ᠲᠦᠷᠦ ᠶᠢᠨ ᠪᠤᠳᠤᠯᠭ᠎ᠠ ᠶᠢᠨ ᠲᠠᠶᠢᠯᠤᠮᠵᠢ | ᠨᠢᠭᠡ᠂ ᠲᠥᠰᠦᠯ ᠲᠣᠭᠲᠠᠭᠠᠭᠰᠠᠨ ᠠᠬᠤᠶ ᠪᠠᠶᠢᠳᠠᠯ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠣᠨᠣᠯᠵᠢᠬᠤᠨ ᠢ ᠦᠨᠡᠨᠬᠦ ᠬᠤᠪᠢᠷᠠᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ ᠥᠷᠨᠢᠭᠦᠯᠬᠦ ᠶᠢᠨ ᠲᠤᠰᠠᠳᠠ᠂ ᠤᠳᠠ | ᠲᠣᠭᠤᠷᠢᠭ ᠤᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ︽ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | | ᠬᠤᠶᠠᠷ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ | ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ | ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠬᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠦᠨᠳᠦᠰᠦᠨ ᠠᠷᠭ᠎ᠠ ᠪᠠᠷᠢᠯ ᠪᠠ ᠠᠷᠭ᠎ᠠ ᠮᠠᠶ᠋ᠢᠭ ᠪᠣᠯᠭᠠᠵᠤ᠂ ᠣᠨᠴᠣᠭᠤᠶ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠭᠠᠷᠭᠠᠪᠠᠯ᠂ ᠵᠠᠷᠴᠢᠮ ᠳᠡᠭᠡᠷ᠎ᠡ ᠪᠠᠨ ᠪᠣᠶ ᠪᠥᠬᠦᠶ ᠵᠠᠰᠠᠭ ᠵᠠᠬᠢᠷᠭᠠᠨ ᠤ | ᠪᠠᠶᠢᠴᠠᠭᠠᠯᠲᠠ ᠶᠢ ᠴᠥᠮ ︽ᠬᠤᠶᠠᠷ ᠢ ᠲᠣᠬᠢᠶᠠᠯᠳᠤᠯ ᠢᠶᠠᠷ ᠬᠢᠬᠦ︾ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠬᠤ ᠬᠡᠷᠡᠭᠲᠡᠶ᠃ | ᠭᠤᠷᠪᠠ᠂ ᠭᠤᠣᠯ ᠬᠠᠷᠠᠯᠲᠠ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠠᠮᠢᠶ᠎ᠠ ᠪᠥᠬᠦᠶ ᠰᠠᠯᠠᠭ᠎ᠠ | ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠪᠠᠶᠢᠩᠭᠤᠵᠢᠭᠤᠯᠬᠤ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠤᠬᠠᠮᠰᠠᠷ | ᠪᠣᠯᠤᠨ ᠥᠪᠡᠷ ᠢ ᠪᠠᠨ ᠬᠢᠵᠠᠭᠠᠷᠯᠠᠬᠤ ᠬᠦᠴᠦᠨ ᠢ ᠴᠢᠩᠭᠠᠳᠬᠠᠵᠤ᠂ ᠬᠠᠤᠯᠢ ᠶᠢ ᠵᠥᠷᠢᠴᠡᠭᠰᠡᠳ ᠲᠤ ︽ᠬᠤᠷᠴᠠ | ᠰᠡᠯᠡᠮ᠎ᠡ ᠶᠢ ᠥᠨᠳᠥᠷ ᠡᠯᠭᠦᠬᠦ︾ ᠬᠡᠷᠡᠭᠲᠡᠢ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ ᠲᠦᠷᠦᠭᠦ ᠶᠢ ᠦᠨᠡᠨ ᠬᠦ ᠪᠠᠭᠠᠰᠬᠠᠵᠤ᠂ ᠬᠠᠤᠯᠢ ᠶᠢ | ᠰᠠᠬᠢᠭᠴᠢ ᠶᠢ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠪᠠᠶᠢᠯᠭᠠᠨ᠎ᠠ᠃ ᠠᠵᠤ ᠠᠬᠤᠶᠢᠯᠠᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠠᠴᠠ | ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠳᠠᠰᠢ ᠬᠤᠪᠢᠷᠠᠭᠤᠯᠬᠤ ᠶᠢ ᠪᠡᠶᠡᠯᠡᠭᠦᠯᠦᠨ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠᠷ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃ | ᠳᠥᠷᠪᠡ᠂ ᠲᠥᠰᠦᠯ ᠤᠨ ᠭᠤᠤᠯ ᠠᠭᠤᠯᠭ᠎ᠠ | ︽ᠤᠳᠠ ᠲᠣᠭᠤᠷᠢᠭ ᠤᠨ ︿ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ﹀ ᠶᠢ ᠪᠥᠬᠦ | ᠲᠠᠯ᠎ᠠ ᠪᠠᠷ ᠳᠥᠯᠭᠢᠨ ᠠᠬᠢᠭᠤᠯᠵᠤ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠤᠨ ᠭᠤᠤᠯ ᠠᠭᠤᠯᠭ᠎ᠠ ᠨᠢ 4 | ᠬᠡᠰᠡᠭ ᠪᠠᠶᠢᠵᠤ᠂ ᠪᠣᠳᠠᠲᠠᠶ ᠠᠭᠤᠯᠭ᠎ᠠ ᠨᠢ ᠳᠣᠤᠷᠠᠬᠢ ᠮᠡᠲᠦ᠄ | ︵ᠨᠢᠭᠡ︶ ᠭᠤᠣᠯ ᠡᠭᠦᠷᠭᠡ ᠶᠢᠨ ᠲᠠᠯ᠎ᠠ ᠪᠠᠷ᠃ ᠨᠢᠭᠡ ᠳᠤ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ | ᠵᠦᠢᠯᠡᠰ ᠤᠨ ᠨᠠᠷᠢᠨ ᠲᠠᠩᠰᠠ ᠶᠢ ᠡᠮᠬᠢᠯᠡᠨ ᠨᠡᠶᠢᠯᠡᠭᠦᠯᠦᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ | ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ | ᠬᠠᠭᠤᠳᠠᠰᠤ ᠶᠢ ᠲᠣᠭᠲᠠᠭᠠᠬᠤ ᠶᠢᠨ ᠬᠠᠮᠲᠤ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ | ᠬᠠᠭᠤᠳᠠᠰᠤ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ | ︵ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ — ᠥᠪᠥᠷ ᠮᠣᠩᠭᠤᠯ︶ ᠳᠤ ᠪᠢᠴᠢᠨ | ᠣᠷᠣᠭᠤᠯᠵᠤ᠂ ᠴᠠᠭ ᠲᠤᠬᠠᠶ ᠳᠤᠨᠢ ᠬᠠᠮᠢᠶ᠎ᠠ ᠪᠥᠬᠦᠶ ᠰᠦᠯᠵᠢᠶᠡᠨ ᠥᠷᠲᠡᠭᠡ ᠪᠠ ᠲᠠᠪᠴᠠᠩ ᠢᠶᠠᠷ ᠳᠠᠮᠵᠢᠭᠤᠯᠤᠨ | ᠨᠡᠶᠢᠭᠡᠮ ᠳᠤ ᠢᠯᠡ ᠨᠡᠶᠢᠲᠡᠯᠡᠨ᠎ᠡ᠃ ᠬᠤᠶᠠᠷ ᠲᠤ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ︽ᠬᠤᠶᠠᠷ ᠬᠥᠮᠥᠷᠭᠡ︾ | ᠶᠢ ᠪᠠᠶᠢᠭᠤᠯᠤᠨ ᠪᠦᠷᠢᠨᠰᠢᠬᠦᠯᠦᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ | ᠬᠠᠮᠵᠢᠯᠴᠠᠨ ᠬᠢᠨᠠᠨ ᠬᠠᠮᠢᠶᠠᠷᠬᠤ ᠲᠠᠪᠴᠠᠩ — ᠥᠪᠥᠷ ᠮᠣᠩᠭᠤᠯ ᠳᠤ ᠲᠦᠰᠢᠭᠯᠡᠨ᠂ ᠲᠣᠰ ᠰᠠᠯᠠᠭ᠎ᠠ ᠮᠥᠴᠢᠷ ᠤᠨ | ᠰᠤᠭᠤᠴᠢᠨ ᠪᠠᠶᠢᠴᠠᠭᠠᠬᠤ ᠵᠦᠢᠯᠡᠰ ᠯᠦᠭᠡ ᠬᠠᠷᠢᠯᠴᠠᠨ ᠵᠣᠬᠢᠴᠠᠯᠳᠤᠭᠰᠠᠨ ᠪᠠᠶᠢᠴᠠᠭᠠᠭᠳᠠᠬᠤ ᠡᠲᠡᠭᠡᠳ ᠤᠨ ᠨᠡᠷᠡᠰ ᠤᠨ | ᠬᠥᠮᠥᠷᠭᠡ ᠪᠠ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ︵ᠶᠡᠷᠦᠩᠬᠡᠶ ᠳᠤᠨᠢ ︽ | ᠬᠤᠶᠠᠷ ᠬᠥᠮᠥᠷᠭᠡ︾ ᠭᠡᠵᠦ ᠨᠡᠷᠡᠶᠢᠳᠦᠨ᠎ᠡ︶ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠪᠠᠶᠢᠴᠠᠭᠠᠭᠳᠠᠬᠤ | ᠡᠲᠡᠭᠡᠳ ᠪᠠ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠤ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ︽ | ᠬᠤᠶᠠᠷ ᠬᠥᠮᠥᠷᠭᠡ︾ ᠳᠤ ᠬᠥᠳᠡᠯᠦᠩᠭᠦᠶ ᠬᠠᠮᠢᠶᠠᠷᠤᠯᠲᠠ ᠶᠠᠪᠤᠭᠤᠯᠤᠨ᠎ᠠ᠃ ᠭᠤᠷᠪᠠ ᠳᠤ ᠲᠠᠰᠢᠷᠠᠮ ᠳᠠᠭᠠᠤ | ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠲᠦᠷᠢᠮ ᠢ ᠲᠣᠭᠲᠠᠭᠠᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ ᠲᠠᠰᠢᠷᠠᠮ ᠳᠠᠭᠠᠤ | ᠰᠤᠭᠤᠴᠢᠨ ᠪᠠᠶᠢᠴᠠᠭᠠᠬᠤ ᠠᠵᠢᠯ ᠤᠨ ᠵᠢᠯᠣᠭᠤᠳᠤᠮᠵᠢ ᠪᠠ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠠᠵᠢᠯ ᠤᠨ | ᠨᠠᠷᠢᠨ ᠲᠦᠷᠢᠮ ᠢ ᠲᠣᠭᠲᠠᠭᠠᠵᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠤ ᠠᠵᠢᠯᠯᠠᠬᠤ ᠳᠤ ᠲᠥᠬᠦᠮ | ᠦᠵᠡᠭᠦᠯᠦᠨ᠂ ᠰᠤᠭᠤᠴᠢᠨ ᠪᠠᠶᠢᠴᠠᠭᠠᠵᠤ ᠪᠠᠶᠢᠴᠠᠭᠠᠬᠤ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠶ᠃ ᠲᠦᠷᠪᠡ ᠳᠤ᠂ ᠰᠠᠯᠠᠭ᠎ᠠ ᠮᠥᠴᠢᠷ ᠬᠠᠮᠲᠤᠷᠠᠨ ᠰᠤᠭᠤᠴᠢᠨ ᠪᠠᠶᠢᠴᠠᠭᠠᠵᠤ ᠪᠠᠶᠢᠴᠠᠭᠠᠬᠤ ᠶᠢ | ᠥᠷᠨᠢᠭᠦᠯᠦᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 18 ᠰᠠᠯᠠᠭ᠎ᠠ ᠮᠥᠴᠢᠷ ᠤᠨ ︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ | ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ︵ᠨᠢᠭᠡᠳᠦᠭᠡᠷ | ᠨᠢᠭᠤᠷ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠤᠲᠠ ᠶᠢᠨ ᠬᠢᠨᠠᠯᠲᠠ ᠵᠠᠬᠢᠳᠠᠯ ᠥᠰᠥᠭ | ︹ 2020 ︺ 234 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠨ ᠤ | ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠬᠠᠮᠲᠤᠷᠠᠨ ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠠᠵᠢᠯ ᠤᠨ ᠠᠯᠬᠤᠮ ᠲᠠᠷᠠᠭ᠎ᠠ ᠶᠢᠨ ᠲᠠᠯ᠎ᠠ ᠪᠠᠷ᠃ ᠨᠢᠭᠡ ᠳᠤ ᠣᠨ ᠤ ᠰᠤᠭᠤᠴᠢᠨ ᠪᠠᠶᠢᠴᠠᠭᠠᠬᠤ | ᠠᠵᠢᠯ ᠤᠨ ᠲᠥᠯᠥᠪᠯᠡᠭᠡ ᠶᠢ ᠲᠣᠭᠲᠠᠭᠠᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠯᠲᠠ | ᠬᠠᠮᠢᠶᠠᠷᠤᠯᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠰᠠᠯᠠᠭ᠎ᠠ ᠮᠥᠴᠢᠷ ᠤᠨ ᠲᠠᠰᠢᠷᠠᠮ ᠳᠠᠭᠠᠤ | ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ᠲᠣᠰ ᠰᠠᠯᠠᠭ᠎ᠠ ᠮᠥᠴᠢᠷ ᠤᠨ ᠰᠤᠭᠤᠴᠢᠨ | ᠪᠠᠶᠢᠴᠠᠭᠠᠬᠤ ᠲᠥᠯᠥᠪᠯᠡᠭᠡ ᠪᠠ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ | ᠲᠣᠭᠲᠠᠭᠠᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ — ᠥᠪᠥᠷ ᠮᠣᠩᠭᠤᠯ ᠳᠤ | ᠣᠷᠣᠭᠤᠯᠵᠤ ᠢᠯᠡ ᠨᠡᠶᠢᠲᠡᠯᠡᠨ᠎ᠡ᠃ ᠬᠤᠶᠠᠷ ᠲᠤ ᠰᠣᠩᠭᠤᠨ ᠪᠠᠶᠢᠴᠠᠭᠠᠬᠤ ᠶᠢ ᠰᠢᠨᠵᠢᠯᠡᠬᠦ ᠤᠬᠠᠭᠠᠨᠴᠢ ᠪᠠᠷ | ᠬᠡᠷᠡᠭᠵᠢᠭᠦᠯᠦᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠨ ᠤ ᠰᠤᠭᠤᠴᠢᠨ ᠪᠠᠶᠢᠴᠠᠭᠠᠬᠤ ᠠᠵᠢᠯ ᠤᠨ | ᠲᠥᠯᠥᠪᠯᠡᠭᠡ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠬᠢᠨᠠᠨ | ᠬᠠᠮᠢᠶᠠᠷᠬᠤ ᠬᠦᠷᠢᠶ᠎ᠡ ᠴᠠᠷᠠᠭ᠎ᠠ᠂ ᠬᠠᠤᠯᠢ ᠬᠡᠷᠡᠭᠵᠢᠭᠦᠯᠬᠦ ᠡᠩᠨᠡᠭᠡ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ | ᠪᠠᠶᠢᠴᠠᠭᠠᠬᠤ ᠡᠲᠡᠭᠡᠳ ᠢᠶᠠᠨ ᠪᠦᠯᠦᠭ ᠤᠳᠠᠭ᠎ᠠ ᠪᠠᠷ ᠰᠤᠭᠤᠴᠢᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠬᠤ ᠠᠵᠢᠯᠲᠠᠨ ᠲᠠᠢ ᠳᠣᠭᠢᠷᠠᠭᠤᠯᠤᠨ᠎ᠠ᠃ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠪᠢᠴᠢᠭ ᠢᠶᠠᠷ | ᠪᠠᠶᠢᠴᠠᠭᠠᠬᠤ᠂ ᠰᠦᠯᠵᠢᠶ᠎ᠡ ᠪᠠᠷ ᠬᠢᠨᠠᠨ ᠰᠢᠯᠭᠠᠬᠤ᠂ ᠲᠤᠰᠬᠠᠶ ᠮᠡᠷᠭᠡᠵᠢᠯ ᠤᠨ ᠪᠠᠶᠢᠭᠤᠯᠤᠮᠵᠢ ᠳᠤ ᠨᠠᠶᠢᠳᠠᠬᠤ ᠵᠡᠷᠭᠡ | ᠣᠯᠠᠨ ᠵᠦᠢᠯ ᠤᠨ ᠪᠠᠶᠢᠴᠠᠭᠠᠯᠲᠠ ᠶᠢᠨ ᠠᠷᠭ᠎ᠠ ᠮᠠᠶ᠋ᠢᠭ ᠢᠶᠠᠷ ᠪᠠᠶᠢᠴᠠᠭᠠᠯᠲᠠ ᠥᠷᠨᠢᠭᠦᠯᠵᠦ ᠪᠣᠯᠤᠨ᠎ᠠ᠂ ᠣᠯᠵᠤ | ᠮᠡᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠵᠣᠬᠢᠴᠠᠩᠭᠤᠶ ᠪᠠᠷ ᠰᠢᠢᠳᠪᠦᠷᠢᠯᠡᠨ᠎ᠡ᠃ ᠭᠤᠷᠪᠠ ᠳᠤ ᠰᠤᠭᠤᠴᠢᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ | ᠢᠯᠡ ᠨᠡᠶᠢᠲᠡᠯᠡᠬᠦ ᠶᠢ ᠴᠢᠩᠭᠠᠳᠬᠠᠨ᠎ᠠ᠃ ︽ᠬᠡᠨ ᠪᠠᠶᠢᠴᠠᠭᠠᠪᠠᠯ᠂ ᠲᠡᠷᠡ ᠪᠢᠴᠢᠵᠦ ᠣᠷᠤᠭᠤᠯᠵᠦ᠂ ᠲᠡᠷᠡ ᠢᠯᠡ | ᠨᠡᠶᠢᠲᠡᠯᠡᠬᠦ︾ ᠵᠠᠷᠴᠢᠮ ᠶᠣᠰᠣᠭᠠᠷ᠂ ᠪᠠᠶᠢᠴᠠᠭᠠᠬᠤ ᠰᠠᠯᠠᠭ᠎ᠠ ᠮᠥᠴᠢᠷ ᠤᠳ ᠪᠠᠶᠢᠴᠠᠭᠠᠯᠲᠠ ᠶᠢ ᠪᠡᠶᠡᠯᠡᠭᠦᠯᠦᠭᠰᠡᠨ | ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ | ᠬᠠᠮᠢᠶᠠᠷᠬᠤ ᠲᠠᠪᠴᠠᠩ — ᠥᠪᠥᠷ ᠮᠣᠩᠭᠤᠯ ᠢᠶᠠᠷ ᠳᠠᠮᠵᠢᠭᠤᠯᠤᠨ ᠰᠤᠭᠤᠴᠢᠨ ᠪᠠᠶᠢᠴᠠᠭᠠᠵᠤ ᠪᠠᠶᠢᠴᠠᠭᠠᠭᠰᠠᠨ | ᠦᠷ᠎ᠡ ᠳ᠋ᠦᠩ ᠢ ᠪᠢᠴᠢᠵᠦ ᠣᠷᠣᠭᠤᠯᠬᠤ ᠶᠢᠨ ᠬᠠᠮᠲᠤ ᠢᠯᠡ ᠨᠡᠶᠢᠲᠡᠯᠡᠨ᠎ᠡ᠃ | ︵ᠭᠤᠷᠪᠠ︶ ᠠᠵᠢᠯ ᠤᠨ ᠱᠠᠭᠠᠷᠳᠠᠯᠭ᠎ᠠ ᠶᠢᠨ ᠲᠠᠯ᠎ᠠ ᠪᠠᠷ᠃ ᠨᠢᠭᠡ ᠳᠤ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠎ᠠ᠃ ᠬᠤᠶᠠᠷ ᠲᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠳᠠᠯᠠᠨ᠎ᠠ᠃ | ᠭᠤᠷᠪᠠ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠬᠤᠯᠠᠴᠢᠯᠠᠨ᠎ᠠ᠃ | ︵ᠲᠦᠷᠪᠡ︶ ᠳᠠᠭᠠᠯᠳᠤᠭᠤᠯᠤᠯ ᠤᠨ ᠠᠭᠤᠯᠭ᠎ᠠ ᠶᠢᠨ ᠲᠠᠯ᠎ᠠ ᠪᠠᠷ᠃ ᠳᠠᠭᠠᠯᠳᠤᠭᠤᠯᠤᠯ ᠤᠨ ᠠᠭᠤᠯᠭ᠎ᠠ ᠨᠢ ︽ | ᠤᠳᠠ ᠲᠣᠭᠤᠷᠢᠭ ᠤᠨ 〈ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ 〉》ᠠᠵᠢᠯ ᠵᠢᠴᠢ | ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠢᠯᠡ ᠨᠡᠶᠢᠲᠡᠯᠡᠬᠦ ᠠᠵᠢᠯ ᠤᠨ | ᠰᠢᠮᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ᠪᠣᠯᠤᠨ᠎ᠠ᠃ | ᠰᠢᠮᠳᠠᠭᠤᠯᠤᠨ ᠪᠠᠶᠢᠴᠠᠭᠠᠬᠤ ᠠᠭᠤᠯᠭ᠎ᠠ᠂ ᠰᠢᠮᠳᠠᠭᠤᠯᠤᠨ ᠪᠠᠶᠢᠴᠠᠭᠠᠵᠤ ᠮᠡᠳᠡᠭᠡᠯᠡᠬᠦ ᠠᠷᠭ᠎ᠠ ᠮᠠᠶ᠋ᠢᠭ᠂ ᠮᠡᠳᠡᠭᠡᠯᠡᠬᠦ | ᠱᠠᠭᠠᠷᠳᠠᠯᠭ᠎ᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠪᠣᠳᠠᠲᠠᠶ ᠠᠭᠤᠯᠭ᠎ᠠ ᠶᠢ ᠲᠣᠳᠣᠷᠬᠠᠶᠢᠯᠠᠪᠠ᠃ |