| ᠨᠡᠶᠢᠭᠡᠮ ᠲᠣᠭᠤᠷᠢᠭ ᠤᠨ ᠵᠣᠷᠯᠣᠩ ᠢ ᠥᠭᠡᠷᠡᠴᠢᠯᠡᠬᠦ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠵᠦ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ | ᠣᠶᠢᠷ᠎ᠠ ᠳᠤ᠂ ᠽᠧ ᠶᠤᠸᠠᠨ ᠨᠡᠶᠢᠭᠡᠮ ᠲᠣᠭᠤᠷᠢᠭ ᠵᠣᠷᠯᠣᠩ ᠢ ᠥᠭᠡᠷᠡᠴᠢᠯᠡᠬᠦ ᠠᠵᠢᠯ ᠢ ᠦᠨᠡᠨ ᠬᠦ ᠪᠣᠳᠠᠲᠠᠶ ᠳᠤ | ᠨᠠᠶᠢᠳᠠᠪᠤᠷᠢᠵᠢᠭᠤᠯᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠬᠤ ᠳᠤᠭᠤᠶᠢᠯᠠᠩ ᠡᠷᠦᠬᠡ ᠳᠤ ᠬᠦᠷᠴᠦ ᠵᠢᠭᠰᠠᠭᠠᠨ | ᠪᠠᠶᠢᠴᠠᠭᠠᠬᠤ ᠶᠠᠪᠤᠴᠠ ᠳᠤ᠂ ᠰᠠᠭᠤᠭᠠᠯᠢ ᠠᠷᠠᠳ ᠤᠨ ᠵᠣᠷᠯᠣᠩ ᠢ ᠬᠡᠷᠡᠭᠯᠡᠬᠦ ᠦᠶ᠎ᠡ ᠳᠤ ᠣᠷᠣᠰᠢᠵᠤ ᠪᠠᠶᠢᠭ᠎ᠠ | ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠠᠰᠠᠭᠤᠨ ᠯᠠᠪᠯᠠᠬᠤ ᠶᠢᠨ ᠬᠠᠮᠲᠤ᠂ ᠣᠯᠠᠨ ᠲᠦᠮᠡᠨ ᠤ ᠲᠤᠰᠬᠠᠭᠰᠠᠨ | ᠠᠰᠠᠭᠤᠳᠠᠯ ᠢ ᠨᠢᠭᠡᠳ ᠨᠢᠭᠡ ᠪᠠᠷ ᠲᠡᠮᠳᠡᠭᠯᠡᠵᠦ᠂ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ | ᠂ ᠠᠵᠢᠯ ᠢ ᠠᠬᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠬᠥᠳᠡᠭᠡ | ᠲᠣᠰᠬᠤᠨ ᠤ ᠵᠣᠷᠯᠣᠩ ᠤᠨ ᠬᠤᠪᠢᠰᠬᠠᠯ ᠢ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠳᠥᠯᠭᠢᠨ ᠠᠬᠢᠭᠤᠯᠪᠠ᠃ | | ᠬᠡᠷᠡᠭᠯᠡᠵᠦ ᠪᠣᠯᠬᠤ ᠦᠭᠡᠢ᠂ ᠬᠡᠷᠡᠭᠯᠡᠬᠦ ᠳᠤ ᠮᠠᠭᠤ᠂ ᠲᠥᠬᠦᠭᠡᠷᠦᠮᠵᠢ ᠨᠢ ᠡᠪᠳᠡᠷᠡᠵᠦ ᠰᠦᠢᠳᠦᠭᠰᠡᠨ ᠢ ᠨᠢ | ᠥᠭᠡᠷᠡᠴᠢᠯᠡᠬᠦ᠂ ᠰᠡᠯᠪᠢᠨ ᠵᠠᠰᠠᠬᠤ ᠲᠥᠯᠥᠪᠯᠡᠭᠡ ᠳᠤ ᠣᠷᠣᠭᠤᠯᠤᠨ᠎ᠠ᠃ ᠬᠡᠷᠡᠭᠯᠡᠵᠦ ᠴᠢᠳᠠᠬᠤ ᠥᠬᠡᠶ ᠶᠢ ᠨᠢ | ᠬᠥᠲᠥᠯᠦᠨ ᠵᠢᠯᠣᠭᠤᠳᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠦᠨᠳᠦᠰᠦᠨ ᠬᠡᠷᠡᠭᠯᠡᠭᠡᠨ ᠤ | ᠮᠡᠳᠡᠯᠭᠡ ᠪᠠ ᠬᠡᠷᠡᠭᠯᠡᠬᠦ ᠠᠷᠭ᠎ᠠ ᠶᠢ ᠲᠠᠶᠢᠯᠪᠤᠷᠢᠯᠠᠵᠤ ᠥᠭᠭᠦᠨ᠎ᠡ᠂ ᠬᠡᠷᠡᠭᠯᠡᠬᠦ ᠳᠤᠷ᠎ᠠ ᠦᠭᠡᠢ ᠬᠥᠮᠦᠰ ᠲᠤ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠠᠯᠬᠤᠮ | ᠠᠯᠬᠤᠮ ᠢᠶᠠᠷ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠨ᠎ᠠ᠃ | | ᠡᠭᠦᠨ ᠤ ᠬᠠᠮᠲᠤ᠂ ᠠᠵᠢᠯᠲᠠᠳ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠤᠤᠷᠯᠠᠭᠴᠢ ᠶᠢ ᠵᠣᠬᠢᠶᠠᠨ | ᠪᠠᠶᠢᠭᠤᠯᠤᠨ ᠥᠪᠡᠰᠦᠪᠡᠨ ᠪᠠᠶᠢᠴᠠᠭᠠᠬᠤ ᠬᠦᠰᠦᠨᠦᠭᠲᠦ ᠶᠢᠨ ᠠᠭᠤᠯᠭ᠎ᠠ ᠶᠢᠨ ᠶᠣᠰᠣᠭᠠᠷ ᠵᠣᠷᠯᠣᠩ ᠤᠨ | ᠥᠭᠡᠷᠡᠴᠢᠯᠡᠯᠲᠡ ᠶᠢᠨ ᠪᠠᠶᠢᠳᠠᠯ ᠢ ᠳᠠᠬᠢᠨᠲᠠ ᠰᠦᠯᠵᠢᠶᠡᠨ ᠬᠡᠯᠪᠡᠷᠢ ᠪᠠᠷ ᠵᠢᠭᠰᠠᠭᠠᠨ ᠪᠠᠶᠢᠴᠠᠭᠠᠵᠤ᠂ ᠡᠬᠡ ᠲᠠᠩᠰᠠ ᠶᠢ | ᠬᠢᠨᠠᠨ ᠬᠠᠷᠭᠤᠭᠤᠯᠤᠨ᠎ᠠ᠃ ᠠᠰᠠᠭᠤᠳᠠᠯ ᠤᠨ ᠡᠬᠡ ᠲᠠᠩᠰᠠ ᠶᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ | ᠲᠥᠰᠦᠯ ᠲᠣᠭᠲᠠᠭᠠᠵᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ | | ᠵᠢᠵᠢᠭ ᠵᠣᠷᠯᠣᠩ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠽᠧ ᠶᠤᠸᠠᠨ ᠨᠡᠶᠢᠭᠡᠮ ᠲᠣᠭᠤᠷᠢᠭ | ᠦᠷᠭᠦᠯᠵᠢᠯᠡᠨ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠠᠰᠠᠭᠤᠳᠠᠯ ᠢ ᠵᠢᠭᠰᠠᠭᠠᠨ ᠪᠠᠶᠢᠴᠠᠭᠠᠬᠤ | ᠠᠵᠢᠯ ᠢ ᠠᠷᠠᠳ ᠤᠨ ᠠᠮᠢᠳᠤᠷᠠᠯ ᠠᠷᠠᠳ ᠤᠨ ᠰᠡᠳᠬᠢᠯ ᠢ ᠭᠤᠣᠯᠳᠠᠯᠭ᠎ᠠ ᠲᠠᠢ ᠢᠨᠵᠧᠨᠧᠷᠢᠩ ᠪᠣᠯᠭᠠᠨ ᠠᠳᠬᠤᠵᠤ᠂ | ︽ᠵᠣᠷᠯᠣᠩ ᠤᠨ ᠬᠤᠪᠢᠰᠬᠠᠯ︾ ᠢ ᠡᠴᠦᠰ ᠲᠤᠨᠢ ᠲᠤᠯᠲᠠᠯ᠎ᠠ ᠬᠢᠵᠦ᠂ ᠡᠷᠦᠬᠡ ᠶᠢᠨ ᠵᠣᠷᠯᠣᠩ ᠢ ᠥᠭᠡᠷᠡᠴᠢᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠥᠳᠡᠭᠡ ᠲᠣᠰᠬᠤᠨ ᠤ | ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ | ᠪᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠬᠥᠳᠡᠭᠡ ᠲᠣᠰᠬᠤᠨ ᠤ ︽ᠵᠢᠵᠢᠭ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ︾ ᠪᠠᠷ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠶᠡᠭᠡ ᠪᠥᠲᠥᠭᠡᠨ ᠪᠠᠶᠢᠭᠤᠯᠤᠯᠲᠠ︾ ᠳᠤ ᠬᠦᠴᠦᠨ ᠨᠡᠮᠡᠷᠢᠯᠡᠨ᠎ᠡ | ᠃ | | | | | | |