9 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ | ᠲᠣᠭᠤᠷᠢᠭ ᠤᠨ ᠤᠳᠤᠷᠢᠳᠤᠯᠭ᠎ᠠ ᠯᠢ ᠺᠠᠢ᠂ ᠱᠢ ᠯᠢ ᠴᠢᠶᠠᠩ᠂ ᠯᠢᠦ ᠮᠧᠩ ᠬᠠᠮᠲᠤ ᠪᠠᠷ ᠪᠠᠶᠢᠴᠠᠭᠠᠨ ᠰᠤᠳᠤᠯᠤᠯᠲᠠ | ᠬᠢᠵᠡᠢ᠃ | ᠥᠪᠥᠷ ᠮᠣᠩᠭᠤᠯ ᠤᠨ ᠵᠢᠤᠨᠢ ᠦᠵᠦᠮ ᠤᠨ ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ᠂ ᠶᠠᠨ ᠸᠧᠨ ᠯᠦᠩ ᠠᠵᠤ ᠠᠬᠤᠶᠢᠯᠠᠯ ᠤᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ | ᠬᠤᠯᠪᠣᠭ᠎ᠠ ᠶᠢ ᠥᠷᠨᠢᠭᠦᠯᠵᠦ ᠪᠠᠶᠢᠭ᠎ᠠ ᠪᠠ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠶ | ᠰᠣᠨᠣᠰᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠲᠠᠷᠢᠶᠠᠯᠠᠩ ᠠᠵᠤ ᠠᠬᠤᠶᠢᠯᠠᠯ ᠬᠠᠮᠲᠤᠷᠠᠯᠴᠠᠬᠤ ᠰᠢᠨ᠎ᠡ | ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠪᠣᠳᠠᠲᠤ | ᠬᠡᠷᠡᠭᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠲᠦᠷᠭᠡᠳᠬᠡᠨ᠂ ᠠᠵᠢᠯ ᠣᠯᠭᠤᠬᠤ ᠪᠠ ᠠᠳᠠᠯ ᠦᠢᠯᠡᠰ | ᠴᠣᠭᠴᠠᠯᠠᠬᠤ ᠵᠠᠮ ᠢ ᠥᠷᠭᠡᠳᠬᠡᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠂ ᠦᠵᠦᠮ ᠤᠨ ᠠᠵᠤ | ᠦᠢᠯᠡᠰ ᠤᠨ ᠬᠥᠭᠵᠢᠯᠲᠡ ᠶᠢ ᠳᠠᠶᠢᠴᠢᠯᠠᠨ ᠨᠥᠯᠥᠭᠡᠯᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ | ᠲᠤᠬᠠᠶ ᠶᠢᠨ ᠭᠠᠵᠠᠷ ᠤᠨ ᠣᠯᠠᠨ ᠲᠦᠮᠡᠨ ᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ | ᠭᠡᠵᠦ ᠰᠠᠨᠠᠭᠤᠯᠵᠠᠢ᠃ | | ᠤᠯᠠᠭᠠᠨᠨᠠᠭᠤᠷ ᠪᠠᠯᠭᠠᠰᠤ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠶᠠᠨ ᠸᠧᠨ ᠯᠦᠩ | ᠲᠤᠰ ᠪᠠᠯᠭᠠᠰᠤ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠦᠨᠳᠦᠰᠦᠨ ᠱᠠᠲᠤᠨ ᠤ ᠵᠠᠰᠠᠯᠲᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ | ᠣᠶᠢᠯᠠᠭᠠᠪᠠ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ | ᠪᠤᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠪᠣᠯᠤᠨ | ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠳᠠᠪᠬᠢ ᠶᠢᠨ ᠪᠠᠶᠢᠷᠢᠰᠢᠭᠤᠯᠤᠯᠲᠠ ᠶᠢ ᠳᠠᠰᠤᠷᠠᠯᠳᠠ ᠦᠬᠡᠢ | ᠰᠢᠯᠢᠳᠡᠭᠵᠢᠭᠦᠯᠵᠦ᠂ ︽ᠦᠢᠯᠡᠴᠢᠯᠡᠭᠡᠨ ᠤ ᠣᠷᠣᠨ ᠪᠦᠰᠡ ᠶᠢ ᠬᠠᠮᠤᠭ ᠤᠨ ᠶᠡᠭᠡ ᠪᠣᠯᠭᠠᠬᠤ᠂ ᠠᠵᠢᠯᠯᠠᠬᠤ | ᠲᠠᠯᠠᠪᠠᠢ ᠶᠢ ᠬᠠᠮᠤᠭ ᠤᠨ ᠪᠠᠭ᠎ᠠ ᠪᠣᠯᠭᠠᠬᠤ᠂ ᠨᠡᠶᠢᠭᠡᠮ ᠤᠨ ᠦᠷ᠎ᠡ ᠠᠰᠢᠭ ᠢ ᠬᠠᠮᠤᠭ ᠤᠨ ᠰᠢᠯᠢᠳᠡᠭᠴᠢᠯᠡᠬᠦ︾ ᠶᠢ | ᠪᠠᠷᠢᠮᠲᠠᠯᠠᠵᠤ᠂ ᠳᠠᠬᠢᠨ ᠪᠠᠶᠢᠭᠤᠯᠵᠤ ᠬᠡᠷᠡᠭᠯᠡᠬᠦ ᠶᠢ ᠬᠥᠩᠭᠡᠪᠴᠢᠯᠡᠬᠦ ᠠᠴᠠ ᠵᠠᠶᠢᠯᠠᠰᠬᠢᠵᠦ᠂ ᠬᠡᠷᠡᠭᠯᠡᠬᠦ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢ | ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠤᠯᠠᠭᠠᠨᠨᠠᠭᠤᠷ ᠪᠠᠯᠭᠠᠰᠤ ᠶᠢᠨ ᠤᠶᠤᠨᠲᠤ ᠬᠦᠯᠡᠮᠵᠢ ᠶᠢᠨ ᠲᠦᠷᠦᠯ ᠵᠦᠢᠯ᠂ ᠭᠠᠰᠢᠭᠤᠨ ᠱᠣᠷᠪᠣᠭ ᠤᠰᠤᠨ ᠤ | ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠶᠠᠨ ᠸᠧᠨ ᠯᠦᠩ ᠲᠦᠷᠦᠯ ᠵᠦᠢᠯ ᠢ ᠠᠬᠢᠭᠤᠯᠬᠤ ᠶᠠᠪᠤᠴᠠ ᠳᠤ | ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠨᠠᠷᠢᠨ ᠠᠰᠠᠭᠤᠨ ᠯᠠᠪᠯᠠᠪᠠ᠃ ᠲᠡᠷᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠠᠵᠤ ᠦᠢᠯᠡᠰ ᠲᠤ ᠪᠤᠢ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠵᠦ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠮᠡᠷᠭᠡᠵᠢᠯ ᠤᠨ | ᠪᠠᠲᠤᠯᠠᠭ᠎ᠠ᠂ ᠦᠢᠯᠡᠳᠬᠦᠨ ᠤ ᠵᠠᠬ᠎ᠠ ᠳᠡᠯᠭᠡᠭᠦᠷ ᠢ ᠵᠣᠯᠭᠠᠭᠤᠯᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠠᠵᠤ ᠦᠢᠯᠡᠰ ᠤᠨ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠶᠠᠨ ᠸᠧᠨ ᠯᠦᠩ ᠪᠠᠰᠠ ᠤᠯᠠᠭᠠᠨᠨᠠᠭᠤᠷ ᠪᠠᠯᠭᠠᠰᠤᠨ ᠤ ᠽᠧ | ᠶᠤᠸᠠᠨ ᠨᠡᠶᠢᠭᠡᠮ ᠲᠣᠭᠤᠷᠢᠭ᠂ ᠹᠦ᠋ ᠮᠢᠨ ᠨᠡᠶᠢᠭᠡᠮ ᠲᠣᠭᠤᠷᠢᠭ ᠲᠤ ᠬᠦᠷᠴᠦ᠂ ᠶᠠᠳᠠᠭᠤ ᠠᠴᠠ ᠠᠩᠭᠢᠵᠢᠷᠠᠭᠰᠠᠨ | ᠡᠷᠦᠬᠡ ᠵᠣᠣ ᠬᠦᠶ ᠹᠧᠩ ᠪᠣᠯᠤᠨ ᠵᠣᠣ ᠧᠨ ᠲᠠᠩ ᠢ ᠡᠷᠭᠢᠨ ᠦᠵᠡᠵᠦ᠂ ᠲᠡᠳᠡᠨ ᠢ ᠪᠡᠶ᠎ᠡ ᠪᠠᠨ ᠬᠢᠴᠢᠶᠡᠵᠦ᠂ | ᠢᠲᠡᠭᠡᠯ ᠵᠣᠷᠢᠭ ᠢᠶᠠᠨ ᠪᠠᠲᠤᠳᠬᠠᠵᠤ᠂ ᠦᠷᠭᠦᠯᠵᠢᠯᠡᠨ ᠴᠢᠷᠮᠠᠶᠢᠵᠤ᠂ ᠣᠳᠣᠬᠠᠨ ᠤ ᠡᠯ᠎ᠡ ᠵᠦᠢᠯ ᠤᠨ ᠬᠠᠪᠰᠤᠷᠤᠨ | ᠲᠡᠳᠬᠦᠬᠦ ᠲᠦᠷᠦ ᠶᠢᠨ ᠪᠤᠳᠤᠯᠭ᠎ᠠ ᠳᠤ ᠭᠦᠢᠴᠡᠳ ᠲᠦᠰᠢᠭᠯᠡᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠵᠦ᠂ | ᠠᠮᠢᠳᠤᠷᠠᠯ ᠢᠶᠠᠨ ᠤᠯᠠᠮ ᠠᠴᠠ ᠤᠯᠠᠮ ᠰᠠᠶᠢᠵᠢᠷᠠᠭᠤᠯᠬᠤ ᠶᠢ ᠰᠠᠨᠠᠭᠤᠯᠤᠭᠰᠠᠨ ᠤ ᠬᠠᠮᠲᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠠᠮᠤᠭ ᠤᠨ ᠰᠢᠨ᠎ᠡ ᠪᠠᠶᠢᠳᠠᠯ ᠢ ᠴᠠᠭ | ᠲᠤᠬᠠᠢ ᠳᠤᠨᠢ ᠮᠥᠷᠳᠡᠨ ᠣᠶᠢᠯᠠᠭᠠᠵᠤ᠂ ᠲᠡᠳᠡᠨ ᠳᠤ ᠢᠯᠡᠭᠦᠬᠡᠨ ᠬᠠᠯᠠᠮᠵᠢᠯᠠᠯ ᠬᠦᠷᠲᠡᠭᠡᠵᠦ᠂ ᠪᠣᠳᠠᠲᠠᠢ ᠶᠠᠪᠤᠳᠠᠯ | ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠵᠤ᠂ ᠲᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ᠃ | | ᠹᠦ᠋ ᠮᠢᠨ ᠨᠡᠶᠢᠭᠡᠮ ᠲᠣᠭᠤᠷᠢᠭ ᠲᠤ᠂ ᠶᠠᠨ ᠸᠧᠨ ᠯᠦᠩ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ | ᠠᠵᠢᠯ ᠪᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠲᠣᠰᠬᠤᠨ ᠳᠤ ᠰᠠᠭᠤᠬᠤ ᠰᠢᠨ᠎ᠡ ᠠᠵᠢᠯᠯᠠᠬᠤ | ᠠᠩᠬᠢ ᠳᠤ ᠡᠷᠴᠢ ᠵᠣᠷᠢᠭ ᠢᠶᠠᠨ ᠬᠥᠪᠴᠢᠯᠡᠬᠦ ᠶᠢᠨ ᠲᠥᠯᠥᠭᠡ᠂ ︽ᠳᠡᠭᠡᠷ᠎ᠡ ᠲᠤᠤᠷ᠎ᠠ ᠱᠠᠳᠤ ᠪᠠᠷ ᠢᠶᠠᠨ | ᠰᠡᠳᠬᠢᠯ ᠢᠶᠠᠨ ᠨᠢᠭᠡᠳᠬᠡᠵᠦ᠂ ᠬᠦᠴᠦᠯᠡᠨ ᠲᠡᠮᠡᠴᠡᠬᠦ᠂ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠬᠦ᠂ ᠵᠠᠮ ᠨᠡᠭᠡᠭᠡᠨ | ᠰᠢᠨ᠎ᠡ ᠶᠢ ᠡᠭᠦᠳᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ︾ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠲᠣᠰᠬᠤᠨ ᠳᠤ ᠰᠠᠭᠤᠬᠤ ᠠᠵᠢᠯ ᠢ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠥᠷᠨᠢᠭᠦᠯᠵᠦ᠂ ᠬᠠᠮᠤᠭ ᠤᠨ ᠬᠠᠲᠠᠭᠤ | ᠰᠤᠷᠲᠠᠯ᠂ ᠬᠠᠮᠤᠭ ᠤᠨ ᠰᠢᠯᠢᠳᠡᠭ ᠪᠠᠶᠢᠳᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠮᠠᠨ ᠤ ᠲᠤᠭᠤᠷᠢᠭ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | |