ᠬᠤᠶᠠᠳᠤᠭᠠᠷ ᠤᠯᠠᠷᠢᠯ ᠤᠨ ᠵᠠᠰᠠᠭ ᠤᠨ ᠣᠷᠳᠤᠨ ᠤ ᠠᠯᠪᠠᠨ ᠮᠡᠳᠡᠭᠡ | ᠤᠳᠠ ᠵᠠᠰᠠᠭ ᠠᠯᠪᠠᠨ ᠲᠠᠷᠬᠠᠭᠠᠭᠰᠠᠨ ﹇2021﹈ 10 ᠳ᠋ᠤᠭᠠᠷ ᠲᠣᠭᠠᠲᠤ | ᠤᠳᠠ ᠵᠠᠰᠠᠭ ᠠᠯᠪᠠᠨ ︽ᠤᠳᠠ ᠲᠣᠭᠤᠷᠢᠭ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠴᠢᠳᠠᠪᠤᠷᠢ ᠣᠯᠭᠤᠬᠤ ᠲᠤᠬᠠᠢ ᠪᠣᠯᠪᠠᠰᠤᠷᠠᠯ ᠤᠨ ᠲᠥᠰᠦᠯ︾ ᠤᠨ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠳᠠ ᠲᠣᠭᠤᠷᠢᠭ ᠤᠨ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠴᠢᠳᠠᠪᠤᠷᠢ ᠣᠯᠭᠤᠬᠤ ᠲᠤᠬᠠᠢ ᠪᠣᠯᠪᠠᠰᠤᠷᠠᠯ ᠤᠨ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | 2021 ᠣᠨ ᠤ 4 | ᠰᠠᠷ᠎ᠠ ᠶᠢᠨ 9 ᠤ ᠡᠳᠦᠷ | ᠤᠳᠠ ᠲᠣᠭᠤᠷᠢᠭ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠴᠢᠳᠠᠪᠤᠷᠢ ᠣᠯᠭᠤᠬᠤ | ᠪᠣᠯᠪᠠᠰᠤᠷᠠᠯ ᠤᠨ ᠲᠥᠰᠦᠯ | 2019 ᠣᠨ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠠᠴᠠ ᠤᠳᠠ ᠲᠣᠭᠤᠷᠢᠭ ᠢ ᠪᠦᠬᠦ ᠤᠯᠤᠰ ᠤᠨ ᠠᠶᠤᠯᠲᠠᠢ ᠬᠢᠮᠢ ᠶᠢᠨ ᠪᠣᠳᠠᠰ ᠤᠨ 53 | ᠭᠤᠣᠯᠳᠠᠯᠭ᠎ᠠ ᠲᠠᠢ ᠰᠢᠶᠠᠨ ᠳᠤ ᠣᠷᠣᠭᠤᠯᠤᠭᠰᠠᠨ ᠪᠥᠭᠡᠳ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠲᠣᠮᠢᠯᠠᠨ | ᠵᠢᠯᠣᠭᠤᠳᠬᠤ ᠦᠢᠯᠡᠴᠢᠯᠡᠭᠡ ᠥᠷᠨᠢᠭᠦᠯᠦᠭᠰᠡᠨ ᠠᠴᠠ ᠨᠠᠰᠢ᠂ ᠬᠤᠳᠠ᠂ ᠲᠣᠭᠤᠷᠢᠭ ᠬᠤᠶᠠᠷ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠯᠭᠠᠪᠡᠷ ᠳᠤᠮᠳᠠᠳᠤ ᠤᠯᠤᠰ ᠤᠨ ᠬᠢᠮᠢ ᠶᠢᠨ | ᠪᠣᠳᠠᠰ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠢ ᠤᠷᠢᠵᠤ ᠪᠦᠬᠦ ᠲᠤᠭᠤᠷᠢᠭ ᠠᠵᠤ ᠠᠬᠤᠶᠢᠯᠠᠯ ᠳᠤ ᠠᠮᠤᠷ | ᠲᠦᠪᠰᠢᠨ ᠤ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ | ᠠᠳᠡᠯ ᠤᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠬᠤ ᠶᠢ ᠬᠤᠷᠢᠭᠯᠠᠪᠠ᠃ ᠭᠡᠪᠡᠴᠦ ᠣᠯᠠᠨ ᠡᠭᠡᠯᠵᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠᠷ ᠳᠡᠮᠵᠢᠨ᠂ | ᠡᠩ ᠤᠨ ᠵᠠᠭᠪᠤᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠢ | ᠳᠡᠭᠡᠭᠰᠢᠯᠡᠭᠦᠯᠬᠦ ᠦᠢᠯᠡᠳᠦᠯ ᠨᠢ ᠬᠢᠵᠠᠭᠠᠷᠲᠠᠶ ᠪᠠᠶᠢᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠢ ᠦᠨᠳᠦᠰᠦᠨ ᠴᠢᠨᠠᠷᠲᠠᠶ ᠪᠠᠷ ᠳᠡᠭᠡᠭᠰᠢᠯᠡᠭᠦᠯᠦᠭᠰᠡᠨ ᠥᠬᠡᠶ ᠪᠠᠶᠢᠬᠤ ᠶᠢ ᠣᠯᠵᠤ | ᠮᠡᠳᠡᠵᠡᠶ᠃ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠵᠢᠯᠣᠭᠤᠳᠤᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠰᠢᠨᠵᠢᠯᠡᠬᠦ ᠤᠬᠠᠭᠠᠨᠴᠢ ᠪᠠᠷ ᠳᠡᠭᠡᠭᠰᠢᠯᠡᠭᠦᠯᠵᠦ᠂ ᠣᠳᠣᠬᠠᠨ ᠤ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠬᠦ ᠶᠢᠨ | ᠲᠥᠯᠥᠭᠡ᠂ ᠲᠤᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ᠂ ᠠᠳᠡᠯ ᠤᠨ ᠳᠠᠯᠳᠠ ᠭᠡᠮ | ᠡᠭᠦᠰᠬᠦ ᠦᠨᠳᠦᠰᠦ ᠰᠤᠷᠪᠤᠯᠵᠢ ᠶᠢ ᠪᠦᠬᠦ ᠬᠦᠴᠦᠨ ᠢᠶᠠᠷ ᠢᠶᠠᠨ ᠠᠷᠢᠯᠭᠠᠬᠤ ᠪᠠᠷ ᠬᠠᠷᠠᠯᠲᠠ ︽ᠵᠠᠰᠠᠭ ᠤᠨ | ᠣᠷᠳᠣᠨ ᠤ ᠪᠦᠬᠦ ᠶᠠᠪᠤᠴᠠ ᠳᠤ ᠬᠢᠨᠠᠯᠲᠠ ᠲᠠᠯᠪᠢᠬᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ | ᠵᠢᠯᠣᠭᠤᠳᠤᠨ ᠲᠡᠳᠬᠦᠬᠦ᠂ ᠠᠵᠤ ᠠᠬᠤᠶᠢᠯᠠᠯ ᠪᠡᠶ᠎ᠡ ᠪᠠᠨ ᠳᠠᠭᠠᠭᠠᠨ ᠰᠠᠶᠢᠵᠢᠷᠠᠭᠤᠯᠬᠤ︾ ᠵᠠᠷᠴᠢᠮ ᠶᠣᠰᠣᠭᠠᠷ᠂ ᠠᠵᠤ | ᠠᠬᠤᠶᠢᠯᠠᠯ ᠠᠴᠠ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠶᠢ ᠤᠷᠢᠵᠤ ᠠᠮᠤᠷ ᠲᠦᠪᠰᠢᠨ ᠤ ᠪᠡᠶ᠎ᠡ ᠶᠢᠨ | ᠪᠠᠶᠢᠴᠠᠭᠠᠯᠲᠠ ᠬᠢᠯᠭᠡᠵᠦ᠂ ᠪᠡᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ | ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠠᠴᠠ ᠠᠵᠤ ᠠᠬᠤᠶᠢᠯᠠᠯ ᠳᠤ ᠴᠢᠳᠠᠪᠤᠷᠢ ᠣᠯᠭᠤᠬᠤ ᠪᠣᠯᠪᠠᠰᠤᠷᠠᠯ | ᠬᠢᠯᠭᠡᠵᠦ᠂ ᠡᠴᠦᠰ ᠲᠡᠭᠡᠨ ᠠᠵᠤ ᠠᠬᠤᠶᠢᠯᠠᠯ ᠢ ᠬᠠᠪᠰᠤᠷᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ | ᠲᠣᠭᠲᠠᠭᠠᠯ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠨ᠂ | ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠥᠨᠢ ᠤᠳᠠᠭᠠᠨ ᠠᠮᠤᠷ ᠲᠦᠪᠰᠢᠨ ᠪᠠᠶᠢᠯᠭᠠᠬᠤ ᠶᠢ ᠪᠡᠶᠡᠯᠡᠭᠦᠯᠦᠨ᠎ᠡ | ᠃ | ᠬᠤᠶᠠᠷ᠂ ᠠᠵᠢᠯ ᠤᠨ ᠠᠭᠤᠯᠭ᠎ᠠ | ︵ᠨᠢᠭᠡ︶ ᠠᠮᠤᠷ ᠲᠦᠪᠰᠢᠨ ᠤ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠠᠶᠤᠯᠭᠦᠶ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠥᠳᠡᠯᠦᠩᠭᠦᠶ ᠪᠠᠶᠢᠳᠠᠯ ᠢ ᠪᠠᠷᠢᠮᠵᠢᠶ᠎ᠠ ᠳᠤ ᠬᠦᠷᠭᠡᠬᠦ ᠪᠠ ᠠᠶᠤᠯᠭᠦᠶ | ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠪᠠᠷ ᠬᠠᠷᠠᠯᠲᠠ | ᠪᠣᠯᠭᠠᠵᠤ᠂ ᠠᠵᠤ ᠠᠬᠤᠶᠢᠯᠠᠯ ᠠᠴᠠ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠶᠢ ᠤᠷᠢᠵᠤ ᠠᠮᠤᠷ | ᠲᠦᠪᠰᠢᠨ ᠤ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠰᠠᠭᠤᠷᠢ | ᠬᠠᠮᠢᠶᠠᠷᠤᠯᠲᠠ᠂ ᠭᠠᠷ ᠤᠷᠠᠯᠠᠯ ᠤᠨ ᠬᠠᠮᠢᠶᠠᠷᠤᠯᠲᠠ᠂ ᠴᠠᠬᠢᠯᠭᠠᠨ ᠬᠡᠮᠵᠢᠭᠦᠷᠯᠢᠭ ᠤᠨ ᠬᠠᠮᠢᠶᠠᠷᠤᠯᠲᠠ᠂ | ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠲᠠᠯ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠵᠤ | ᠠᠬᠤᠶᠢᠯᠠᠯ ᠤᠨ ᠡᠳᠦᠷ ᠲᠤᠲᠤᠮ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠳᠤᠮᠳᠠ ᠲᠣᠰ ᠪᠡᠶ᠎ᠡ ᠶᠢᠨ | ᠲᠤᠰᠬᠠᠶ ᠮᠡᠷᠭᠡᠵᠢᠯ ᠤᠨ ᠴᠢᠳᠠᠪᠤᠷᠢ ᠬᠦᠷᠦᠯᠴᠡᠬᠦ ᠥᠬᠡᠶ ᠠᠴᠠ ᠪᠣᠯᠵᠣ ᠣᠷᠳᠣ ᠬᠤᠭᠤᠴᠠᠭ᠎ᠠ ᠪᠠᠷ ᠣᠯᠵᠤ ᠮᠡᠳᠡᠭᠡᠳᠦᠶ | ᠳᠠᠯᠳᠠ ᠬᠡᠮ ᠢ ᠠᠷᠢᠯᠭᠠᠬᠤ ᠬᠡᠷᠡᠭᠲᠡᠶ᠃ | ︵ᠬᠤᠶᠠᠷ︶ ᠴᠢᠳᠠᠪᠦᠷᠢ ᠣᠯᠭᠤᠬᠤ ᠪᠣᠯᠪᠠᠰᠤᠷᠠᠯ ᠢ ᠬᠡᠷᠡᠭᠵᠢᠭᠦᠯᠦᠨ᠎ᠡ᠃ ᠠᠮᠤᠷ ᠲᠦᠪᠰᠢᠨ ᠤ ᠪᠡᠶ᠎ᠡ ᠶᠢᠨ | ᠪᠠᠶᠢᠴᠠᠭᠠᠯᠲᠠ ᠶᠢᠨ ᠳᠤᠮᠳᠠ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠠᠮᠢᠶᠠᠷᠤᠯᠲᠠ ᠶᠢᠨ | ᠠᠰᠠᠭᠤᠳᠠᠯ ᠳᠤ ᠴᠢᠭᠯᠡᠭᠦᠯᠦᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠶᠢ ᠤᠷᠢᠨ ᠬᠡᠷᠡᠭᠯᠡᠵᠦ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠳᠤ ᠲᠤᠰᠬᠠᠶ ᠮᠡᠷᠭᠡᠵᠢᠯ ᠤᠨ ᠪᠣᠯᠪᠠᠰᠤᠷᠠᠯ ᠬᠢᠯᠭᠡᠵᠦ᠂ ᠲᠡᠳᠡᠨ ᠳᠤ ᠲᠣᠰ | ᠠᠵᠢᠯ ᠤᠨ ᠪᠠᠶᠢᠷᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠮᠡᠷᠭᠡᠵᠢᠯ ᠴᠢᠳᠠᠪᠤᠷᠢ ᠪᠠ ᠠᠷᠭ᠎ᠠ ᠶᠢ | ᠡᠵᠡᠮᠰᠢᠭᠦᠯᠬᠦ ᠬᠡᠷᠡᠭᠲᠡᠶ᠃ ᠡᠭᠦᠨ ᠤ ᠰᠠᠭᠤᠷᠢᠨ ᠳᠡᠭᠡᠷ᠎ᠡ᠂ ᠠᠵᠤ ᠠᠬᠤᠶᠢᠯᠠᠯ ᠢ ᠵᠢᠯᠣᠭᠤᠳᠤᠨ ᠰᠢᠨᠵᠢᠯᠡᠬᠦ ᠤᠬᠠᠭᠠᠨᠴᠢ | ᠵᠦᠢ ᠵᠣᠬᠢᠰᠲᠠᠶ ᠠᠶᠤᠯᠭᠦᠶ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠠᠶᠤᠯᠭᠦᠶ ᠦᠢᠯᠡᠳᠪᠦᠷᠢᠯᠡᠯ ᠤᠨ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠡ᠊ᠨᠳᠡᠯ ᠭᠠᠷᠬᠤ ᠶᠢ ᠪᠠᠭᠠᠰᠬᠠᠨ᠎ᠠ᠃ ᠡᠭᠦᠨ ᠤ ᠬᠠᠮᠲᠤ᠂ ᠠᠵᠤ | ᠠᠬᠤᠶᠢᠯᠠᠯ ᠢ ᠬᠠᠪᠰᠤᠷᠤᠨ ᠠᠶᠤᠯᠭᠦᠢ ᠦᠢᠯᠡᠳᠪᠦᠷᠢᠯᠡᠯ ᠤᠨ ᠮᠡᠷᠭᠡᠵᠢᠯ ᠪᠣᠯᠤᠨ ᠬᠠᠮᠢᠶᠠᠷᠤᠯᠲᠠ ᠶᠢᠨ ᠪᠦᠯᠬᠦᠮ ᠢ | ᠪᠠᠶᠢᠭᠤᠯᠵᠤ᠂ 3 — 5 ᠨᠡᠷᠡᠰ ᠳᠣᠲᠣᠭᠠᠳᠤ ᠶᠢᠨ ᠪᠣᠯᠪᠠᠰᠤᠷᠠᠭᠤᠯᠤᠭᠴᠢ ᠶᠢ ᠬᠥᠮᠦᠵᠢᠭᠦᠯᠵᠦ᠂ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠵᠤ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠰᠠᠶᠢᠵᠢᠷᠠᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ᠣᠶᠢᠷ᠎ᠠ ᠶᠢᠨ ᠵᠢᠯ ᠤᠨ ᠲᠤᠷᠰᠢᠬᠢ ᠠᠮᠤᠷ ᠲᠦᠪᠰᠢᠨ ᠤ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠳᠤᠮᠳᠠ | ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠳᠤ ᠶᠡᠷᠦᠩᠬᠡᠶᠢᠯᠡᠭᠰᠡᠨ ᠵᠠᠳᠠᠯᠤᠯᠲᠠ | ᠬᠢᠵᠦ᠂ ᠳᠣᠤᠷᠠᠬᠢ ᠬᠡᠳᠦᠨ ᠲᠠᠯ᠎ᠠ ᠳᠤ ᠭᠤᠤᠯᠳᠠᠯᠭ᠎ᠠ ᠲᠠᠢ ᠪᠠᠷ ᠴᠢᠳᠠᠪᠦᠷᠢ ᠣᠯᠭᠤᠬᠤ ᠪᠣᠯᠪᠠᠰᠤᠷᠠᠯ ᠢ ᠥᠷᠨᠢᠭᠦᠯᠦᠨ᠎ᠡ | ᠄ | ︵ᠨᠢᠭᠡ︶ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠤᠨ | ᠨᠠᠶᠢᠳᠠᠪᠤᠷᠢᠵᠢᠭᠤᠯᠤᠯᠲᠠ ᠶᠢᠨ ᠴᠢᠳᠠᠪᠤᠷᠢ ᠣᠯᠭᠤᠬᠤ ᠪᠣᠯᠪᠠᠰᠤᠷᠠᠯ᠃ ᠨᠢᠭᠡ ᠳᠤ᠂ ᠠᠵᠤ ᠠᠬᠤᠶᠢᠯᠠᠯ ᠢ ᠵᠢᠯᠣᠭᠤᠳᠤᠨ | ᠠᠵᠢᠯ ᠤᠨ ᠪᠠᠶᠢᠷᠢ ᠶᠢᠨ ᠣᠨᠴᠠᠯᠢᠭ ᠢ ᠦᠨᠳᠦᠰᠦᠯᠡᠨ᠂ ︽ᠨᠢᠭᠡ ᠠᠵᠢᠯ ᠤᠨ ᠪᠠᠶᠢᠷᠢ ᠨᠢᠭᠡ ᠬᠠᠷᠢᠭᠤᠴᠠᠯᠭ᠎ᠠ︾ ᠶᠢᠨ | ᠱᠠᠭᠠᠷᠳᠠᠯᠭ᠎ᠠ ᠶᠣᠰᠣᠭᠠᠷ᠂ ᠪᠦᠬᠦ ᠰᠠᠯᠠᠭ᠎ᠠ ᠮᠥᠴᠢᠷ᠂ ᠪᠦᠬᠦ ᠠᠵᠢᠯ ᠤᠨ ᠪᠠᠶᠢᠷᠢ ᠶᠢᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠳᠤᠲᠠᠮᠠᠭ᠂ ᠡᠭᠦᠷᠭᠡ ᠬᠠᠷᠢᠭᠤᠴᠠᠯᠭ᠎ᠠ ᠪᠠᠯᠠᠷᠬᠠᠶ᠂ | ᠬᠠᠷᠢᠭᠤᠴᠠᠯᠭ᠎ᠠ ᠶᠢᠨ ᠲᠦᠷᠢᠮ ᠤᠨ ᠠᠭᠤᠯᠭ᠎ᠠ ᠨᠢ ᠪᠣᠳᠠᠲᠠᠶ ᠲᠠᠢ ᠨᠡᠶᠢᠴᠡᠬᠦ ᠥᠬᠡᠶ ᠵᠡᠷᠭᠡ ᠲᠣᠪᠤᠶᠢᠮ᠎ᠠ ᠠᠰᠠᠭᠤᠳᠠᠯ ᠢ | ᠬᠦᠴᠦᠯᠡᠨ ᠠᠷᠢᠯᠭᠠᠨ᠎ᠠ᠃ ᠬᠤᠶᠠᠷ ᠲᠤ᠂ ᠠᠵᠤ ᠠᠬᠤᠶᠢᠯᠠᠯ ᠤᠨ ᠪᠦᠬᠦ ᠠᠵᠢᠯᠲᠠᠳ ᠢ ᠵᠢᠯᠣᠭᠤᠳᠤᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠤᠯᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠤᠨ ᠪᠦᠲᠦᠮᠵᠢᠲᠡᠢ ᠶᠠᠪᠤᠭᠳᠠᠬᠤ ᠶᠢ ᠪᠠᠲᠤᠯᠠᠨ᠎ᠠ᠃ ᠭᠤᠷᠪᠠ ᠳᠤ᠂ ᠠᠵᠤ ᠠᠬᠤᠶᠢᠯᠠᠯ ᠢ | ᠵᠢᠯᠣᠭᠤᠳᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠭᠦᠯᠵᠦ | ᠂ ᠴᠢᠩᠭ᠎ᠠ ᠬᠢᠨᠠᠨ ᠰᠢᠯᠭᠠᠵᠤ ᠱᠠᠩᠨᠠᠵᠤ ᠲᠣᠷᠭᠠᠬᠤ ᠪᠠᠷ ᠳᠠᠮᠵᠢᠭᠤᠯᠵᠤ᠂ ᠠᠵᠢᠯ ᠤᠨ ᠪᠠᠶᠢᠷᠢ ᠶᠢᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠲᠦᠷᠪᠡ ᠳᠤ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯᠳᠠᠨ᠂ ᠡᠭᠡᠯᠵᠢ ᠳᠤᠭᠤᠶᠢᠯᠠᠩ ᠤᠨ ᠳᠠᠷᠤᠭ᠎ᠠ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠤᠨ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠠᠪᠤᠴᠠ ᠳᠠᠬᠢ | ᠠᠰᠠᠭᠤᠳᠠᠯ ᠢ ᠴᠢᠩᠭ᠎ᠠ ᠬᠢᠨᠠᠨ ᠪᠠᠶᠢᠴᠠᠭᠠᠵᠤ᠂ ᠲᠡᠳᠡᠨ ᠤ ᠠᠶᠤᠯᠭᠦᠢ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠶᠢ ᠱᠠᠯᠠᠪᠳᠠᠭᠤᠯᠤᠨ᠎ᠠ᠃ | ︵ᠬᠤᠶᠠᠷ︶ ᠠᠶᠤᠯᠭᠦᠶ ᠶᠢᠨ ᠬᠠᠮᠢᠶᠠᠷᠤᠯᠲᠠ ᠶᠢᠨ ᠲᠥᠷᠢᠮ ᠬᠢᠭᠡᠳ ᠠᠵᠢᠯᠯᠠᠬᠤ ᠲᠥᠷᠢᠮ ᠢ ᠬᠡᠷᠡᠭᠵᠢᠭᠦᠯᠬᠦ | ᠴᠢᠳᠠᠪᠤᠷᠢ ᠣᠯᠭᠤᠬᠤ ᠪᠣᠯᠪᠠᠰᠤᠷᠠᠯ᠃ ᠨᠢᠭᠡ ᠳᠤ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠬᠠᠮᠤᠭ ᠤᠨ ᠰᠢᠨ᠎ᠡ | ᠨᠡᠶᠢᠲᠡᠯᠡᠭᠰᠡᠨ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠴᠠᠭ | ᠲᠤᠬᠠᠶ ᠳᠤᠨᠢ ᠡᠵᠡᠮᠰᠢᠭᠦᠯᠬᠦ ᠶᠢᠨ ᠬᠠᠮᠲᠤ ᠲᠡᠭᠦᠨ ᠢ ᠠᠵᠤ ᠠᠬᠤᠶᠢᠯᠠᠯ ᠤᠨ ᠠᠶᠤᠯᠭᠦᠶ ᠶᠢᠨ ᠬᠠᠮᠢᠶᠠᠷᠤᠯᠲᠠ ᠶᠢᠨ | ᠲᠦᠷᠢᠮ ᠲᠣᠭᠲᠠᠭᠠᠯ ᠪᠠ ᠠᠵᠢᠯᠯᠠᠬᠤ ᠲᠦᠷᠢᠮ ᠪᠣᠯᠭᠠᠨ ᠬᠤᠪᠢᠷᠠᠭᠤᠯᠤᠨ᠎ᠠ᠃ ᠬᠤᠶᠠᠷ ᠲᠤ ᠠᠵᠤ ᠠᠬᠤᠶᠢᠯᠠᠯ ᠢ | ᠵᠢᠯᠣᠭᠤᠳᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ ᠪᠠ ᠠᠵᠢᠯᠯᠠᠬᠤ ᠲᠦᠷᠢᠮ ᠤᠨ ᠵᠣᠬᠢᠴᠠᠬᠤ ᠴᠢᠨᠠᠷ ᠢ | ᠦᠨᠡᠯᠡᠨ ᠵᠢᠱᠢᠵᠦ᠂ ᠲᠦᠷᠢᠮ ᠪᠠ ᠲᠦᠷᠢᠮ ᠳᠤ ᠣᠷᠣᠰᠢᠵᠤ ᠪᠠᠶᠢᠭ᠎ᠠ ᠵᠦᠢ ᠵᠤᠬᠢᠰ ᠦᠭᠡᠢ ᠳᠤᠲᠠᠭᠳᠠᠯ ᠢ ᠪᠦᠬᠦ | ᠲᠠᠯ᠎ᠠ ᠪᠠᠷ ᠵᠠᠯᠠᠷᠠᠭᠤᠯᠵᠤ᠂ ᠠᠵᠤ ᠠᠬᠤᠶᠢᠯᠠᠯ ᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ ᠪᠠ ᠠᠵᠢᠯᠯᠠᠬᠤ | ᠲᠦᠷᠢᠮ ᠢ ᠬᠡᠷᠡᠭᠵᠢᠭᠦᠯᠬᠦ ᠶᠠᠪᠤᠴᠠ ᠳᠠᠬᠢ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠨ᠎ᠠ᠃ ᠭᠤᠷᠪᠠ ᠳᠤ ᠠᠵᠤ | ᠠᠬᠤᠶᠢᠯᠠᠯ ᠢ ᠵᠢᠯᠣᠭᠤᠳᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ ᠪᠠ ᠠᠵᠢᠯᠯᠠᠬᠤ ᠲᠦᠷᠢᠮ ᠳᠤ ᠣᠷᠣᠰᠢᠵᠤ | ᠪᠠᠶᠢᠭ᠎ᠠ ᠬᠠᠮᠢᠶᠠᠷᠤᠯᠲᠠ ᠶᠢᠨ ᠲᠠᠯ᠎ᠠ ᠪᠠᠷ ᠬᠢ ᠳᠤᠲᠠᠭᠳᠠᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠠᠶᠤᠯᠭᠦᠶ | ᠦᠢᠯᠡᠳᠪᠦᠷᠢᠯᠡᠯ ᠤᠨ ᠴᠢᠬᠤᠯᠠ ᠬᠡᠷᠡᠭ ᠶᠠᠪᠤᠳᠠᠯ ᠤᠨ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠳᠬᠠᠨ᠎ᠠ᠃ | ᠲᠦᠷᠪᠡ ᠳᠤ ᠠᠵᠤ ᠠᠬᠤᠶᠢᠯᠠᠯ ᠢ ᠵᠢᠯᠣᠭᠤᠳᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ | ᠠᠵᠢᠯᠯᠠᠬᠤ ᠲᠦᠷᠢᠮ ᠳᠤ ᠵᠠᠰᠠᠪᠤᠷᠢ ᠣᠷᠣᠭᠤᠯᠬᠤ ᠶᠢᠨ ᠬᠠᠮᠲᠤ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ ᠪᠠ | ᠠᠵᠢᠯᠯᠠᠬᠤ ᠲᠦᠷᠢᠮ ᠳᠤ ᠵᠠᠰᠠᠪᠤᠷᠢ ᠣᠷᠣᠭᠤᠯᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ | ︵ᠭᠤᠷᠪᠠ︶ ᠠᠶᠤᠯᠭᠦᠶ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠣᠯᠭᠤᠬᠤ ᠪᠣᠯᠪᠠᠰᠤᠷᠠᠯ᠃ | ᠨᠢᠭᠡ ᠳᠤ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠢᠯᠭᠠᠨ | ᠲᠠᠨᠢᠬᠤ ᠪᠠ ᠦᠨᠡᠯᠡᠨ ᠵᠢᠱᠢᠬᠦ ᠶᠢ ᠵᠢᠯᠣᠭᠤᠳᠴᠤ᠂ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ᠂ ᠬᠤᠤᠷ | ᠬᠥᠨᠥᠭᠡᠯ ᠤᠨ ᠬᠡᠷᠡᠭ ᠤᠨ ᠦᠷ᠎ᠡ ᠳ᠋ᠦᠩ ᠢ ᠵᠠᠳᠠᠯᠬᠤ᠂ ᠠᠮᠤᠷ ᠲᠦᠪᠰᠢᠨ ᠤ ᠲᠦᠭᠰᠢᠭᠦᠷᠢ ᠶᠢᠨ ᠬᠡᠮᠵᠢᠭᠳᠡᠯ ᠢ ᠵᠢᠱᠢᠨ | ᠪᠤᠳᠤᠬᠤ ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ | ᠲᠦᠭᠰᠢᠭᠦᠷᠢ ᠶᠢᠨ ᠲᠥᠷᠥᠯ ᠢᠯᠭᠠᠯ ᠪᠠ ᠵᠡᠷᠭᠡ ᠳᠡᠰ ᠢ ᠲᠣᠭᠲᠠᠭᠠᠨ᠎ᠠ᠃ ᠬᠤᠶᠠᠷ ᠲᠤ᠂ ᠠᠵᠤ ᠠᠬᠤᠶᠢᠯᠠᠯ ᠢ | ᠵᠢᠯᠣᠭᠤᠳᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠤ | ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ ᠵᠦᠢ ᠵᠣᠬᠢᠰᠲᠠᠢ ᠪᠦᠲᠦᠮᠵᠢᠲᠡᠢ | ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠢ | ᠲᠣᠳᠣᠷᠬᠠᠶᠢᠯᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠬᠤ ᠶᠢ ᠪᠡᠶᠡᠯᠡᠭᠦᠯᠵᠦ᠂ | ᠠᠮᠤᠷ ᠲᠦᠪᠰᠢᠨ ᠤ ᠠᠶᠤᠯ ᠲᠦᠭᠰᠢᠭᠦᠷᠢ ᠶᠢ ᠢᠮᠠᠭᠲᠠ ᠬᠠᠮᠢᠶᠠᠷᠤᠨ ᠡᠵᠡᠮᠳᠡᠬᠦ ᠬᠡᠪᠴᠢᠶᠡᠨ ᠳᠤ ᠪᠠᠶᠢᠯᠭᠠᠬᠤ ᠶᠢ | ᠪᠠᠲᠤᠯᠠᠬᠤ ᠬᠡᠷᠡᠭᠲᠡᠢ᠃ ᠭᠤᠷᠪᠠ ᠳᠤ᠂ ᠠᠵᠤ ᠠᠬᠤᠶᠢᠯᠠᠯ ᠢ ᠵᠢᠯᠣᠭᠤᠳᠤᠨ ᠠᠮᠤᠷ ᠲᠦᠪᠰᠢᠨ ᠤ ᠠᠶᠤᠯ | ᠲᠦᠭᠰᠢᠭᠦᠷᠢ ᠶᠢ ᠵᠠᠷᠯᠠᠨ ᠨᠡᠶᠢᠲᠡᠯᠡᠵᠦ᠂ ᠠᠵᠤ ᠠᠬᠤᠶᠢᠯᠠᠯ ᠢ ᠬᠠᠪᠰᠤᠷᠤᠨ ᠠᠮᠤᠷ ᠲᠦᠪᠰᠢᠨ ᠤ ᠠᠶᠤᠯ | ᠲᠦᠭᠰᠢᠭᠦᠷᠢ ᠶᠢ ᠵᠠᠷᠯᠠᠨ ᠨᠡᠶᠢᠲᠡᠯᠡᠬᠦ ᠰᠠᠮᠪᠠᠷ᠎ᠠ ᠭᠠᠷᠭᠠᠬᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠮᠡᠳᠡᠭᠳᠡᠬᠦ | ᠺᠠᠷᠲ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ | ᠠᠶᠤᠯ ᠲᠦᠭᠰᠢᠭᠦᠷᠢ ᠶᠢᠨ ᠦᠨᠳᠦᠰᠦᠨ ᠪᠠᠶᠢᠳᠠᠯ ᠵᠢᠴᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠨᠡᠶᠢᠭᠡᠮ ᠪᠣᠯᠤᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠳᠤ ᠵᠠᠷᠯᠠᠨ | ᠨᠡᠶᠢᠲᠡᠯᠡᠨ᠎ᠡ᠃ ᠲᠦᠷᠪᠡ ᠳᠤ᠂ ᠠᠵᠤ ᠠᠬᠤᠶᠢᠯᠠᠯ ᠢ ᠵᠢᠯᠣᠭᠤᠳᠤᠨ ᠠᠮᠤᠷ ᠲᠦᠪᠰᠢᠨ ᠤ ᠲᠦᠭᠰᠢᠭᠦᠷᠢ ᠶᠢ ᠬᠦᠯᠢᠶᠡᠨ | ᠠᠪᠴᠤ ᠪᠣᠯᠬᠤ ᠪᠠᠷᠢᠮᠵᠢᠶ᠎ᠠ ᠶᠢ ᠲᠣᠭᠲᠠᠭᠠᠵᠤ᠂ ᠠᠮᠤᠷ ᠲᠦᠪᠰᠢᠨ ᠤ ᠦᠨᠡᠯᠡᠯᠲᠡ ᠶᠢᠨ ᠶᠠᠪᠤᠴᠠ ᠳᠤ ᠣᠯᠵᠤ | ᠮᠡᠳᠡᠭᠰᠡᠨ ᠬᠦᠯᠢᠶᠡᠨ ᠠᠪᠴᠤ ᠦᠯᠦ ᠪᠣᠯᠬᠤ ᠠᠮᠤᠷ ᠲᠦᠪᠰᠢᠨ ᠤ ᠲᠦᠭᠰᠢᠭᠦᠷᠢ ᠳᠤ ᠬᠠᠷᠠᠭᠠᠯᠵᠠᠭᠰᠠᠨ ᠴᠡᠭᠴᠡᠯᠡᠨ | ᠰᠠᠶᠢᠵᠢᠷᠠᠭᠤᠯᠬᠤ ᠲᠥᠰᠦᠯ ᠢ ᠲᠣᠭᠲᠠᠭᠠᠵᠤ᠂ ᠬᠦᠯᠢᠶᠡᠨ ᠠᠪᠴᠤ ᠦᠯᠦ ᠪᠣᠯᠬᠤ ᠠᠮᠤᠷ ᠲᠦᠪᠰᠢᠨ ᠤ | ᠲᠦᠭᠰᠢᠭᠦᠷᠢ ᠶᠢ ᠠᠷᠢᠯᠭᠠᠬᠤ ᠪᠤᠶᠤ ᠪᠠᠭᠠᠰᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢ | ᠬᠦᠯᠢᠶᠡᠨ ᠠᠪᠴᠤ ᠪᠣᠯᠬᠤ ᠬᠡᠪᠴᠢᠶᠡᠨ ᠳᠤ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | ︵ᠳᠥᠷᠪᠡ︶ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢᠨ | ᠴᠢᠳᠠᠪᠤᠷᠢ ᠣᠯᠭᠤᠬᠤ ᠪᠣᠯᠪᠠᠰᠤᠷᠠᠯ᠃ ᠨᠢᠭᠡ ᠳᠤ᠂ ᠠᠵᠤ ᠠᠬᠤᠶᠢᠯᠠᠯ ᠢ ᠵᠢᠯᠣᠭᠤᠳᠤᠨ ︽ᠠᠶᠤᠯᠲᠠᠶ ᠬᠢᠮᠢ ᠶᠢᠨ | ᠪᠣᠳᠠᠰ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠵᠠᠰᠠᠬᠤ ᠵᠢᠯᠣᠭᠤᠳᠬᠤ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠤ ᠠᠶᠤᠯ | ᠲᠦᠭᠰᠢᠭᠦᠷᠢ ᠳᠤ ᠰᠠᠭᠤᠷᠢᠯᠠᠭᠰᠠᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠰᠢᠰᠲ᠋ᠧᠮᠵᠢ ᠶᠢ ᠬᠡᠷᠡᠭᠵᠢᠭᠦᠯᠵᠦ᠂ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠥᠷᠥᠯ ᠬᠡᠯᠪᠡᠷᠢ᠂ ᠠᠭᠤᠯᠭ᠎ᠠ ᠪᠠ ᠳᠠᠪᠲᠠᠮᠵᠢ | ᠤᠳᠠᠭ᠎ᠠ ᠶᠢ ᠲᠣᠳᠣᠷᠬᠠᠶᠢᠯᠠᠬᠤ ᠪᠠ ᠨᠠᠷᠢᠯᠢᠬᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ | ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤᠬᠠᠶ ᠳᠤᠨᠢ ᠰᠢᠨᠡᠳᠬᠡᠨ ᠲᠡᠭᠦᠯᠳᠡᠷᠵᠢᠭᠦᠯᠵᠦ᠂ ᠠᠮᠤᠷ ᠲᠦᠪᠰᠢᠨ ᠤ | ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ | ᠬᠤᠶᠠᠷ ᠲᠤ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠡ᠊ᠨᠳᠡᠯ ᠤᠨ ᠲᠠᠯᠳᠠ ᠭᠡᠮ ᠢ ᠰᠢᠨᠵᠢᠯᠡᠬᠦ ᠤᠬᠠᠭᠠᠨᠴᠢ ᠪᠠᠷ | ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠡ᠊ᠨᠳᠡᠯ ᠤᠨ ᠲᠠᠯᠳᠠ ᠭᠡᠮ ᠤᠨ ᠡᠭᠦᠰᠦᠭᠰᠡᠨ ᠰᠢᠯᠲᠠᠭᠠᠨ ᠢ | ᠭᠦᠢᠴᠡᠳ ᠵᠠᠳᠠᠯᠤᠭᠰᠠᠨ ᠦᠭᠡᠢ᠂ ᠲᠦᠷ ᠴᠠᠭ ᠤᠨ ᠬᠢᠵᠠᠭᠠᠷᠯᠠᠬᠤ ᠠᠷᠭ᠎ᠠ ᠬᠡᠮᠵᠢᠶ᠎ᠡ ᠨᠢ ᠬᠠᠨᠳᠤᠯᠭᠠᠲᠤ ᠴᠢᠨᠠᠷ ᠢᠶᠠᠷ | ᠳᠤᠲᠠᠮᠠᠭ ᠪᠠᠶᠢᠬᠤ ᠵᠡᠷᠭᠡ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ | ᠬᠥᠮᠦᠰ ᠲᠤ ᠲᠤᠰᠬᠠᠶ ᠵᠦᠢᠯ ᠤᠨ ᠬᠠᠪᠰᠤᠷᠤᠨ ᠵᠢᠯᠤᠭᠤᠳᠤᠯᠭ᠎ᠠ ᠬᠢᠵᠦ᠂ ᠠᠵᠤ ᠠᠬᠤᠶᠢᠯᠠᠯ ᠤᠨ ᠲᠠᠯᠳᠠ ᠭᠡᠮ ᠢ | ᠰᠢᠨᠵᠢᠯᠡᠬᠦ ᠤᠬᠠᠭᠠᠨᠴᠢ ᠪᠠᠷ ᠴᠡᠭᠴᠡᠯᠡᠨ ᠰᠠᠶᠢᠵᠢᠷᠠᠭᠤᠯᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ | ︵ᠲᠠᠪᠤ︶ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠴᠢᠳᠠᠪᠦᠷᠢ ᠣᠯᠭᠤᠬᠤ ᠪᠣᠯᠪᠠᠰᠤᠷᠠᠯ᠃ ᠨᠢᠭᠡ ᠳᠤ ᠠᠵᠤ | ᠠᠬᠤᠶᠢᠯᠠᠯ ᠢ ᠵᠢᠯᠣᠭᠤᠳᠤᠨ ᠲᠣᠨᠤᠭ ᠲᠥᠬᠦᠭᠡᠷᠦᠮᠵᠢ ᠶᠢᠨ ᠪᠦᠷᠢᠨ ᠪᠦᠲᠦᠨ ᠴᠢᠨᠠᠷᠲᠠᠶ ᠬᠠᠮᠢᠶᠠᠷᠤᠯᠲᠠ ᠶᠢ | ᠪᠡᠶᠡᠯᠡᠭᠦᠯᠵᠦ᠂ ᠯᠡᠪᠡᠷᠡᠭᠰᠡᠨ ᠠᠶᠤᠯ ᠤᠨ ᠡᠬᠢ ᠰᠤᠷᠪᠤᠯᠵᠢ ᠶᠢᠨ ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠶᠢ | ᠡᠮᠬᠢᠯᠡᠨ ᠳᠣᠲᠣᠯᠠᠬᠤ ᠪᠠᠷ ᠳᠠᠮᠵᠢᠭᠤᠯᠤᠨ᠂ ᠵᠣᠬᠢᠴᠠᠩᠭᠤᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠣᠭᠲᠠᠭᠠᠵᠤ᠂ | ᠪᠣᠳᠠᠰ ᠤᠨ ᠮᠠᠲ᠋ᠧᠷᠢᠶᠠᠯ ᠤᠨ ᠯᠡᠪᠡᠷᠡᠬᠦ ᠶᠢ ᠰᠡᠷᠭᠡᠶᠢᠯᠡᠨ᠂ ᠭᠠᠯ ᠤᠨ ᠠᠶᠤᠯ᠂ ᠳᠡᠯᠪᠡᠷᠡᠯᠲᠡ᠂ ᠬᠤᠤᠷᠳᠠᠯᠭ᠎ᠠ ᠶᠢᠨ | ᠠᠳᠡᠯ ᠭᠠᠷᠬᠤ ᠠᠴᠠ ᠵᠠᠶᠢᠯᠠᠰᠬᠢᠨ᠎ᠡ᠃ ᠬᠤᠶᠠᠷ ᠲᠤ᠂ ᠠᠵᠤ ᠠᠬᠤᠶᠢᠯᠠᠯ ᠢ ᠵᠢᠯᠣᠭᠤᠳᠤᠨ ᠠᠮᠤᠷ ᠲᠦᠪᠰᠢᠨ ᠤ | ᠪᠡᠯᠡᠳᠬᠡᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠤᠯᠪᠣᠭᠠᠯᠠᠨ ᠣᠨᠢᠰᠤᠯᠠᠵᠤ ᠣᠭᠲᠣᠯᠤᠨ ᠠᠪᠴᠤ ᠬᠡᠷᠡᠭᠯᠡᠬᠦ᠂ | ᠬᠠᠶᠢᠭᠤᠷ ᠢᠶᠠᠷ ᠲᠦᠭᠰᠢᠭᠦᠷᠢ ᠮᠡᠳᠡᠭᠦᠯᠵᠦ ᠰᠢᠢᠳᠪᠦᠷᠢᠯᠡᠬᠦ᠂ ᠠᠮᠤᠷ ᠲᠦᠪᠰᠢᠨ ᠤ ᠪᠡᠯᠡᠳᠬᠡᠮᠵᠢ ᠶᠢ ᠬᠠᠮᠠᠭᠠᠯᠠᠨ | ᠠᠷᠠᠴᠢᠯᠠᠬᠤ᠂ ᠠᠮᠤᠷ ᠲᠦᠪᠰᠢᠨ ᠤ ᠬᠡᠮᠵᠢᠭᠦᠷᠯᠢᠭ ᠤᠨ ᠰᠢᠰᠲ᠋ᠧᠮ ᠢ ᠠᠰᠢᠭᠯᠠᠯᠲᠠ ᠳᠤ ᠣᠷᠣᠭᠤᠯᠬᠤ ᠵᠡᠷᠭᠡ | ᠬᠤᠯᠪᠣᠭᠳᠠᠯ ᠪᠥᠬᠦᠶ ᠲᠠᠯ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠭᠤᠷᠪᠠ ᠳᠤ᠂ ᠠᠵᠤ ᠠᠬᠤᠶᠢᠯᠠᠯ ᠢ ᠵᠢᠯᠣᠭᠤᠳᠤᠨ ᠲᠣᠨᠤᠭ | ᠲᠥᠬᠦᠭᠡᠷᠦᠮᠵᠢ ᠶᠢ ᠪᠠᠶᠢᠴᠠᠭᠠᠨ ᠰᠡᠯᠪᠢᠬᠦ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ | ᠲᠣᠨᠤᠭ ᠲᠥᠬᠦᠭᠡᠷᠦᠮᠵᠢ ᠶᠢ ᠪᠠᠶᠢᠴᠠᠭᠠᠨ ᠰᠡᠯᠪᠢᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠪᠠᠶᠢᠴᠠᠭᠠᠨ ᠰᠡᠯᠪᠢᠬᠦ ︽ᠲᠠᠪᠤ ᠶᠢ ᠲᠣᠭᠲᠠᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠶᠢᠴᠠᠭᠠᠨ ᠰᠡᠯᠪᠢᠬᠦ | ᠠᠵᠢᠯ ᠢ ᠵᠣᠬᠢᠰ ᠥᠬᠡᠶ ᠬᠢᠭᠰᠡᠨ ᠠᠴᠠ ᠪᠣᠯᠤᠭᠰᠠᠨ ᠠᠳᠡᠯ ᠢ ᠪᠥᠬᠦ ᠲᠠᠯ᠎ᠠ ᠪᠠᠷ ᠪᠠᠭᠠᠰᠬᠠᠨ᠎ᠠ᠃ | ︵ᠵᠢᠷᠭᠤᠭ᠎ᠠ︶ ᠣᠨᠴᠠᠭᠠᠶ ᠠᠶᠤᠯᠲᠠᠶ ᠠᠵᠢᠯ ᠤᠨ ᠬᠠᠮᠢᠶᠠᠷᠤᠯᠲᠠ ᠶᠢᠨ ᠴᠢᠳᠠᠪᠤᠷᠢ ᠣᠯᠭᠤᠬᠤ ᠪᠣᠯᠪᠠᠰᠤᠷᠠᠯ᠃ | ᠨᠢᠭᠡ ᠳᠤ ᠠᠵᠤ ᠠᠬᠤᠶᠢᠯᠠᠯ ᠢ ᠵᠢᠯᠣᠭᠤᠳᠤᠨ ᠣᠨᠴᠣᠭᠤᠶ ᠠᠶᠤᠯᠲᠠᠶ ᠠᠵᠢᠯ ᠤᠨ ᠶᠠᠪᠤᠴᠠ ᠶᠢᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠣᠨᠴᠣᠭᠤᠶ ᠠᠶᠤᠯᠲᠠᠶ ᠠᠵᠢᠯ ᠤᠨ ᠬᠥᠮᠦᠰ ᠲᠤ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ ᠬᠢᠵᠦ᠂ ᠲᠡᠳᠡᠨ ᠤ ᠲᠦᠭᠰᠢᠭᠦᠷᠢ ᠶᠢᠨ ᠢᠷᠡᠯᠲᠡ ᠶᠢ ᠢᠯᠭᠠᠨ ᠲᠠᠨᠢᠬᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠬᠠᠮᠲᠤ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠠᠵᠤ ᠠᠬᠤᠶᠢᠯᠠᠯ ᠢ ᠵᠢᠭᠠᠨ ᠵᠢᠯᠣᠭᠤᠳᠴᠤ | ᠪᠠᠶᠢᠭᠠᠳ ᠣᠨᠴᠠᠭᠠᠢ ᠠᠶᠤᠯᠲᠠᠢ ᠠᠵᠢᠯ ᠤᠨ ᠠᠮᠤᠷ ᠲᠦᠪᠰᠢᠨ ᠤ ᠬᠢᠨᠠᠨ ᠬᠠᠮᠠᠭᠠᠯᠠᠯᠲᠠ ᠶᠢ ᠴᠢᠩᠭᠠᠳᠬᠠᠵᠤ᠂ | ᠣᠨᠴᠠᠭᠠᠢ ᠠᠶᠤᠯᠲᠠᠢ ᠠᠵᠢᠯ ᠤᠨ ᠬᠢᠨᠠᠨ ᠬᠠᠮᠠᠭᠠᠯᠠᠭᠴᠢ ᠳᠤ ᠲᠤᠰᠬᠠᠢ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ | ᠲᠡᠳᠡᠨ ᠤ ᠠᠮᠤᠷ ᠲᠦᠪᠰᠢᠨ ᠤ ᠬᠢᠨᠠᠨ ᠬᠠᠮᠠᠭᠠᠯᠠᠯᠲᠠ ᠶᠢᠨ ᠤᠬᠠᠮᠰᠠᠷ᠂ ᠠᠶᠤᠯ ᠲᠦᠭᠰᠢᠭᠦᠷᠢ ᠶᠢ ᠢᠯᠭᠠᠨ ᠲᠠᠨᠢᠬᠤ | ᠴᠢᠳᠠᠪᠤᠷᠢ ᠪᠣᠯᠤᠨ ᠪᠢᠯᠧᠲ ᠪᠠᠶᠢᠴᠠᠭᠠᠵᠤ ᠪᠢᠯᠧᠲ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠣᠨᠴᠠᠭᠠᠢ | ᠠᠶᠤᠯᠲᠠᠢ ᠠᠵᠢᠯ ᠤᠨ ᠠᠮᠤᠷ ᠲᠦᠪᠰᠢᠨ ᠤ ᠬᠢᠨᠠᠨ ᠬᠠᠮᠠᠭᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠲᠤᠯᠤᠭ᠎ᠠ︶ ᠳᠠᠭᠠᠭᠠᠴᠢᠯᠠᠭᠰᠠᠨ ᠬᠤᠳᠠᠯᠳᠤᠭᠠᠴᠢᠨ ᠤ ᠠᠶᠤᠯᠭᠦᠢ ᠶᠢᠨ ᠬᠠᠮᠢᠶᠠᠷᠤᠯᠲᠠ ᠶᠢᠨ ᠴᠢᠳᠠᠪᠤᠷᠢ | ᠣᠯᠭᠤᠬᠤ ᠪᠣᠯᠪᠠᠰᠤᠷᠠᠯ᠃ ᠨᠢᠭᠡ ᠳᠤ ᠠᠵᠤ ᠠᠬᠤᠶᠢᠯᠠᠯ ᠢ ᠵᠢᠯᠣᠭᠤᠳᠤᠨ ᠳᠠᠭᠠᠭᠠᠴᠢᠯᠠᠭᠰᠠᠨ ᠬᠤᠳᠠᠯᠳᠤᠭᠠᠴᠢᠨ ᠤ | ᠠᠮᠤᠷ ᠲᠦᠪᠰᠢᠨ ᠤ ᠪᠣᠯᠪᠠᠰᠤᠷᠠᠭᠤᠯᠤᠯ ᠤᠨ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ | ᠳᠠᠭᠠᠭᠠᠴᠢᠯᠠᠭᠰᠠᠨ ᠬᠤᠳᠠᠯᠳᠤᠭᠠᠴᠢᠨ ᠤ ᠠᠵᠢᠯᠯᠠᠭᠰᠠᠳ ᠲᠤ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ | ᠲᠦᠭᠰᠢᠭᠦᠷᠢ᠂ ᠠᠵᠢᠯ ᠤᠨ ᠠᠮᠤᠷ ᠲᠦᠪᠰᠢᠨ ᠤ ᠱᠠᠭᠠᠷᠳᠠᠯᠭ᠎ᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠮᠡᠳᠡᠯᠭᠡ ᠶᠢ ᠣᠶᠢᠯᠠᠭᠠᠭᠤᠯᠵᠤ᠂ ᠠᠵᠢᠯ ᠬᠢᠬᠦ ᠶᠢᠨ ᠦᠨᠳᠦᠰᠦᠨ ᠠᠮᠤᠷ ᠲᠦᠪᠰᠢᠨ ᠤ ᠨᠥᠬᠦᠴᠡᠯ ᠢ ᠪᠦᠷᠢᠳᠦᠭᠦᠯᠦᠨ᠎ᠡ | ᠃ ᠬᠤᠶᠠᠷ ᠲᠤ ᠠᠵᠤ ᠠᠬᠤᠶᠢᠯᠠᠯ ᠢ ᠵᠢᠯᠣᠭᠤᠳᠤᠨ ᠳᠠᠭᠠᠭᠠᠴᠢᠯᠠᠭᠰᠠᠨ ᠬᠤᠳᠠᠯᠳᠤᠭᠠᠴᠢᠨ ᠤ ᠲᠠᠩᠰᠠ ᠡᠪᠬᠡᠮᠡᠯ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠳᠠᠭᠠᠭᠠᠴᠢᠯᠠᠭᠰᠠᠨ ᠬᠤᠳᠠᠯᠳᠤᠭᠠᠴᠢᠨ ᠤ | ᠣᠷᠣᠬᠤ ᠶᠢ ᠵᠥᠪᠰᠢᠶᠡᠷᠡᠬᠦ᠂ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ᠂ ᠦᠷᠭᠦᠯᠵᠢᠯᠡᠨ ᠬᠡᠷᠡᠭᠯᠡᠬᠦ ᠪᠤᠶᠤ ᠪᠤᠴᠠᠭᠠᠨ | ᠭᠠᠷᠭᠠᠬᠤ ᠵᠡᠷᠭᠡ ᠵᠠᠩᠭᠢᠯᠠᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠭᠤᠯᠤᠨ ᠪᠦᠷᠢᠨᠰᠢᠬᠦᠯᠵᠦ᠂ ᠠᠵᠤ | ᠠᠬᠤᠶᠢᠯᠠᠯ ᠤᠨ ᠳᠠᠭᠠᠭᠠᠴᠢᠯᠠᠭᠰᠠᠨ ᠬᠤᠳᠠᠯᠳᠤᠭᠠᠴᠢᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠭᠤᠷᠪᠠ ᠳᠤ᠂ | ᠠᠵᠤ ᠠᠬᠤᠶᠢᠯᠠᠯ ᠢ ᠵᠢᠯᠣᠭᠤᠳᠤᠨ ᠪᠠᠭᠤᠷᠠᠢ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠳᠠᠭᠠᠭᠠᠴᠢᠯᠠᠭᠰᠠᠨ ᠬᠤᠳᠠᠯᠳᠤᠭᠠᠴᠢᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ᠂ ᠦᠷᠭᠦᠯᠵᠢᠯᠡᠨ ᠬᠡᠷᠡᠭᠯᠡᠬᠦ | ᠪᠤᠶᠤ ᠬᠠᠮᠢᠶᠠᠷᠤᠯᠲᠠ ᠠᠴᠠ ᠤᠬᠤᠷᠢᠨ ᠭᠠᠷᠬᠤ ᠵᠡᠷᠭᠡ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠲᠦᠷᠢᠮ | ᠲᠣᠭᠲᠠᠭᠠᠬᠤ ᠠᠴᠠ ᠠᠪᠤᠭᠠᠳ ᠠᠵᠢᠯᠯᠠᠭᠤᠯᠤᠨ ᠬᠡᠷᠡᠭᠵᠢᠭᠦᠯᠬᠦ ᠬᠦᠷᠲᠡᠯ᠎ᠡ ᠪᠦᠬᠦ ᠶᠠᠪᠤᠴᠠ ᠶᠢᠨ ᠵᠢᠯᠤᠭᠤᠳᠤᠯᠭ᠎ᠠ | ᠬᠢᠵᠦ᠂ ᠠᠵᠤ ᠠᠬᠤᠶᠢᠯᠠᠯ ᠢ ᠬᠠᠪᠰᠤᠷᠤᠨ ᠵᠣᠬᠢᠴᠠᠩᠭᠤᠢ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠬᠦᠯᠦᠨ᠎ᠠ᠃ | ︵ᠨᠠᠢᠮᠠ︶ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠣᠯᠭᠤᠬᠤ | ᠪᠣᠯᠪᠠᠰᠤᠷᠠᠭᠤᠯᠤᠯ᠃ ᠨᠢᠭᠡ ᠳᠤ ᠠᠵᠤ ᠠᠬᠤᠶᠢᠯᠠᠯ ᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠬᠤ ᠪᠠᠭᠠᠵᠢ | ᠬᠡᠷᠡᠭᠰᠡᠯ ᠢ ᠬᠠᠮᠠᠭᠠᠯᠠᠬᠤ ᠵᠦᠶ ᠵᠣᠬᠢᠰᠲᠠᠶ ᠲᠥᠯᠥᠪᠯᠡᠭᠡ ᠶᠢ ᠲᠣᠭᠲᠠᠭᠠᠵᠤ᠂ ᠠᠵᠤ ᠠᠬᠤᠶᠢᠯᠠᠯ ᠤᠨ ᠪᠠᠴᠢᠮ ᠪᠠᠶᠢᠳᠠᠯ ᠢ | ᠠᠷᠭᠠᠴᠠᠬᠤ ᠪᠠᠭᠠᠵᠢ ᠬᠡᠷᠡᠭᠰᠡᠯ ᠢ ᠪᠠᠶᠢᠩᠭᠤ ᠶᠢᠨ ᠴᠢᠨᠠᠷᠲᠠᠶ ᠪᠠᠷ ᠬᠠᠮᠠᠭᠠᠯᠠᠨ ᠠᠷᠠᠴᠢᠯᠠᠬᠤ ᠳᠤ ᠲᠥᠬᠦᠮ ᠦᠵᠡᠭᠦᠯᠦᠨ᠂ | ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠᠭᠠᠵᠢ ᠬᠡᠷᠡᠭᠰᠡᠯ ᠤᠨ ᠪᠦᠷᠢᠨ ᠪᠦᠲᠦᠨ ᠪᠥᠭᠡᠳ | ᠪᠦᠲᠦᠮᠵᠢᠲᠡᠶ᠂ ᠬᠡᠵᠢᠶ᠎ᠡ ᠴᠦ ᠬᠡᠷᠡᠭᠯᠡᠵᠦ ᠪᠣᠯᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ ᠠᠵᠤ ᠠᠬᠤᠶᠢᠯᠠᠯ ᠢ | ᠵᠢᠯᠣᠭᠤᠳᠤᠨ ᠡ᠊ᠨᠳᠡᠯ ᠤᠨ ᠬᠡᠷᠡᠭ ᠤᠨ ᠬᠠᠮᠢᠶᠠᠷᠤᠯᠲᠠ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠡ᠊ᠨᠳᠡᠯ ᠤᠨ | ᠬᠡᠷᠡᠭ ᠢ ᠮᠠᠭᠠᠳᠯᠠᠨ ᠲᠣᠭᠲᠠᠭᠠᠬᠤ᠂ ᠰᠢᠯᠲᠠᠭᠠᠨ ᠢ ᠵᠠᠳᠠᠯᠬᠤ᠂ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ | ᠬᠡᠮᠵᠢᠶ᠎ᠡ ᠲᠣᠭᠲᠠᠭᠠᠬᠤ ᠳᠤ ᠰᠢᠰᠲ᠋ᠧᠮ ᠲᠠᠢ ᠪᠣᠯᠪᠠᠰᠤᠷᠠᠭᠤᠯᠤᠯ ᠬᠢᠵᠦ᠂ ᠠᠵᠤ ᠠᠬᠤᠶᠢᠯᠠᠯ ᠤᠨ ᠡ᠊ᠨᠳᠡᠯ ᠤᠨ | ᠬᠡᠷᠡᠭ ᠠᠴᠠ ᠰᠤᠷᠭᠠᠮᠵᠢ ᠠᠪᠬᠤ ᠶᠢ ᠬᠦᠴᠦᠯᠡᠨ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠶ ᠶᠢᠨ | ᠬᠠᠮᠢᠶᠠᠷᠤᠯᠲᠠ ᠶᠢᠨ ᠴᠢᠳᠠᠪᠤᠷᠢ ᠶᠢ ᠰᠠᠶᠢᠵᠢᠷᠠᠭᠤᠯᠤᠨ᠎ᠠ᠃ | ᠳᠥᠷᠪᠡ᠂ ᠬᠡᠷᠡᠭᠵᠢᠭᠦᠯᠬᠦ ᠬᠡᠪᠴᠢᠶ᠎ᠡ ᠵᠢᠴᠢ ᠠᠷᠭ᠎ᠠ ᠮᠠᠶ᠋ᠢᠭ | 2021 ᠣᠨ ᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠴᠢᠳᠠᠪᠦᠷᠢ ᠣᠯᠭᠤᠬᠤ | ᠪᠣᠯᠪᠠᠰᠤᠷᠠᠯ ᠢ ᠭᠤᠣᠯᠳᠠᠭᠤ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠪᠠᠷ ᠨᠡᠯᠢᠶᠡᠳ ᠶᠡᠭᠡ ᠪᠠᠶᠢᠭ᠎ᠠ ᠠᠶᠤᠯᠲᠠᠢ | ᠬᠢᠮᠢ ᠶᠢᠨ ᠠᠵᠤ ᠠᠬᠤᠶᠢᠯᠠᠯ ᠳᠤ ᠬᠠᠨᠳᠤᠭᠤᠯᠤᠨ ᠬᠡᠷᠡᠭᠵᠢᠭᠦᠯᠵᠡᠢ᠃ ᠢ ᠬᠤᠸᠠ᠂ ᠶᠤᠸᠠᠨ ᠬᠤᠩ᠂ ᠰᠢᠩ ᠹᠠ᠂ | ᠾᠧᠩ ᠶᠧ ᠴᠧᠩ ᠵᠡᠷᠭᠡ 4 ᠠᠵᠤ ᠠᠬᠤᠶᠢᠯᠠᠯ ᠢ ᠨᠢᠭᠡᠨᠲᠡ ᠤᠷᠢᠳᠠᠪᠠᠷ ᠥᠷᠨᠢᠭᠦᠯᠦᠭᠰᠡᠨ ᠪᠣᠯᠬᠤᠷ ᠲᠣᠰ | ᠤᠳᠠᠭᠠᠨ ᠤ ᠴᠢᠳᠠᠪᠦᠷᠢ ᠣᠯᠭᠤᠬᠤ ᠪᠣᠯᠪᠠᠰᠤᠷᠠᠯ ᠤᠨ ᠠᠵᠢᠯ ᠤᠨ ᠬᠡᠪᠴᠢᠶ᠎ᠡ ᠨᠢ ᠦᠯᠡᠳᠡᠭᠰᠡᠨ 12 ᠠᠶᠤᠯᠲᠠᠶ | ᠬᠢᠮᠢ ᠶᠢᠨ ᠠᠵᠤ ᠠᠬᠤᠶᠢᠯᠠᠯ ᠪᠣᠯᠤᠨ᠎ᠠ᠃ ᠪᠣᠳᠠᠲᠠᠶ ᠬᠡᠷᠡᠭᠵᠢᠭᠦᠯᠬᠦ ᠶᠠᠪᠤᠴᠠ ᠳᠤ᠂ ︽ᠡᠬᠢ ᠪᠠᠶᠠᠯᠢᠭ ᠢ ᠠᠷᠪᠢᠯᠠᠵᠤ᠂ | ᠦᠷ᠎ᠡ ᠠᠰᠢᠭ ᠢ ᠳᠡᠭᠡᠭᠰᠢᠯᠡᠭᠦᠯᠬᠦ︾ ᠵᠠᠷᠴᠢᠮ ᠢ ᠪᠠᠷᠢᠮᠲᠠᠯᠠᠨ᠂ ᠠᠵᠤ ᠠᠬᠤᠶᠢᠯᠠᠯ ᠤᠨ ᠬᠡᠪᠴᠢᠶ᠎ᠡ ᠶᠢᠨ ᠠᠳᠠᠯᠢ | ᠪᠤᠰᠤ ᠶᠢ ᠦᠨᠳᠦᠰᠦᠯᠡᠨ᠂ ᠯᠢ ᠺᠠᠩ᠂ ᠶᠢᠨ ᠷᠦᠢ᠂ ᠬᠤᠩ ᠢᠦᠶ᠂ ᠢ ᠬᠠᠶ ᠵᠡᠷᠭᠡ 4 ᠵᠢᠵᠢᠭ ᠬᠡᠯᠪᠡᠷᠢ ᠶᠢᠨ ᠠᠵᠤ | ᠠᠬᠤᠶᠢᠯᠠᠯ ᠢ ᠨᠢᠭᠡ ᠳᠤᠭᠤᠶᠢᠯᠠᠩ ᠬᠤᠪᠢᠶᠠᠪᠠ︔ ᠡᠭᠦᠨ ᠳᠤ᠂ ᠠᠵᠤ ᠠᠬᠤᠶᠢᠯᠠᠯ ᠤᠨ ᠬᠡᠪᠴᠢᠶ᠎ᠡ ᠶᠢᠨ ᠠᠳᠠᠯᠢ | ᠪᠤᠰᠤ ᠶᠢ ᠦᠨᠳᠦᠰᠦᠯᠡᠨ᠂ ᠯᠢ ᠺᠠᠩ᠂ ᠶᠢᠨ ᠷᠦᠢ᠂ ᠬᠤᠩ ᠢᠦᠶ᠂ ᠢ ᠬᠠᠶ ᠵᠡᠷᠭᠡ 4 ᠵᠢᠵᠢᠭ ᠬᠡᠯᠪᠡᠷᠢ ᠶᠢᠨ ᠠᠵᠤ | ᠠᠬᠤᠶᠢᠯᠠᠯ ᠢ ᠨᠢᠭᠡ ᠳᠤᠭᠤᠶᠢᠯᠠᠩ ᠬᠤᠪᠢᠶᠠᠪᠠ︔ ᠲᠠᠢ ᠳ᠋ᠠ᠂ ᠯᠠᠨ ᠶᠠ 2 ᠳᠤᠮᠳᠠ ᠬᠡᠯᠪᠡᠷᠢ ᠶᠢᠨ ᠠᠵᠤ | ᠠᠬᠤᠶᠢᠯᠠᠯ ᠢ ᠨᠢᠭᠡ ᠳᠤᠭᠤᠶᠢᠯᠠᠩ ᠬᠤᠪᠢᠶᠠᠪᠠ︔ ᠵᠢᠶᠠ ᠷᠦᠢ ᠮᠢ᠂ ᠶᠢᠨ ᠳ᠋ᠠ 2 ᠳᠤᠮᠳᠠ ᠬᠡᠯᠪᠡᠷᠢ ᠶᠢᠨ ᠠᠵᠤ | ᠠᠬᠤᠶᠢᠯᠠᠯ ᠢ ᠨᠢᠭᠡ ᠳᠤᠭᠤᠶᠢᠯᠠᠩ ᠬᠤᠪᠢᠶᠠᠪᠠ︔ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ᠂ ᠵᠢᠶᠦ᠋ᠨ ᠵᠧᠩ | ᠠᠵᠤ ᠦᠢᠯᠡᠰ᠂ ᠮᠧᠢ ᠹᠠᠩ ᠬᠡᠦᠷᠰᠢᠭᠦᠯᠦᠯᠲᠡ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ 4 ᠲᠤᠮᠤ | ᠬᠡᠯᠪᠡᠷᠢ ᠶᠢᠨ ᠠᠵᠤ ᠠᠬᠤᠶᠢᠯᠠᠯ ᠢ ᠲᠤᠰᠠᠭᠠᠷ ᠥᠷᠨᠢᠭᠦᠯᠪᠡ︔ ᠪᠤᠰᠤᠳ ᠠᠵᠤ ᠠᠬᠤᠶᠢᠯᠠᠯ ᠤᠳ ᠪᠣᠳᠠᠲᠤ | ᠪᠠᠶᠢᠳᠠᠯ ᠢᠶᠠᠨ ᠦᠨᠳᠦᠰᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠲᠠᠪᠤ᠂ ᠠᠵᠢᠯ ᠤᠨ ᠠᠯᠬᠤᠮ ᠳᠠᠷᠠᠭ᠎ᠠ | ︵ᠨᠢᠭᠡ︶ ᠲᠠᠶᠢᠴᠢᠯᠠᠨ ᠪᠠᠶᠢᠷᠢᠯᠠᠭᠤᠯᠬᠤ ᠱᠠᠳᠤ ᠦᠶ᠎ᠡ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠲᠤᠭᠤᠷᠢᠭ ᠤᠨ | ᠭᠤᠤᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠴᠢᠳᠠᠪᠦᠷᠢ ᠣᠯᠭᠤᠬᠤ ᠪᠣᠯᠪᠠᠰᠤᠷᠠᠯ︾ ᠤᠨ ᠳᠠᠶᠢᠴᠢᠯᠠᠨ ᠪᠠᠶᠢᠷᠢᠯᠠᠭᠤᠯᠬᠤ ᠬᠤᠷᠠᠯ ᠢ | ᠬᠤᠷᠠᠯᠳᠤᠭᠤᠯᠵᠤ᠂ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠴᠢᠳᠠᠪᠦᠷᠢ ᠣᠯᠭᠤᠬᠤ ᠪᠣᠯᠪᠠᠰᠤᠷᠠᠯ ᠤᠨ | ᠠᠵᠢᠯ ᠤᠨ ᠵᠣᠷᠢᠯᠭ᠎ᠠ᠂ ᠠᠴᠢ ᠬᠤᠯᠪᠣᠭᠳᠠᠯ᠂ ᠠᠭᠤᠯᠭ᠎ᠠ ᠪᠠ ᠪᠣᠳᠠᠲᠠᠶ ᠠᠷᠭ᠎ᠠ ᠬᠡᠮᠵᠢᠶ᠎ᠡ ᠶᠢ ᠤᠬᠠᠭᠤᠯᠤᠨ | ᠬᠡᠷᠡᠭᠵᠢᠭᠦᠯᠵᠦ᠂ ᠡᠯ᠎ᠡ ᠠᠵᠤ ᠠᠬᠤᠶᠢᠯᠠᠯ ᠤᠨ ᠦᠵᠡᠯ ᠰᠠᠨᠠᠭ᠎ᠠ ᠲᠠᠨᠢᠯᠲᠠ ᠶᠢ ᠨᠢᠭᠡᠳᠬᠡᠨ᠂ ᠠᠵᠤ ᠠᠬᠤᠶᠢᠯᠠᠯ ᠤᠨ | ᠠᠵᠢᠯ ᠢᠶᠠᠨ ᠲᠦᠷᠭᠡᠬᠡᠨ ᠥᠷᠨᠢᠭᠦᠯᠬᠦ ᠳᠤ ᠲᠥᠬᠦᠮ ᠦᠵᠡᠭᠦᠯᠦᠨ᠎ᠡ᠃ | ︵ᠬᠤᠶᠠᠷ︶ ᠴᠢᠳᠠᠪᠦᠷᠢ ᠣᠯᠭᠤᠬᠤ ᠪᠣᠯᠪᠠᠰᠤᠷᠠᠯ ᠤᠨ ᠱᠠᠲᠤ ᠦᠶ᠎ᠡ | ᠠᠵᠤ ᠠᠬᠤᠶᠢᠯᠠᠯ ᠬᠢᠭᠡᠳ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠬᠤᠷᠰᠢᠯᠴᠠᠬᠤ | ᠵᠥᠪᠯᠡᠯᠴᠡᠭᠡᠷ ᠲᠣᠭᠲᠠᠬᠤ ᠶᠢᠨ ᠬᠠᠮᠲᠤ ᠠᠶᠤᠯᠭᠦᠢ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ | ᠬᠡᠷᠡᠭᠲᠡᠶ᠃ ᠪᠡᠶ᠎ᠡ ᠶᠢᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠵᠤ ᠠᠬᠤᠶᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠰᠠᠭᠤᠳᠠᠯ ᠳᠤ ᠴᠢᠭᠯᠡᠭᠦᠯᠦᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠠᠴᠠ | ᠴᠢᠳᠠᠪᠦᠷᠢ ᠣᠯᠭᠤᠬᠤ ᠪᠣᠯᠪᠠᠰᠤᠷᠠᠭᠤᠯᠤᠯ ᠤᠨ ᠠᠵᠢᠯ ᠤᠨ ᠲᠥᠰᠦᠯ ᠢ ᠴᠢᠭᠯᠡᠭᠦᠯᠬᠦ ᠴᠢᠨᠠᠷᠲᠠᠶ ᠪᠠᠷ ᠨᠠᠶᠢᠷᠠᠭᠤᠯᠤᠨ | ᠵᠣᠬᠢᠶᠠᠵᠤ᠂ ᠠᠵᠤ ᠠᠬᠤᠶᠢᠯᠠᠯ ᠠᠴᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠂ ᠪᠥᠬᠦ ᠶᠠᠪᠤᠴᠠ ᠳᠤ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃ ᠬᠡᠷᠡᠭᠵᠢᠭᠦᠯᠬᠦ ᠶᠠᠪᠤᠴᠠ ᠳᠤ᠂ ᠠᠵᠤ ᠠᠬᠤᠶᠢᠯᠠᠯ ᠤᠳ | ᠪᠣᠯᠪᠠᠰᠤᠷᠠᠭᠤᠯᠤᠯ ᠬᠦᠷᠲᠡᠭᠰᠡᠳ ᠤᠨ ᠮᠡᠳᠡᠭᠡ ᠵᠠᠩᠭᠢ᠂ ᠠᠩᠭᠢ ᠡᠬᠢᠯᠡᠬᠦ ᠮᠠᠲ᠋ᠧᠷᠢᠶᠠᠯ᠂ ᠪᠣᠯᠪᠠᠰᠤᠷᠠᠯ ᠤᠨ ᠲᠡᠮᠳᠡᠭᠯᠡᠯ | ᠪᠠ ᠰᠢᠯᠭᠠᠯᠲᠠ ᠶᠢᠨ ᠬᠢᠷᠢ ᠪᠦᠲᠦᠮᠵᠢ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠬᠢᠨᠠᠨ ᠰᠢᠯᠭᠠᠵᠤ ᠰᠢᠯᠭᠠᠨ ᠠᠪᠬᠤ ᠱᠠᠳᠤ ᠦᠶ᠎ᠡ | ᠠᠵᠤ ᠠᠬᠤᠶᠢᠯᠠᠯ ᠤᠨ ᠬᠢᠨ ᠴᠢᠳᠠᠪᠦᠷᠢ ᠣᠯᠭᠤᠬᠤ ᠪᠣᠯᠪᠠᠰᠤᠷᠠᠯ ᠢ ᠪᠡᠶᠡᠯᠡᠭᠦᠯᠦᠭᠰᠡᠨ ᠪᠥᠭᠡᠳ ᠪᠠᠷᠢᠮᠵᠢᠶ᠎ᠠ ᠳᠤ | ᠬᠦᠷᠦᠭᠰᠡᠨ ᠤ ᠳᠠᠷᠠᠭ᠎ᠠ᠂ ᠴᠠᠭ ᠲᠤᠬᠠᠶ ᠳᠤᠨᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠪᠢᠴᠢᠭ ᠤᠨ ᠬᠡᠯᠪᠡᠷᠢ ᠶᠢᠨ ᠰᠢᠯᠭᠠᠨ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠮᠠᠲ᠋ᠧᠷᠢᠶᠠᠯ ᠢ ᠬᠢᠨᠠᠨ | ᠬᠠᠷᠭᠤᠭᠤᠯᠬᠤ᠂ ᠠᠵᠢᠯᠲᠠᠨ ᠢ ᠪᠠᠶᠢᠴᠠᠭᠠᠬᠤ᠂ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠠᠷᠭ᠎ᠠ ᠮᠠᠶ᠋ᠢᠭ ᠢ | ᠶᠡᠷᠦᠩᠬᠡᠶᠢᠯᠡᠨ ᠬᠡᠷᠡᠭᠯᠡᠵᠦ ᠪᠠᠶᠢᠭᠠᠳ ᠠᠵᠤ ᠠᠬᠤᠶᠢᠯᠠᠯ ᠤᠨ ᠴᠢᠳᠠᠪᠦᠷᠢ ᠣᠯᠭᠤᠬᠤ ᠪᠣᠯᠪᠠᠰᠤᠷᠠᠯ ᠤᠨ ᠠᠵᠢᠯ ᠤᠨ | ᠦᠷ᠎ᠡ ᠪᠦᠲᠦᠮᠵᠢ ᠶᠢ ᠬᠢᠨᠠᠨ ᠰᠢᠯᠭᠠᠨ᠎ᠠ ︵ᠬᠢᠨᠠᠨ ᠰᠢᠯᠭᠠᠬᠤ ᠨᠠᠷᠢᠨ ᠲᠦᠷᠢᠮ ᠢ ᠠᠰ ᠲᠤᠨᠢ ᠨᠡᠶᠢᠲᠡᠯᠡᠨ᠎ᠡ︶᠃ ᠠᠵᠤ | ᠠᠬᠤᠶᠢᠯᠠᠯ ᠤᠨ ᠴᠢᠳᠠᠪᠦᠷᠢ ᠣᠯᠭᠤᠬᠤ ᠪᠣᠯᠪᠠᠰᠤᠷᠠᠭᠤᠯᠤᠯ ᠤᠨ ᠠᠵᠢᠯ ᠤᠨ ᠦᠷ᠎ᠡ ᠪᠦᠲᠦᠮᠵᠢ ᠶᠢ ᠲᠣᠭᠲᠠᠭᠠᠵᠤ᠂ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠡᠭᠦᠨ ᠢ ᠦᠨᠳᠦᠰᠦᠯᠡᠨ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠪᠣᠯᠪᠠᠰᠤᠷᠠᠭᠤᠯᠤᠯ ᠳᠤ ᠣᠷᠣᠯᠴᠠᠬᠤ | ᠠᠵᠤ ᠠᠬᠤᠶᠢᠯᠠᠯ ᠳᠤ ᠵᠣᠬᠢᠬᠤ ᠬᠡᠮᠵᠢᠶᠡᠨ ᠤ ᠡᠳ᠋ ᠤᠨ ᠵᠠᠰᠠᠭ ᠤᠨ ᠨᠥᠬᠦᠪᠥᠷᠢ ᠥᠭᠴᠦ᠂ ᠠᠵᠤ ᠠᠬᠤᠶᠢᠯᠠᠯ ᠤᠨ | ᠴᠢᠳᠠᠪᠦᠷᠢ ᠣᠯᠭᠤᠬᠤ ᠪᠣᠯᠪᠠᠰᠤᠷᠠᠭᠤᠯᠤᠯ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠥᠳᠡᠯᠮᠦᠷᠢᠴᠢᠳ ᠤᠨ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠠᠵᠤ ᠠᠬᠤᠶᠢᠯᠠᠯ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠳ᠋ ᠤᠨ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠴᠢᠳᠠᠪᠤᠷᠢ ᠶᠢᠨ ᠪᠣᠯᠪᠠᠰᠤᠷᠠᠯ ᠤᠨ ᠠᠵᠢᠯ ᠢ ᠪᠦᠲᠦᠮᠵᠢᠲᠡᠶ ᠪᠥᠭᠡᠳ ᠬᠦᠴᠦᠲᠡᠶ ᠥᠷᠨᠢᠭᠦᠯᠬᠦ ᠶᠢ | ᠪᠠᠲᠤᠯᠠᠬᠤ ᠶᠢᠨ ᠲᠥᠯᠥᠭᠡ᠂ ᠤᠳᠠ ᠲᠣᠭᠤᠷᠢᠭ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠴᠢᠳᠠᠪᠦᠷᠢ ᠣᠯᠭᠤᠬᠤ ᠪᠣᠯᠪᠠᠰᠤᠷᠠᠭᠤᠯᠤᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠹᠠᠨ ᠯᠢ ᠨᠥᠬᠦᠷ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠤᠳᠠ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ | ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠶᠠᠷ ᠪᠦᠷᠢᠯᠳᠦᠭᠦᠯᠵᠦ᠂ ᠲᠣᠰ ᠲᠥᠷᠥᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ | ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠵᠠᠩ ᠶᠠᠨ ᠶᠤᠸᠠᠢ ᠨᠥᠬᠦᠷ ᠬᠠᠪᠰᠤᠷᠭᠠᠨ ᠬᠠᠷᠢᠭᠤᠴᠠᠵᠤ᠂ | ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠬᠤᠶᠠᠷ︶ ᠬᠡᠷᠡᠭᠰᠡᠬᠦ ᠵᠠᠷᠤᠳᠠᠯ ᠢ ᠪᠠᠲᠤᠯᠠᠨ᠎ᠠ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠴᠢᠳᠠᠪᠦᠷᠢ ᠣᠯᠭᠤᠬᠤ ᠪᠣᠯᠪᠠᠰᠤᠷᠠᠭᠤᠯᠤᠯ ᠥᠷᠨᠢᠭᠦᠯᠬᠦ ᠵᠠᠷᠤᠳᠠᠯ ᠢ ᠲᠤᠭᠤᠷᠢᠭ ᠤᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠨᠥᠬᠦᠪᠥᠷᠢ ᠪᠣᠯᠤᠨ ᠠᠵᠤ ᠠᠬᠤᠶᠢᠯᠠᠯ ᠤᠨ ᠥᠪᠡᠷ ᠲᠡᠭᠡᠨ ᠪᠡᠯᠡ ᠮᠥᠩᠭᠦ ᠴᠤᠭᠯᠠᠭᠤᠯᠬᠤ ᠶᠢ ᠬᠠᠷᠢᠯᠴᠠᠨ | ᠤᠶᠠᠯᠳᠤᠭᠤᠯᠬᠤ ᠠᠷᠭ᠎ᠠ ᠪᠠᠷ ᠰᠢᠢᠳᠪᠦᠷᠢᠯᠡᠨ᠎ᠡ᠃ ᠡᠭᠦᠨ ᠳᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠨᠥᠬᠦᠪᠥᠷᠢ ᠶᠢᠨ ᠪᠠᠯᠠ ᠮᠥᠩᠭᠦ ᠶᠢᠨ ᠣᠷᠣᠭᠤᠯᠤᠯᠲᠠ ᠨᠢ ᠨᠠᠭᠠᠳᠤ ᠵᠠᠬ᠎ᠠ ᠳᠠᠭᠠᠨ ᠶᠡᠷᠦᠩᠬᠡᠶ ᠵᠠᠷᠤᠳᠠᠯ ᠤᠨ 20% ᠶᠢ | ᠡᠵᠡᠯᠡᠵᠦ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ︽ᠴᠤᠭᠠᠷ ᠠᠳᠬᠤᠵᠤ ᠬᠠᠮᠲᠤ ᠪᠠᠷ ᠬᠠᠮᠢᠶᠠᠷᠬᠤ︾ | ᠵᠠᠷᠴᠢᠮ ᠶᠣᠰᠣᠭᠠᠷ ᠪᠠᠯᠠ ᠮᠥᠩᠭᠦ ᠶᠢᠨ ᠪᠣᠳᠠᠲᠠᠶ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠡᠳ᠋ ᠤᠨ | ᠵᠠᠰᠠᠭ ᠤᠨ ᠲᠣᠪᠴᠢᠶ᠎ᠠ 2021 ᠣᠨ ᠤ ᠠᠶᠤᠯᠭᠦᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠵᠠᠷᠤᠳᠠᠯ ᠢ ᠳᠡᠭᠡᠷ᠎ᠡ ᠨᠢᠭᠡ ᠵᠢᠯ ᠤᠨ ᠡᠳ᠋ ᠤᠨ ᠵᠠᠰᠠᠭ ᠤᠨ ᠣᠷᠣᠭᠤᠯᠤᠯᠲᠠ ᠠᠴᠠ ᠳᠤᠲᠠᠭᠤ ᠦᠭᠡᠶ ᠪᠠᠶᠢᠯᠭᠠᠬᠤ | ᠵᠠᠷᠴᠢᠮ ᠶᠣᠰᠣᠭᠠᠷ᠂ 2020 ᠣᠨ ᠤ ᠠᠶᠤᠯᠭᠦᠢ ᠦᠢᠯᠡᠳᠪᠦᠷᠢᠯᠡᠯ ᠤᠨ ᠲᠣᠷᠭᠠᠭᠤᠯᠢ ᠶᠢᠨ ᠵᠣᠭᠤᠰ ᠤᠨ | ᠳᠣᠲᠣᠷ᠎ᠠ ᠠᠴᠠ ᠲᠤᠰᠬᠠᠢ ᠲᠦᠷᠦᠯ ᠢᠶᠠᠷ ᠵᠠᠭᠤᠨ ᠲᠦᠮᠡᠨ ᠲᠥᠭᠦᠷᠢᠭ ᠭᠠᠷᠭᠠᠨ ᠠᠪᠴᠤ ᠲᠤᠰ ᠠᠵᠢᠯ ᠤᠨ | ᠥᠷᠨᠢᠯᠲᠡ ᠶᠢ ᠲᠡᠮᠵᠢᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ ︵2019— 2021 ᠣᠨ︶︾ ᠳᠤ ᠲᠣᠳᠣᠷᠬᠠᠶᠢᠯᠠᠭᠰᠠᠨ | ᠡᠭᠦᠷᠭᠡ ᠶᠢᠨ ᠲᠣᠬᠢᠷᠠᠭᠤᠯᠤᠯᠲᠠ ᠶᠣᠰᠣᠭᠠᠷ᠂ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠮᠡᠳᠡᠭᠳᠡᠯ︾ ︽2020 ᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢᠨ ᠨᠥᠬᠦᠪᠥᠷᠢ ᠶᠢᠨ ᠴᠢᠨᠠᠷᠲᠠᠶ ᠪᠣᠯᠪᠠᠰᠤᠷᠠᠭᠤᠯᠤᠯ ᠤᠨ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠵᠠᠷᠤᠯᠭ᠎ᠠ ᠶᠢᠨ ᠬᠡᠪᠴᠢᠶ᠎ᠡ | ᠵᠢᠴᠢ ᠪᠠᠷᠢᠮᠵᠢᠶ᠎ᠠ ᠶᠢ ᠦᠨᠳᠦᠰᠦᠯᠡᠪᠡᠯ᠂ ᠦᠬᠠᠶ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠵᠠᠷᠤᠳᠠᠯ ᠢ ᠢᠳᠡᠪᠬᠢᠲᠡᠶ ᠤᠯᠬᠤ ᠪᠤᠶᠤ ᠪᠥᠬᠦ ᠲᠤᠭᠤᠷᠢᠭ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠵᠠᠷᠤᠳᠠᠯ ᠠᠴᠠ ᠲᠤᠰᠬᠠᠶ ᠵᠣᠭᠤᠰ ᠭᠠᠷᠭᠠᠵᠤ ᠲᠣᠰ ᠠᠵᠢᠯ ᠤᠨ | ᠥᠷᠨᠢᠯᠲᠡ ᠶᠢ ᠳᠡᠮᠵᠢᠨ᠎ᠡ᠃ | ︵ᠭᠤᠷᠪᠠ︶ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠬᠢᠨᠠᠨ ᠰᠢᠯᠭᠠᠯᠲᠠ ᠪᠠᠷ | ᠰᠢᠯᠢᠳᠡᠭ ᠠᠵᠤ ᠠᠬᠤᠶᠢᠯᠠᠯ ᠢ ︽ᠤᠳᠠ ᠲᠣᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠬᠢᠨᠠᠨ | ᠰᠢᠯᠭᠠᠬᠤ ᠠᠷᠭ᠎ᠠ︾ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠠᠴᠠ 2021 ᠣᠨ ᠤ ᠠᠶᠤᠯ ᠥᠬᠡᠶ | ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠱᠠᠩᠨᠠᠯ ᠣᠯᠭᠤᠨ᠎ᠠ᠃ ᠬᠢᠨᠠᠨ ᠰᠢᠯᠭᠠᠭᠰᠠᠨ ᠬᠢᠷᠢ ᠪᠦᠲᠦᠮᠵᠢ ᠪᠠᠷ | ᠪᠠᠷᠤᠭᠲᠠᠶ ᠠᠵᠤ ᠠᠬᠤᠶᠢᠯᠠᠯ ᠪᠣᠯᠤᠨ ᠴᠢᠳᠠᠪᠤᠷᠢ ᠣᠯᠭᠤᠬᠤ ᠪᠣᠯᠪᠠᠰᠤᠷᠠᠯ ᠳᠤ ᠣᠷᠣᠯᠴᠠᠬᠤ ᠦᠭᠡᠶ ᠮᠥᠷᠲᠡᠭᠡᠨ ᠠᠮᠤᠷ | ᠲᠦᠪᠰᠢᠨ ᠤ ᠠᠵᠢᠯ ᠤᠨ ᠪᠦᠲᠦᠮᠵᠢ ᠶᠢᠨ ᠢᠯᠡᠷᠡᠯ ᠢᠶᠠᠷ ᠠᠨᠠᠶ ᠠᠵᠤ ᠠᠬᠤᠶᠢᠯᠠᠯ ᠳᠤ ᠲᠤᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽︿ᠦᠬᠠᠶ ᠬᠤᠲᠠ ᠶᠢᠨ ᠠᠶᠤᠯ ᠶᠡᠬᠡᠲᠡᠶ ᠠᠵᠢᠯ | ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠡᠳᠡᠨ ᠢ | ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠳᠠᠯᠳᠠ | ᠬᠡᠮ ᠪᠠ ᠠᠳᠡᠯ ᠭᠠᠷᠬᠤ ᠶᠢ ᠪᠥᠬᠦ ᠲᠠᠯ᠎ᠠ ᠪᠠᠷ ᠪᠠᠭᠠᠰᠬᠠᠨ᠎ᠠ᠃ | ᠤᠳᠠ ᠵᠠᠰᠠᠭ ᠠᠯᠪᠠᠨ ᠲᠠᠷᠬᠠᠭᠠᠭᠰᠠᠨ ﹇2021﹈ 16 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ | | ᠬᠤᠯᠪᠣᠭᠳᠠᠯ ᠪᠦ᠋ᠬᠦᠢ ᠳᠣᠲᠣᠭᠠᠳᠤ ᠰᠠᠯᠠᠭ᠎ᠠ ᠲᠠᠰᠤᠭ ᠪᠠᠶᠢᠭᠤᠯᠬᠤ ᠲᠤᠬᠠᠶ ᠮᠡᠳᠡᠭᠳᠡᠯ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠰᠠᠯᠠᠭ᠎ᠠ ᠲᠠᠰᠤᠭ᠂ ᠬᠠᠷᠢᠶ᠎ᠠ ᠠᠵᠢᠯ ᠦᠢᠯᠡᠰ ᠤᠨ | ᠨᠢᠭᠡᠴᠡ᠄ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠡᠮᠵᠢᠨ᠂ ᠮᠡᠳᠡᠭᠡ | ᠵᠠᠩᠭᠢᠵᠢᠯᠲᠠ ᠶᠢᠨ ᠠᠯᠪᠠᠨ ᠬᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠶᠡᠷᠦᠩᠬᠡᠶᠢᠯᠡᠭᠰᠡᠨ ᠠᠯᠪᠠᠨ ᠬᠡᠷ᠂ | ᠡᠳ᠋ ᠤᠨ ᠶᠠᠪᠤᠳᠠᠯ ᠤᠨ ᠬᠥᠳᠡᠯᠮᠦᠷᠢ ᠴᠠᠯᠢᠩ ᠤᠨ ᠲᠠᠰᠤᠭ᠂ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠲᠠᠰᠤᠭ | ᠵᠡᠷᠭᠡ 4 ᠬᠠᠮᠢᠶ᠎ᠠ ᠪᠥᠬᠦᠶ ᠳᠣᠲᠣᠭᠠᠳᠤ ᠰᠠᠯᠠᠭ᠎ᠠ ᠲᠠᠰᠤᠭ ᠢ ᠪᠠᠶᠢᠭᠤᠯᠬᠤ ᠪᠠᠷ ᠲᠣᠭᠲᠠᠪᠠ᠂ ᠪᠣᠳᠠᠲᠠᠶ ᠡᠭᠦᠷᠭᠡ | ᠬᠠᠷᠢᠭᠤᠴᠠᠯᠭ᠎ᠠ ᠨᠢ ᠳᠣᠤᠷᠠᠬᠢ ᠮᠡᠲᠦ᠄ | ᠨᠢᠭᠡ᠂ ᠮᠡᠳᠡᠭᠡ ᠵᠠᠩᠭᠢᠵᠢᠯᠲᠠ ᠶᠢᠨ ᠠᠯᠪᠠᠨ ᠬᠡᠷ᠄ ᠲᠣᠭᠤᠷᠢᠭ ᠤᠨ ᠵᠠᠰᠠᠭ ᠤᠨ ᠶᠠᠪᠤᠳᠠᠯ ᠤᠨ ᠭᠠᠳᠠᠷ | ᠰᠦᠯᠵᠢᠶ᠎ᠡ᠂ ᠵᠠᠰᠠᠭ ᠵᠠᠬᠢᠷᠭᠠᠨ ᠤ ᠲᠥᠪ ᠤᠨ ᠬᠡᠰᠡᠭ ᠬᠡᠪᠴᠢᠶᠡᠨ ᠤ ᠰᠦᠯᠵᠢᠶ᠎ᠡ᠂ ᠵᠠᠰᠠᠭ ᠤᠨ ᠣᠷᠳᠣᠨ ᠤ ᠫᠤᠷᠲ᠋ᠤᠯ | ᠰᠦᠯᠵᠢᠶ᠎ᠡ᠂ OA ᠬᠠᠮᠵᠢᠯᠴᠠᠨ ᠠᠵᠢᠯᠯᠠᠬᠤ ᠰᠢᠰᠲ᠋ᠧᠮ ᠵᠡᠷᠭᠡ ᠶᠢᠨ ᠠᠵᠢᠯᠯᠠᠭᠠᠨ ᠢ ᠬᠠᠮᠠᠭᠠᠯᠠᠬᠤ ᠠᠵᠢᠯ ᠢ | ᠬᠠᠷᠢᠭᠤᠴᠠᠨ᠎ᠠ︔ ᠵᠢᠵᠢᠭᠦᠷ ᠤᠨ ᠬᠠᠮᠢᠶᠠᠷᠤᠯᠲᠠ ᠪᠠ ᠳᠣᠲᠣᠭᠠᠳᠤ ᠶᠢᠨ ᠠᠵᠢᠯ ᠤᠨ ᠰᠠᠬᠢᠯᠭ᠎ᠠ ᠪᠠᠲᠤ ᠶᠢᠨ | ᠰᠢᠮᠳᠠᠭᠤᠯᠤᠨ ᠪᠠᠶᠢᠴᠠᠭᠠᠬᠤ ᠠᠵᠢᠯ ᠢ ᠬᠠᠮᠲᠤ ᠳᠤᠨᠢ ᠬᠠᠷᠠᠭᠠᠯᠵᠠᠨ᠎ᠠ᠃ | ᠬᠤᠶᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠶᠡᠷᠦᠩᠬᠡᠶᠢᠯᠡᠭᠰᠡᠨ ᠠᠯᠪᠠᠨ ᠬᠡᠷ᠄ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠬᠠᠷᠢᠭᠤᠴᠠᠨ᠎ᠠ᠃ | ᠭᠤᠷᠪᠠ᠂ ᠡᠳ᠋ ᠤᠨ ᠶᠠᠪᠤᠳᠠᠯ ᠤᠨ ᠬᠥᠳᠡᠯᠮᠦᠷᠢ ᠴᠠᠯᠢᠩ ᠤᠨ ᠲᠠᠰᠤᠭ᠄ ᠲᠤᠭᠤᠷᠢᠭ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠡᠳ᠋ ᠤᠨ ᠶᠠᠪᠤᠳᠠᠯ ᠤᠨ ᠲᠠᠩᠰᠠ ᠲᠠᠶᠢᠯᠬᠤ᠂ ᠲᠠᠩᠰᠠ ᠬᠠᠷ᠎ᠠ ᠶᠢ ᠰᠢᠢᠳᠪᠦᠷᠢᠯᠡᠬᠦ᠂ | ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ᠂ ᠨᠡᠶᠢᠭᠡᠮ ᠤᠨ ᠳᠠᠭᠠᠳᠬᠠᠯ ᠡᠮᠴᠢᠯᠡᠭᠡᠨ ᠤ ᠳᠠᠭᠠᠳᠬᠠᠯ᠂ ᠲᠣᠭᠲᠠᠮᠠᠯ | ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠳᠥᠷᠪᠡ᠂ ᠪᠠᠶᠢᠭᠤᠯᠭ᠎ᠠ ᠶᠢᠨ ᠨᠠᠮ ᠤᠨ ᠠᠵᠢᠯ ᠤᠨ ᠲᠠᠰᠤᠭ᠄ ᠲᠤᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠲᠠᠰ ᠳᠠᠪᠬᠤᠷᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠬᠡᠷ ᠤᠨ ᠲᠠᠰ | ᠳᠠᠪᠬᠤᠷᠭ᠎ᠠ ᠶᠢᠨ ᠵᠠᠰᠠᠭ ᠤᠨ ᠶᠠᠪᠤᠳᠠᠯ ᠤᠨ ᠭᠦᠢᠴᠡᠳᠭᠡᠬᠦ ᠠᠵᠢᠯ ᠢ ᠬᠠᠮᠲᠦ ᠳᠤᠨᠢ ᠬᠠᠷᠠᠭᠠᠯᠵᠠᠨ᠎ᠠ᠂ ᠵᠠᠰᠠᠭ ᠤᠨ | ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠥᠬᠦᠶ ᠨᠠᠮ ᠤᠨ ᠠᠵᠢᠯ ᠢ | ᠲᠦᠷᠦᠭᠦᠯᠡᠨ ᠬᠢᠨ᠎ᠠ᠃ | 2021 | ᠣᠨ ᠤ 4 ᠰᠠᠷ᠎ᠠ ᠶᠢᠨ 23 | ᠤᠳᠠ ᠵᠠᠰᠠᠭ ᠠᠯᠪᠠᠨ ᠲᠠᠷᠬᠠᠭᠠᠭᠰᠠᠨ ﹇2021﹈ 18 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ︽ᠤᠳᠠ ᠲᠣᠭᠤᠷᠢᠭ ᠤᠨ ᠠᠵᠤ ᠦᠢᠯᠡᠰ ᠢᠶᠠᠷ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠲᠤᠬᠠᠶ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | 2021 ᠣᠨ ᠤ 4 ᠰᠠᠷ᠎ᠠ ᠶᠢᠨ 29 | ᠤᠳᠠ ᠲᠣᠭᠤᠷᠢᠭ ᠤᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠬᠡᠷᠡᠭᠵᠢᠭᠦᠯᠬᠦ ᠲᠥᠰᠦᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠦᠬᠠᠶ | ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢᠶᠠᠷ ᠲᠡᠳᠬᠦᠨ ᠳᠡᠮᠵᠢᠭᠰᠡᠨ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠤᠰᠠᠳᠠ᠂ ᠤᠳᠠ ᠲᠣᠭᠤᠷᠢᠭ ᠪᠣᠳᠠᠲᠠᠶ ᠲᠠᠢ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠢᠯᠵᠢᠯᠲᠡ ᠶᠢᠨ ᠬᠤᠭᠤᠴᠠᠭᠠᠨ ᠳᠤ ︽ᠳᠥᠷᠪᠡ ᠶᠢ ᠥᠯᠥ | ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠤᠯ ᠤᠨ ᠪᠠᠶᠢᠭᠰᠠᠨ ᠠᠵᠤ ᠦᠢᠯᠡᠰ ᠤᠨ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠠᠵᠤ | ᠦᠢᠯᠡᠰ ᠤᠨ ᠲᠡᠳᠬᠦᠨ ᠳᠡᠮᠵᠢᠬᠦ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠨ᠂ ︽ᠴᠢᠰᠤ ᠶᠡᠭᠦᠯᠡᠬᠦ︾ ᠪᠠ ︽ | ᠴᠢᠰᠤ ᠪᠦᠲᠦᠭᠡᠬᠦ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠩ ᠤᠨ ᠦᠢᠯᠡᠳᠪᠦᠷᠢᠯᠡᠯ ᠢ | ᠶᠡᠬᠡᠪᠡᠷ ᠲᠡᠳᠬᠦᠨ ᠳᠡᠮᠵᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠵᠣᠷᠢᠯᠭ᠎ᠠ ᠳᠤ ᠬᠦᠷᠦᠭᠦᠯᠦᠨ᠎ᠡ᠃ | ᠬᠤᠶᠠᠷ᠂ ᠲᠦᠷᠦ ᠶᠢᠨ ᠪᠤᠳᠤᠯᠭ᠎ᠠ ᠶᠢᠨ ᠨᠥᠬᠦᠪᠥᠷᠢ ᠶᠢᠨ ᠠᠭᠤᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠬᠤ | ︵ᠨᠢᠭᠡ︶ ᠨᠥᠬᠦᠪᠥᠷᠢ ᠥᠭᠬᠦ ᠬᠡᠪᠴᠢᠶ᠎ᠡ ᠬᠢᠭᠡᠳ ᠪᠠᠷᠢᠮᠵᠢᠶ᠎ᠠ | 1.ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠨᠥᠬᠦᠪᠥᠷᠢ᠃ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠬᠢᠷᠢ ᠬᠡᠮ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ | ᠳᠡᠯᠭᠡᠭᠦᠷ ᠠᠴᠠ ᠬᠤᠳᠠᠯᠳᠤᠨ ᠠᠪᠤᠭᠰᠠᠨ ᠲᠠᠷᠢᠶᠠᠨ ᠡᠮ᠂ ᠦᠷ᠎ᠡ᠂ ᠬᠢᠮᠢ ᠶᠢᠨ ᠪᠣᠷᠲᠣᠭᠤᠷ᠂ ᠵᠢᠵᠢᠭ ᠬᠡᠯᠪᠡᠷᠢ ᠶᠢᠨ | ᠲᠠᠷᠢᠶᠠᠯᠠᠩ ᠤᠨ ᠮᠠᠰᠢᠨ ᠪᠠᠭᠠᠵᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠶ | ᠮᠠᠲ᠋ᠧᠷᠢᠶᠠᠯ ᠳᠤ ᠬᠤᠳᠠᠯᠳᠤᠨ ᠠᠪᠤᠭᠰᠠᠨ ᠦᠨ᠎ᠡ ᠶᠢᠨ ᠶᠡᠷᠦᠩᠬᠡᠶ ᠦᠨ᠎ᠡ ᠶᠢᠨ 30% ᠳᠤ ᠨᠥᠬᠦᠪᠥᠷᠢ ᠥᠭᠭᠦᠨ᠎ᠡ᠃ | | 2.ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠨᠥᠬᠦᠪᠥᠷᠢ᠃ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ | ᠡᠷᠳᠡᠨᠢ ᠰᠢᠰᠢ᠂ ᠪᠤᠭᠤᠳᠠᠶ᠂ ᠢᠳᠡᠰᠢᠨ ᠨᠣᠭᠤᠭ᠎ᠠ᠂ ᠭᠤᠸ᠎ᠠ ᠵᠢᠮᠢᠰ᠂ ᠭᠠᠭ᠋ᠠᠶ᠂ ᠦᠬᠡᠷ᠂ ᠬᠤᠨᠢ ᠢᠮᠠᠭ᠎ᠠ᠂ ᠲᠠᠬᠢᠶ᠎ᠠ | ᠂ ᠲᠠᠬᠢᠶᠠᠨ ᠥᠨᠳᠡᠭᠡ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠪᠣᠷᠣᠯᠠᠭᠤᠯᠬᠤ ᠦᠨ᠎ᠡ ᠶᠢᠨ | ᠶᠡᠷᠦᠩᠬᠡᠶ ᠦᠨ᠎ᠡ ᠶᠢᠨ 30% ᠳᠤ ᠨᠥᠬᠦᠪᠥᠷᠢ ᠥᠭᠭᠦᠨ᠎ᠡ᠃ | ᠳᠡᠭᠡᠷᠡᠬᠢ 2 ᠵᠦᠢᠯ ᠤᠨ ᠨᠥᠬᠦᠪᠥᠷᠢ ᠶᠢᠨ ᠡᠷᠦᠬᠡ ᠪᠦᠷᠢ ᠶᠢᠨ ᠵᠢᠯ ᠪᠦᠷᠢ ᠶᠢᠨ ᠨᠥᠬᠦᠪᠥᠷᠢ ᠶᠢ 1000 | ᠲᠥᠭᠦᠷᠢᠭ ᠠᠴᠠ ᠬᠡᠲᠦᠷᠡᠭᠦᠯᠬᠦ ᠥᠬᠡᠶ᠃ | 3. ᠮᠠᠯ ᠵᠢᠭᠦᠷᠲᠡᠨ ᠢ ᠬᠤᠳᠠᠯᠳᠤᠨ ᠠᠪᠤᠭᠰᠠᠨ ᠨᠥᠬᠦᠪᠥᠷᠢ ︵ᠲᠡᠵᠢᠭᠡᠨ ᠦᠷᠡᠵᠢᠭᠦᠯᠬᠦ ᠨᠥᠬᠦᠴᠡᠯ ᠢ | ᠪᠦᠷᠢᠯᠳᠦᠭᠦᠯᠦᠭᠰᠡᠨ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠳᠤ᠂ ᠪᠠᠶᠢᠭ᠎ᠠ ᠨᠡᠶᠢᠭᠡᠮ ᠲᠣᠭᠤᠷᠢᠭ᠂ ᠪᠠᠯᠭᠠᠰᠤ | ︵ᠠᠯᠪᠠᠨ ᠬᠡᠷ︶ ᠶᠢᠨ ᠵᠥᠪᠰᠢᠶᠡᠷᠡᠯ ᠢᠶᠠᠷ ᠭᠠᠵᠠᠷ ᠣᠷᠣᠨ ᠤ ᠲᠡᠵᠢᠭᠡᠨ ᠦᠷᠡᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ | ᠮᠠᠯ ᠵᠢᠭᠦᠷᠲᠡᠨ ᠢ ᠬᠤᠳᠠᠯᠳᠤᠨ ᠠᠪᠴᠤ ᠲᠡᠵᠢᠭᠡᠨ ᠦᠷᠡᠵᠢᠭᠦᠯᠪᠡᠯ᠂ ᠡᠷᠦᠬᠡ ᠪᠦᠷᠢ ᠳᠤ ᠵᠢᠯ ᠪᠦᠷᠢ ᠬᠤᠳᠠᠯᠳᠤᠨ | ᠠᠪᠤᠭᠰᠠᠨ ᠶᠡᠷᠦᠩᠬᠡᠶ ᠦᠨ᠎ᠡ ᠶᠢᠨ 40% ᠶᠢᠨ ᠨᠥᠬᠦᠪᠥᠷᠢ ᠥᠭᠴᠦ᠂ ᠵᠢᠯ ᠪᠦᠷᠢ ᠶᠢᠨ ᠨᠥᠬᠦᠪᠥᠷᠢ ᠮᠥᠩᠭᠦ ᠶᠢᠨ | ᠵᠣᠭᠤᠰ ᠤᠨ ᠲᠤᠭ᠎ᠠ ᠶᠢ 3000 ᠲᠥᠭᠦᠷᠢᠭ ᠠᠴᠠ ᠬᠡᠲᠦᠷᠡᠭᠦᠯᠬᠦ ᠥᠬᠡᠶ︶᠃ | ︵ᠬᠤᠶᠠᠷ︶ ᠮᠡᠳᠡᠭᠦᠯᠦᠭᠰᠡᠨ ᠮᠠᠲ᠋ᠧᠷᠢᠶᠡᠯ | 1. ᠶᠠᠳᠠᠭᠤ ᠠᠴᠠ ᠠᠩᠭᠢᠵᠢᠷᠠᠭᠤᠯᠬᠤ ᠡᠷᠦᠬᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ | ᠠᠪᠬᠤ ᠨᠥᠬᠦᠪᠥᠷᠢ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠨᠥᠬᠦᠪᠥᠷᠢ ᠭᠤᠶᠤᠴᠢᠯᠠᠬᠤ ᠳᠤ ︽ | ᠠᠵᠤ ᠦᠢᠯᠡᠰ ᠢ ᠲᠡᠳᠬᠦᠨ ᠳᠡᠮᠵᠢᠬᠦ ᠨᠥᠬᠦᠪᠥᠷᠢ ᠭᠤᠶᠤᠴᠢᠯᠠᠬᠤ ᠬᠦᠰᠦᠨᠦᠭᠲᠦ︾᠂ ᠪᠡᠶ᠎ᠡ ᠶᠢᠨ ᠦᠨᠡᠮᠯᠡᠯ᠂ | ᠪᠦᠬᠦᠨ ᠳᠤ ᠲᠤᠬᠢᠷᠠᠬᠤ ᠺᠠᠷᠲ ᠤᠨ ᠪᠠᠭᠤᠯᠭᠠᠪᠤᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ | ᠠᠪᠤᠭᠰᠠᠨ ᠭᠡᠷᠡᠴᠢ ᠪᠠᠷᠢᠮᠲᠠ ᠪᠤᠶᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠭᠡᠷᠡᠴᠢ ᠪᠠᠷᠢᠮᠲᠠ ︵ | ᠭᠠᠷᠳᠠᠮ᠂ ᠪᠠᠷᠢᠮᠲᠠ᠂ ᠭᠡᠷ᠎ᠡ ᠵᠡᠷᠭᠡ ᠬᠦᠴᠦᠨ ᠪᠦᠬᠦᠢ ᠭᠡᠷᠡᠴᠢ ᠪᠠᠷᠢᠮᠲᠠ︶ ᠶᠢ ᠬᠠᠩᠭᠠᠬᠤ ᠬᠡᠷᠡᠭᠲᠡᠶ᠃ | 2. ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠮᠠᠯ ᠵᠢᠭᠦᠷᠲᠡᠨ ᠢ ᠬᠤᠳᠠᠯᠳᠤᠨ ᠠᠪᠬᠤ ᠨᠥᠬᠦᠪᠥᠷᠢ | ᠭᠤᠶᠤᠴᠢᠯᠠᠬᠤ ᠳᠤ᠂ ︽ᠠᠵᠤ ᠦᠢᠯᠡᠰ ᠤᠨ ᠲᠡᠳᠬᠦᠨ ᠳᠡᠮᠵᠢᠬᠦ ᠨᠥᠬᠦᠪᠥᠷᠢ ᠭᠤᠶᠤᠴᠢᠯᠠᠬᠤ ᠬᠦᠰᠦᠨᠦᠭᠲᠦ︾᠂ | ᠪᠡᠶ᠎ᠡ ᠶᠢᠨ ᠦᠨᠡᠮᠯᠡᠯ᠂ ᠪᠦᠬᠦᠨ ᠳᠤ ᠳᠣᠭᠢᠷᠠᠬᠤ ᠺᠠᠷᠲ ᠤᠨ ᠬᠠᠭᠤᠯᠪᠤᠷᠢ᠂ ᠮᠠᠯ ᠵᠢᠭᠦᠷᠲᠡᠨ ᠢ ᠬᠤᠳᠠᠯᠳᠤᠨ ᠠᠪᠤᠭᠰᠠᠨ | ᠭᠡᠷᠡᠴᠢ ᠪᠠᠷᠢᠮᠲᠠ ︵ᠭᠠᠷᠳᠠᠮ᠂ ᠪᠠᠷᠢᠮᠲᠠ᠂ ᠭᠡᠷ᠎ᠡ ᠵᠡᠷᠭᠡ ᠬᠦᠴᠦᠨ ᠪᠥᠬᠦᠶ ᠭᠡᠷᠡᠴᠢ ᠪᠠᠷᠢᠮᠲᠠ︶ ᠶᠢ ᠬᠠᠩᠭᠠᠬᠤ | ᠬᠡᠷᠡᠭᠲᠡᠶ᠃ | ︵ᠭᠤᠷᠪᠠ︶ ᠮᠡᠳᠡᠭᠦᠯᠬᠦ ᠳᠡᠰ ᠳᠠᠷᠠᠭᠠᠯᠠᠯ | 1. ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠣᠷᠣᠭᠤᠯᠬᠤ ᠶᠢᠨ ᠨᠥᠬᠦᠪᠥᠷᠢ᠂ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠨᠥᠬᠦᠪᠥᠷᠢ ᠭᠤᠶᠤᠴᠢᠯᠠᠬᠤ ᠪᠠᠷ ᠭᠤᠶᠤᠴᠢᠯᠠᠭᠰᠠᠨ | ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠪᠠᠶᠢᠭ᠎ᠠ ᠨᠡᠶᠢᠭᠡᠮ ᠲᠣᠭᠤᠷᠢᠭ ᠲᠠᠭᠠᠨ ᠭᠤᠶᠤᠴᠢᠯᠠᠯ ᠭᠠᠷᠭᠠᠵᠤ᠂ ︽ | ᠠᠵᠤ ᠦᠢᠯᠡᠰ ᠤᠨ ᠲᠡᠳᠬᠦᠮᠵᠢ ᠶᠢᠨ ᠨᠥᠬᠦᠪᠥᠷᠢ ᠭᠤᠶᠤᠴᠢᠯᠠᠬᠤ ᠬᠦᠰᠦᠨᠦᠭᠲᠦ︾ ᠶᠢ ᠲᠠᠭᠯᠠᠵᠤ᠂ ᠡᠯ᠎ᠡ ᠨᠡᠶᠢᠭᠡᠮ | ᠲᠣᠭᠤᠷᠢᠭ ᠠᠴᠠ ᠮᠠᠲ᠋ᠧᠷᠢᠶᠠᠯ ᠢ ᠬᠤᠷᠢᠶᠠᠩᠭᠤᠶᠢᠯᠠᠭᠰᠠᠨ ᠤ ᠳᠠᠷᠠᠭ᠎ᠠ ᠪᠠᠯᠭᠠᠰᠤ ︵ᠠᠯᠪᠠᠨ ᠬᠡᠷ︶ ᠳᠤ ᠮᠡᠳᠡᠭᠦᠯᠵᠦ᠂ | ᠪᠠᠯᠭᠠᠰᠤ ︵ᠠᠯᠪᠠᠨ ᠬᠡᠷ︶ ᠠᠴᠠ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠵᠠᠷᠯᠠᠨ ᠨᠡᠶᠢᠲᠡᠯᠡᠵᠦ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ | ᠳᠠᠩᠰᠠᠯᠠᠭᠤᠯᠤᠭᠰᠠᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠪᠦᠬᠦᠨ ᠳᠤ ᠳᠣᠭᠢᠷᠠᠬᠤ ᠺᠠᠷᠲ ᠢᠶᠠᠷ | ᠣᠯᠭᠤᠨ᠎ᠠ᠃ | 2. ᠮᠠᠯ ᠵᠢᠭᠦᠷᠲᠡᠨ ᠢ ᠬᠤᠳᠠᠯᠳᠤᠨ ᠣᠷᠣᠭᠤᠯᠬᠤ ᠨᠥᠬᠦᠪᠥᠷᠢ ᠶᠢ ᠭᠤᠶᠤᠴᠢᠯᠠᠭᠰᠠᠨ ᠶᠠᠳᠠᠭᠤ ᠠᠴᠠ ᠠᠩᠭᠢᠵᠢᠷᠠᠭᠤᠯᠬᠤ | ᠡᠷᠦᠬᠡ ᠵᠢᠯ ᠪᠦᠷᠢ ᠶᠢᠨ 9 ᠰᠠᠷ᠎ᠠ ᠠᠴᠠ ᠡᠬᠢᠯᠡᠨ ᠪᠠᠶᠢᠭ᠎ᠠ ᠨᠡᠶᠢᠭᠡᠮ ᠲᠣᠭᠤᠷᠢᠭ ᠲᠠᠭᠠᠨ ᠭᠤᠶᠤᠴᠢᠯᠠᠯ ᠭᠠᠷᠭᠠᠵᠤ᠂ ︽ | ᠠᠵᠤ ᠦᠢᠯᠡᠰ ᠤᠨ ᠲᠡᠳᠬᠦᠮᠵᠢ ᠶᠢᠨ ᠨᠥᠬᠦᠪᠥᠷᠢ ᠭᠤᠶᠤᠴᠢᠯᠠᠬᠤ ᠬᠦᠰᠦᠨᠦᠭᠲᠦ︾ ᠶᠢ ᠲᠠᠭᠯᠠᠵᠤ᠂ ᠡᠯ᠎ᠡ ᠨᠡᠶᠢᠭᠡᠮ | ᠲᠣᠭᠤᠷᠢᠭ ᠠᠴᠠ ᠮᠠᠲ᠋ᠧᠷᠢᠶᠠᠯ ᠢᠶᠠᠨ ᠬᠤᠷᠢᠶᠠᠩᠭᠤᠶᠢᠯᠠᠭᠰᠠᠨ ᠤ ᠳᠠᠷᠠᠭ᠎ᠠ ᠡᠯ᠎ᠡ ᠪᠠᠯᠭᠠᠰᠤ ︵ᠠᠯᠪᠠᠨ ᠬᠡᠷ︶ ᠳᠤ | ᠮᠡᠳᠡᠭᠦᠯᠵᠦ᠂ ᠪᠠᠯᠭᠠᠰᠤ ︵ᠠᠯᠪᠠᠨ ᠬᠡᠷ︶ ᠠᠴᠠ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠵᠠᠷᠯᠠᠨ ᠨᠡᠶᠢᠲᠡᠯᠡᠵᠦ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ | ᠳᠠᠩᠰᠠᠯᠠᠭᠤᠯᠤᠭᠰᠠᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠪᠦᠬᠦᠨ ᠳᠤ ᠳᠣᠭᠢᠷᠠᠬᠤ ᠺᠠᠷᠲ ᠢᠶᠠᠷ | ᠳᠠᠮᠵᠢᠭᠤᠯᠤᠨ ᠣᠯᠭᠤᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠤ ᠦᠢᠯᠡᠰ ᠢᠶᠠᠷ | ᠲᠡᠳᠬᠦᠬᠦ ᠠᠵᠢᠯ ᠤᠨ ᠵᠢᠯᠣᠭᠤᠳᠣᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠨᠡᠨᠬᠦ ᠴᠢᠩᠭᠠᠳᠬᠠᠵᠤ᠂ | ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂ ᠠᠵᠤ ᠦᠢᠯᠡᠰ ᠢᠶᠠᠷ ᠲᠡᠳᠬᠦᠬᠦ ᠠᠵᠢᠯ ᠤᠨ ᠳᠤᠮᠳᠠᠬᠢ | ᠴᠢᠬᠤᠯᠠ ᠶᠡᠭᠡ ᠵᠦᠢᠯᠡᠰ ᠢ ᠢᠳᠡᠪᠬᠢᠲᠡᠶ ᠪᠠᠷ ᠵᠣᠬᠢᠴᠠᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠤᠨ ᠰᠢᠢᠳᠪᠦᠷᠢᠯᠡᠵᠦ᠂ ᠠᠵᠤ ᠦᠢᠯᠡᠰ ᠢᠶᠠᠷ ᠲᠡᠳᠬᠦᠬᠦ ᠠᠵᠢᠯ ᠤᠨ ᠡᠮᠬᠢ ᠵᠢᠷᠤᠮ ᠲᠠᠢ ᠪᠥᠭᠡᠳ | ᠪᠦᠲᠦᠮᠵᠢᠲᠡᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠬᠢ ᠪᠠᠶᠠᠯᠢᠭ ᠢ ᠵᠣᠬᠢᠴᠠᠭᠤᠯᠤᠨ | ᠨᠡᠶᠢᠳᠬᠡᠵᠦ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠠᠵᠤ ᠦᠢᠯᠡᠰ ᠢ ᠲᠡᠳᠬᠦᠬᠦ ᠠᠵᠢᠯ ᠢ ᠰᠠᠶᠢᠲᠤᠷ ᠬᠢᠵᠦ᠂ | ᠡᠯ᠎ᠡ ᠨᠡᠶᠢᠭᠡᠮ ᠲᠣᠭᠤᠷᠢᠭ ᠨᠢ ᠲᠤᠰᠬᠠᠶ ᠬᠥᠮᠦᠨ ᠢ ᠵᠣᠬᠢᠶᠠᠨ ᠪᠠᠶᠢᠭᠤᠯᠤᠨ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠢ | ᠴᠤᠭᠯᠠᠭᠤᠯᠬᠤ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢ | ᠬᠠᠪᠰᠤᠷᠤᠨ ᠭᠤᠶᠤᠴᠢᠯᠠᠯ ᠢ ᠳᠥᠭᠦᠮ ᠳᠥᠲᠡ ᠲᠦᠷᠭᠡᠨ ᠪᠡᠶᠡᠯᠡᠭᠦᠯᠵᠦ᠂ ᠪᠠᠯᠭᠠᠰᠤ ︵ᠠᠯᠪᠠᠨ ᠬᠡᠷ︶ ᠶᠢᠨ ᠭᠤᠤᠯ | ᠬᠠᠷᠢᠭᠤᠴᠠᠯᠭᠠᠲᠠᠨ ᠨᠢ ᠭᠤᠤᠯᠳᠠᠯᠭ᠎ᠠ ᠶᠢ ᠡᠵᠡᠮᠳᠡᠨ᠂ ᠪᠡᠶ᠎ᠡ ᠪᠠᠷ ᠢᠶᠠᠨ ᠬᠢᠨᠠᠨ ᠬᠠᠷᠭᠤᠭᠤᠯᠵᠤ ᠳᠣᠭᠢᠷᠠᠭᠤᠯᠵᠤ᠂ | ᠲᠥᠷᠥ ᠶᠢᠨ ᠪᠣᠳᠣᠯᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠳᠡᠪᠬᠢᠲᠡᠶ ᠬᠠᠮᠵᠢᠯᠴᠠᠵᠤ᠂ ᠠᠵᠤ | ᠦᠢᠯᠡᠰ ᠢᠶᠠᠷ ᠲᠡᠳᠬᠦᠬᠦ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ | ︵ᠭᠤᠷᠪᠠ︶ ᠮᠥᠷᠳᠡᠨ ᠦᠢᠯᠡᠴᠢᠯᠡᠬᠦ ᠶᠢ ᠴᠢᠩᠭᠠᠷᠠᠭᠤᠯᠤᠨ᠎ᠠ᠃ ᠲᠤᠭᠤᠷᠢᠭ ᠤᠨ ᠲᠠᠷᠢᠶᠠᠯᠠᠩ ᠮᠠᠯ ᠠᠵᠤ | ᠠᠬᠤᠶ ᠤᠰᠤᠨ ᠤ ᠶᠠᠪᠤᠳᠠᠯ ᠤᠨ ᠲᠣᠪᠴᠢᠶ᠎ᠠ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠵᠤ ᠦᠢᠯᠡᠰ ᠢ | ᠲᠡᠳᠬᠦᠬᠦ ᠠᠵᠢᠯ ᠢ ᠰᠢᠮᠳᠠᠭᠤᠯᠤᠨ ᠵᠢᠯᠣᠭᠤᠳᠴᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ ᠮᠥᠷᠳᠡᠵᠦ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠴᠠᠭ ᠲᠤᠬᠠᠶ ᠳᠤᠨᠢ ᠵᠢᠯᠣᠭᠤᠳᠴᠤ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ | ᠵᠢᠱᠢᠭᠰᠡᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ | ᠳᠡᠭᠡᠷᠡᠬᠢ ᠲᠥᠷᠥ ᠶᠢᠨ ᠪᠣᠳᠣᠯᠭ᠎ᠠ ᠶᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ | ᠬᠦᠴᠦᠨ ᠥᠬᠡᠶ ᠪᠣᠯᠭᠠᠵᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ ᠠᠴᠠ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠬᠠᠷᠢᠭᠤᠴᠠᠨ᠎ᠠ᠃ | ᠤᠳᠠ ᠵᠠᠰᠠᠭ ᠠᠯᠪᠠᠨ ᠲᠠᠷᠬᠠᠭᠠᠭᠰᠠᠨ ﹇2021﹈ 23 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ︽ᠣᠷᠣᠨ ᠰᠠᠭᠤᠴᠠ ᠶᠢᠨ ᠪᠠᠲᠤᠯᠠᠭ᠎ᠠ ᠶᠢ | ᠪᠠᠬᠢᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠤᠳᠠ ᠲᠣᠭᠤᠷᠢᠭ ᠤᠨ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ᠂ ᠲᠣᠭᠤᠷᠢᠭ ᠤᠨ ᠬᠡᠷ | ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶ᠎ᠠ ᠳᠤ᠄ | ︽ᠣᠷᠣᠨ ᠰᠠᠭᠤᠴᠠ ᠶᠢᠨ ᠪᠠᠲᠤᠯᠠᠭ᠎ᠠ ᠶᠢ ᠪᠠᠬᠢᠵᠢᠭᠦᠯᠵᠦ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠬᠤ ᠲᠤᠬᠠᠶ ᠤᠳᠠ ᠲᠣᠭᠤᠷᠢᠭ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | 2021 ᠣᠨ ᠤ 5 | ᠰᠠᠷ᠎ᠠ ᠶᠢᠨ 24 | ᠣᠷᠣᠨ ᠰᠠᠭᠤᠴᠠ ᠶᠢᠨ ᠪᠠᠲᠤᠯᠠᠭ᠎ᠠ ᠶᠢ ᠪᠠᠬᠢᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ | ᠤᠳᠠ ᠲᠣᠭᠤᠷᠢᠭ ᠤᠨ ᠬᠡᠷᠡᠭᠵᠢᠭᠦᠯᠬᠦ ᠲᠥᠰᠦᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠦᠬᠠᠶ | ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ | ᠱᠠᠭᠠᠷᠳᠠᠯᠭ᠎ᠠ ᠶᠣᠰᠣᠭᠠᠷ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠡᠳᠬᠦᠮᠵᠢ ᠶᠢᠨ ᠦᠷ᠎ᠡ ᠪᠦᠲᠦᠭᠡᠯ ᠢ ᠤᠯᠠᠮ | ᠨᠢᠭᠡ ᠠᠯᠬᠤᠮ ᠪᠠᠲᠤᠳᠬᠠᠬᠤ ᠶᠢᠨ ᠲᠤᠰᠠᠳᠠ᠂ ᠤᠳᠠ ᠲᠣᠭᠤᠷᠢᠭ ᠪᠣᠳᠠᠲᠠᠶ ᠲᠠᠢ ᠤᠶᠠᠯᠳᠤᠭᠤᠯᠤᠨ᠂ ᠲᠣᠰ | ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠲᠣᠪᠤᠶᠢᠮ᠎ᠠ | ᠪᠠᠶᠢᠷᠢᠨ ᠳᠤ ᠲᠠᠯᠪᠢᠵᠤ᠂ ᠰᠢᠯᠵᠢᠯᠲᠡ ᠶᠢᠨ ᠬᠤᠭᠤᠴᠠᠭᠠᠨ ᠳᠤ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠡᠳᠬᠦᠬᠦ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠳᠣᠭᠢᠷᠠᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ | ᠲᠡᠳᠬᠦᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠲᠠᠷᠢᠶᠠᠯᠠᠩ ᠳᠤ ᠬᠤᠯᠪᠣᠭᠳᠠᠬᠤ ᠨᠡᠶᠢᠭᠡᠮ | ᠲᠣᠭᠤᠷᠢᠭ ᠤᠨ ᠬᠡᠪ ᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ | ᠦᠨᠡᠨ ᠬᠦ ᠪᠠᠲᠤᠯᠠᠨ᠎ᠠ᠃ | ᠬᠤᠶᠠᠷ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠬᠦ | ᠰᠠᠭᠤᠭᠠᠯᠢ ᠡᠷᠦᠬᠡ ᠶᠢᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠳᠣᠤᠷᠠᠬᠢ | ᠬᠤᠶᠠᠷ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠪᠠᠲᠤᠯᠠᠨ᠎ᠠ᠃ ᠨᠢᠭᠡ ᠳᠤ᠂ ᠬᠡᠷ ᠪᠠᠶᠢᠰᠢᠩ ᠥᠬᠡᠶ ᠬᠡᠪ ᠤᠨ | ᠶᠠᠳᠠᠭᠤ ᠠᠴᠠ ᠠᠩᠭᠢᠵᠢᠷᠠᠭᠰᠠᠨ ᠡᠷᠦᠬᠡ ᠳᠤ᠂ ᠲᠡᠳᠡᠨ ᠤ ︽ᠤᠳᠠ ᠲᠣᠭᠤᠷᠢᠭ ᠤᠨ 2016 ᠣᠨ ᠤ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠨ ᠲᠥᠪᠬᠢᠨᠡᠭᠦᠯᠬᠦ ᠬᠡᠷᠡᠭᠵᠢᠭᠦᠯᠬᠦ ᠲᠥᠰᠦᠯ︾ ᠤᠨ | ᠠᠭᠤᠯᠭ᠎ᠠ ᠶᠣᠰᠣᠭᠠᠷ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ᠶᠢ ᠵᠣᠷᠢᠭᠵᠢᠭᠤᠯᠬᠤ | ᠬᠡᠷᠡᠭᠲᠡᠶ᠃ ᠬᠤᠶᠠᠷ ᠲᠤ ᠬᠦᠰᠡᠯ ᠡᠷᠡᠮᠡᠯᠵᠡᠯ ᠲᠠᠢ ᠬᠡᠷ ᠪᠠᠶᠢᠰᠢᠩ ᠢᠶᠠᠨ ᠰᠣᠯᠢᠬᠤ ᠬᠡᠪ ᠤᠨ ᠶᠠᠳᠠᠭᠤ ᠠᠴᠠ | ᠠᠩᠭᠢᠵᠢᠷᠠᠭᠰᠠᠨ ᠡᠷᠦᠬᠡ ᠶᠢ ᠤᠯᠠᠭᠠᠨᠨᠠᠭᠤᠷ ᠪᠠᠯᠭᠠᠰᠤ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ | ᠲᠥᠪ ᠠᠴᠠ ᠨᠡᠭᠦᠯᠭᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ ᠬᠡᠷᠡᠭᠵᠢᠭᠦᠯᠵᠦ᠂ ᠤᠤᠯ ᠤᠨ | ᠬᠠᠭᠤᠴᠢᠨ ᠬᠡᠷ ᠪᠠᠶᠢᠰᠢᠩ ᠢ ᠨᠤᠷᠠᠭᠠᠬᠤ ᠪᠤᠶᠤ ᠤᠯᠠᠭᠠᠨᠨᠠᠭᠤᠷ ᠪᠠᠯᠭᠠᠰᠤᠨ ᠳᠤ ᠥᠮᠴᠢᠯᠡᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠣᠷᠣᠨ ᠰᠠᠭᠤᠴᠠ ᠶᠢᠨ ᠪᠠᠲᠤᠯᠠᠭ᠎ᠠ ᠶᠢᠨ ᠲᠡᠳᠬᠦᠬᠦ ᠠᠵᠢᠯ ᠢ | ᠵᠢᠯᠣᠭᠤᠳᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠨᠡᠨᠬᠦ ᠰᠠᠶᠢᠲᠤᠷ ᠬᠢᠵᠦ᠂ ᠠᠵᠢᠯ ᠤᠨ | ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠳᠤᠮᠳᠠᠬᠢ ᠴᠢᠬᠤᠯᠠ ᠶᠡᠭᠡ ᠵᠦᠢᠯᠡᠰ ᠢ ᠢᠳᠡᠪᠬᠢᠲᠡᠶ ᠪᠠᠷ | ᠵᠣᠬᠢᠴᠠᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠲᠡᠳᠬᠦᠬᠦ ᠠᠵᠢᠯ ᠤᠨ ᠡᠮᠬᠢ ᠵᠢᠷᠤᠮ ᠲᠠᠢ ᠪᠥᠭᠡᠳ ᠪᠦᠲᠦᠮᠵᠢᠲᠡᠶ ᠠᠬᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠵᠠᠷᠴᠢᠮ ᠢ ᠪᠠᠲᠤ ᠰᠠᠬᠢᠵᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠶ᠃ | ᠵᠣᠬᠢᠴᠠᠭᠤᠯᠬᠤ ᠠᠵᠢᠯ ᠤᠨ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠶᠠᠳᠠᠭᠤ ᠠᠴᠠ | ᠠᠩᠭᠢᠵᠢᠷᠠᠭᠤᠯᠬᠤ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠤᠯᠪᠣᠭᠳᠠᠯ ᠪᠥᠬᠦᠶ ᠠᠵᠢᠯ ᠤᠨ ᠲᠥᠰᠦᠯ ᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠠᠵᠢᠯ ᠢ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠨ᠂ ᠨᠠᠷᠢᠨ ᠨᠢᠮᠪᠠᠶ | ᠵᠣᠬᠢᠶᠠᠨ ᠪᠠᠶᠢᠭᠤᠯᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ | ︵ᠭᠤᠷᠪᠠ︶ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠎ᠠ᠃ | ᠤᠯᠠᠭᠠᠨᠨᠠᠭᠤᠷ ᠪᠠᠯᠭᠠᠰᠤ ᠵᠢᠴᠢ ᠠᠷᠠᠳ ᠢ ᠪᠠᠶᠠᠵᠢᠭᠤᠯᠬᠤ ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠤᠨ | ᠳᠤᠭᠤᠶᠢᠯᠠᠩ ᠳᠤ ᠭᠦᠨᠵᠡᠭᠡᠶᠢᠷᠡᠨ᠂ ᠰᠠᠭᠤᠭᠠᠯᠢ ᠠᠷᠠᠳ ᠤᠨ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠣᠯᠠᠨ | ᠲᠦᠮᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠲᠤᠰᠬᠠᠭᠰᠠᠨ ᠣᠷᠣᠨ ᠰᠠᠭᠤᠴᠠ ᠶᠢᠨ | ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ | ᠤᠬᠠᠭᠤᠯᠬᠤ᠂ ᠬᠠᠷᠢᠭᠤ ᠥᠭᠬᠦ ᠠᠵᠢᠯ ᠢ ᠰᠠᠶᠢᠲᠤᠷ ᠬᠢᠵᠦ᠂ ᠪᠤᠰᠤᠳ ᠲᠥᠷᠥ ᠶᠢᠨ ᠪᠣᠳᠣᠯᠭ᠎ᠠ ᠯᠤᠭ᠎ᠠ | ᠵᠣᠯᠭᠠᠭᠤᠯᠬᠤ ᠶᠢ ᠰᠠᠶᠢᠲᠤᠷ ᠬᠢᠵᠦ᠂ ᠠᠲᠠᠭᠠᠷᠬᠠᠨ ᠠᠳᠠᠯᠢᠳᠬᠠᠬᠤ ᠠᠴᠠ ᠵᠠᠶᠢᠯᠠᠰᠬᠢᠵᠦ᠂ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠬᠡᠷᠡᠭᠲᠡᠶ᠃ | ︵ᠲᠦᠷᠪᠡ︶ ᠠᠷᠠᠳ ᠤᠨ ᠪᠠᠶᠢᠳᠠᠯ ᠢ ᠣᠶᠢᠯᠠᠭᠠᠵᠤ᠂ ᠵᠥᠷᠢᠴᠡᠯ ᠢ ᠠᠷᠢᠯᠭᠠᠬᠤ᠃ ᠤᠯᠠᠭᠠᠨᠨᠠᠭᠤᠷ ᠪᠠᠯᠭᠠᠰᠤ | ᠵᠢᠴᠢ ᠹᠦ᠋ ᠮᠢᠨ ᠨᠡᠶᠢᠭᠡᠮ ᠲᠣᠭᠤᠷᠢᠭ ᠨᠢ ᠮᠡᠳᠡᠭᠡ ᠵᠠᠩᠭᠢ ᠶᠢ ᠴᠤᠭᠯᠠᠭᠤᠯᠤᠨ ᠡᠵᠡᠮᠰᠢᠬᠦ ᠡᠷᠴᠢᠮ ᠢᠶᠠᠨ | ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠣᠯᠠᠨ ᠲᠦᠮᠡᠨ ᠢ ᠨᠥᠯᠥᠭᠡᠯᠡᠵᠦ ᠪᠠᠶᠢᠭ᠎ᠠ ᠦᠵᠡᠯ | ᠰᠠᠨᠠᠭᠠᠨ ᠤ ᠬᠥᠳᠡᠯᠦᠯ ᠪᠠᠶᠢᠳᠠᠯ ᠢ ᠤᠶᠢᠯᠠᠭᠠᠨ᠂ ᠲᠣᠭᠲᠠᠭᠤᠨ ᠪᠤᠰᠤ ᠬᠦᠴᠦᠨ ᠵᠦᠢᠯ ᠢ ᠬᠢᠨᠠᠮᠠᠭᠠᠶ ᠵᠢᠭᠰᠠᠭᠠᠨ | ᠪᠠᠶᠢᠴᠠᠭᠠᠵᠤ ᠡᠮᠬᠢᠯᠡᠵᠦ᠂ ᠪᠠᠯᠭᠠᠰᠤ ᠪᠣᠯᠤᠨ ᠨᠡᠶᠢᠭᠡᠮ ᠲᠣᠭᠤᠷᠢᠭ ᠤᠨ ᠺᠠᠳ᠋ᠷ ᠤᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠶ᠃ ᠠᠵᠢᠯ ᠤᠨ ᠳᠤᠮᠳᠠ ᠪᠠᠨ ᠠᠵᠢᠯᠯᠠᠬᠤ ᠠᠷᠭ᠎ᠠ ᠪᠠ ᠠᠷᠭ᠎ᠠ ᠪᠤᠳᠤᠯᠭ᠎ᠠ ᠶᠢ ᠡᠷᠬᠢᠮᠯᠡᠵᠦ᠂ | ᠬᠠᠯᠠᠭᠤᠨ ᠢᠶᠠᠷ ᠬᠦᠯᠢᠶᠡᠨ ᠠᠪᠴᠤ᠂ ᠬᠦᠯᠢᠴᠡᠩᠭᠦᠶ ᠪᠠᠷ ᠲᠠᠶᠢᠯᠪᠤᠷᠢᠯᠠᠨ᠂ ᠵᠥᠷᠢᠴᠡᠯ ᠢ ᠠᠷᠢᠯᠭᠠᠬᠤ ᠬᠡᠷᠡᠭᠲᠡᠶ᠃ | ᠳᠡᠭᠡᠷᠡᠬᠢ ᠲᠥᠷᠥ ᠶᠢᠨ ᠪᠣᠳᠣᠯᠭ᠎ᠠ ᠶᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ | ᠬᠦᠴᠦᠨ ᠥᠬᠡᠶ ᠪᠣᠯᠭᠠᠵᠤ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠬᠠᠷᠢᠭᠤᠴᠠᠨ᠎ᠠ᠃ | | | | |