ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠩ ᠰᠠᠶᠢᠨ ᠦᠢᠯᠡᠴᠢᠯᠡᠵᠦ᠂ ᠣᠯᠠᠨ ᠲᠦᠮᠡᠨ ᠯᠦᠭᠡ ᠶᠢᠨ | ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠶᠢᠴᠤᠳ ᠢᠶᠠᠨ | ᠬᠦᠨᠳᠦᠳᠬᠡᠬᠦ᠂ ᠨᠠᠰᠤᠲᠠᠶᠢᠴᠤᠳ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ | ᠲᠥᠯᠥᠭᠡ᠂ ᠣᠶᠢᠷ᠎ᠠ ᠳᠤ᠂ ᠠᠶ ᠮᠢᠨ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ᠤᠯᠠᠮᠵᠢᠯᠠᠯᠲᠤ ᠪᠠᠶᠠᠷ ᠤᠨ | ᠡᠳᠦᠷ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ ᠬᠠᠷᠢᠶᠠᠲᠤ ᠣᠷᠣᠨ ᠤ | ᠨᠠᠰᠤᠲᠠᠶᠢᠴᠤᠳ ᠢ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃ | | ᠨᠡᠶᠢᠭᠡᠮ ᠲᠣᠭᠤᠷᠢᠭ ᠤᠨ ᠠᠵᠢᠯᠲᠠᠳ ᠨᠠᠰᠤᠲᠠᠶᠢᠴᠤᠳ ᠤᠨ ᠳᠤᠮᠳᠠ ᠬᠦᠷᠴᠦ᠂ ᠨᠠᠰᠤᠲᠠᠶᠢᠴᠤᠳ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠢ ᠨᠠᠷᠢᠨ | ᠣᠶᠢᠯᠠᠭᠠᠬᠤ ᠶᠢᠨ ᠬᠠᠮᠲᠤ ᠨᠠᠰᠤᠲᠠᠶᠢᠴᠤᠳ ᠢ ᠪᠡᠶ᠎ᠡ ᠪᠠᠨ ᠭᠠᠮᠨᠠᠭᠠᠷᠠᠢ᠂ ᠶᠠᠮᠠᠷ ᠬᠦᠴᠢᠷᠳᠡᠯ ᠪᠠᠶᠢᠪᠠᠯ ᠨᠡᠶᠢᠭᠡᠮ | ᠲᠣᠭᠤᠷᠢᠭ ᠲᠤ ᠢᠳᠡᠪᠬᠢᠲᠡᠢ ᠪᠠᠷ ᠲᠤᠰᠬᠠᠬᠤ ᠬᠡᠷᠡᠭᠲᠡᠢ ᠭᠡᠵᠦ ᠵᠠᠬᠢᠪᠠ᠃ ᠨᠠᠰᠤᠲᠠᠶᠢᠴᠤᠳ ᠨᠡᠶᠢᠭᠡᠮ ᠲᠣᠭᠤᠷᠢᠭ ᠤᠨ | ᠵᠣᠬᠢᠶᠠᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯᠯᠠᠭ᠎ᠠ ᠳᠤ ᠨᠡᠩ ᠢᠳᠡᠪᠬᠢᠲᠡᠢ ᠣᠷᠣᠯᠴᠠᠨ᠎ᠠ ᠭᠡᠵᠦ | ᠢᠯᠡᠳᠬᠡᠵᠡᠭᠡᠪᠡ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠥᠨᠳᠥᠷ ᠨᠠᠰᠤᠲᠠᠶ | ᠨᠠᠰᠤᠲᠠᠶᠢᠴᠤᠳ ᠲᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠨᠢ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠪᠠᠷ ᠪᠢᠯᠬᠠᠵᠤ᠂ ᠨᠠᠰᠤᠲᠠᠶᠢᠴᠤᠳ ᠲᠤ ᠨᠡᠶᠢᠭᠡᠮ ᠤᠨ | ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ ᠪᠠᠶᠢᠨ᠎ᠠ᠃ | | ᠠᠯᠲᠠᠨ ᠨᠠᠮᠤᠷ ᠤᠨ ᠬᠠᠶᠢᠷ᠎ᠠ ᠨᠠᠰᠤᠲᠠᠨ ᠤ ᠰᠡᠳᠬᠢᠯ ᠢ ᠳᠤᠯᠠᠭᠠᠴᠠᠭᠤᠯᠤᠨ᠎ᠠ ᠃ ᠨᠠᠰᠤᠲᠠᠨ ᠢᠶᠠᠨ ᠬᠠᠶᠢᠷᠠᠯᠠᠵᠤ | ᠰᠤᠷᠪᠤᠯᠵᠢᠯᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ | ᠬᠠᠯᠠᠭᠤᠨ ᠳᠤᠯᠠᠭᠠᠨ ᠢ ᠡᠳ᠋ᠯᠡᠭᠦᠯᠵᠦ᠂ ᠪᠠᠰᠠ ᠪᠠᠶᠠᠷ ᠤᠨ ᠡᠳᠦᠷ ᠤᠨ ᠠᠭᠤᠷ ᠠᠮᠢᠰᠬᠤᠯ ᠢ ᠡᠶ᠎ᠡ ᠵᠣᠬᠢᠴᠠᠯ ᠲᠠᠢ | ᠪᠤᠯᠭᠠᠪᠠ᠃ ᠨᠡᠶᠢᠭᠡᠮ ᠲᠣᠭᠤᠷᠢᠭ ᠤᠨ ᠠᠵᠢᠯᠲᠠᠨ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠤᠨ ᠳᠤᠮᠳᠠ ᠪᠠᠨ | ᠨᠠᠰᠤᠲᠠᠶᠢᠴᠤᠳ ᠢ ᠬᠠᠯᠠᠮᠵᠢᠯᠠᠬᠤ ᠶᠢ ᠨᠠᠩ ᠢᠯᠡᠭᠦᠤ ᠠᠩᠬᠠᠷᠴᠤ᠂ ᠨᠠᠰᠤᠲᠠᠶᠢᠴᠤᠳ ᠲᠤ ᠦᠷᠭᠦᠯᠵᠢᠯᠡᠨ ᠨᠠᠩ ᠰᠠᠶᠢᠨ | ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠨ᠎ᠠ ᠭᠡᠵᠡᠶ᠃ | |