᠡᠷᠦᠩᠬᠡᠢ | ᠱᠦᠵᠢ ᠰᠢ ᠶᠢᠨ ᠫᠢᠩ ᠤᠨ ᠪᠦᠬᠦ ᠨᠠᠮ ᠳᠤ ᠭᠠᠷᠭᠠᠭᠰᠠᠨ ︽ᠴᠠᠭ ᠦᠶ᠎ᠡ ᠶᠢᠨ ᠶᠡᠭᠡ ᠰᠢᠯᠭᠠᠯᠲᠠ︾ ᠳᠤ ᠣᠴᠢᠬᠤ | ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠷᠤᠭᠰᠢᠯᠠᠨ | ᠲᠠᠪᠰᠢᠬᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠳᠠᠷᠤᠤ ᠪᠣᠯᠭᠤᠮᠵᠢᠲᠠᠢ᠂ ᠪᠠᠷᠳᠠᠮᠨᠠᠬᠤ ᠦᠭᠡᠢ ᠪᠠᠴᠢᠮᠳᠠᠬᠤ | ᠦᠭᠡᠢ ᠰᠢᠯᠢᠳᠡᠭ ᠰᠤᠷᠲᠠᠯ ᠢ ᠪᠠᠷᠢᠮᠲᠠᠯᠠᠵᠤ᠂ ᠡᠷᠡᠰ ᠪᠠᠲᠤ ᠵᠣᠷᠢᠭ ᠰᠠᠨᠠᠭ᠎ᠠ᠂ ᠬᠤᠷᠴᠠ ᠰᠡᠷᠭᠡᠭ ᠲᠠᠷᠢᠬᠢ ᠲᠣᠯᠣᠭᠠᠢ | ᠂ ᠢᠳᠡᠷᠡᠭᠦᠨ ᠠᠯᠬᠤᠭ᠎ᠠ ᠪᠠᠷ ᠰᠢᠯᠭᠠᠯᠲᠠ ᠳᠤ ᠣᠷᠣᠯᠴᠠᠬᠤ ᠵᠠᠮ ᠢᠶᠠᠷ ᠵᠠᠮᠨᠠᠵᠤ᠂ ᠨᠠᠮ ᠪᠣᠯᠤᠨ ᠠᠷᠠᠳ ᠲᠦᠮᠡᠨ ᠳᠤ | ᠬᠠᠨᠤᠮᠵᠢᠲᠠᠢ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃ | ᠨᠢᠭᠡ ᠳᠤ ︽ᠬᠤᠶᠠᠷ ᠢ ᠬᠠᠮᠠᠭᠠᠯᠠᠬᠤ︾ ᠶᠢ ᠨᠠᠩ ᠤᠬᠠᠮᠰᠠᠷ ᠠᠴᠠ ᠪᠠᠨ ᠡᠷᠡᠰ ᠪᠠᠲᠤ ᠪᠡᠶᠡᠯᠡᠭᠦᠯᠬᠦ ᠬᠡᠷᠡᠭᠲᠡᠶ᠃ | ᠦᠭᠡᠶᠢᠭᠦᠦ ᠠᠩᠭᠢ ᠶᠢᠨ ᠲᠦᠷᠦ ᠶᠢᠨ ᠨᠠᠮ ᠤᠨ ᠤᠳᠤᠷᠢᠳᠬᠤ ᠭᠤᠣᠯᠯᠠᠭᠴᠢ ᠶᠢ ᠲᠣᠭᠲᠠᠭᠠᠨ ᠬᠠᠮᠠᠭᠠᠯᠠᠬᠤ ᠪᠣᠯ | ᠮᠠᠷᠺᠰ ᠤᠨ ᠦᠵᠡᠯ ᠤᠨ ᠨᠠᠮ ᠪᠠᠶᠢᠭᠤᠯᠬᠤ ᠰᠤᠷᠭᠠᠯ ᠤᠨ ᠨᠢᠭᠡᠨ ᠦᠨᠳᠦᠰᠦᠨ ᠦᠵᠡᠯᠲᠡ ᠮᠥᠨ᠃ ᠵᠠᠭᠤᠨ ᠵᠢᠯ ᠤᠨ | ᠲᠤᠷᠰᠢ᠂ ᠨᠠᠮ ᠪᠠ ᠠᠷᠠᠳ ᠲᠦᠮᠡᠨ ᠤ ᠦᠢᠯᠡᠰ ᠦᠶ᠎ᠡ ᠦᠶ᠎ᠡ ᠶᠢᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠶᠢ | ᠪᠤᠢ ᠪᠣᠯᠭᠠᠨ ᠰᠣᠩᠭᠤᠵᠤ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠢᠯᠠᠯᠲᠠ ᠠᠴᠠ ᠢᠯᠠᠯᠲᠠ ᠵᠦᠭ ᠤᠷᠤᠭᠰᠢᠯᠠᠭᠰᠠᠨ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠬᠡᠷᠡᠭᠲᠡᠢ᠃ | ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ | ᠵᠣᠷᠢᠭ ᠪᠠ ᠢᠳᠡ ᠬᠦᠴᠦᠨ ᠢᠶᠠᠨ ᠨᠡᠩ ᠪᠠᠲᠤᠳᠬᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠵᠢᠭᠠᠵᠤ | ᠭᠠᠷᠭᠠᠭᠰᠠᠨ ᠨᠢ᠂ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠠᠮᠢ ᠪᠡᠶ᠎ᠡ ᠪᠠᠨ ᠵᠣᠷᠢᠭᠤᠯᠬᠤ ᠶᠢᠨ ᠲᠥᠯᠥᠭᠡ ᠠᠤᠭ᠎ᠠ | ᠵᠣᠷᠢᠭ ᠤᠯᠠᠨ᠂ ᠨᠡᠷᠡᠨ ᠰᠠᠷᠠᠨ ᠢ ᠵᠢᠭᠠᠨ ᠰᠤᠷᠭᠠᠵᠤ ᠰᠢᠨ᠎ᠡ ᠲᠩᠷᠢ ᠶᠢ ᠰᠣᠯᠢᠬᠤ︾ ᠬᠠᠳᠠᠨ ᠵᠣᠷᠢᠭ ᠢᠶᠠᠷ | ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠠᠬᠢ ᠬᠠᠮᠤᠭ ᠤᠨ ᠠᠤᠭ᠎ᠠ ᠲᠤᠤᠯᠢᠰ ᠢ | ᠪᠢᠴᠢᠭᠯᠡᠭᠰᠡᠨ ᠪᠠᠶᠢᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠥᠷᠭᠡᠨ | ᠤᠯᠡᠠ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠯᠤᠰ ᠣᠷᠣᠨ ᠪᠠ ᠦᠨᠳᠦᠰᠦᠲᠡᠨ ᠤ ᠪᠠᠨ ᠲᠥᠯᠥᠭᠡ ᠴᠥᠬᠦᠷᠡᠰᠢ ᠤᠢᠭᠡᠢ ᠲᠡᠮᠡᠴᠡᠭᠰᠡᠨ ᠲᠡᠦᠬᠡ᠂ ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠰᠡᠨ ᠲᠡᠦᠬᠡ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠭᠰᠠᠨ ᠲᠡᠦᠬᠡ ᠶᠢ ᠲᠡᠰᠦᠷᠡᠯᠳᠠ ᠤᠢᠭᠡᠢ ᠲᠦᠯᠬᠢᠠ ᠠᠬᠢᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ | ᠬᠢᠭᠰᠡᠨ ᠲᠡᠦᠬᠡ ᠶᠢ ᠢᠳᠡᠪᠬᠢᠲᠡᠶ ᠪᠠᠷ ᠲᠦᠯᠬᠢᠠ ᠠᠬᠢᠭᠤᠯᠵᠤ᠂ ᠦᠶ᠎ᠡ ᠦᠶ᠎ᠡ ᠶᠢᠨ ᠬᠤᠰᠢᠭᠤᠴᠢ ᠵᠢᠱᠢᠶᠡᠴᠢ ᠶᠢ | ᠬᠥᠮᠦᠵᠢᠭᠦᠯᠦᠨ ᠪᠤᠢ ᠪᠣᠯᠭᠠᠭᠰᠠᠨ ᠲᠡᠦᠬᠡ ᠶᠢ ᠭᠦᠨᠵᠡᠭᠡᠶ ᠰᠤᠷᠤᠯᠴᠠᠭᠤᠯᠤᠨ᠎ᠠ᠃ ᠲᠡᠦᠬᠡ ᠠᠴᠠ ᠤᠶᠤᠨ ᠰᠠᠨᠠᠭᠠᠨ ᠤ | ᠬᠦᠴᠦᠨ ᠢ ᠰᠢᠩᠭᠡᠭᠡᠨ ᠠᠪᠴᠤ᠂ ᠠᠵᠢᠯᠯᠠᠭ᠎ᠠ ᠳᠤᠮᠳᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠴᠤᠭ ᠪᠠᠳᠠᠷᠠᠩᠭᠤᠢ ᠲᠡᠮᠡᠴᠡᠯ ᠤᠨ ᠲᠦᠷᠢ ᠲᠥᠷᠬᠦ ᠪᠠᠨ ᠪᠠᠷᠢᠮᠲᠠᠯᠠᠵᠤ ᠠᠵᠢᠯ ᠶᠠᠪᠤᠳᠠᠯ | ᠬᠢᠵᠦ ᠦᠢᠯᠡᠰ ᠪᠤᠰᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ | ᠭᠤᠷᠪᠠ ᠳᠤ ᠬᠥᠭᠵᠢᠯᠲᠡ ᠶᠢ ᠨᠡᠩ ᠤᠬᠠᠮᠰᠠᠷ ᠠᠴᠠ ᠪᠠᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ | ᠲᠡᠷᠢᠭᠦᠨ ᠴᠢᠬᠤᠯᠠ ᠡᠭᠦᠷᠭᠡ ᠪᠣᠯᠭᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ | ᠲᠡᠤᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠪᠢᠳᠡ ᠳᠤᠮᠳᠠᠳᠤ ᠤᠯᠤᠰ ᠤᠨ ᠣᠨᠴᠠᠯᠢᠭ ᠪᠥᠬᠦᠶ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠬᠥᠭᠵᠢᠭᠦᠯᠬᠦ ᠭᠡᠬᠦ ᠡᠨᠡ ᠬᠦ ᠲᠥᠷᠥ ᠪᠠᠷᠢᠵᠤ ᠤᠯᠤᠰ ᠢᠶᠠᠨ | ᠮᠠᠨᠳᠤᠭᠤᠯᠬᠤ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠶ ᠭᠡᠵᠡᠶ᠃ ᠤᠳᠠ ᠲᠣᠭᠤᠷᠢᠭ | ᠣᠳᠣᠬᠠᠨ ᠳᠤ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ | ᠪᠠᠶᠢᠨ᠎ᠠ᠂ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ | ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠶᠢ | ᠢᠮᠠᠭᠲᠠ ᠠᠵᠢᠯ ᠤᠨ ᠢᠶᠠᠨ ᠵᠢᠷᠤᠮᠯᠠᠯ ᠪᠣᠯᠭᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ | ᠵᠠᠮᠨᠠᠬᠤ︾ ᠶᠢ ᠠᠵᠢᠯ ᠤᠨ ᠢᠶᠠᠨ ᠭᠤᠣᠯ ᠱᠤᠭᠤᠮ ᠪᠣᠯᠭᠠᠵᠤ᠂ ︽ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ | ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠬᠤ︾ ᠶᠢ ᠠᠵᠢᠯ ᠤᠨ ᠡᠭᠦᠷᠭᠡ ᠪᠠᠨ | ᠪᠣᠯᠭᠠᠵᠤ᠂ ︽ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠴᠢᠨᠠᠷ ᠰᠠᠶᠢᠲᠠᠶ ᠵᠠᠰᠠᠯᠲᠠ ᠶᠢ | ᠪᠡᠶᠡᠯᠡᠭᠦᠯᠬᠦ ᠶᠢ ᠠᠬᠢᠭᠤᠯᠬᠤ︾ ᠶᠢ ᠠᠵᠢᠯ ᠤᠨ ᠬᠠᠷᠠᠯᠲᠠ ᠪᠠᠨ ᠪᠣᠯᠭᠠᠵᠤ᠂ ᠪᠥᠬᠦ ᠤᠯᠤᠰ᠂ ᠪᠥᠬᠦ ᠥᠪᠡᠷᠲᠡᠭᠡᠨ | ᠵᠠᠰᠠᠬᠤ ᠣᠷᠣᠨ᠂ ᠪᠥᠬᠦ ᠬᠤᠲᠠ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠳᠠ ᠲᠣᠭᠤᠷᠢᠭ ᠤᠨ ᠨᠠᠩ ᠰᠠᠶᠢᠨ | ᠬᠥᠭᠵᠢᠯᠲᠡ ᠶᠢ ᠪᠡᠶᠡᠯᠡᠭᠦᠯᠦᠨ᠎ᠡ᠃ | ᠲᠦᠷᠪᠡ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠡᠩ | ᠤᠬᠠᠮᠰᠠᠷ ᠠᠴᠠ ᠪᠠᠨ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠂ | ᠲᠥᠷᠥ ᠭᠦᠷᠦᠨ ᠪᠣᠯ ᠳᠠᠷᠤᠶ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠶ ᠲᠥᠷᠥ ᠭᠦᠷᠦᠨ ᠮᠥᠨ᠂ | ᠲᠥᠷᠥ ᠭᠦᠷᠦᠨ ᠢ ᠴᠣᠭᠴᠠᠯᠠᠨ᠂ ᠲᠥᠷᠥ ᠭᠦᠷᠦᠨ ᠢ ᠰᠠᠬᠢᠨ ᠬᠠᠮᠠᠭᠠᠯᠠᠬᠤ ᠳᠤ ᠠᠷᠠᠳ ᠲᠦᠮᠡᠨ ᠤ ᠰᠡᠳᠬᠢᠯ ᠢ | ᠰᠠᠬᠢᠨ ᠬᠠᠮᠠᠭᠠᠯᠠᠵᠤ ᠪᠠᠶᠢᠳᠠᠭ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠤᠶ | ᠪᠣᠯᠭᠠᠵᠤ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠪᠡᠭᠡᠵᠢᠩ ᠤᠨ | ᠪᠠᠭᠰᠢ ᠶᠢᠨ ᠶᠡᠭᠡ ᠰᠤᠷᠭᠠᠭᠤᠯᠢ ᠶᠢᠨ ᠦᠬᠠᠶ ᠶᠢᠨ ᠬᠠᠷᠢᠶᠠᠲᠤ ᠰᠤᠷᠭᠠᠭᠤᠯᠢ ᠪᠠᠷ ᠪᠦᠬᠦ ᠲᠤᠭᠤᠷᠢᠭ ᠤᠨ ᠰᠤᠷᠭᠠᠨ | ᠬᠥᠮᠦᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠠᠬᠢᠨ ᠳᠡᠭᠡᠭᠰᠢᠯᠡᠭᠦᠯᠵᠦ᠂ ᠲᠥᠪ ᠡᠮᠨᠡᠯᠭᠡ ᠶᠢᠨ ᠬᠤᠷᠢᠶ᠎ᠠ ᠪᠠᠷ | ᠭᠤᠤᠯᠯᠠᠭᠤᠯᠤᠨ ᠪᠥᠬᠦ ᠲᠤᠭᠤᠷᠢᠭ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠲᠦᠭᠡᠮᠡᠯ | ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ | ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠣᠯᠠᠨ ᠲᠦᠮᠡᠨ ᠤ ᠬᠠᠮᠤᠭ ᠠᠴᠠ ᠠᠩᠬᠠᠷᠴᠤ | ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠡᠳᠬᠢᠯ ᠲᠠᠯᠪᠢᠵᠤ | ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃ | ᠲᠠᠪᠤ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠡᠩ ᠡᠷᠡᠰ ᠪᠠᠲᠤ ᠪᠠᠷ ᠡᠴᠦᠰ ᠲᠤᠨᠢ ᠲᠤᠯᠲᠠᠯ᠎ᠠ | ᠬᠢᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠂ ᠵᠣᠷᠢᠭᠲᠠᠶ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠰᠤᠳ ᠲᠥᠷᠥ ᠶᠢᠨ ᠨᠠᠮ ᠠᠴᠠ | ᠢᠯᠭᠠᠭᠳᠠᠬᠤ ᠢᠯᠡᠷᠬᠡᠶ ᠪᠡᠯᠭᠡ ᠲᠡᠮᠳᠡᠭ ᠮᠥᠨ᠃ ᠮᠠᠨ ᠤ ᠨᠠᠮ ᠵᠠᠭᠤᠨ ᠵᠢᠯ ᠤᠷᠤᠭᠰᠢᠯᠠᠵᠤ᠂ ᠤᠳᠠᠭ᠎ᠠ ᠪᠦᠷᠢ ᠶᠢᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠨᠢ ᠴᠥᠮ ᠳᠣᠲᠣᠷ᠎ᠠ ᠠᠴᠠ ᠭᠠᠳᠠᠨ᠎ᠠ ᠬᠦᠷᠲᠡᠯ᠎ᠡ ᠭᠦᠨᠵᠡᠭᠡᠢ | ᠥᠭᠡᠷᠡᠴᠢᠯᠡᠯᠲᠡ ᠬᠢᠵᠦ᠂ ᠭᠦᠨᠵᠡᠭᠡᠢ ᠲᠠᠬᠢᠨ ᠴᠣᠭᠴᠠᠯᠠᠵᠤ᠂ ᠮᠠᠨ ᠤ ᠨᠠᠮ ᠢ ᠳᠠᠪᠲᠠᠯᠲᠠ ᠶᠢ ᠣᠯᠠᠨᠲᠠ | ᠥᠩᠭᠡᠷᠡᠭᠡᠭᠰᠡᠨ ᠪᠥᠭᠡᠳ ᠴᠤᠭ ᠵᠢᠪᠬᠤᠭ᠎ᠠ ᠲᠠᠢ ᠪᠣᠯᠭᠠᠵᠠᠢ᠃ ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠨ | ᠬᠠᠲᠠᠭᠤ ᠪᠠᠶᠢᠬᠤ ᠬᠡᠷᠡᠭᠲᠡᠶ ᠭᠡᠰᠡᠨ ᠶᠣᠰᠣ ᠤᠴᠢᠷ ᠢ ᠪᠠᠲᠤ ᠴᠡᠭᠡᠵᠢᠯᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠵᠡᠯ | ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠦᠷᠢᠮ ᠤᠨ ᠪᠠᠶᠢᠭᠤᠯᠤᠯᠲᠠ ᠶᠢ ᠡᠭᠦᠨ ᠳᠤ | ᠲᠤᠤᠱᠯᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ | ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | |