ᠰᠤᠷᠪᠤᠯᠵᠢᠯᠠᠭᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠠᠴᠠ ᠣᠶᠢᠯᠠᠭᠠᠭᠰᠠᠨ ᠢᠶᠠᠷ᠂ 2021 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ ᠪᠣᠯᠲᠠᠯ᠎ᠠ᠂ 31 ᠮᠤᠵᠢ | ︵ᠣᠷᠣᠨ᠂ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠨᠡᠶᠢᠲᠡ | 217404.3 ᠲᠦᠮᠡᠨ ᠬᠥᠮᠥᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠢ ᠮᠡᠳᠡᠭᠦᠯᠵᠦ᠂ | ᠸᠠᠺᠼᠢᠨ ᠤ ᠲᠠᠷᠢᠯᠭ᠎ᠠ ᠬᠢᠭᠰᠡᠨ ᠪᠥᠬᠦ ᠬᠥᠮᠦᠨ ᠤ ᠲᠤᠭ᠎ᠠ 110084.2 ᠲᠦᠮᠡ ᠳᠤ ᠬᠦᠷᠴᠦ᠂ ᠡᠭᠦᠨ ᠳᠤ ᠨᠢᠭᠡᠨᠲᠡ | 102220.7 ᠲᠦᠮᠡᠨ ᠬᠥᠮᠦᠨ ᠪᠦᠬᠦ ᠶᠠᠪᠤᠴᠠ ᠶᠢᠨ ᠲᠠᠷᠢᠯᠭ᠎ᠠ ᠬᠢᠵᠦ᠂ ᠲᠠᠷᠢᠯᠭ᠎ᠠ ᠬᠢᠭᠰᠡᠨ ᠪᠥᠬᠦ ᠬᠥᠮᠦᠨ ᠤ ᠲᠤᠭ᠎ᠠ ᠨᠢ | ᠪᠥᠬᠦ ᠤᠯᠤᠰ ᠤᠨ ᠶᠡᠷᠦᠩᠬᠡᠢ ᠬᠥᠮᠦᠨ ᠠᠮᠠ ᠶᠢᠨ 78% ᠶᠢ ᠡᠵᠡᠯᠡᠪᠡ᠃ ᠲᠠᠷᠢᠯᠭ᠎ᠠ ᠬᠢᠭᠰᠡᠨ ᠶᠡᠷᠦᠩᠬᠡᠶ ᠤᠳᠠᠭ᠎ᠠ ᠪᠠ | ᠬᠠᠮᠤᠷᠤᠭᠰᠠᠨ ᠬᠥᠮᠦᠨ ᠤ ᠲᠤᠭ᠎ᠠ ᠨᠢ ᠴᠥᠮ ᠳᠡᠯᠡᠬᠡᠶ ᠶᠢᠨ ᠲᠡᠷᠢᠭᠦᠨ ᠳᠤ ᠣᠷᠣᠵᠤ᠂ ᠬᠠᠮᠤᠷᠤᠭᠰᠠᠨ ᠨᠣᠷᠮ᠎ᠠ ᠨᠢ ᠪᠥᠬᠦ | ᠳᠡᠯᠡᠬᠡᠶ ᠶᠢᠨ ᠲᠡᠷᠢᠭᠦᠨ ᠳᠤ ᠣᠷᠣᠪᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ᠸᠠᠺᠼᠢᠨ ᠤ ᠲᠠᠷᠢᠯᠭ᠎ᠠ ᠶᠢᠨ ᠠᠵᠢᠯ ᠤᠨ ᠣᠯᠤᠭᠰᠠᠨ ᠠᠬᠢᠴᠠ ᠨᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠳᠤᠮᠳᠠᠳᠤ ᠤᠯᠤᠰ ᠤᠨ ᠣᠨᠴᠠᠯᠢᠭ | ᠪᠥᠬᠦᠶ ᠨᠡᠶᠢᠭᠡᠮ ᠵᠢᠷᠤᠮ ᠤᠨ ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠥᠪᠡᠷᠮᠢᠴᠡ | ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠥᠬᠦ ᠤᠯᠤᠰ ᠤᠨ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠪᠡ ᠭᠡᠵᠡᠶ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠶᠡᠭᠡ ᠬᠡᠪᠴᠢᠶ᠎ᠡ ᠪᠠᠷ ᠡᠬᠢᠯᠡᠭᠦᠯᠦᠭᠰᠡᠨ ᠠᠴᠠ ᠨᠠᠭᠠᠰᠢ᠂ | ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠣᠬᠢᠷᠠᠭᠤᠯᠤᠯᠲᠠ ᠶᠣᠰᠣᠭᠠᠷ᠂ ᠣᠯᠠᠨ ᠶᠠᠩᠵᠤ ᠶᠢᠨ ᠦᠢᠯᠡᠴᠢᠯᠡᠭᠡᠨ ᠤ | ᠬᠡᠯᠪᠡᠷᠢ ᠶᠢᠨ ᠰᠢᠨᠡᠴᠢᠯᠡᠯᠲᠡ ᠬᠢᠵᠦ᠂ ᠲᠠᠷᠢᠯᠭ᠎ᠠ ᠶᠢᠨ ᠴᠠᠭ ᠪᠠ ᠲᠠᠷᠢᠯᠭ᠎ᠠ ᠶᠢᠨ ᠲᠠᠯᠠᠪᠤᠷ ᠢ ᠵᠦᠶ ᠵᠣᠬᠢᠰᠲᠠᠶ ᠳᠣᠭᠢᠷᠠᠭᠤᠯᠤᠨ᠂ | ᠨᠡᠪᠲᠡᠷᠡᠯᠴᠡᠵᠦ ᠮᠡᠳᠡᠭᠳᠡᠬᠦ᠂ ᠪᠠᠶᠢᠳᠠᠯ ᠢ ᠣᠶᠢᠯᠠᠭᠠᠵᠤ ᠲᠣᠭᠠᠯᠠᠨ ᠪᠦᠷᠢᠳᠬᠡᠬᠦ᠂ ᠤᠬᠠᠭᠤᠯᠤᠨ ᠬᠥᠮᠦᠵᠢᠭᠦᠯᠬᠦ ᠠᠵᠢᠯ ᠢ | ᠢᠳᠡᠪᠬᠢᠲᠡᠶ ᠰᠠᠶᠢᠲᠤᠷ ᠬᠢᠵᠦ᠂ ᠲᠠᠷᠢᠯᠭ᠎ᠠ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ᠃ | 2020 ᠣᠨ ᠤ 12 ᠳ᠋ᠤᠭᠠᠷ ᠰᠠᠷ᠎ᠠ ᠶᠢᠨ 15 ᠤ ᠡᠳᠦᠷ᠂ ᠮᠠᠨ ᠤ ᠤᠯᠤᠰ ᠭᠤᠤᠯᠳᠠᠯᠭ᠎ᠠ ᠲᠠᠢ ᠬᠥᠮᠦᠰ ᠲᠤ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠵᠢᠩᠬᠢᠨᠢ ᠪᠠᠷ ᠡᠬᠢᠯᠡᠭᠦᠯᠪᠡ︔ 2021 ᠣᠨ ᠤ 3 | ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ᠂ ᠠᠷᠠᠳ ᠢᠷᠭᠡᠳ ᠪᠦᠬᠦᠨ ᠢᠶᠠᠷ ᠢᠶᠠᠨ ᠰᠦᠢᠳᠬᠡᠯ ᠬᠤᠷᠢᠶᠠᠬᠤ ᠥᠬᠡᠶ ᠪᠠᠷ | ᠲᠠᠷᠢᠯᠭ᠎ᠠ ᠲᠠᠷᠢᠬᠤ ᠶᠢ ᠲᠦᠷᠭᠡᠳᠬᠡᠨ ᠠᠬᠢᠭᠤᠯᠪᠠ︔ ᠡᠭᠦᠨ ᠠᠴᠠ ᠰᠡᠭᠦᠯᠡᠷ᠂ ︽ᠨᠢᠭᠡ ᠨᠠᠰᠤᠲᠠᠨ ᠨᠢᠭᠡ ᠬᠡᠦᠬᠡᠳ︾ ᠤᠨ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠴᠤ ᠯᠠᠪᠳᠠᠭᠤᠨ ᠢᠶᠠᠷ ᠠᠭᠢᠪᠠ ᠁ ᠠᠯᠢ ᠣᠯᠠᠨ | ᠴᠢᠬᠤᠯᠠ ᠠᠷᠭ᠎ᠠ ᠬᠡᠮᠵᠢᠶ᠎ᠡ ᠪᠠᠷ ᠳᠠᠮᠵᠢᠭᠤᠯᠤᠨ ᠸᠠᠺᠼᠢᠨ ᠢ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠳᠤ | ᠬᠦᠷᠲᠡᠭᠡᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ | ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠᠷ ᠵᠣᠷᠢᠭᠰᠠᠨ ᠪᠠᠶᠢᠨ᠎ᠠ᠃ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ | ᠲᠥᠯᠥᠪᠵᠢᠭᠦᠯᠭᠡ ᠶᠢᠨ ᠠᠬᠠᠯᠠᠬᠤ ᠲᠤᠰᠬᠠᠶ ᠮᠡᠷᠭᠡᠵᠢᠯᠲᠡᠨ ᠸᠠᠩ ᠬᠤᠸᠠ ᠴᠢᠩ ᠬᠡᠯᠡᠬᠦ ᠳᠤ ᠪᠠᠨ᠂ ᠲᠠᠷᠢᠯᠭ᠎ᠠ ᠬᠢᠬᠦ ᠬᠥᠮᠦᠨ | ᠬᠡᠳᠦᠶ ᠣᠯᠠᠨ ᠪᠣᠯᠬᠤ ᠲᠤᠲᠤᠮ ᠸᠠᠺᠼᠢᠨ ᠤ ᠦᠵᠡᠭᠦᠯᠬᠦ ᠬᠠᠮᠠᠭᠠᠯᠠᠯᠲᠠ ᠶᠢᠨ ᠦᠢᠯᠡᠳᠦᠯ ᠨᠢ ᠲᠡᠳᠦᠶ ᠶᠡᠭᠡ ᠪᠣᠯᠵᠣ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ ᠶᠢ ᠡᠵᠡᠮᠳᠡᠬᠦ ᠳᠤ ᠰᠠᠭᠤᠷᠢ ᠲᠠᠯᠪᠢᠬᠤ ᠪᠣᠯᠤᠨ᠎ᠠ ᠭᠡᠵᠡᠶ᠃ | ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠠ ᠣᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠨ᠂ | ᠲᠠᠷᠠᠭᠠᠴᠢ ᠶᠢᠨ ᠲᠠᠷᠢᠯᠭ᠎ᠠ ᠶᠢᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠸᠠᠺᠼᠢᠨ ᠤ ᠲᠠᠷᠢᠯᠭ᠎ᠠ | ᠬᠢᠭᠰᠡᠨ ᠬᠥᠮᠦᠰ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠪᠡᠶ᠎ᠡ ᠶᠢᠨ | ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠪᠠᠷ ᠪᠤᠢ᠃ |