9 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠶᠡᠷᠦᠩᠬᠡᠢ | ᠭᠤᠣᠯ ᠤᠨ ᠳᠠᠷᠤᠭ᠎ᠠ ᠲᠠᠩ ᠢ ᠪᠦᠯᠬᠦᠮ ᠳᠠᠭᠠᠭᠤᠯᠤᠨ ᠤᠳᠠ ᠲᠣᠭᠤᠷᠢᠭ᠂ ᠬᠠᠶᠢᠷᠤᠪ ᠤᠨ ᠲᠤᠬᠤᠢ | ᠲᠣᠭᠤᠷᠢᠭ ᠲᠤ ᠬᠦᠷᠴᠦ ᠭᠤᠣᠯ ᠴᠠᠭᠳᠠᠬᠤ ᠠᠵᠢᠯ ᠥᠷᠨᠢᠭᠦᠯᠵᠦ᠂ ᠬᠠᠳᠤᠨ ᠭᠤᠣᠯ ᠤᠨ ᠦᠬᠠᠢ ᠶᠢᠨ ᠬᠡᠰᠡᠭ ᠤᠨ | ᠠᠮᠢ ᠠᠬᠤᠢ ᠶᠢᠨ ᠬᠠᠮᠠᠭᠠᠯᠠᠯᠲᠠ ᠵᠢᠴᠢ ᠭᠤᠣᠯ ᠤᠨ ᠵᠠᠮ ᠢ ᠴᠡᠭᠴᠡᠯᠡᠨ ᠵᠠᠰᠠᠭᠰᠠᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠵᠡᠢ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ᠂ ᠬᠤᠳᠠ ᠶᠢᠨ ᠳᠡᠳ᠋ ᠳᠠᠷᠤᠭ᠎ᠠ ᠴᠢᠶᠣᠤ ᠢᠦᠢ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠬᠠᠲᠤᠨ ᠭᠤᠤᠯ ᠤᠨ ᠵᠡᠭᠦᠨ ᠡᠷᠭᠢ ᠶᠢᠨ ᠤᠳᠠ ᠶᠢᠨ ᠬᠡᠰᠡᠭ ᠤᠨ ᠡᠷᠭᠢ ᠬᠠᠮᠠᠭᠠᠯᠠᠬᠤ ᠪᠠᠷᠢᠯᠭ᠎ᠠ ︵ | ᠤᠯᠠᠭᠠᠨᠨᠠᠭᠤᠷ ᠤᠨ ᠬᠡᠰᠡᠭ︶ ᠶᠢ 2020 ᠣᠨ ᠤ 10 ᠰᠠᠷ᠎ᠠ ᠳᠤ ᠡᠬᠢᠯᠡᠨ ᠪᠠᠶᠢᠭᠤᠯᠵᠤ᠂ 2021 ᠣᠨ ᠤ 4 | ᠰᠠᠷ᠎ᠠ ᠶᠢᠨ 20 ᠤ ᠡᠳᠦᠷ ᠪᠠᠷᠢᠯᠭ᠎ᠠ ᠳᠠᠭᠤᠰᠬᠠᠵᠤ᠂ 1913 ᠮᠧᠲᠷ ᠤᠨ ᠭᠠᠪᠢᠨ ᠴᠢᠯᠠᠭᠤᠨ ᠰᠢᠩᠭᠡᠯᠢᠭ ᠤᠨ | ᠡᠷᠭᠢ ᠶᠢᠨ ᠬᠠᠮᠠᠭᠠᠯᠠᠯᠲᠠ ᠶᠢᠨ ᠪᠠᠷᠢᠯᠭ᠎ᠠ ᠶᠢ ᠪᠠᠶᠢᠭᠤᠯᠪᠠ᠃ | ᠲᠠᠩ ᠢ ᠲᠤᠬᠠᠢ ᠶᠢᠨ ᠭᠠᠵᠠᠷ ᠲᠤᠨᠢ ᠭᠠᠪᠢᠨ ᠴᠢᠯᠠᠭᠤᠨ ᠰᠢᠩᠭᠡᠯᠢᠭ ᠤᠨ ᠡᠷᠭᠢ ᠶᠢᠨ ᠬᠠᠮᠠᠭᠠᠯᠠᠯᠲᠠ ᠶᠢ | ᠪᠠᠶᠢᠴᠠᠭᠠᠨ ᠦᠵᠡᠵᠦ᠂ ᠪᠠᠷᠢᠯᠭ᠎ᠠ ᠶᠢᠨ ᠪᠦᠬᠦᠯᠢ ᠴᠣᠭᠴᠠ ᠶᠢᠨ ᠪᠦᠳᠦᠬᠡᠨ ᠪᠠᠶᠢᠭᠤᠯᠤᠯᠲᠠ ᠵᠢᠴᠢ ᠪᠦᠳᠦᠬᠡᠨ | ᠪᠠᠶᠢᠭᠤᠯᠤᠭᠰᠠᠨ ᠤ ᠳᠠᠷᠠᠭᠠᠬᠢ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠢᠮ᠎ᠡ ᠶᠣᠰᠣ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ | ᠬᠠᠳᠤᠨ ᠭᠤᠣᠯ ᠤᠨ ᠦᠬᠠᠢ ᠶᠢᠨ ᠬᠡᠰᠡᠭ ᠤᠨ ᠡᠷᠭᠢ ᠶᠢᠨ ᠱᠤᠭᠤᠮ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠵᠢᠴᠢ | ᠪᠠᠬᠢᠵᠢᠭᠦᠯᠦᠯᠲᠡ᠂ ᠪᠦᠳᠦᠬᠡᠨ ᠪᠠᠶᠢᠭᠤᠯᠤᠯᠲᠠ ᠶᠢᠨ ᠠᠵᠢᠯ ᠢᠶᠠᠨ ᠦᠨᠡᠨᠬᠦ ᠰᠠᠶᠢᠲᠤᠷ ᠬᠢᠵᠦ᠂ ᠬᠠᠰᠢᠯᠭ᠎ᠠ ᠳᠠᠯᠠᠩ ᠤᠨ | ᠲᠣᠭᠲᠠᠪᠤᠷᠢᠵᠢᠯᠲᠠ᠂ ᠬᠠᠳᠤᠨ ᠭᠤᠣᠯ ᠤᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ︔ ᠬᠤᠶᠠᠷ ᠡᠷᠭᠢ | ᠶᠢᠨ ᠱᠤᠭᠤᠮ ᠢ ᠴᠡᠭᠴᠡᠯᠡᠨ ᠵᠠᠰᠠᠬᠤ᠂ ᠲᠡᠵᠢᠭᠡᠨ ᠦᠷᠡᠵᠢᠭᠦᠯᠬᠦ ᠳᠤ ᠪᠣᠬᠢᠷᠲᠤᠯ ᠭᠠᠳᠠᠭᠰᠢᠯᠠᠭᠤᠯᠬᠤ ᠶᠢ ᠰᠡᠷᠭᠡᠶᠢᠯᠡᠨ | ᠵᠠᠰᠠᠬᠤ᠂ ᠬᠠᠳᠤᠨ ᠭᠤᠣᠯ ᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠢᠨᠠᠨ ᠬᠠᠮᠢᠶᠠᠷᠬᠤ ᠪᠠ | ᠴᠥᠭᠦᠷᠥᠮ ᠤᠨ ᠣᠷᠣᠨ ᠤ ᠬᠤᠭ ᠲᠣᠭᠤᠰᠣ ᠶᠢ ᠵᠠᠰᠠᠬᠤ ᠵᠡᠷᠭᠡ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ | ᠭᠤᠣᠯ ᠮᠥᠷᠡᠨ ᠨᠠᠭᠤᠷ ᠴᠥᠭᠦᠷᠥᠮ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ | ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ︔ ᠬᠠᠲᠤᠨ ᠭᠤᠤᠯ ᠤᠨ ᠡᠷᠭᠢ ᠬᠠᠮᠠᠭᠠᠯᠠᠬᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ | ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠶᠡᠷᠦᠩᠬᠡᠶᠢᠯᠡᠨ ᠪᠣᠳᠣᠯᠬᠢᠯᠠᠵᠤ᠂ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠡᠢ᠃ | ᠬᠠᠶᠢᠷᠤᠪ ᠤᠨ ᠲᠤᠬᠤᠢ ᠲᠤᠭᠤᠷᠢᠭ ᠤᠨ ᠳ᠋ᠠ ᠢᠦᠢ ᠭᠠᠷᠠᠮ ᠳᠤ᠂ ᠲᠠᠩ ᠢ ᠬᠠᠲᠤᠨ ᠭᠤᠣᠯ ᠤᠨ | ᠬᠠᠶᠢᠷᠤᠪ ᠤᠨ ᠲᠤᠬᠤᠢ ᠶᠢᠨ ᠭᠤᠣᠯ ᠤᠨ ᠬᠥᠪᠡᠭᠡᠨ ᠤ ᠬᠡᠰᠡᠭ ᠤᠨ ᠭᠤᠣᠯ ᠤᠨ ᠵᠠᠮ ᠳᠠᠬᠢ ᠬᠠᠶᠠᠭᠳᠠᠮᠠᠯ ᠣᠩᠭᠤᠴᠠ | ᠰᠠᠯ ᠳᠤᠷ᠎ᠠ ᠪᠠᠷ ᠢᠶᠠᠨ ᠡᠵᠡᠯᠡᠭᠰᠡᠨ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠤᠯᠪᠤᠭᠳᠠᠯ ᠪᠦᠬᠦᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠠᠶᠢᠷᠤᠪ ᠤᠨ ᠲᠤᠬᠤᠢ | ᠲᠣᠭᠤᠷᠢᠭ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠡᠷᠲᠡᠭᠡᠨ | ᠵᠠᠰᠠᠬᠤ ᠣᠷᠣᠨ ᠤ ᠲᠣᠬᠢᠶᠠᠯᠳᠤᠯ ᠢᠶᠠᠷ ᠪᠠᠶᠢᠴᠠᠭᠠᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠤᠨ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ | ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠶᠡᠷᠦᠩᠬᠡᠶᠢᠯᠡᠨ ᠰᠤᠳᠤᠯᠤᠨ | ᠮᠠᠭᠠᠳᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠵᠦ᠂ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠲᠠᠩ ᠢ ᠵᠢᠭᠠᠵᠤ ᠭᠠᠷᠭᠠᠭᠰᠠᠨ ᠨᠢ᠂ ᠭᠤᠣᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠪᠣᠯ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠦᠬᠠᠶ ᠪᠣᠯ ᠬᠠᠲᠤᠨ ᠭᠤᠤᠯ ᠤᠨ ᠥᠪᠥᠷ ᠮᠣᠩᠭᠤᠯ ᠳᠤ | ᠣᠷᠣᠬᠤ ᠠᠩᠬᠠᠨ ᠤ ᠥᠷᠲᠡᠭᠡ ᠮᠥᠨ᠂ ᠬᠠᠲᠤᠨ ᠭᠤᠤᠯ ᠤᠨ ᠰᠠᠪᠠ ᠭᠠᠵᠠᠷ ᠤᠨ ᠦᠬᠠᠶ ᠶᠢᠨ ᠬᠡᠰᠡᠭ ᠤᠨ ᠠᠮᠢ | ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠪᠢᠳᠡᠨ ᠤ ᠵᠠᠶᠢᠯᠠᠭᠤᠯᠵᠤ ᠪᠣᠯᠤᠰᠢ ᠥᠬᠡᠶ ᠤᠯᠤᠰ | ᠲᠥᠷᠥ ᠶᠢᠨ ᠬᠠᠷᠢᠭᠤᠴᠠᠯᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ | ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ | ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠨᠠᠩ ᠥᠨᠳᠥᠷ ᠤᠯᠤᠰ ᠲᠥᠷᠥ ᠶᠢᠨ ᠵᠣᠭᠰᠣᠯᠲᠠ᠂ ᠨᠠᠩ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠪᠠᠷ | ᠭᠤᠤᠯ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤ ᠶᠢ ᠬᠠᠮᠢᠶᠠᠷᠴᠤ᠂ ᠡᠷᠭᠢ ᠶᠢ | ᠰᠠᠶᠢᠲᠤᠷ ᠬᠠᠮᠠᠭᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯ ᠰᠢᠯᠤᠭᠤᠬᠠᠨ᠂ ᠤᠰᠤ ᠲᠤᠩᠭᠠᠯᠠᠭ᠂ | ᠡᠷᠭᠢ ᠨᠣᠭᠤᠭᠠᠨ᠂ ᠦᠵᠡᠮᠵᠢ ᠰᠠᠶᠢᠬᠠᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠰᠠᠪᠠ ᠭᠠᠵᠠᠷ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ | ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠪᠠᠨ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠶᠢ ᠵᠠᠰᠠᠬᠤ︾ ᠶᠢ ᠬᠦᠴᠦᠯᠡᠨ | ᠰᠠᠶᠢᠲᠤᠷ ᠠᠳᠬᠤᠵᠤ᠂ ᠤᠰᠤᠨ ᠣᠷᠣᠨ ᠤ ᠡᠷᠭᠢ ᠶᠢᠨ ᠱᠤᠭᠤᠮ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠢ᠃ ᠡᠯ᠎ᠡ ᠱᠠᠲᠤᠨ ᠤ ᠭᠤᠣᠯ ᠤᠨ ᠳᠠᠷᠤᠭ᠎ᠠ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠡᠶ᠎ᠡ ᠪᠠᠷ ᠢᠶᠠᠨ ᠬᠢᠬᠦ ᠶᠢ ᠴᠢᠬᠤᠯᠠᠴᠢᠯᠠᠵᠤ᠂ ᠰᠠᠪᠠ ᠭᠠᠵᠠᠷ ᠢ | ᠨᠢᠭᠡᠳᠦᠯᠲᠡᠢ ᠲᠥᠯᠥᠪᠵᠢᠭᠦᠯᠬᠦ᠂ ᠣᠷᠣᠨ ᠪᠦᠰᠡ ᠶᠢᠨ ᠬᠠᠮᠵᠢᠯᠴᠠᠭ᠎ᠠ᠂ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠠᠬᠢᠭᠤᠯᠵᠤ᠂ ᠭᠤᠣᠯ ᠢ ᠰᠠᠬᠢᠬᠤ ᠳᠤ ᠬᠠᠷᠢᠭᠤᠴᠠᠯᠭ᠎ᠠ ᠲᠠᠢ᠂ ᠭᠤᠣᠯ ᠢ ᠰᠠᠬᠢᠬᠤ ᠳᠤ ᠠᠷᠭ᠎ᠠ ᠲᠠᠢ | ᠂ ᠭᠤᠣᠯ ᠢ ᠰᠠᠬᠢᠬᠤ ᠳᠤ ᠪᠦᠲᠦᠮᠵᠢᠲᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠬᠡᠵᠡᠢ᠃ |