ᠤᠳᠠ ᠲᠣᠭᠤᠷᠢᠭ ᠰᠢᠨ᠎ᠡ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
     2021 ᠣᠨ ᠤ 9 ᠰᠠᠷ᠎ᠠ ᠶᠢᠨ 14 ᠤ ᠡᠳᠦᠷ᠂ ᠤᠳᠠ ᠲᠣᠭᠤᠷᠢᠭ ᠰᠢᠨ᠎ᠡ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠪᠦᠬᠦ ᠲᠤᠭᠤᠷᠢᠭ ᠤᠨ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠤᠨ ᠠᠵᠤ ᠦᠢᠯᠡᠳᠪᠦᠷᠢ ᠠᠷᠠᠯᠵᠢᠶ᠎ᠠ᠂ ᠨᠡᠭᠦᠷᠡᠰᠦᠨ ᠠᠭᠤᠷᠬᠠᠢ᠂ ᠪᠠᠷᠢᠯᠭ᠎ᠠ ᠶᠢᠨ ᠠᠵᠢᠯ ᠵᠡᠷᠭᠡ ᠬᠠᠮᠢᠶ᠎ᠠ ᠪᠦᠬᠦᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠳᠤᠮᠳᠠᠳᠤ ᠤᠯᠤᠰ ᠤᠨ ᠬᠢᠮᠢ ᠶᠢᠨ ᠪᠣᠳᠠᠰ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠵᠢᠢ ᠴᠤᠤ ᠶᠢ ᠤᠷᠢᠵᠤ᠂ ᠰᠢᠨ᠎ᠡ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠲᠣᠭᠤᠷᠢᠨ ᠳᠤ᠂ ᠶᠡᠭᠡ ᠬᠡᠮᠵᠢᠶᠡᠨ ᠤ ᠪᠣᠳᠠᠲᠤ ᠵᠢᠱᠢᠶ᠎ᠡ ᠪᠠ ᠬᠡᠷᠡᠭ ᠤᠨ ᠵᠢᠱᠢᠶ᠎ᠡ ᠶᠢ ᠬᠡᠷᠡᠭᠯᠡᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂ ᠰᠢᠨ᠎ᠡ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠴᠢᠬᠤᠯᠠ ᠴᠢᠨᠠᠷ ᠢ ᠭᠦᠨᠵᠡᠭᠡᠢ ᠵᠠᠳᠠᠯᠤᠭᠰᠠᠨ ᠤ ᠬᠠᠮᠲᠤ ᠲᠤᠰ ᠤᠳᠠᠭ᠎ᠠ ᠶᠢᠨ ᠵᠠᠰᠠᠪᠤᠷᠢ ᠣᠷᠣᠭᠤᠯᠤᠭᠰᠠᠨ ᠠᠭᠤᠯᠭ᠎ᠠ ᠳᠤ ᠭᠤᠣᠯᠳᠠᠯᠭ᠎ᠠ ᠲᠠᠢ ᠵᠠᠳᠠᠯᠤᠯᠲᠠ ᠬᠢᠵᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号