9 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠺᠠᠶ ᠤᠳᠠ ᠲᠣᠭᠤᠷᠢᠭ ᠤᠨ ᠠᠵᠤ ᠦᠢᠯᠡᠰ ᠤᠨ ᠠᠵᠢᠯᠴᠢᠨ ᠤ | ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ ᠲᠥᠷᠥ ᠶᠢᠨ | ᠠᠵᠢᠯ ᠤᠨ ᠬᠠᠮᠲᠤᠷᠠᠭᠰᠠᠨ ᠬᠤᠷᠠᠯ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ | ᠥᠭᠡᠷᠡᠴᠢᠯᠡᠯᠲᠡ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠠᠮᠲᠤᠷᠠᠭᠰᠠᠨ | ᠬᠤᠷᠠᠯ ᠤᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ᠂ ᠦᠬᠠᠶ ᠬᠤᠲᠠ ᠶᠢᠨ ᠠᠵᠤ | ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ | ᠲᠥᠷᠥ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠭᠠᠳ᠂ | ᠮᠠᠨ ᠤ ᠲᠤᠭᠤᠷᠢᠭ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ | ᠶᠦᠩ ᠰᠢᠶᠠᠩ ᠪᠣᠯᠤᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ᠂ ᠥᠭᠡᠷᠡᠴᠢᠯᠡᠯᠲᠡ ᠶᠢᠨ | ᠲᠤᠷᠰᠢᠯᠲᠠ ᠶᠢᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠲᠤᠷᠰᠢᠯᠲᠠ ᠶᠢᠨ ᠨᠢᠭᠡᠴᠡ ᠨᠦᠭᠦᠳ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠥᠭᠡᠷᠡᠴᠢᠯᠡᠯᠲᠡ ᠶᠢᠨ | ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠨᠢᠭᠡ ᠪᠦᠯᠦᠭ ᠬᠠᠨᠳᠤᠯᠭᠠᠲᠤ | ᠴᠢᠨᠠᠷᠲᠠᠶ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ | ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠮᠠᠨ ᠤ ᠲᠤᠭᠤᠷᠢᠭ ᠤᠨ ᠠᠵᠤ ᠦᠢᠯᠡᠰ ᠤᠨ ᠠᠵᠢᠯᠴᠢᠳ ᠢ | ᠮᠡᠳᠡᠯᠭᠡ ᠶᠢᠨ ᠮᠠᠶ᠋ᠢᠭ ᠤᠨ᠂ ᠮᠡᠷᠭᠡᠵᠢᠯ ᠤᠨ ᠴᠢᠳᠠᠪᠤᠷᠢ ᠶᠢᠨ ᠮᠠᠶ᠋ᠢᠭ ᠤᠨ᠂ ᠰᠢᠨ᠎ᠡ ᠶᠢ ᠡᠭᠦᠳᠬᠦ ᠮᠠᠶ᠋ᠢᠭ ᠤᠨ ᠥᠨᠳᠥᠷ | ᠬᠡᠪ ᠪᠣᠯᠪᠠᠰᠤᠷᠠᠯ ᠲᠠᠢ ᠡᠩᠨᠡᠭᠡ ᠪᠣᠯᠭᠠᠨ ᠳᠠᠪᠲᠠᠨ ᠪᠣᠯᠪᠠᠰᠤᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ | ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠠᠩ ᠶᠡᠭᠡ ᠦᠢᠯᠡᠳᠦᠯ | ᠪᠠᠳᠠᠷᠠᠭᠤᠯᠬᠤ ᠪᠠᠷ ᠴᠢᠷᠮᠠᠶᠢᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠴᠢᠩᠭ᠎ᠠ ᠰᠠᠭᠤᠷᠢ ᠪᠠ ᠲᠤᠯᠭᠠᠭᠤᠷᠢᠯᠠᠯ ᠬᠠᠩᠭᠠᠨ᠎ᠠ᠃ |