ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 20 ᠤ ᠴᠠᠬᠢᠯᠭᠠᠨ ᠮᠡᠳᠡᠭᠡ 9 ᠰᠠᠷ᠎ᠠ ᠶᠢᠨ 20 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠵᠧᠷᠢᠶ᠎ᠠ ᠶᠢᠨ ᠤᠤᠯ ᠤᠨ ᠶᠡᠷᠦᠩᠬᠡᠶᠢᠯᠡᠭᠴᠢ ᠪᠦᠲ᠋ᠧᠹᠯᠢᠺᠠ ᠶᠢᠨ ᠨᠠᠰᠤ | ᠪᠠᠷᠠᠭᠰᠠᠨ ᠳᠤᠬᠠᠢ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠳᠤ ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ ᠭᠠᠰᠢᠭᠤᠳᠠᠯ ᠤᠨ ᠴᠠᠬᠢᠯᠭᠠᠨ ᠴᠢᠮᠡᠭᠡ ᠳᠡᠭᠡᠨ᠂ ᠪᠦᠲ᠋ᠧᠹᠯᠢᠺᠠ ᠠᠪᠤᠭᠠᠢ ᠪᠣᠯ ᠠᠯᠵᠧᠷᠢᠶ᠎ᠠ᠂ ᠠᠷᠠᠪ ᠤᠨ | ᠶᠢᠷᠲᠢᠨᠴᠦ᠂ ᠠᠹᠷᠢᠺᠠ ᠲᠢᠪ ᠤᠨ ᠭᠠᠷᠮᠠᠭᠠᠢ ᠤᠯᠤᠰ ᠲᠦᠷᠦᠴᠢᠨ ᠪᠠ ᠦᠨᠳᠦᠰᠦᠲᠡᠨ ᠤ ᠴᠢᠯᠥᠭᠡᠯᠡᠯᠲᠡ ᠶᠢᠨ ᠬᠥᠳᠡᠯᠭᠡᠭᠡᠨ ᠤ | ᠤᠳᠤᠷᠢᠳᠬᠤ ᠬᠥᠮᠦᠨ ᠪᠣᠯᠤᠨ᠎ᠠ᠂ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ | ᠶᠣᠰᠣᠨ ᠤ ᠪᠠᠶᠢᠷᠢ ᠰᠠᠭᠤᠷᠢ ᠶᠢ ᠰᠡᠷᠭᠦᠭᠡᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠲᠡᠷᠡ | ᠶᠡᠷᠦᠩᠬᠡᠶᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠬᠰᠠᠨ ᠬᠤᠭᠤᠴᠠᠭᠠᠨ ᠳᠠᠭᠠᠨ᠂ ᠳᠤᠮᠳᠠᠳᠤ ᠠᠯᠵᠧᠷᠢᠶ᠎ᠠ ᠶᠢᠨ | ᠬᠠᠷᠢᠯᠴᠠᠭ᠎ᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠵᠠᠢ᠃ ᠲᠡᠭᠦᠨ ᠤ ᠨᠠᠰᠤ | ᠪᠠᠷᠠᠭᠰᠠᠨ ᠨᠢ ᠳᠤᠮᠳᠠᠳᠤ ᠤᠯᠤᠰ ᠤᠨ ᠠᠷᠠᠳ ᠲᠦᠮᠡᠨ ᠤ ᠨᠢᠭᠡᠨ ᠬᠠᠭᠤᠴᠢᠨ ᠨᠠᠶᠢᠵᠠ ᠪᠠᠨ ᠠᠯᠳᠠᠬᠰᠠᠨ ᠶᠠᠪᠤᠳᠠᠯ ᠪᠤᠯᠤᠨ᠎ᠠ᠃ | ᠳᠤᠮᠳᠠᠳᠤ ᠤᠯᠤᠰ ᠤᠨ ᠬᠢᠨ ᠳᠤᠮᠳᠠᠳᠤ ᠠᠯᠵᠧᠷᠢᠶ᠎ᠠ ᠶᠢᠨ ᠤᠯᠠᠮᠵᠢᠯᠠᠯᠲᠤ ᠨᠥᠬᠦᠷᠯᠡᠯ ᠢ ᠨᠠᠨᠳᠢᠩᠨᠠᠵᠤ᠂ ᠳᠤᠷᠠᠲᠠᠶ᠎ᠠ | ᠠᠯᠵᠧᠷᠢᠶ᠎ᠠ ᠶᠢᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ | ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠳᠤᠮᠳᠠᠳᠤ ᠠᠯᠵᠧᠷᠢᠶ᠎ᠠ ᠶᠢᠨ ᠪᠥᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠤᠨ᠎ᠠ | ᠭᠡᠵᠦ ᠵᠢᠭᠠᠵᠤ ᠭᠠᠷᠭᠠᠪᠠ᠃ |