ᠤᠳᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/1
     8 ᠰᠠᠷ᠎ᠠ ᠶᠢᠨ 31 ᠤ ᠡᠳᠦᠷ᠂ ᠤᠳᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ  ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠱᠦᠵᠢ᠂ ᠲᠡᠷᠢᠭᠦᠯᠡᠭᠴᠢ ᠪᠢᠶᠠᠨ ᠬᠠᠢ ᠫᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠺᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠪᠢᠩ ᠶᠦᠨ ᠬᠤᠷᠠᠯ ᠢ ᠡᠷᠭᠢᠯᠡᠵᠦ᠂ ᠲᠣᠭᠤᠷᠢᠭ ᠤᠨ ᠤᠳᠤᠷᠢᠳᠤᠯᠭ᠎ᠠ ᠵᠠᠩ ᠲᠢᠶᠠᠨ ᠵᠢᠩ᠂ ᠴᠠᠩ ᠢᠦᠶ ᠭᠠᠩ᠂ ᠭᠤᠤ ᠹᠧᠩ ᠬᠤᠷᠠᠯ ᠳᠤ ᠣᠷᠣᠯᠴᠠᠵᠠᠶ᠃
     ᠶᠡᠭᠡ ᠬᠤᠷᠠᠯ ᠠᠴᠠ ᠤᠳᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠤᠳᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠵᠤ᠂ ︽ᠤᠳᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠵᠥᠪᠯᠡᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ︾ ᠶᠢ ᠪᠠᠲᠤᠯᠠᠵᠤ᠂ ︽ᠪᠦᠬᠦ ᠲᠤᠭᠤᠷᠢᠭ ᠤᠨ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠢᠯ ᠤᠨ ᠬᠦᠷᠢᠶ᠎ᠡ ᠪᠠᠨ ᠥᠷᠭᠡᠳᠬᠡᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号