9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠳᠠ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢ ᠦᠷᠭᠦᠯᠵᠢᠯᠡᠨ ᠰᠣᠩᠭᠤᠨ ᠲᠣᠮᠢᠯᠠᠬᠤ ᠶᠠᠷᠢᠯᠴᠠᠬᠤ | ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠢᠦ ᠵᠢᠶᠠᠨ ᠬᠤᠸᠠ ᠪᠣᠯᠤᠨ ᠲᠤᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢᠦ ᠮᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠭᠡᠰᠢᠭᠦᠳ ︽ᠳᠡᠭᠡᠷ᠎ᠡ ᠳᠣᠣᠷ᠎ᠠ ᠱᠠᠳᠤ ᠪᠠᠷ ᠢᠶᠠᠨ | ᠰᠡᠳᠬᠢᠯ ᠢᠶᠠᠨ ᠨᠢᠭᠡᠳᠬᠡᠵᠦ᠂ ᠬᠦᠴᠦ ᠴᠢᠳᠠᠯ ᠢᠶᠠᠨ ᠰᠢᠪᠬᠠᠨ ᠪᠠᠶᠢᠯᠳᠤᠬᠤ᠂ ᠤᠨᠢᠨ ᠳᠡᠭᠡᠷ᠎ᠡ ᠨᠢ ᠪᠣᠳᠠᠲᠠᠢ ᠶᠢ | ᠡᠷᠬᠢᠮᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠠᠷᠠᠳ ᠲᠦᠮᠡᠨ ᠢ | ᠬᠥᠰᠡᠷᠳᠡᠭᠦᠯᠬᠦ ᠦᠭᠡᠢ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠳᠤ | ᠬᠦᠴᠦᠨ ᠨᠡᠮᠡᠷᠢᠯᠡᠬᠦ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠳᠤ ᠢᠳᠡᠪᠬᠢᠲᠡᠢ ᠣᠷᠣᠯᠴᠠᠵᠤ᠂ ᠯᠠᠪᠳᠠᠭᠤᠨ ᠪᠠᠲᠤᠲᠠᠢ ᠠᠵᠢᠯᠯᠠᠵᠤ᠂ | ᠦᠨᠳᠦᠰᠦᠨ ᠱᠠᠲᠤᠨ ᠳᠤ ᠦᠨᠳᠦᠰᠦᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠦᠨᠡᠨᠬᠦ ᠬᠠᠪᠰᠤᠷᠴᠤ | ᠪᠣᠳᠠᠲᠠᠢ ᠲᠡᠳᠬᠦᠵᠦ᠂ ᠲᠣᠰᠬᠤᠨ ᠳᠤ ᠰᠠᠭᠤᠬᠤ ᠠᠵᠢᠯ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ | ᠥᠷᠨᠢᠭᠦᠯᠵᠦ᠂ ᠬᠠᠮᠤᠭ ᠤᠨ ᠬᠠᠲᠠᠭᠤ ᠰᠤᠷᠲᠠᠯ᠂ ᠬᠠᠮᠤᠭ ᠤᠨ ᠰᠢᠯᠢᠳᠡᠭ ᠪᠠᠶᠢᠳᠠᠯ᠂ ᠨᠡᠩ ᠬᠦᠴᠦᠲᠡᠢ ᠠᠷᠭ᠎ᠠ | ᠬᠡᠮᠵᠢᠶ᠎ᠡ ᠪᠠᠷ ᠮᠠᠨ ᠤ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠶᠢᠳᠠ ᠰᠠᠶᠢᠬᠠᠨ | ᠬᠠᠭᠤᠳᠠᠰᠤ ᠶᠢ ᠪᠢᠴᠢᠭᠯᠡᠬᠦ ᠬᠡᠷᠡᠭᠲᠡᠢ᠃ | | ᠬᠤᠷᠠᠯ ᠳᠡᠭᠡᠷ᠎ᠡ᠂ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ | ᠪᠣᠯᠤᠨ ᠲᠣᠰᠬᠤᠨ ᠳᠤ ᠰᠠᠭᠤᠭ᠎ᠠ ᠠᠩᠬᠢ ᠶᠢᠨ ᠭᠡᠰᠢᠭᠦᠳ᠂ ᠲᠤᠰ ᠤᠳᠠᠭ᠎ᠠ ᠶᠢᠨ ᠳᠠᠪᠲᠠᠨ ᠪᠣᠯᠪᠠᠰᠤᠷᠠᠬᠤ ᠠᠵᠠ | ᠲᠣᠬᠢᠶᠠᠯ ᠢ ᠬᠤᠪᠢ ᠲᠠᠬᠢᠨ ᠨᠠᠨᠳᠢᠩᠨᠠᠵᠤ᠂ ᠰᠡᠳᠬᠢᠯ ᠰᠢᠭᠤᠳᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ | ᠠᠵᠢᠯ ᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠤᠯᠠᠨ ᠲᠦᠮᠡᠨ ᠳᠤ | ᠰᠠᠶᠢᠨ ᠶᠠᠪᠤᠳᠠᠯ᠂ ᠪᠣᠳᠠᠲᠠᠢ ᠶᠠᠪᠤᠳᠠᠯ ᠢ ᠢᠳᠡᠪᠬᠢᠲᠡᠢ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃ |