ᠶᠠᠨ ᠸᠧᠨ ᠯᠦᠩ ᠴᠢᠬᠤᠯᠠᠴᠢᠯᠠᠭᠰᠠᠨ ᠨᠢ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ ᠢ | ᠵᠢᠷᠤᠮᠯᠠᠨ ᠦᠬᠦᠨ ᠪᠠᠶᠢᠯᠳᠤᠬᠤ ᠰᠥᠰᠥ ᠵᠣᠷᠢᠭ ᠬᠠᠲᠠᠭᠤ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠦᠨᠡᠨ ᠪᠣᠳᠠᠲᠠᠢ | ᠠᠷᠭ᠎ᠠ ᠬᠡᠮᠵᠢᠶ᠎ᠡ ᠶᠢ ᠪᠠᠷᠢᠮᠲᠠᠯᠠᠵᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ | 9 ᠰᠠᠷ᠎ᠠ ᠶᠢᠨ 9 ᠤ ᠡᠳᠦᠷ᠂ ᠤᠳᠠ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠠᠶᠢᠴᠢᠯᠠᠯᠳᠠ ᠶᠢᠨ ᠬᠤᠷᠠᠯ | ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠣᠷᠣᠯᠠᠭᠴᠢ | ᠳᠠᠷᠤᠭ᠎ᠠ ᠯᠢᠦ ᠬᠤ᠋ ᠬᠤᠷᠠᠯ ᠡᠷᠭᠢᠯᠡᠪᠡ᠃ ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠥᠪᠯᠡᠯ ᠤᠨ ᠡᠯ᠎ᠡ ᠳᠡᠳ᠋ ᠡᠷᠬᠢᠯᠡᠭᠴᠢ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠣᠯᠤᠨ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠦᠷᠦᠯ ᠵᠦᠢᠯ ᠤᠨ ᠡᠯ᠎ᠡ | ᠵᠢᠯᠣᠭᠤᠳᠬᠤ ᠳᠠᠷᠤᠭ᠎ᠠ ᠵᠡᠷᠭᠡ ᠬᠤᠷᠠᠯ ᠳᠤ ᠣᠷᠣᠯᠴᠠᠪᠠ᠃ | | ᠬᠤᠷᠠᠯ ᠠᠴᠠ 8 ᠰᠠᠷ᠎ᠠ ᠶᠢᠨ 27 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠲᠡᠷᠢᠭᠦᠯᠡᠭᠴᠢ ᠸᠠᠩ ᠯᠢ ᠰᠢᠶᠠ ᠶᠢᠨ ᠦᠬᠠᠢ | ᠬᠤᠳᠠ ᠳᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠬᠤ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠠ ᠲᠣᠭᠤᠷᠢᠭ ᠤᠨ ᠠᠮᠢ ᠠᠬᠤᠢ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠲᠤᠬᠢᠷᠠᠭᠤᠯᠤᠨ ᠪᠠᠶᠢᠷᠢᠯᠠᠭᠤᠯᠵᠠᠢ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠲᠠᠰ | ᠳᠠᠷᠠᠭᠠᠯᠠᠨ ᠶᠠᠷᠢᠶ᠎ᠠ ᠲᠠᠯᠪᠢᠪᠠ᠃ | | | | | | | | ᠬᠤᠷᠠᠯ ᠠᠴᠠ ᠵᠢᠭᠠᠵᠤ ᠭᠠᠷᠭᠠᠭᠰᠠᠨ ᠨᠢ᠄ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ | ᠪᠣᠯ ᠪᠢᠳᠡᠨ ᠤ ᠡᠷᠬᠡᠪᠰᠢ ᠤᠯᠤᠰ ᠲᠥᠷᠥ ᠶᠢᠨ ᠶᠡᠭᠡ ᠲᠠᠯ᠎ᠠ ᠠᠴᠠ ᠪᠠᠲᠤ ᠡᠵᠡᠮᠳᠡᠬᠦ ᠬᠡᠷᠡᠭᠲᠡᠶ ᠴᠢᠬᠤᠯᠠ ᠶᠡᠭᠡ ᠠᠵᠢᠯ | ᠮᠥᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠤᠨ᠂ ᠲᠤᠭᠤᠷᠢᠭ ᠤᠨ ᠵᠠᠰᠠᠭ ᠤᠨ | ᠣᠷᠳᠣᠨ ᠵᠠᠯᠭᠠᠭ᠎ᠠ ᠪᠠᠷ 3 ᠤᠳᠠᠭ᠎ᠠ ᠪᠥᠬᠦ ᠲᠤᠭᠤᠷᠢᠭ ᠤᠨ ᠴᠢᠨᠠᠷᠲᠠᠶ ᠬᠤᠷᠠᠯ ᠬᠤᠷᠠᠯᠳᠤᠭᠤᠯᠵᠤ᠂ ᠠᠮᠢ ᠠᠬᠤᠶ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ | ᠲᠣᠰ ᠠᠵᠢᠯ ᠢ ᠰᠠᠶᠢᠲᠤᠷ ᠠᠳᠬᠤᠬᠤ ᠣᠪᠣᠷ ᠪᠠ ᠵᠣᠷᠢᠭ ᠢᠶᠠᠨ ᠭᠦᠢᠴᠡᠳ ᠢᠯᠡᠷᠡᠭᠦᠯᠪᠡ᠃ ᠪᠦᠬᠦ | ᠲᠤᠭᠤᠷᠢᠭ ᠤᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ | ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ | ᠲᠦᠷᠦ ᠪᠠᠷ ᠬᠦᠳᠦᠯᠦᠨ ᠳᠠᠭᠠᠭᠤᠯᠬᠤ ᠪᠠ ᠤᠨᠤᠯ ᠢᠶᠠᠷ ᠵᠡᠪᠰᠡᠭᠯᠡᠬᠦ ᠶᠢ ᠥᠴᠦᠬᠡᠨ ᠴᠦ ᠰᠤᠯᠠᠷᠠᠭᠤᠯᠤᠯ ᠦᠭᠡᠢ | ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠴᠢᠷᠮᠠᠶᠢᠨ ᠬᠤᠪᠢᠷᠠᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠪᠦᠳᠦᠬᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠡᠷᠡᠰ ᠪᠠᠲᠤ | ᠤᠬᠠᠮᠰᠠᠷᠲᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠄ | ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ | ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠤᠳᠠ ᠲᠤᠭᠤᠷᠢᠭ ᠤᠨ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠠᠵᠢᠯ ᠤᠨ ᠵᠢᠷᠤᠮᠯᠠᠯ ᠪᠣᠯᠤᠨ᠎ᠠ᠂ ᠮᠥᠨᠴᠦ ᠪᠢᠳᠡᠨ ᠤ ᠡᠷᠬᠡᠪᠰᠢ ᠲᠡᠷᠡ ᠶᠣᠰᠣᠭᠠᠷ ᠨᠢ ᠰᠠᠶᠢᠲᠤᠷ | ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠪᠦᠬᠦ ᠲᠤᠭᠤᠷᠢᠭ ᠢᠶᠠᠷ ᠢᠶᠠᠨ ᠬᠦᠨᠳᠦ | ᠬᠡᠴᠡᠭᠦᠦ ᠪᠠᠶᠢᠳᠠᠯ ᠢ ᠭᠦᠨᠵᠡᠭᠡᠶ ᠲᠠᠨᠢᠵᠤ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ | ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠪᠠᠷ ᠠᠵᠠ ᠲᠣᠬᠢᠶᠠᠯ ᠪᠣᠯᠭᠠᠵᠤ᠂ ᠪᠠᠴᠢᠮ ᠲᠤᠯᠭᠠᠮ᠎ᠠ | ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠷ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ︽ᠳᠣᠯᠤᠭ᠎ᠠ ᠶᠢ ᠵᠠᠰᠠᠬᠤ︾ ᠠᠵᠢᠯ ᠪᠠ ᠳᠡᠭᠡᠳᠦ ᠱᠠᠲᠤᠨ ᠤ | ᠬᠠᠷᠢᠭᠤ ᠲᠤᠰᠬᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠪᠣᠳᠠᠲᠠᠶ ᠠᠳᠬᠤᠵᠤ᠂ ᠠᠮᠢ ᠠᠬᠤᠢ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠪᠠᠷ ᠤᠯᠤᠰ ᠲᠦᠷᠦ ᠶᠢᠨ ᠬᠠᠷᠢᠭᠤᠴᠠᠯᠭ᠎ᠠ ᠶᠢ | ᠢᠯᠡᠷᠡᠭᠦᠯᠵᠦ᠂ ᠤᠯᠠᠨ ᠲᠦᠮᠡᠨ ᠤ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠤ ᠲᠤᠬᠠᠢ ᠬᠡᠷᠡᠭᠴᠡᠭᠡ ᠶᠢ | ᠬᠠᠩᠭᠠᠬᠤ ᠪᠠᠷ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠳᠤᠮᠳᠠ ᠥᠨᠳᠥᠷ ᠲᠦᠪᠰᠢᠨ ᠤ ᠬᠠᠮᠠᠭᠠᠯᠠᠯᠲᠠ ᠶᠢ ᠦᠨᠡᠨᠬᠦ ᠠᠬᠢᠭᠤᠯᠵᠤ᠂ ᠥᠨᠳᠥᠷ ᠲᠦᠪᠰᠢᠨ ᠤ | ᠬᠠᠮᠠᠭᠠᠯᠠᠯᠲᠠ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | ᠬᠤᠷᠠᠯ ᠤᠨ ᠱᠠᠭᠠᠷᠳᠠᠯᠭ᠎ᠠ ᠄ | ︽ᠲᠦᠷᠪᠡ ᠶᠢ ᠪᠠᠷᠢᠮᠲᠠᠯᠠᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ | ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ᠂ ᠨᠢᠭᠡ ᠠᠴᠠ ᠨᠦᠭᠦᠭᠡ ᠶᠢ ᠮᠡᠳᠡᠬᠦ | ᠲᠦᠷᠦ ᠶᠢᠨ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠵᠦ᠂ ᠴᠠᠭ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ | ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠰᠢᠪᠲᠤᠯᠤᠯᠲᠠ ᠬᠢᠵᠦ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠠᠭᠤᠷᠬᠠᠢ ᠶᠢᠨ ᠣᠷᠣᠨ ᠢ ᠴᠡᠭᠴᠡᠯᠡᠨ ᠵᠠᠰᠠᠬᠤ ᠪᠠᠷ | ᠭᠤᠣᠯ ᠳᠠᠶᠢᠨ ᠤ ᠲᠠᠯᠠᠪᠤᠷ ᠪᠣᠯᠭᠠᠨ᠂ ︽ᠳᠤᠯᠤᠭ᠎ᠠ ᠶᠢ ᠵᠠᠰᠠᠬᠤ︾ ᠪᠠᠷ ᠶᠡᠷᠦᠩᠬᠡᠢ ᠭᠠᠷᠳᠠᠴᠠ ᠪᠣᠯᠭᠠᠵᠤ᠂ | ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠪᠠᠷ ᠦᠨᠳᠦᠰᠦ ᠠᠴᠠ ᠨᠢ ᠵᠠᠰᠠᠬᠤ ᠪᠤᠳᠤᠯᠭ᠎ᠠ ᠪᠣᠯᠭᠠᠵᠤ᠂ | ᠭᠤᠣᠯᠳᠠᠯᠭ᠎ᠠ ᠲᠠᠢ ᠠᠮᠢᠨ ᠭᠠᠵᠠᠷ ᠢ ᠠᠳᠬᠤᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠭᠠᠵᠠᠷ ᠣᠷᠣᠨ ᠤ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ | ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠵᠤ ᠨᠠᠶᠢᠳᠠᠪᠤᠷᠢᠵᠢᠭᠤᠯᠬᠤ ᠶᠢ ᠠᠳᠬᠤᠬᠤ ᠶᠢ ᠪᠠᠷᠢᠮᠲᠠᠯᠠᠵᠤ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠶᠠᠭᠠᠬᠢᠭᠰᠠᠨ ᠴᠤ ᠵᠥᠭᠡᠯᠡᠨ ᠣᠷᠣᠬᠤ | ᠦᠭᠡᠢ᠂ ᠴᠢᠩᠭ᠎ᠠ ᠵᠠᠯᠬᠠᠭᠠᠵᠤ ᠬᠦᠨᠳᠦ ᠪᠠᠷ ᠲᠣᠷᠭᠠᠵᠤ᠂ ᠳᠡᠭᠡᠳᠦ ᠬᠢᠵᠠᠭᠠᠷ ᠢᠶᠠᠷ ᠲᠣᠷᠭᠠᠵᠤ᠂ ᠠᠵᠤ ᠠᠬᠤᠶᠢᠯᠠᠯ ᠢ | ᠬᠠᠤᠯᠢ ᠠᠴᠠ ᠵᠥᠷᠢᠴᠡᠬᠦ ᠵᠣᠷᠢᠭ ᠦᠭᠡᠢ᠂ ᠬᠠᠤᠯᠢ ᠠᠴᠠ ᠵᠥᠷᠢᠴᠡᠬᠦ ᠰᠠᠨᠠᠭ᠎ᠠ ᠦᠭᠡᠢ ᠪᠣᠯᠭᠠᠵᠤ᠂ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ | ᠴᠢᠩᠭᠠᠷᠠᠭᠤᠯᠤᠨ᠎ᠠ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ | ᠪᠠᠷᠢᠮᠲᠠᠯᠠᠵᠤ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠡᠷᠬᠡᠪᠰᠢ ︽ᠨᠢᠭᠡ ᠬᠥᠯᠭᠡ ᠰᠢᠳᠠᠷ᠎ᠠ︾ ᠶᠢᠨ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠵᠤ᠂ ᠣᠷᠣᠨ ᠪᠠᠶᠢᠷᠢ ᠪᠠᠨ | ᠣᠨᠣᠪᠴᠢᠲᠠᠢ ᠣᠯᠵᠤ᠂ ᠣᠷᠣᠨ ᠪᠠᠶᠢᠷᠢ ᠪᠠᠨ ᠣᠨᠣᠪᠴᠢᠲᠠᠢ ᠲᠣᠭᠲᠠᠭᠠᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠲᠦᠷᠦᠭᠦᠯᠡᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠬᠦᠴᠢᠷ ᠠᠰᠠᠭᠤᠳᠠᠯ ᠢ | ᠰᠢᠢᠳᠪᠦᠷᠢᠯᠡᠵᠦ᠂ ᠨᠢᠭᠡ ᠴᠤᠬᠴᠠᠵᠢᠭᠤᠯᠤᠨ ᠬᠠᠮᠵᠢᠯᠴᠠᠭᠰᠠᠨ᠂ ᠵᠣᠬᠢᠴᠠᠭᠤᠯᠤᠨ ᠬᠠᠮᠲᠤᠷᠠᠯᠴᠠᠭᠰᠠᠨ ᠰᠠᠶᠢᠨ | ᠰᠠᠶᠢᠬᠠᠨ ᠠᠵᠢᠯ ᠤᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ | ︽ᠲᠠᠪᠤ ᠶᠢ ᠴᠢᠩᠭᠠᠳᠬᠠᠬᠤ︾ ᠬᠢᠨᠠᠯᠲᠠ ᠲᠠᠯᠪᠢᠵᠤ ᠬᠢᠨᠠᠨ ᠰᠢᠯᠭᠠᠵᠤ ᠦᠷ᠎ᠡ ᠪᠦᠲᠦᠮᠵᠢ ᠶᠢ ᠠᠰᠠᠭᠤᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ | ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠬᠤ ᠬᠡᠷᠡᠭᠲᠡᠢ᠃ ᠡᠳᠦᠷ ᠲᠤᠲᠤᠮ ᠤᠨ ᠲᠣᠬᠢᠷᠠᠭᠤᠯᠤᠯᠲᠠ ᠶᠢ | ᠴᠢᠩᠭᠠᠳᠬᠠᠵᠤ᠂ ᠡᠯ᠎ᠡ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠬᠡᠷ ᠨᠢ ᠲᠦᠷᠦᠭᠦᠯᠡᠨ ᠶᠡᠷᠦᠩᠬᠡᠶ | ᠠᠵᠢᠯ ᠢ ᠠᠳᠬᠤᠬᠤ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠰᠤᠳᠤᠯᠬᠤ᠂ | ᠵᠣᠬᠢᠴᠠᠭᠤᠯᠤᠨ ᠳᠣᠭᠢᠷᠠᠭᠤᠯᠬᠤ᠂ ᠲᠦᠷᠢᠮ ᠢ ᠲᠡᠭᠦᠯᠳᠡᠷᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠲᠤᠬᠠᠶ ᠶᠢᠨ | ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ | ᠥᠷᠨᠢᠭᠦᠯᠵᠦ᠂ ᠦᠷᠭᠦᠯᠵᠢᠯᠡᠨ ᠮᠥᠷᠳᠡᠨ ᠰᠢᠮᠳᠠᠭᠤᠯᠤᠨ ᠰᠢᠢᠳᠪᠦᠷᠢᠯᠡᠭᠦᠯᠵᠦ᠂ ᠠᠰᠠᠭᠤᠳᠠᠯ᠂ ᠦᠷ᠎ᠡ ᠪᠦᠲᠦᠮᠵᠢ ᠶᠢ | ᠬᠠᠮᠲᠤ ᠳᠤᠨᠢ ᠰᠢᠮᠳᠠᠭᠤᠯᠤᠨ᠂ ᠬᠠᠷᠢᠭᠤᠴᠠᠯᠭ᠎ᠠ᠂ ᠰᠤᠷᠲᠠᠯ ᠢ ᠬᠠᠮᠲᠤ ᠳᠤᠨᠢ ᠪᠠᠶᠢᠴᠠᠭᠠᠬᠤ ᠶᠢ ᠪᠡᠶᠡᠯᠡᠭᠦᠯᠵᠦ᠂ | ᠢᠯᠡᠷᠡᠭᠦᠯᠦᠭᠰᠡᠨ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠵᠦ᠂ ᠴᠡᠭᠴᠡᠯᠡᠨ | ᠰᠠᠶᠢᠵᠢᠷᠠᠭᠤᠯᠬᠤ ᠶᠢ ᠰᠢᠮᠳᠠᠭᠤᠯᠬᠤ ᠬᠡᠷᠡᠭᠲᠡᠶ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠲᠤᠭ ᠲᠡᠮᠳᠡᠭ | ᠲᠣᠳᠣᠷᠬᠠᠢ ᠪᠠᠷ ᠰᠠᠬᠢᠯᠭ᠎ᠠ ᠪᠠᠲᠤ ᠪᠠ ᠳᠦᠷᠢᠮ ᠲᠣᠭᠲᠠᠭᠠᠯ ᠢ ᠴᠢᠩᠭ᠎ᠠ ᠠᠳᠬᠤᠵᠤ᠂ ᠠᠵᠢᠯ ᠢᠶᠠᠨ ᠰᠠᠶᠢᠲᠤᠷ | ᠨᠠᠶᠢᠳᠠᠪᠤᠷᠢᠵᠢᠭᠤᠯᠤᠭᠰᠠᠨ ᠦᠭᠡᠢ᠂ ᠠᠬᠢᠴᠠ ᠤᠳᠠᠭᠠᠨ ᠪᠠᠶᠢᠭᠰᠠᠨ ᠠᠴᠠ ᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ | ᠃ ᠬᠢᠨᠠᠨ ᠰᠢᠯᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠰᠢᠯᠢᠳᠡᠭ ᠢ ᠨᠢ ᠳᠡᠪᠰᠢᠭᠦᠯᠵᠦ᠂ | ᠲᠤᠷᠤᠢ ᠶᠢ ᠨᠢ ᠪᠠᠭᠤᠯᠭᠠᠵᠤ᠂ ᠮᠠᠭᠤ ᠶᠢ ᠨᠢ ᠰᠢᠭᠰᠢᠭᠳᠡᠭᠦᠯᠬᠦ ᠶᠢ ᠪᠠᠷᠢᠮᠲᠠᠯᠠᠵᠤ᠂ ᠦᠨᠡᠨᠬᠦ ᠠᠳᠬᠤᠵᠤ ᠪᠣᠳᠠᠲᠠᠢ | ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ | ᠬᠡᠷᠡᠭᠲᠡᠢ᠃ ᠤᠬᠠᠭᠤᠯᠤᠨ ᠮᠡᠳᠡᠭᠡᠯᠡᠬᠦ ᠶᠢ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠭᠤᠤᠯ | ᠤᠷᠤᠰᠬᠠᠯ ᠤᠨ ᠵᠠᠭᠤᠴᠢᠯᠠᠭᠤᠷ ᠢ ᠭᠦᠢᠴᠡᠳ ᠰᠠᠶᠢᠲᠤᠷ ᠠᠰᠢᠭᠯᠠᠨ᠂ ᠰᠠᠶᠢᠨ ᠲᠤᠷᠰᠢᠯᠭ᠎ᠠ ᠠᠷᠭ᠎ᠠ ᠬᠢᠳᠡᠯ ᠢ | ᠥᠷᠭᠡᠨ ᠢᠶᠠᠷ ᠤᠬᠠᠭᠤᠯᠤᠨ ᠮᠡᠳᠡᠭᠡᠯᠡᠵᠦ᠂ ᠪᠥᠬᠦ ᠨᠡᠶᠢᠭᠡᠮ ᠢᠶᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | |