ᠲᠤᠭᠤᠷᠢᠭ ᠤᠨ ᠨᠠᠮ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠠᠯᠪᠠᠨ ᠭᠡᠷ ᠲᠠᠪᠤᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/6
     9 ᠳ᠋ᠦᠭᠡᠷ ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶ᠎ᠠ ᠶᠢᠨ ᠠᠯᠪᠠᠨ ᠬᠡᠷ ᠤᠨ ᠲᠠᠪᠤᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠤᠨ ᠬᠤᠷᠠᠯ᠂ ᠦᠬᠠᠶ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶ᠎ᠠ ᠶᠢᠨ ᠠᠯᠪᠠᠨ ᠬᠡᠷ ᠤᠨ ᠲᠠᠪᠤᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠠ ᠲᠣᠭᠤᠷᠢᠭ ᠤᠨ ᠪᠥᠬᠦ ᠲᠠᠯ᠎ᠠ ᠪᠠᠷ ᠬᠠᠤᠯᠢ ᠪᠠᠷ  ᠲᠤᠭᠤᠷᠢᠭ ᠢᠶᠠᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢ ᠺᠠᠶ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃
     ᠬᠤᠷᠠᠯ ᠠᠴᠠ ᠵᠢᠭᠠᠵᠦ ᠭᠠᠷᠭᠠᠭᠰᠠᠨ ᠨᠢ᠂ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠥᠨᠳᠥᠷ ᠦᠷ᠎ᠡ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠶᠢᠨ ᠬᠦᠴᠦᠲᠡᠢ ᠬᠠᠤᠯᠢᠵᠢᠯ ᠤᠨ ᠪᠠᠲᠤᠯᠠᠭ᠎ᠠ ᠮᠥᠨ᠃ ᠪᠦᠬᠦ ᠲᠤᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠲᠠᠯ᠎ᠠ ᠪᠠᠷ ᠦᠵᠡᠵᠦ᠂ ᠤᠯᠤᠰ ᠲᠥᠷᠥ ᠶᠢᠨ ᠲᠠᠯ᠎ᠠ ᠪᠠᠷ ᠬᠢᠬᠦ ᠶᠢ ᠪᠠᠷᠢᠮᠲᠠᠯᠠᠵᠤ᠂ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠰ ᠰᠠᠯᠠᠭ᠎ᠠ ᠮᠥᠴᠢᠷ ᠤᠨ ᠢᠶᠠᠨ ᠲᠤᠬᠠᠶᠢᠯᠠᠭᠰᠠᠨ ᠠᠵᠢᠯ ᠲᠠᠢ ᠬᠠᠷᠢᠯᠴᠠᠨ ᠤᠶᠠᠯᠳᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠨ᠂ ᠬᠠᠤᠯᠢ ᠶᠣᠰᠣᠭᠠᠷ ᠲᠥᠷᠥ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠪᠠ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠠᠶ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠤᠳᠠ ᠶᠢᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号