《 ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠪᠠᠷ ᠤᠯᠠᠨ ᠲᠦᠮᠡᠨ ᠳᠤ ᠪᠣᠳᠠᠲᠠᠢ ᠠᠵᠢᠯ ᠬᠢᠬᠦ 》 ᠤᠳᠠ ᠲᠣᠭᠤᠷᠢᠭ 2021 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2021/9/14
     9 ᠰᠠᠷ᠎ᠠ ᠶᠢᠨ 13 ᠤ ᠡᠳᠦᠷ᠂ ᠤᠳᠠ ᠲᠣᠭᠤᠷᠢᠭ 2021 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠲᠤᠰ ᠤᠳᠠᠭ᠎ᠠ ᠶᠢᠨ ᠠᠵᠢᠯᠯᠠᠭ᠎ᠠ ᠨᠢ ︽ᠵᠠᠭᠤᠨ ᠵᠢᠯ ᠳᠤ ᠲᠠᠬᠢᠨ ᠮᠣᠷᠳᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠲᠡᠰᠢ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠵᠤ᠂ ᠦᠨᠳᠦᠰᠦᠨ ᠱᠠᠲᠤᠨ ᠳᠤ ᠬᠠᠨᠳᠤᠭᠤᠯᠬᠤ᠂ ᠬᠥᠭᠵᠢᠯᠲᠡ ᠳᠤ ᠦᠢᠯᠡᠴᠢᠯᠡᠬᠦ᠂ ᠤᠯᠠᠨ ᠲᠦᠮᠡᠨ ᠳᠤ ᠠᠰᠢᠭ ᠬᠦᠷᠲᠡᠭᠡᠬᠦ ᠳᠤ ᠰᠠᠭᠤᠷᠢᠯᠠᠵᠤ᠂ ᠤᠯᠠᠨ ᠱᠠᠳᠤ ᠪᠠᠷ ᠬᠤᠯᠪᠣᠭᠠᠯᠠᠨ ᠬᠥᠳᠡᠯᠦᠯᠴᠡᠬᠦ᠂ ᠥᠷᠭᠡᠨ ᠢᠶᠠᠷ ᠣᠷᠣᠯᠴᠠᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠷᠢᠰ ᠠᠵᠢᠯᠯᠠᠭ᠎ᠠ ᠶᠢ ᠪᠠᠶᠢᠭᠤᠯᠵᠤ᠂ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠦᠬᠠᠢ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠳᠤ ᠫᠠᠶᠢᠰᠠ ᠣᠯᠭᠤᠵᠠᠢ᠃
     ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠤᠨᠴᠠᠯᠢᠬᠳᠤ ᠵᠢᠮᠢᠰ ᠢᠳᠡᠰᠢᠨ ᠨᠣᠭᠤᠭ᠎ᠠ ᠶᠢ ᠳᠡᠯᠭᠡᠨ ᠦᠵᠡᠭᠦᠯᠵᠦ ᠪᠣᠷᠣᠯᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ᠂ ᠡᠯᠪᠡᠭ ᠪᠠᠶᠠᠯᠢᠭ ᠪᠦᠲᠦᠭᠡᠭᠳᠡᠬᠦᠨ ᠢᠶᠠᠷ ᠤᠳᠠ ᠲᠣᠭᠤᠷᠢᠭ ᠤᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠪᠣᠯᠤᠨ ᠰᠢᠨ᠎ᠡ ᠳᠦᠷᠰᠦ ᠪᠠᠶᠢᠳᠠᠯ ᠢ ᠲᠥᠪᠯᠡᠷᠡᠩᠭᠦᠢ ᠲᠤᠰᠬᠠᠵᠠᠢ᠃
     ᠦᠵᠡᠭᠦᠯᠦᠯᠭᠡ ᠶᠢᠨ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠵᠤ᠂ ᠲᠤᠬᠠᠢ ᠶᠢᠨ ᠲᠠᠯᠠᠪᠠᠢ ᠳᠤ ᠢᠷᠡᠭᠰᠡᠨ ᠲᠤᠰᠬᠠᠢ ᠮᠡᠷᠭᠡᠵᠢᠯᠲᠡᠨ ᠠᠴᠠ ᠲᠠᠷᠢᠮᠠᠯ ᠤᠨ ᠡᠷᠦᠬᠡ ᠳᠤ ᠦᠵᠦᠮ ᠲᠠᠷᠢᠬᠤ ᠮᠡᠷᠭᠡᠵᠢᠯ᠂ ᠲᠠᠷᠢᠬᠤ ᠶᠠᠪᠤᠴᠠ ᠳᠠᠬᠢ ᠠᠩᠬᠠᠷᠬᠤ ᠵᠦᠢᠯ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠣᠯᠪᠠᠰᠤᠷᠠᠯ ᠢ ᠲᠠᠶᠢᠯᠪᠤᠷᠢᠯᠠᠨ ᠥᠭᠴᠦ᠂ ᠲᠠᠷᠢᠶᠠᠯᠠᠩ ᠤᠨ ᠰᠢᠨ᠎ᠡ ᠮᠡᠷᠭᠡᠵᠢᠯ᠂ ᠰᠢᠨ᠎ᠡ ᠲᠦᠷᠦᠯ ᠵᠦᠢᠯ ᠢ ᠪᠦᠲᠦᠮᠵᠢᠲᠡᠢ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠠᠷᠢᠯᠢᠭ ᠣᠨᠣᠪᠴᠢᠲᠠᠢ ᠦᠢᠯᠡᠴᠢᠯᠡᠭᠡ ᠶᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃
     ᠤᠳᠠ ᠲᠣᠭᠤᠷᠢᠭ ᠤᠨ ᠭᠤᠣᠯ ᠡᠮᠨᠡᠯᠭᠡ ᠶᠢᠨ ᠬᠤᠷᠢᠶ᠎ᠡ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠵᠢᠷᠤᠮ ᠤᠨ ᠡᠮᠴᠢᠯᠡᠭᠡ ᠬᠢᠵᠦ ᠥᠭᠴᠡ᠊ ᠢ
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号