ᠤᠳᠠ ᠲᠣᠭᠤᠷᠢᠭ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭᠠᠨ ᠤ ᠪᠦᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
     9 ᠰᠠᠷ᠎ᠠ ᠶᠢᠨ 14 ᠤ ᠡᠳᠦᠷ᠂ ᠤᠳᠠ ᠲᠣᠭᠤᠷᠢᠭ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ  ᠤᠳᠠᠭᠠᠨ ᠤ ᠪᠦᠬᠦᠳᠡ ᠬᠤᠷᠠᠯ ᠢ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠲᠣᠭᠤᠷᠢᠭ ᠤᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠴᠤᠭᠯᠠᠭᠤᠯᠤᠭᠴᠢ ᠯᠢ ᠺᠠᠢ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠡᠳ᠋     ᠴᠤᠭᠯᠠᠭᠤᠯᠤᠭᠴᠢ ᠵᠢᠴᠢ ᠡᠯ᠎ᠡ ᠪᠦᠷᠢᠯᠳᠦᠬᠦᠨ ᠬᠤᠷᠠᠯ ᠳᠤ ᠣᠷᠣᠯᠴᠠᠪᠠ᠃
     ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠠ ᠲᠣᠭᠤᠷᠢᠭ ᠤᠨ 2020 ᠣᠨ ᠤ ︽ᠲᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ︾ ᠶᠢ ᠬᠡᠷᠡᠭᠵᠢᠭᠦᠯᠦᠭᠰᠡᠨ ᠪᠠᠶᠢᠳᠠᠯ ᠢ ᠰᠣᠨᠣᠰᠴᠤ᠂ ︽ᠤᠳᠠ ᠲᠣᠭᠤᠷᠢᠭ ᠤᠨ 2021 ᠣᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018 — 2025︶ ᠣᠨ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ︾ ᠢ ᠬᠢᠨᠠᠨ ᠶᠠᠷᠢᠯᠴᠠᠵᠤ ᠪᠠᠲᠤᠯᠠᠭᠠᠳ᠂ 2021 ᠣᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠶᠢᠨ ᠲᠥᠯᠥᠭᠡᠯᠡᠭᠴᠢᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠡᠷᠴᠢᠮᠲᠡᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠥᠷᠭᠡᠨ ᠤᠯᠠᠨ ᠵᠠᠯᠠᠭᠤᠴᠤᠳ ᠢ ᠪᠦᠯᠬᠦᠮᠳᠡᠭᠦᠯᠦᠨ ᠲᠠᠶᠢᠴᠢᠯᠠᠵᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠵᠠᠮ ᠨᠡᠭᠡᠭᠡᠨ ᠤᠷᠤᠭᠰᠢᠯᠠᠵᠤ᠂ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号