ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠶᠢ ᠳᠠᠭᠠᠯᠳᠤᠨ᠂ ᠭᠤᠸ᠎ᠠ ᠵᠢᠮᠢᠰ ᠦᠵᠦᠮ | ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠵᠠᠯᠭᠠᠯᠳᠤᠭᠠᠪᠠᠷ ᠭᠠᠷᠴᠤ᠂ ᠵᠢᠮᠢᠰ ᠬᠤᠳᠠᠯᠳᠤᠳᠠᠭ | ᠶᠠᠪᠤᠭᠤᠯ ᠬᠤᠳᠠᠯᠳᠤᠭᠠᠴᠢᠨ᠂ ᠲᠡᠷᠭᠡ ᠬᠥᠰᠬᠡ ᠤᠯᠠᠮ ᠢᠶᠠᠷ ᠣᠯᠠᠰᠢᠷᠠᠵᠤ᠂ ᠠᠵᠢᠯ ᠳᠤ ᠭᠠᠷᠬᠤ ᠠᠴᠠ ᠡᠮᠦᠨ᠎ᠡ᠂ | ᠠᠵᠢᠯ ᠠᠴᠠ ᠪᠠᠨ ᠪᠠᠭᠤᠭᠰᠠᠨ ᠤ ᠳᠠᠷᠠᠭ᠎ᠠ ᠵᠢᠮᠢᠰ ᠤᠨ ᠳᠡᠯᠭᠡᠭᠦᠷ ᠡᠵᠡᠩᠨᠡᠵᠦ ᠪᠠᠶᠢᠭ᠎ᠠ ᠶᠠᠪᠤᠭᠤᠯ ᠲᠡᠷᠭᠡ ᠶᠠᠪᠠᠭᠠᠨ | ᠬᠥᠮᠦᠨ ᠤ ᠵᠠᠮ ᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ᠂ ᠥᠨᠳᠥᠷ ᠳᠠᠭᠤᠲᠤ ᠯᠠᠪᠠ ᠪᠠᠷ ᠪᠠᠷᠬᠢᠷᠠᠨ ᠬᠤᠳᠠᠯᠳᠤᠬᠤ | ᠦᠵᠡᠭᠳᠡᠯ ᠢ ᠣᠯᠠᠨᠲᠠ ᠴᠠᠭᠠᠵᠠᠯᠠᠭᠰᠠᠨ ᠴᠤ ᠵᠣᠭᠰᠣᠬᠤ ᠥᠬᠡᠶ ᠪᠠᠶᠢᠵᠤ᠂ ᠲᠡᠷᠭᠡᠨ ᠤ ᠬᠡᠪ ᠤᠨ ᠵᠠᠮ ᠢᠶᠠᠷ | ᠨᠡᠪᠲᠡᠷᠡᠬᠦ ᠶᠢ ᠬᠠᠷᠰᠢᠯᠠᠭᠰᠠᠨ ᠢᠶᠠᠷ ᠪᠠᠷᠠᠬᠤ ᠥᠬᠡᠶ᠂ ᠪᠠᠰᠠ ᠨᠠᠰᠢ ᠴᠠᠰᠢ ᠥᠩᠭᠡᠷᠡᠬᠦ ᠬᠤᠲᠠ ᠶᠢᠨ ᠠᠷᠠᠳ ᠲᠤ ᠮᠠᠰᠢ | ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠥᠭᠡᠳ ᠬᠤᠳᠠᠯᠳᠤᠬᠤ ᠶᠠᠪᠤᠴᠠ ᠳᠤ ᠶᠡᠭᠡ ᠬᠡᠮᠵᠢᠶᠡᠨ ᠤ ᠬᠤᠭ | ᠨᠣᠪᠰᠢ ᠭᠠᠷᠭᠠᠵᠤ᠂ ᠬᠤᠲᠠ ᠶᠢᠨ ᠦᠵᠡᠮᠵᠢ ᠶᠢ ᠨᠥᠯᠥᠭᠡᠯᠡᠵᠡᠶ᠃ ᠡᠶᠢᠮᠦ ᠪᠠᠶᠢᠳᠠᠯ ᠲᠤᠤᠷ᠎ᠠ᠂ ᠤᠳᠠ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠲᠠ | ᠲᠣᠭᠤᠷᠢᠭ ᠤᠨ ᠳᠣᠲᠣᠷᠠᠬᠢ ᠭᠤᠤᠯ ᠪᠣᠯᠬᠤ ᠵᠡᠭᠡᠯᠢ ᠭᠤᠳᠤᠮᠵᠢ ᠶᠢᠨ ᠡᠯ᠎ᠡ ᠲᠥᠷᠥᠯ ᠤᠨ ᠲᠡᠨᠦᠭᠦᠯ | ᠬᠤᠳᠠᠯᠳᠤᠭᠠᠴᠢᠨ ᠤ ᠵᠠᠮ ᠡᠵᠡᠯᠡᠨ ᠡᠵᠡᠩᠨᠡᠬᠦ ᠦᠵᠡᠭᠳᠡᠯ ᠳᠤ ᠪᠠᠶᠠᠷ ᠤᠨ ᠡᠳᠦᠷ ᠠᠴᠠ ᠡᠮᠦᠨ᠎ᠡ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠴᠠᠭ ᠢ ᠵᠥᠷᠢᠴᠡᠭᠦᠯᠦᠨ ᠲᠣᠭᠤᠷᠢᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠠᠰᠤᠷᠠᠯᠲᠠ ᠥᠬᠡᠶ ᠲᠣᠭᠤᠷᠢᠨ ᠪᠠᠶᠢᠴᠠᠭᠠᠵᠤ᠂ ᠬᠤᠳᠠᠯᠳᠤᠭᠠᠴᠢᠨ ᠢ | ᠬᠥᠲᠥᠯᠦᠨ ᠵᠢᠯᠣᠭᠤᠳᠴᠤ ᠪᠠᠶᠢᠭᠠᠳ ︽ᠨᠡᠭᠦᠳᠡᠯ ᠳᠡᠯᠭᠡᠭᠦᠷᠴᠢᠨ ᠢ ᠵᠠᠯᠠᠵᠤ ᠵᠢᠯᠣᠭᠤᠳᠬᠤ ᠭᠠᠵᠠᠷ︾ ᠲᠤ | ᠣᠴᠢᠭᠤᠯᠤᠨ ᠵᠢᠷᠤᠮᠵᠢᠭᠤᠯᠤᠨ ᠡᠵᠡᠩᠨᠡᠭᠦᠯᠵᠦ᠂ ᠬᠤᠳᠠᠯᠳᠤᠭᠠᠴᠢᠨ ᠡᠷᠦᠬᠡ ᠶᠢ ᠥᠪᠡᠰᠦᠪᠡᠨ ᠬᠤᠭ ᠨᠣᠪᠰᠢ ᠶᠢᠨ | ᠰᠠᠪᠠ ᠪᠡᠯᠡᠳᠬᠡᠬᠦ ᠶᠢ ᠱᠠᠭᠠᠷᠳᠠᠵᠤ᠂ ᠵᠢᠮᠢᠰ ᠤᠨ ᠬᠠᠯᠢᠰᠤ᠂ ᠴᠠᠭᠠᠰᠤᠨ ᠦᠷᠦᠪᠳᠡᠰᠦ ᠶᠢ ᠳᠤᠷ᠎ᠠ ᠪᠠᠷ ᠢᠶᠠᠨ | ᠬᠠᠶᠠᠬᠤ ᠶᠢ ᠴᠠᠭᠠᠵᠠᠯᠠᠵᠤ᠂ ᠡᠵᠡᠩᠨᠡᠯᠲᠡ ᠶᠢᠨ ᠬᠤᠭᠤᠴᠠᠭᠠᠨ ᠳᠤ ᠥᠨᠳᠥᠷ ᠳᠠᠭᠤᠲᠤ ᠯᠠᠪᠠᠷ ᠢᠶᠠᠷ ᠪᠠᠷᠬᠢᠷᠠᠨ | ᠬᠤᠳᠠᠯᠳᠤᠬᠤ ᠶᠢ ᠴᠠᠭᠠᠵᠠᠯᠠᠵᠤ᠂ ᠠᠷᠠᠳ ᠢ ᠥᠢᠮᠡᠭᠦᠯᠬᠦ ᠠᠴᠠ ᠵᠠᠶᠢᠯᠠᠰᠬᠢᠨ᠎ᠡ᠃ ᠣᠳᠣᠬᠠᠨ ᠪᠣᠯᠲᠠᠯ᠎ᠠ᠂ ᠨᠡᠶᠢᠳᠡ | 1000 ᠭᠠᠷᠤᠢ ᠨᠡᠭᠦᠳᠡᠯ ᠳᠡᠯᠭᠡᠭᠦᠷᠴᠢᠨ ᠢ ᠵᠢᠷᠤᠮᠵᠢᠭᠤᠯᠤᠨ ᠴᠡᠪᠡᠷᠯᠡᠵᠦ᠂ 23 ᠭᠠᠵᠠᠷ ᠱᠤᠤᠭᠢᠶᠠᠨ ᠢᠶᠠᠷ ᠠᠷᠠᠳ ᠢ | ᠦᠢᠮᠡᠭᠦᠯᠬᠦ ᠶᠢ ᠬᠤᠷᠢᠭᠯᠠᠪᠠ᠃ ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠮ ᠡᠵᠡᠯᠡᠭᠰᠡᠨ ᠡᠵᠡᠩᠨᠡᠯᠲᠡ ᠶᠢ ᠲᠣᠭᠤᠷᠢᠨ | ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ ᠵᠠᠰᠠᠬᠤ | ᠠᠵᠢᠯ ᠤᠨ ᠳᠠᠬᠢᠨ ᠡᠭᠦᠰᠬᠦ ᠶᠢ ᠰᠡᠷᠭᠡᠶᠢᠯᠡᠨ᠎ᠡ᠃ | | |