︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠵᠡᠮᠳᠡᠭᠴᠦᠳ ᠢ ᠲᠤᠰᠠᠯᠠᠨ ᠲᠠᠷᠢᠯᠭ᠎ᠠ ᠲᠠᠷᠢᠭᠰᠠᠨ ᠨᠢ ᠬᠥᠮᠦᠰ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2021/9/1
     ᠵᠡᠮᠳᠡᠭᠴᠦᠳ ᠤᠨ ᠬᠠᠮᠲᠤᠯᠢᠭ ᠲᠤ ᠨᠠᠩ ᠰᠠᠶᠢᠨ ᠦᠢᠯᠡᠴᠢᠯᠡᠵᠦ᠂ ᠨᠡᠶᠢᠭᠡᠮ ᠲᠣᠭᠤᠷᠢᠭ ᠤᠨ ᠵᠡᠮᠳᠡᠭᠴᠦᠳ ᠲᠤ ᠰᠢᠨ᠎ᠡ ᠸᠠᠺᠼᠢᠨ ᠤ ᠲᠠᠷᠢᠯᠭ᠎ᠠ ᠶᠢ ᠰᠠᠨᠠᠭ᠎ᠠ ᠠᠮᠤᠷ ᠳᠠᠷᠢᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ ᠳᠠᠷᠢᠬᠤ ᠶᠢ ᠪᠡᠶᠡᠯᠡᠭᠦᠯᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠭᠠᠷ ᠤᠲᠠᠰᠤᠨ ᠤ ᠣᠬᠤᠷ ᠮᠡᠳᠡᠭᠡ᠂ ᠤᠲᠠᠰᠤ᠂ ᠬᠡᠷ ᠲᠤᠨᠢ ᠬᠦᠷᠴᠦ ᠰᠠᠨᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠵᠡᠮᠳᠡᠭ ᠣᠯᠠᠨ ᠲᠦᠮᠡᠨ ᠳᠤ ᠤᠬᠠᠭᠤᠯᠭ᠎ᠠ ᠬᠢᠵᠦ ᠪᠠᠶᠢᠯ᠎ᠠ᠃ 8 ᠰᠠᠷ᠎ᠠ ᠶᠢᠨ 31 ᠤ ᠡᠳᠦᠷ ᠪᠣᠯ ᠰᠢᠨ᠎ᠡ ᠸᠠᠺᠼᠢᠨ ᠤ ᠲᠠᠷᠢᠯᠭ᠎ᠠ ᠶᠢᠨ ᠠᠩᠬᠠᠨ ᠤ ᠲᠠᠷᠢᠯᠭ᠎ᠠ ᠶᠢᠨ ᠵᠠᠩᠭᠢᠯᠠᠭ᠎ᠠ ᠶᠢᠨ ᠴᠡᠭ ᠮᠥᠨ᠂ ᠠᠶ ᠮᠢᠨ ᠵᠢᠶᠠ ᠶᠤᠸᠠᠨ ᠨᠡᠶᠢᠭᠡᠮ ᠲᠣᠭᠤᠷᠢᠭ ᠤᠨ ᠲᠦᠷ ᠴᠠᠭ ᠤᠨ ᠲᠠᠷᠢᠯᠭ᠎ᠠ ᠶᠢᠨ ᠴᠡᠭ ᠨᠢ ᠬᠠᠷᠢᠶᠠᠲᠤ ᠣᠷᠣᠨ ᠤ ᠪᠠᠨ ᠵᠡᠮᠳᠡᠭᠴᠦᠳ ᠲᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠵᠦ᠂ ᠰᠢᠨ᠎ᠡ ᠲᠢᠳᠢᠮᠯᠢᠭ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠳᠥᠯᠭᠢᠨ ᠠᠬᠢᠭᠤᠯᠵᠤ ᠪᠠᠶᠢᠨ᠎ᠠ᠃
     ᠡᠬᠢᠨ ᠤ ᠬᠤᠭᠤᠴᠠᠭᠠᠨ ᠳᠤ ᠥᠷᠭᠡᠨ ᠢᠶᠠᠷ ᠤᠬᠠᠭᠤᠯᠤᠨ ᠳᠠᠶᠢᠴᠢᠯᠠᠬᠤ ᠪᠠ ᠲᠡᠮᠲᠡᠷᠢᠬᠦ ᠦᠶ᠎ᠡ ᠳᠤ ᠠᠶ ᠮᠢᠨ ᠵᠢᠶᠠ ᠶᠤᠸᠠᠨ ᠨᠡᠶᠢᠭᠡᠮ ᠲᠣᠭᠤᠷᠢᠭ ᠰᠢᠨ᠎ᠡ ᠸᠠᠺᠼᠢᠨ ᠤ ᠲᠠᠷᠢᠯᠭ᠎ᠠ ᠬᠢᠬᠦ ᠬᠦᠰᠡᠯ ᠲᠠᠢ ᠰᠠᠭᠤᠭᠠᠯᠢ ᠠᠷᠠᠳ ᠢ ᠨᠢᠭᠡᠳ ᠨᠢᠭᠡ ᠪᠠᠷ ᠳᠡᠩᠰᠡᠯᠡᠵᠦ᠂ ᠨᠢᠭᠡ ᠵᠡᠮᠳᠡᠭ ᠬᠥᠮᠦᠨ ᠤ ᠲᠠᠷᠢᠬᠢᠨ ᠳᠤ ᠴᠢᠰᠤ ᠭᠠᠷᠤᠭᠰᠠᠨ ᠠᠴᠠ ᠪᠣᠯᠵᠣ ᠳᠣᠤᠷ᠎ᠠ ᠪᠡᠶ᠎ᠡ ᠨᠢ ᠲᠠᠮᠪᠠᠷᠠᠵᠤ᠂ ᠡᠩ ᠤᠨ ᠦᠶ᠎ᠡ ᠳᠤ ᠬᠦᠷᠳᠦᠲᠦ ᠰᠠᠨᠳᠠᠯᠢ ᠳᠤ ᠰᠠᠭᠤᠵᠦ᠂ ᠳᠦᠭᠦᠮ ᠦᠭᠡᠢ ᠠᠴᠠ ᠪᠣᠯᠵᠣ ᠸᠠᠺᠼᠢᠨ ᠤ ᠲᠠᠷᠢᠯᠭ᠎ᠠ ᠬᠢᠭᠰᠡᠨ ᠥᠬᠡᠶ ᠭᠡᠳᠡᠭ ᠢ ᠣᠶᠢᠯᠠᠭᠠᠭᠰᠠᠨ ᠪᠠᠶᠢᠨ᠎ᠠ᠃ ᠡᠶᠢᠮᠦ ᠪᠠᠶᠢᠳᠠᠯ ᠢ ᠮᠡᠳᠡᠭᠰᠡᠨ ᠤ ᠳᠠᠷᠠᠭ᠎ᠠ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠵᠣᠣ ᠣᠪᠣᠭᠲᠤ ᠰᠠᠭᠤᠭᠠᠯᠢ ᠠᠷᠠᠳ ᠤᠨ ᠲᠠᠷᠢᠯᠭ᠎ᠠ ᠶᠢᠨ ᠬᠦᠰᠡᠯ ᠢ ᠪᠣᠳᠣᠯᠬᠢᠯᠠᠵᠤ᠂ ᠵᠡᠮᠳᠡᠭᠴᠦᠳ ᠢ ᠬᠠᠪᠰᠤᠷᠤᠨ ᠸᠠᠺᠼᠢᠨ ᠤ ᠲᠠᠷᠢᠯᠭ᠎ᠠ ᠬᠢᠯᠭᠡᠬᠦ ᠶᠢᠨ ᠲᠥᠯᠥᠭᠡ ᠲᠠᠷᠢᠯᠭ᠎ᠠ ᠶᠢᠨ ᠡᠯ᠎ᠡ ᠵᠦᠢᠯ ᠤᠨ ᠶᠠᠪᠤᠴᠠ ᠶᠢ ᠢᠳᠡᠪᠬᠢᠲᠡᠶ ᠪᠠᠷ ᠵᠣᠬᠢᠴᠠᠭᠤᠯᠵᠤ᠂ ᠰᠠᠭᠠᠳ ᠦᠭᠡᠶ ᠨᠡᠪᠲᠡᠷᠡᠬᠦ ᠵᠠᠮ ᠢᠶᠠᠷ ᠶᠠᠪᠤᠬᠤ ᠶᠢ ᠬᠦᠰᠡᠵᠡᠶ᠃ ᠲᠠᠷᠢᠯᠭ᠎ᠠ ᠬᠢᠬᠦ ᠦᠶ᠎ᠡ ᠳᠤ ᠰᠠᠶᠢᠨ ᠳᠤᠷ᠎ᠠ ᠶᠢᠨ ᠦᠢᠯᠡᠴᠢᠯᠡᠭᠴᠢᠳ ᠪᠦᠬᠦ ᠶᠠᠪᠤᠴᠠ ᠳᠤ ᠪᠠᠷ᠎ᠠ ᠪᠤᠯᠵᠦ᠂ ᠲᠠᠷᠢᠯᠭ᠎ᠠ ᠶᠢᠨ ᠡᠮᠴᠢ ᠢᠯᠡᠷᠬᠡᠶᠢᠯᠡᠬᠦ ᠳᠡᠭᠡᠨ᠄ ︽ᠵᠡᠮᠳᠡᠭᠴᠦᠳ ᠤᠨ ᠡᠨᠡ ᠬᠦ ᠣᠨᠴᠠᠭᠠᠶ ᠬᠠᠮᠲᠤᠯᠢᠭ ᠲᠤ ᠪᠢᠳᠡ ᠨᠠᠩ ᠣᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠭᠦᠯᠵᠦ᠂ ᠲᠡᠳᠡᠨ ᠢ ᠰᠠᠨᠠᠭ᠎ᠠ ᠠᠮᠤᠷ ᠪᠠᠶᠢᠯᠭᠠᠵᠤ᠂ ᠲᠡᠳᠡᠨ ᠳᠤ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠬᠢᠯᠭᠡᠪᠡᠯ ᠵᠣᠬᠢᠨ᠎ᠠ︾ ᠭᠡᠵᠡᠶ᠃
     ᠰᠢᠨ᠎ᠡ ᠸᠠᠺᠼᠢᠨ ᠤ ᠲᠠᠷᠢᠯᠭ᠎ᠠ ᠶᠢᠨ ᠵᠠᠩᠭᠢᠯᠠᠭ᠎ᠠ ᠶᠢᠨ ᠴᠡᠭ ᠲᠤ ᠠᠶ ᠮᠢᠨ ᠵᠢᠶᠠ ᠶᠤᠸᠠᠨ ᠨᠡᠶᠢᠭᠡᠮ ᠲᠣᠭᠤᠷᠢᠭ ᠤᠨ ︽ᠵᠡᠮᠳᠡᠭᠴᠦᠳ ᠢ ᠲᠤᠰᠠᠯᠠᠬᠤ ᠲᠠᠷᠢᠯᠭ᠎ᠠ︾ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠪᠠ ᠵᠠᠰᠠᠭ ᠤᠨ ᠣᠷᠳᠣᠨ ᠤ ᠵᠡᠮᠳᠡᠭᠴᠦᠳ ᠢ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠵᠡᠮᠳᠡᠭᠴᠦᠳ ᠲᠤ ᠨᠡᠶᠢᠭᠡᠮ ᠤᠨ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠭᠦᠨᠵᠡᠭᠡᠶ ᠣᠶᠢᠯᠠᠭᠠᠭᠤᠯᠤᠭᠰᠠᠨ ᠪᠠᠶᠢᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号