| ᠣᠶᠢᠷ᠎ᠠ ᠳᠤ᠂ ᠥᠨᠳᠥᠷ ᠨᠠᠰᠤᠨ ᠤ ᠣᠨ ᠤ ᠪᠠᠶᠢᠴᠠᠭᠠᠯᠲᠠ ᠶᠢᠨ ᠭᠡᠷᠡᠴᠢᠯᠡᠯ ᠪᠠᠰᠠ ᠬᠦᠷᠴᠦ ᠢᠷᠡᠯ᠎ᠡ᠂ | ᠥᠨᠳᠥᠷ ᠨᠠᠰᠤᠨ ᠤ ᠨᠥᠬᠦᠪᠥᠷᠢ ᠶᠢᠨ ᠬᠥᠳᠡᠯᠦᠩᠭᠦᠶ ᠬᠠᠮᠢᠶᠠᠷᠤᠯᠲᠠ ᠶᠢ ᠦᠨᠡᠨ ᠬᠦ ᠰᠠᠶᠢᠲᠤᠷ ᠬᠢᠵᠦ᠂ ᠨᠡᠶᠢᠭᠡᠮ | ᠲᠣᠭᠤᠷᠢᠭ ᠤᠨ ᠪᠦᠬᠦᠯᠢ 80 ᠨᠠᠰᠤᠨ ᠠᠴᠠ ᠳᠡᠭᠡᠭᠰᠢᠬᠢ ᠥᠨᠳᠥᠷ ᠨᠠᠰᠤᠨ ᠤ ᠨᠥᠬᠦᠪᠥᠷᠢ ᠶᠢ ᠴᠠᠭ ᠲᠤᠬᠠᠶ ᠳᠤᠨᠢ | ᠣᠨᠣᠪᠴᠢᠲᠠᠶ ᠣᠯᠭᠤᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠦᠯᠬᠦᠮᠳᠠᠯ ᠬᠤᠶᠢᠲᠤ ᠵᠠᠮ ᠤᠨ ᠨᠡᠶᠢᠭᠡᠮ | ᠲᠣᠭᠤᠷᠢᠭ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠥᠨᠳᠥᠷ | ᠨᠠᠰᠤᠨ ᠤ ᠨᠥᠬᠦᠪᠥᠷᠢ ᠶᠢᠨ ᠣᠨ ᠤ ᠪᠠᠶᠢᠴᠠᠭᠠᠯᠲᠠ ᠶᠢᠨ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠵᠤ ᠪᠠᠶᠢᠨ᠎ᠠ᠃ | | | ᠨᠡᠶᠢᠭᠡᠮ ᠲᠣᠭᠤᠷᠢᠭ ᠤᠨ ᠥᠨᠳᠥᠷ ᠨᠠᠰᠤᠲᠠᠶ ᠨᠠᠰᠤᠲᠠᠳ ᠤᠨ ᠥᠨᠳᠥᠷ ᠨᠠᠰᠤᠨ ᠤ ᠨᠡᠮᠡᠭᠦᠷᠢ ᠶᠢᠨ | ᠭᠡᠷᠡᠴᠢᠯᠡᠭᠡ ᠶᠢ ᠴᠠᠭ ᠲᠤᠬᠠᠶ ᠳᠤᠨᠢ ᠪᠡᠶᠡᠯᠡᠭᠦᠯᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠥᠨᠳᠥᠷ ᠨᠠᠰᠤᠲᠠᠶ | ᠨᠠᠰᠤᠲᠠᠨ ᠨᠢᠭᠡᠪᠦᠷᠢ ᠴᠥᠮ ᠥᠨᠳᠥᠷ ᠨᠠᠰᠤᠨ ᠤ ᠣᠯᠭᠤᠮᠵᠢ ᠶᠢ ᠴᠠᠭ ᠲᠤᠬᠠᠶ ᠳᠤᠨᠢ ᠭᠥᠷᠳᠡᠬᠦ ᠶᠢ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠤᠨ ᠳᠣᠲᠣᠷᠠᠬᠢ ᠬᠦᠨᠳᠦ | ᠡᠪᠡᠳᠴᠢᠨ ᠳᠤ ᠨᠡᠷᠪᠡᠭᠳᠡᠭᠰᠡᠨ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ᠂ ᠦᠷ᠎ᠡ ᠬᠡᠦᠬᠡᠳ ᠨᠢ ᠵᠢᠯ | ᠲᠤᠷᠰᠢ ᠨᠠᠰᠤᠲᠠᠨ ᠤ ᠳᠡᠷᠭᠡᠳᠡ ᠪᠠᠶᠢᠬᠤ ᠦᠭᠡᠶ ᠪᠤᠶᠤ ᠰᠦᠯᠵᠢᠶ᠎ᠡ ᠪᠠᠷ ᠭᠡᠷᠡᠴᠢᠯᠡᠬᠦ ᠳᠤ ᠳᠥᠭᠦᠮ ᠦᠭᠡᠢ | ᠨᠠᠰᠤᠲᠠᠨ ᠳᠤ ᠬᠠᠨᠳᠤᠭᠤᠯᠵᠤ᠂ ᠥᠨᠳᠥᠷ ᠨᠠᠰᠤᠨ ᠤ ᠨᠡᠮᠡᠭᠦᠷᠢ ᠶᠢ ᠭᠤᠶᠤᠴᠢᠯᠠᠬᠤ ᠪᠠ ᠭᠡᠷᠡᠴᠢᠯᠡᠬᠦ ᠠᠵᠢᠯ ᠢ | ᠪᠡᠶᠡᠯᠡᠭᠦᠯᠬᠦ ᠶᠢᠨ ᠠᠷᠭ᠎ᠠ ᠥᠭᠡᠢ ᠪᠠᠶᠢᠳᠠᠯ ᠳᠤ ᠭᠡᠷ ᠲᠤᠨᠢ ᠬᠦᠷᠴᠦ ᠦᠢᠯᠡᠴᠢᠯᠡᠬᠦ ᠬᠡᠯᠪᠡᠷᠢ ᠪᠠᠷ ᠥᠨᠳᠥᠷ ᠨᠠᠰᠤᠨ ᠤ | ᠨᠠᠰᠤᠲᠠᠳ ᠲᠤ ᠣᠨ ᠤ ᠪᠠᠶᠢᠴᠠᠭᠠᠯᠲᠠ ᠬᠢᠵᠦ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠬᠦ | ᠬᠥᠮᠥᠡᠯᠢᠭ ᠴᠢᠨᠠᠷ ᠪᠠ ᠵᠢᠷᠤᠮᠵᠢᠯ ᠲᠠᠢ ᠪᠠᠶᠢᠬᠤ ᠶᠢ ᠭᠦᠢᠴᠡᠳ ᠬᠠᠷᠠᠭᠤᠯᠤᠨ᠂ ᠪᠥᠬᠦ ᠰᠡᠳᠬᠢᠯ ᠪᠥᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠦᠨᠡᠨᠬᠦ ᠪᠡᠶᠡᠯᠡᠭᠦᠯᠦᠨ᠎ᠡ᠃ | | ᠪᠦᠯᠬᠦᠮᠳᠡᠯ ᠬᠤᠶᠢᠲᠦ ᠵᠠᠮ ᠤᠨ ᠨᠡᠶᠢᠭᠡᠮ ᠲᠣᠭᠤᠷᠢᠭ ᠥᠪᠡᠷᠮᠢᠴᠡᠴᠢᠯᠡᠭᠰᠡᠨ ᠠᠵᠢᠯ ᠤᠨ ᠠᠷᠭ᠎ᠠ ᠪᠠᠷ ᠳᠡᠮᠵᠢᠵᠦ | ᠂ ᠨᠠᠰᠤᠲᠠᠶᠢᠴᠤᠳ ᠲᠤ ᠦᠢᠯᠡᠴᠢᠯᠡᠵᠦ᠂ ᠨᠠᠰᠤᠲᠠᠶᠢᠴᠤᠳ ᠲᠤ ᠲᠥᠬᠦᠮ ᠦᠵᠡᠭᠦᠯᠵᠦ᠂ ᠨᠡᠶᠢᠭᠡᠮ ᠲᠣᠭᠤᠷᠢᠭ | ᠪᠣᠯᠤᠨ ᠨᠠᠰᠤᠲᠠᠶᠢᠴᠤᠳ ᠤᠨ ᠬᠤᠭᠤᠷᠣᠨᠳᠣᠬᠢ ᠵᠠᠶ ᠶᠢ ᠤᠯᠠᠮ ᠣᠶᠢᠷᠠᠲᠤᠭᠤᠯᠵᠤ᠂ ᠨᠠᠰᠤᠲᠠᠶᠢᠴᠤᠳ ᠲᠤ ᠲᠥᠬᠦᠮ | ᠦᠵᠡᠭᠦᠯᠵᠦ᠂ ᠥᠨᠳᠥᠷ ᠨᠠᠰᠤᠲᠠᠶ ᠨᠠᠰᠤᠲᠠᠶᠢᠴᠤᠳ ᠤᠨ ︽ᠣᠨ ᠤ ᠪᠠᠶᠢᠴᠠᠭᠠᠯᠲᠠ︾ ᠶᠢᠨ ᠵᠣᠪᠠᠨᠢᠯ ᠢ | ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠣᠨ ᠤ ᠪᠠᠶᠢᠴᠠᠭᠠᠯᠲᠠ ᠶᠢᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠥᠨᠳᠥᠷ ᠨᠠᠰᠤᠨ ᠤ ᠨᠥᠬᠦᠪᠥᠷᠢ ᠶᠢᠨ ᠣᠷᠣᠵᠤ ᠭᠠᠷᠬᠤ ᠶᠢ ᠵᠦᠶ ᠵᠣᠬᠢᠰᠲᠠᠶ ᠡᠮᠬᠢ ᠵᠢᠷᠤᠮ ᠲᠠᠢ᠂ | ᠨᠠᠷᠢᠯᠢᠭ ᠣᠨᠣᠴᠠᠲᠠᠶ ᠪᠠᠷ ᠣᠯᠭᠤᠬᠤ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ | ᠣᠯᠤᠭᠰᠠᠨ ᠪᠠᠶᠢᠨ᠎ᠠ᠃ | |