9 ᠳ᠋ᠦᠭᠡᠷ ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ | 2021 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ | 2021 ᠣᠨ ᠤ ᠪᠥᠬᠦ ᠲᠤᠭᠤᠷᠢᠭ ᠤᠨ ᠴᠢᠬᠤᠯᠠ ᠶᠡᠭᠡ ᠲᠥᠷᠥᠯ ᠵᠦᠢᠯ ᠤᠨ ᠠᠬᠢᠴᠠ ᠪᠠ ᠡᠨᠧᠷᠭᠢ ᠶᠢᠨ | ᠬᠤᠷᠣᠭᠳᠠᠯ ᠤᠨ ᠭᠦᠢᠴᠡᠳᠭᠡᠯ ᠲᠤᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ | ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠲᠢᠶᠠᠨ ᠶᠦᠩ | ᠰᠢᠶᠠᠩ᠂ ᠱᠢ ᠯᠢ ᠴᠢᠶᠠᠩ᠂ ᠦ᠋ ᠪᠢᠩ ᠶᠦᠨ᠂ ᠵᠤᠤ ᠬᠠᠢ ᠪᠥᠸᠧ᠂ ᠯᠢᠦ ᠮᠧᠩ᠂ ᠴᠢᠶᠣᠤ ᠬᠠᠢ ᠼᠦᠨ | ᠬᠤᠷᠠᠯ ᠳᠤ ᠣᠷᠣᠯᠴᠠᠪᠠ᠃ | | ᠬᠤᠷᠠᠯ ᠠᠴᠠ ᠵᠢᠭᠠᠵᠤ ᠭᠠᠷᠭᠠᠭᠰᠠᠨ ᠨᠢ | ᠴᠢᠬᠤᠯᠠ ᠶᠡᠭᠡ ᠲᠥᠷᠥᠯ ᠵᠦᠢᠯ ᠪᠣᠯ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ | ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠂ ᠪᠦᠬᠦ | ᠲᠤᠭᠤᠷᠢᠭ ᠤᠨ ᠡᠯ᠎ᠡ ᠱᠠᠲᠤᠨ ᠤ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠪᠣᠯᠤᠨ ᠳᠠᠭᠠᠭᠠᠴᠢᠯᠠᠨ | ᠬᠤᠯᠪᠣᠭᠠᠯᠠᠭᠰᠠᠨ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ | ᠠᠳᠬᠤᠬᠤ᠂ ᠲᠦᠷᠦᠯ ᠵᠦᠢᠯ ᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠪᠣᠳᠣᠯᠬᠢᠯᠠᠬᠤ ᠠᠵᠢᠯ ᠤᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠪᠡᠯᠡ | ᠣᠷᠣᠭᠤᠯᠤᠯᠲᠠ ᠶᠢ ᠥᠷᠭᠡᠳᠬᠡᠵᠦ᠂ ᠨᠡᠮᠡᠭᠳᠡᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠵᠤ᠂ ᠠᠷᠪᠠᠨ | ᠳᠥᠷᠪᠡᠳᠦᠭᠡᠷ ᠲᠠᠪᠤᠨ ᠵᠢᠯ ᠤᠨ ᠰᠠᠶᠢᠨ ᠡᠬᠢᠯᠡᠯᠲᠡ ᠲᠠᠢ ᠪᠣᠯᠬᠤ ᠪᠠ ᠵᠢᠯ ᠤᠨ ᠡᠬᠢᠨ ᠳᠤ ᠲᠣᠭᠲᠠᠭᠠᠭᠰᠠᠨ ᠡᠯ᠎ᠡ | ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ | ᠠᠮᠢ ᠠᠬᠤᠶ ᠶᠢ ᠡᠩ ᠲᠡᠷᠢᠭᠦᠨ ᠳᠤ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ | ᠬᠤᠷᠣᠭᠳᠠᠯ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠤᠰᠤᠨ ᠤ | ᠬᠤᠷᠣᠭᠳᠠᠭᠤᠯᠤᠯ ᠤᠨ ᠡᠨᠧᠷᠭᠢ ᠶᠢᠨ ᠬᠤᠷᠣᠭᠳᠠᠭᠤᠯᠤᠯ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ | ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠲᠥᠰᠦᠭᠡᠯᠡᠨ ᠪᠤᠳᠤᠵᠤ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠴᠢᠩᠭᠠᠷᠠᠭᠤᠯᠤᠨ ᠦᠨᠡᠨ ᠠᠴᠠ ᠵᠥᠪ ᠢ ᠡᠷᠢᠬᠦ ᠶᠢ ᠴᠢᠩᠭᠠᠳᠬᠠᠵᠤ᠂ ᠣᠲᠣ ᠶᠢᠨ ᠪᠠᠶᠢᠭ᠎ᠠ | ᠲᠥᠷᠥᠯ ᠵᠦᠢᠯ ᠤᠨ ᠤᠰᠤᠨ ᠤ ᠬᠤᠷᠣᠭᠳᠠᠭᠤᠯᠤᠯ ᠤᠨ ᠡᠨᠧᠷᠭᠢ ᠶᠢᠨ ᠬᠤᠷᠣᠭᠳᠠᠭᠤᠯᠤᠯ ᠤᠨ ᠪᠣᠳᠠᠲᠠᠶ ᠪᠠᠶᠢᠳᠠᠯ ᠢ | ᠦᠨᠳᠦᠰᠦᠯᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠲᠦᠷᠭᠡᠨ ᠤᠳᠠᠭᠠᠨ ᠪᠠ ᠬᠤᠯᠠ | ᠣᠶᠢᠷ᠎ᠠ ᠶᠢᠨ ᠴᠠᠭ ᠤᠨ ᠳᠠᠷᠠᠭᠠᠯᠠᠯ ᠢᠶᠠᠷ ᠣᠲᠣ ᠶᠢᠨ ᠪᠠᠶᠢᠭ᠎ᠠ ᠬᠦᠴᠦᠨ ᠵᠦᠢᠯ ᠤᠨ ᠭᠦᠢᠴᠡᠳᠭᠡᠯ ᠲᠤᠭ᠎ᠠ ᠶᠢ | ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ︽ᠬᠤᠶᠠᠷ ᠥᠨᠳᠥᠷ ᠨᠢᠭᠡ ᠡᠬᠢ ᠪᠠᠶᠠᠯᠢᠭ︾ ᠤᠨ ᠲᠥᠷᠥᠯ ᠵᠦᠢᠯ ᠤᠨ | ᠬᠢᠨᠠᠨ ᠵᠥᠪᠰᠢᠶᠡᠷᠡᠯ ᠢ ᠨᠠᠶᠢᠳᠠᠪᠤᠷᠢᠵᠢᠭᠤᠯᠬᠤ ᠶᠢ ᠡᠷᠡᠰ ᠬᠤᠷᠢᠭᠯᠠᠵᠤ᠂ ᠡᠨᠧᠷᠭᠢ ᠶᠢᠨ ᠬᠤᠷᠣᠭᠳᠠᠭᠤᠯᠤᠯ ᠤᠨ ︽ | ᠬᠤᠶᠠᠷ ᠢ ᠡᠵᠡᠮᠳᠡᠬᠦ︾ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ | ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠲᠤᠰᠬᠠᠢ | ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠳᠡᠭᠡᠭᠰᠢ ᠵᠣᠯᠭᠠᠭᠤᠯᠵᠤ᠂ ᠬᠠᠮᠵᠢᠯᠴᠠᠨ | ᠬᠠᠮᠲᠤᠷᠠᠯᠴᠠᠬᠤ ᠶᠢ ᠴᠢᠩᠭᠠᠳᠬᠠᠵᠤ᠂ ᠡᠮᠦᠨ᠎ᠡ ᠬᠤᠶᠢᠨ᠎ᠠ ᠠᠴᠠ ᠪᠠᠨ ᠠᠵᠤ ᠠᠬᠤᠶᠢᠯᠠᠯ ᠤᠨ ᠬᠥᠭᠵᠢᠯᠲᠡ ᠪᠣᠯᠤᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ᠂ ᠪᠣᠳᠠᠲᠠᠢ ᠬᠦᠴᠢᠷᠳᠡᠯ ᠢ ᠦᠨᠡᠨᠬᠦ | ᠰᠢᠢᠳᠪᠦᠷᠢᠯᠡᠵᠦ᠂ ᠲᠦᠷᠦᠯ ᠵᠦᠢᠯ ᠢ ᠬᠠᠪᠰᠤᠷᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ | ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢ | ᠠᠬᠢᠭᠤᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠢ᠃ | |