ᠣᠶᠢᠷ᠎ᠠ ᠳᠤ᠂ ᠢ ᠵᠢᠩ ᠵᠢᠶᠠ ᠶᠤᠸᠠᠨ ᠨᠡᠶᠢᠭᠡᠮ ᠲᠣᠭᠤᠷᠢᠭ ︽ᠨᠡᠭᠦᠳᠡᠯ ᠠᠯᠪᠠᠨ ᠰᠢᠷᠡᠭᠡ︾ ᠶᠢᠨ | ᠠᠵᠢᠯᠯᠠᠭ᠎ᠠ ᠥᠷᠨᠢᠭᠦᠯᠬᠦ ᠳᠤᠮᠳᠠ᠂ ᠰᠠᠭᠤᠭᠠᠯᠢ ᠠᠷᠠᠳ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠰᠡ ᠵᠢᠴᠢ | ᠮᠣᠳᠣᠨ ᠤ ᠤᠷᠭᠤᠴᠠ ᠬᠡᠲᠦ ᠲᠦᠷᠭᠡᠨ ᠪᠠᠶᠢᠵᠦ᠂ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠪᠠ ᠲᠡᠷᠭᠡ | ᠵᠢᠯᠣᠭᠤᠳᠤᠭᠴᠢ ᠶᠢᠨ ᠬᠠᠷᠠᠭ᠎ᠠ ᠶᠢ ᠬᠠᠯᠬᠠᠯᠠᠵᠤ᠂ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠣᠷᠣᠰᠢᠵᠤ | ᠪᠠᠶᠢᠬᠤ ᠶᠢ ᠲᠤᠰᠬᠠᠪᠠ᠃ ᠢ ᠵᠢᠩ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ | ᠠᠵᠢᠯᠯᠠᠭ᠎ᠠ ᠲᠠᠢ ᠤᠶᠠᠯᠳᠤᠭᠤᠯᠤᠨ᠂ ᠠᠳᠠᠯ ᠠᠬᠤᠶ ᠶᠢᠨ ᠦᠢᠯᠡᠰ ᠲᠠᠢ ᠬᠤᠯᠪᠣᠭᠠᠯᠠᠨ ︽ᠮᠣᠳᠣᠨ ᠰᠠᠯᠠᠭ᠎ᠠ ᠶᠢ | ᠬᠠᠶᠢᠴᠢᠯᠠᠵᠤ᠂ ᠬᠡᠮ ᠰᠣᠭᠤᠭ ᠢ ᠠᠷᠢᠯᠭᠠᠬᠤ︾ ᠠᠵᠢᠯᠯᠠᠭ᠎ᠠ ᠶᠢ ᠳᠠᠷᠦ᠋ᠢᠬᠠᠨ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ ᠠᠵᠢᠯᠲᠠᠳ ᠬᠠᠷᠠᠭ᠎ᠠ ᠶᠢ ᠬᠠᠷᠰᠢᠯᠠᠵᠤ ᠪᠠᠶᠢᠭ᠎ᠠ ᠰᠥᠭᠡᠭ ᠵᠢᠴᠢ ᠮᠣᠳᠣᠨ | ᠰᠠᠯᠠᠭ᠎ᠠ ᠶᠢ ᠬᠠᠶᠢᠴᠢᠯᠠᠨ ᠵᠠᠰᠠᠭᠰᠠᠨ ᠪᠥᠭᠡᠳ ᠬᠠᠶᠢᠴᠢᠯᠠᠵᠤ ᠠᠪᠤᠭᠰᠠᠨ ᠮᠣᠳᠣᠨ ᠰᠠᠯᠠᠭ᠎ᠠ᠂ ᠬᠤᠪᠠᠭ᠋ᠠᠶ ᠰᠠᠯᠠᠭ᠎ᠠ ᠶᠢ | ᠴᠠᠭ ᠲᠤᠬᠠᠶ ᠳᠤᠨᠢ ᠴᠡᠪᠡᠷᠯᠡᠵᠦ᠂ ᠨᠠᠰᠢ ᠴᠠᠰᠢ ᠥᠩᠭᠡᠷᠡᠬᠦ ᠶᠠᠪᠠᠭᠠᠨ ᠬᠥᠮᠦᠨ ᠵᠢᠴᠢ ᠲᠡᠷᠭᠡ ᠬᠥᠰᠬᠡ ᠶᠢᠨ ᠠᠮᠤᠷ | ᠲᠦᠪᠰᠢᠨ ᠢᠶᠠᠷ ᠨᠡᠪᠲᠡᠷᠡᠬᠦ ᠶᠢ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ | ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠥᠭᠡᠷᠡᠴᠢᠯᠡᠨ ᠰᠠᠶᠢᠵᠢᠷᠠᠭᠤᠯᠵᠤ᠂ | ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠦᠲᠦᠮᠵᠢᠲᠡᠶ | ᠰᠠᠶᠢᠵᠢᠷᠠᠭᠤᠯᠤᠭᠰᠠᠨ ᠪᠠᠶᠢᠨ᠎ᠠ ᠃ | |