︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠤᠳᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/9/2
     
     9 ᠰᠠᠷ᠎ᠠ ᠶᠢᠨ 1 ᠤ ᠦᠳᠡ ᠶᠢᠨ ᠬᠤᠶᠢᠨ᠎ᠠ᠂ ᠤᠳᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠣᠯᠤᠨ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠰ︾ ᠤᠨ ᠠᠵᠢᠯᠯᠠᠭ᠎ᠠ ᠲᠠᠢ ᠤᠶᠠᠯᠳᠤᠭᠤᠯᠵᠤ᠂ ᠭᠡᠰᠢᠭᠦᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠠᠭᠠᠨᠨᠠᠭᠤᠷ ᠪᠠᠯᠭᠠᠰᠤ ᠶᠢᠨ ᠽᠧ ᠶᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠵᠢᠴᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠥᠷᠨᠢᠭᠦᠯᠵᠡᠢ᠃
     ᠲᠤᠰ ᠤᠳᠠᠭᠠᠨ ᠤ ᠠᠵᠢᠯᠯᠠᠭ᠎ᠠ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠦᠬᠠᠢ ᠬᠤᠲᠠ ᠶᠢᠨ  ᠬᠤᠸᠠ ᠳ᠋ᠦᠩ ᠱᠢ ᠵᠢᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠢ ᠬᠤᠲᠠ ᠶᠢᠨ ᠯᠠᠨ ᠶᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠢ ᠬᠤᠲᠠ ᠶᠢᠨ ᠬᠠᠢ ᠳ᠋ᠠ ᠲᠦᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠢ ᠬᠤᠲᠠ ᠶᠢᠨ ᠳ᠋ᠠ ᠯᠢ ᠲᠦᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ 4 ᠭᠡᠰᠢᠭᠦᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠽᠧ ᠶᠤᠸᠠᠨ ᠨᠡᠶᠢᠭᠡᠮ ᠲᠣᠭᠤᠷᠢᠭ ᠤᠨ 2 ᠲᠠᠷᠢᠶᠠᠴᠢᠨ ᠡᠷᠦᠬᠡ ᠶᠢᠨ ᠬᠡᠷ ᠲᠤ  ᠢᠷᠡᠵᠦ᠂ ︽ᠬᠤᠳᠠᠯᠳᠤᠨ ᠠᠪᠬᠤ ᠪᠠᠷ ᠬᠠᠨᠳᠢᠪᠯᠠᠬᠤ ᠶᠢ ᠣᠷᠣᠯᠠᠭᠤᠯᠬᠤ︾᠂ ︽ᠬᠤᠳᠠᠯᠳᠤᠨ ᠠᠪᠬᠤ ᠪᠠᠷ ᠬᠠᠪᠰᠤᠷᠬᠤ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠲᠤ ᠦᠵᠦᠮ᠂ ᠲᠠᠷᠪᠤᠰ᠂ ᠡᠷᠳᠡᠨᠢ ᠰᠢᠰᠢ᠂ ᠲᠠᠬᠢᠶᠠᠨ ᠥᠨᠳᠡᠭᠡ ᠵᠡᠷᠭᠡ 2000 ᠭᠠᠷᠤᠶ ᠲᠥᠭᠦᠷᠢᠭ ᠤᠨ ᠦᠷᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠤᠭᠰᠠᠨ ᠢᠶᠠᠷ ᠲᠠᠷᠢᠶᠠᠴᠢᠨ ᠡᠷᠦᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠵᠣᠬᠢᠬᠤ ᠬᠡᠮᠵᠢᠶ᠎ᠡ ᠪᠠᠷ ᠨᠠᠮᠳᠠᠭᠤᠯᠵᠤ᠂ ᠲᠠᠷᠢᠶᠠᠴᠢᠨ ᠡᠷᠦᠭᠡ ᠶᠢᠨ ᠠᠵᠤ ᠠᠬᠤᠶ ᠶᠢᠨ ᠣᠷᠣᠯᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠵᠡᠶ᠃
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠬᠦᠴᠦᠲᠡᠶ ᠠᠷᠭ᠎ᠠ ᠬᠡᠮᠵᠢᠶ᠎ᠡ ᠪᠣᠯᠬᠤ ᠪᠥᠭᠡᠳ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠮᠦᠰ ᠤᠨ ᠰᠠᠶᠢᠨ ᠰᠠᠶᠢᠬᠠᠨ ᠨᠡᠶᠢᠭᠡᠮ ᠤᠨ ᠳᠦᠷᠢ ᠲᠥᠷᠬᠦ ᠶᠢ ᠪᠣᠶ ᠪᠣᠯᠭᠠᠬᠤ ᠳᠤ ᠢᠳᠡᠪᠬᠢᠲᠡᠶ  ᠦᠢᠯᠡᠳᠦᠯ ᠦᠵᠡᠭᠦᠯᠦᠭᠰᠡᠨ ᠪᠠᠶᠢᠨ᠎ᠠ᠃ ᠠᠵᠢᠯᠯᠠᠭ᠎ᠠ ᠳᠤ ᠣᠷᠣᠯᠴᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠵᠦ᠂ ᠠᠵᠤ ᠠᠬᠤᠶᠢᠯᠠᠯ ᠤᠨ ᠬᠡᠷᠡᠭᠯᠡᠭᠡᠨ ᠤ ᠠᠵᠢᠯᠯᠠᠭ᠎ᠠ ᠨᠢ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠦᠨᠡᠨ ᠪᠣᠳᠠᠲᠠᠢ ᠬᠠᠶᠢᠷ᠎ᠠ ᠬᠠᠯᠠᠮᠵᠢ ᠬᠦᠷᠭᠡᠵᠦ᠂ ᠮᠠᠨ ᠤ ᠲᠤᠭᠤᠷᠢᠭ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠦᠨᠡᠨ ᠪᠣᠳᠠᠲᠠᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号