ᠤᠳᠠ ᠲᠤᠭᠤᠷᠢᠭ ᠤᠨ ᠨᠠᠮ ᠤᠨ ᠬᠤᠷᠢᠶ᠎ᠡ ᠲᠠᠷᠬᠠᠭᠠᠭᠰᠠᠨ〔2022〕 7 ᠳ᠋ᠤᠭᠠᠷ ᠲᠣᠭᠠᠲᠤ | ᠤᠳᠠ ᠲᠣᠭᠤᠷᠢᠭ ᠤᠨ ᠨᠠᠮ ᠤᠨ ᠬᠤᠷᠢᠶ᠎ᠠ ᠠᠷᠠᠳ ᠤᠨ ᠵᠠᠰᠠᠭ ᠤᠨ ᠣᠷᠳᠣᠨ ᠤ ︽2022 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠨᠠᠮ ᠤᠨ | ᠬᠤᠷᠢᠶ᠎ᠠ ᠶᠢᠨ ᠡᠯ᠎ᠡ ᠶᠠᠮᠤᠨ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄ | ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ | ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ ᠲᠤᠭᠤᠷᠢᠭ ᠤᠨ ᠬᠤᠷᠢᠶ᠎ᠠ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2022 ᠣᠨ ᠤ 7 ᠰᠠᠷ᠎ᠠ ᠶᠢᠨ 22 | 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ | ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ | ︽ᠦᠬᠠᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 | ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ | ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠤᠯᠭᠠᠭᠤᠷᠢᠯᠠᠯ ᠢ ᠴᠢᠩᠭᠠᠷᠠᠭᠤᠯᠬᠤ | ᠬᠡᠷᠡᠭᠲᠡᠢ | ︵ᠨᠢᠭᠡ︶ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠠᠷᠢᠶᠠᠨ ᠭᠠᠵᠠᠷ ᠪᠠ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ | ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠢ 1 ᠪᠠᠶᠢᠭᠤᠯᠤᠨ᠎ᠠ᠃ ᠲᠠᠷᠢᠶᠠᠨ | ᠭᠠᠵᠠᠷ ᠢ ᠤᠷᠢᠳᠠᠪᠠᠷ ᠠᠰᠢᠭᠯᠠᠬᠤ ᠲᠡᠰ ᠳᠠᠷᠠᠭᠠᠯᠠᠯ ᠢ ᠲᠣᠳᠣᠷᠬᠠᠶᠢᠯᠠᠵᠤ᠂ ᠲᠠᠷᠢᠶᠠᠨ ᠭᠠᠵᠠᠷ ᠢ ᠭᠤᠣᠯᠳᠠᠭᠤ ᠠᠮᠤ | ᠪᠤᠳᠠᠭ᠎ᠠ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠬᠡᠷᠡᠭᠯᠡᠵᠦ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠭᠤᠣᠯᠳᠠᠯᠭ᠎ᠠ ᠲᠠᠢ ᠪᠠᠷ | ᠬᠡᠷᠡᠭᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠨ᠎ᠠ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 2020 ᠣᠨ ᠤ 7 ᠰᠠᠷ᠎ᠠ ᠶᠢᠨ 3 ᠤ ᠡᠳᠦᠷ ᠠᠴᠠ ᠬᠤᠶᠢᠰᠢ | ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠣᠷᠣᠨ ᠳᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ | ᠪᠠᠷᠢᠭᠰᠠᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︽ᠲᠣᠮᠣ ᠰᠠᠷᠠᠪᠴᠢᠲᠤ ᠭᠡᠷ | ᠪᠠᠶᠢᠰᠢᠩ︾ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠪᠡᠯᠡᠳᠭᠡᠮᠵᠢᠳᠤ ᠲᠠᠷᠢᠶᠠᠯᠠᠩ ᠤᠨ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠠᠬᠢᠭᠤᠯᠤᠨ᠂ ᠰᠤᠯᠠ ᠪᠠᠶᠢᠬᠤ ᠲᠠᠷᠢᠶᠠᠨ ᠭᠠᠵᠠᠷ ᠢ ᠳᠠᠷᠢᠬᠤ ᠠᠵᠢᠯ ᠢ | ᠢᠳᠡᠪᠬᠢᠲᠡᠢ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ ︽ᠠᠮᠤ | ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃ | ︵ᠬᠤᠶᠠᠷ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠠᠯᠬᠤᠮ ᠠᠯᠬᠤᠮ ᠢᠶᠠᠷ ᠥᠷᠨᠢᠭᠦᠯᠦᠨ᠎ᠡ᠃ ᠲᠤᠭᠤᠷᠢᠭ ᠤᠨ ᠱᠠᠲᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠠᠬᠢᠭᠤᠯᠵᠤ | ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ᠃ ᠲᠠᠷᠢᠶᠠᠨ ᠭᠠᠵᠠᠷ ᠢ ᠴᠡᠭᠴᠡᠯᠡᠨ ᠵᠠᠰᠠᠬᠤ | ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠲᠠᠷᠢᠶᠠᠨ ᠭᠠᠵᠠᠷ ᠤᠨ ᠵᠠᠮ ᠢ ᠢᠵᠢ ᠪᠦᠷᠢᠳᠦᠭᠦᠯᠬᠦ ᠵᠡᠷᠭᠡ | ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ | ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠦᠴᠦ ᠪᠠᠨ ᠲᠥᠪᠯᠡᠷᠡᠭᠦᠯᠦᠨ ᠲᠥᠪᠯᠡᠷᠡᠨ ᠵᠠᠯᠭᠠᠯᠳᠤᠭᠰᠠᠨ᠂ | ᠤᠰᠤ ᠠᠷᠪᠢᠯᠠᠬᠤ ᠥᠨᠳᠥᠷ ᠦᠷ᠎ᠡ ᠪᠦᠲᠦᠮᠵᠢᠲᠡᠶ᠂ ᠠᠮᠢ ᠠᠬᠤᠢ ᠳᠤ ᠨᠥᠬᠦᠷᠰᠡᠭ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠦᠲᠦᠭᠡᠨ ᠪᠠᠶᠢᠭᠤᠯᠤᠨ᠎ᠠ᠃ ᠪᠦᠲᠦᠭᠡᠨ ᠪᠠᠶᠢᠭᠤᠯᠬᠤ ᠲᠤᠭ᠎ᠠ ᠬᠡᠮᠵᠢᠶ᠎ᠡ ᠪᠠ ᠪᠦᠲᠦᠭᠡᠨ ᠪᠠᠶᠢᠭᠤᠯᠬᠤ ᠶᠠᠰᠤ | ᠴᠢᠨᠠᠷ ᠢ ᠵᠡᠷᠭᠡ ᠪᠠᠷ ᠴᠢᠬᠤᠯᠠᠴᠢᠯᠠᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠪᠠᠶᠢᠭᠤᠯᠤᠭᠰᠠᠨ ᠤ ᠳᠠᠷᠠᠭᠠᠬᠢ | ᠬᠠᠮᠢᠶᠠᠷᠤᠯᠲᠠ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠳᠤ | ᠪᠠᠲᠤ ᠪᠠᠬᠢ ᠰᠠᠭᠤᠷᠢ ᠶᠢ ᠬᠠᠩᠭᠠᠨ᠎ᠠ᠃ | ︵ᠭᠤᠷᠪᠠ︶ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠯᠬᠢᠨ ᠠᠬᠢᠭᠤᠯᠵᠤ᠂ | ᠪᠡᠶ᠎ᠡ ᠪᠠᠨ ᠳᠠᠭᠠᠭᠠᠨ ᠥᠪᠡᠷ ᠢᠶᠠᠨ ᠬᠦᠴᠦᠷᠬᠡᠭᠵᠢᠬᠦ ᠦᠷ᠎ᠡ ᠶᠢᠨ ᠢᠷᠡᠯᠲᠡ ᠶᠢ ᠠᠬᠢᠭᠤᠯᠤᠨ᠎ᠠ᠃ ᠦᠬᠠᠢ ᠬᠤᠲᠠ ᠲᠠᠢ | ᠬᠠᠮᠵᠢᠯᠴᠠᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠦᠷ᠎ᠡ | ᠡᠳ᠋ ᠤᠨ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠪᠣᠷ ᠴᠤᠬᠠᠭ᠂ ᠮᠥᠬᠦᠬᠦ | ᠰᠢᠬᠠᠭᠰᠠᠨ᠂ ᠣᠨᠴᠠ ᠪᠠᠶᠢᠳᠠᠭ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠵᠤ᠂ 30 ᠶᠢ ᠡᠯᠰᠡᠨ ᠴᠤᠭᠯᠠᠭᠤᠯᠬᠤ | ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠦᠷ᠎ᠡ ᠶᠢᠨ ᠦᠢᠯᠡᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠫᠠᠶᠢᠰᠠ ᠮᠡᠬᠡᠯᠡᠨ ᠡᠷᠬᠡ ᠳᠤ | ᠬᠠᠯᠳᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠴᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ | ᠲᠦᠷᠭᠡᠳᠬᠡᠨ᠎ᠡ᠃ | ︵ᠳᠥᠷᠪᠡ︶ ᠤᠳᠤ ᠦᠶ᠎ᠡ ᠶᠢᠨ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠠᠰᠢᠨ ᠤ ᠪᠦᠲᠦᠭᠡᠭᠳᠡᠬᠦᠨ ᠬᠤᠳᠠᠯᠳᠤᠨ ᠠᠪᠬᠤ ᠨᠥᠬᠦᠪᠦᠷᠢ ᠶᠢᠨ | ᠬᠡᠪᠴᠢᠶᠡᠨ ᠳᠤ ᠰᠢᠨ᠎ᠡ ᠪᠠᠷ ᠣᠷᠣᠭᠤᠯᠤᠭᠰᠠᠨ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ | ᠲᠠᠷᠢᠮᠠᠯ᠂ ᠬᠦᠯᠡᠮᠵᠢ ᠶᠢᠨ ᠪᠣᠯᠣᠳ ᠪᠦᠲᠦᠴᠡ ᠶᠢᠨ ᠠᠷᠤᠭ ᠶᠠᠰᠤ ᠵᠡᠷᠭᠡ ᠢᠵᠢ ᠪᠦᠷᠢᠨ ᠲᠥᠬᠦᠭᠡᠷᠦᠮᠵᠢ ᠲᠣᠨᠤᠭ | ᠲᠥᠬᠦᠭᠡᠷᠦᠮᠵᠢ ᠶᠢ ᠢᠳᠡᠪᠬᠢᠲᠡᠢ ᠪᠠᠷ ᠤᠬᠠᠭᠤᠯᠤᠨ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ︽ | ᠥᠪᠡᠰᠦᠪᠡᠨ ᠮᠠᠰᠢᠨ ᠬᠤᠳᠠᠯᠳᠤᠨ ᠠᠪᠬᠤ᠂ ᠲᠣᠭᠲᠠᠭᠰᠠᠨ ᠨᠣᠷᠮ᠎ᠠ ᠪᠠᠷ ᠨᠥᠬᠦᠪᠦᠷᠢ ᠥᠭᠬᠦ᠂ ᠤᠷᠢᠳᠠᠪᠠᠷ | ᠬᠤᠳᠠᠯᠳᠤᠨ ᠠᠪᠴᠤ ᠳᠠᠷᠠᠭ᠎ᠠ ᠨᠢ ᠨᠥᠬᠦᠪᠦᠷᠢ ᠥᠭᠬᠦ᠂ ᠬᠤᠰᠢᠭᠤ ᠰᠢᠶᠠᠨ ᠤ ᠱᠠᠲᠤᠨ ᠠᠴᠠ ᠳ᠋ᠦᠩᠨᠡᠨ ᠪᠤᠳᠤᠬᠤ᠂ | ᠰᠢᠭᠤᠳ ᠨᠥᠬᠦᠪᠦᠷᠢᠯᠡᠬᠦ ᠶᠢ ᠺᠠᠷᠲ ︵ᠡᠷᠦᠬᠡ︶ ᠳᠤ ᠬᠦᠷᠭᠡᠬᠦ︾ ᠶᠢ ᠬᠡᠷᠡᠭᠵᠢᠭᠦᠯᠬᠦ ᠠᠷᠭ᠎ᠠ ᠮᠠᠶ᠋ᠢᠭ ᠶᠣᠰᠣᠭᠠᠷ᠂ | ᠭᠠᠷ ᠤᠲᠠᠰᠤᠨ ᠤ APP ᠶᠢᠨ ᠬᠡᠷᠡᠭᠯᠡᠯᠲᠡ ᠶᠢᠨ ᠭᠤᠶᠤᠴᠢᠯᠠᠨ ᠮᠡᠳᠡᠭᠦᠯᠬᠦ ᠬᠠᠷᠢᠴᠠᠯ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠨᠥᠬᠦᠪᠦᠷᠢ ᠭᠤᠶᠤᠴᠢᠯᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠪᠠ ᠪᠡᠯᠡ ᠮᠥᠩᠭᠦ ᠰᠣᠯᠢᠵᠤ | ᠥᠭᠬᠦ ᠶᠢ ᠴᠠᠭ ᠬᠢᠵᠠᠭᠠᠷᠯᠠᠨ ᠭᠦᠢᠴᠡᠳᠬᠡᠬᠦ ᠶᠢ ᠥᠷᠨᠢᠭᠦᠯᠵᠦ᠂ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ ᠵᠢᠯ | ᠲᠤᠷᠰᠢ ᠦᠷᠭᠦᠯᠵᠢᠯᠡᠨ ᠨᠡᠭᠡᠭᠡᠬᠦ ᠶᠢ ᠬᠡᠷᠡᠭᠵᠢᠭᠦᠯᠦᠨ᠂ ᠮᠠᠰᠢᠨ ᠬᠤᠳᠠᠯᠳᠤᠨ ᠠᠪᠤᠭᠴᠢ ᠶᠢᠨ ᠨᠥᠬᠦᠪᠦᠷᠢ ᠶᠢᠨ ᠮᠡᠳᠡᠭᠡ | ᠵᠠᠩᠭᠢ ᠶᠢ ᠴᠠᠭ ᠲᠤᠬᠠᠢ ᠳᠤᠨᠢ ᠢᠯᠡ ᠪᠣᠯᠭᠠᠬᠤ ᠬᠡᠷᠡᠭᠲᠡᠢ᠃ | ︵ᠲᠠᠪᠤ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠬᠦ ᠶᠢ | ᠪᠠᠲᠤᠯᠠᠨ᠎ᠠ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠭᠤᠣᠯᠯᠠᠨ | ᠤᠳᠤᠷᠢᠳᠴᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠨᠢᠭᠡᠳᠦᠯᠲᠡᠢ ᠨᠡᠶᠢᠲᠡᠯᠡᠵᠦ᠂ ᠱᠠᠲᠤ ᠬᠤᠪᠢᠶᠠᠨ | ᠬᠠᠷᠢᠭᠤᠴᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭᠠᠲᠤ ᠴᠢᠨᠠᠷ ᠪᠣᠯᠣᠨ ᠬᠠᠮᠤᠷᠬᠤ | ᠬᠡᠪᠴᠢᠶ᠎ᠡ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢᠵᠢᠯᠲᠠ ᠶᠢ ᠲᠦᠯᠬᠢᠨ ᠠᠬᠢᠭᠤᠯᠵᠤ᠂ ᠶᠡᠭᠡ ᠰᠠᠯᠬᠢ᠂ ᠬᠦᠢᠲᠡᠨ | ᠤᠷᠤᠰᠬᠠᠯ᠂ ᠬᠢᠷᠠᠭᠤ ᠬᠥᠯᠳᠡᠭᠦᠦ᠂ ᠡᠯᠡᠰᠦ ᠲᠣᠭᠤᠰᠣ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠪᠠᠷ | ᠠᠷᠭᠠᠴᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠠᠷᠢᠶᠠᠯᠠᠩ ᠤᠨ ᠠᠵᠤ | ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠬᠤᠷᠰᠢᠶ᠎ᠠ ᠵᠡᠷᠭᠡ ᠲᠠᠷᠢᠶᠠᠯᠠᠩ ᠤᠨ ᠬᠦᠷᠢᠶᠡᠨ ᠳᠤ | ᠴᠠᠭ ᠲᠤᠬᠠᠢ ᠳᠤᠨᠢ ᠮᠡᠳᠡᠭᠳᠡᠵᠦ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠵᠤ | ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠤᠢ ᠪᠣᠯᠭᠠᠨ᠎ᠠ᠃ | ︵ᠵᠢᠷᠭᠤᠭ᠎ᠠ︶ ᠦᠨᠳᠦᠰᠦᠨ ᠱᠠᠲᠤᠨ ᠤ ᠠᠮᠢᠳᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢᠲᠠᠨ ᠤᠷᠭᠤᠮᠠᠯ ᠤᠨ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠤᠨ | ᠬᠦᠴᠦᠨ ᠢ ᠵᠦᠢ ᠵᠣᠬᠢᠰᠲᠠᠢ ᠲᠣᠬᠢᠷᠠᠭᠤᠯᠤᠨ᠎ᠠ᠃ ᠤᠳᠠ ᠲᠣᠭᠤᠷᠢᠭ ᠤᠨ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠤᠨ᠂ ᠤᠯᠤᠰ ᠤᠨ ᠠᠯᠪᠠᠳᠠᠯᠭ᠎ᠠ ᠪᠠᠷ ᠡᠭᠡᠯᠢᠯᠡᠭᠡ ᠶᠢᠨ | ᠸᠠᠺᠼᠢᠨ ᠤ ᠲᠠᠷᠢᠯᠭ᠎ᠠ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠠᠹᠷᠢᠺᠠ ᠲᠢᠪ ᠤᠨ ᠭᠠᠭ᠋ᠠᠢ ᠶᠢᠨ ᠬᠢᠵᠢᠭ᠂ | ᠰᠢᠯᠦᠬᠡᠢ ᠡᠪᠡᠳᠴᠢᠨ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠠᠮᠢᠲᠠᠨ ᠤ ᠬᠦᠨᠳᠦ ᠶᠡᠭᠡ ᠬᠢᠵᠢᠭ | ᠡᠪᠡᠳᠴᠢᠨ ᠪᠠ ᠡᠪᠡᠰᠦᠲᠦ ᠭᠠᠵᠠᠷ ᠤᠨ ᠱᠠᠮᠰᠢᠭᠰᠠᠨ ᠢᠳᠤᠬᠠᠨ ᠡᠷᠪᠡᠬᠡᠢ ᠵᠡᠷᠭᠡ ᠶᠢ ᠰᠡᠷᠭᠡᠶᠢᠯᠡᠨ ᠡᠵᠡᠮᠳᠡᠬᠦ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠷᠦ᠋ᠼᠧᠯ ᠡᠪᠡᠳᠴᠢᠨ ᠵᠡᠷᠭᠡ ᠬᠥᠮᠥᠨ ᠮᠠᠯ ᠳᠤ ᠬᠠᠮᠲᠤ ᠪᠠᠷ ᠲᠤᠰᠳᠠᠭ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠭᠠᠳᠠᠨ᠎ᠠ ᠠᠴᠠ ᠣᠷᠣᠵᠤ | ᠢᠷᠡᠭᠰᠡᠨ ᠠᠮᠢᠳᠤ ᠪᠣᠳᠠᠰ ᠤᠨ ᠳᠦᠷᠰᠦ ᠶᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠴᠢᠩᠭᠠᠳᠬᠠᠨ᠎ᠠ᠃ | ᠬᠤᠶᠠᠷ᠂ ᠦᠵᠦᠮ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠢᠳᠡᠪᠬᠢᠲᠡᠢ | ᠠᠬᠢᠭᠤᠯᠤᠨ᠎ᠠ | ︵ᠳᠣᠯᠤᠭ᠎ᠠ︶ ᠦᠬᠠᠢ ᠶᠢᠨ ᠦᠵᠦᠮ ᠤᠨ ᠠᠵᠤ ᠦᠢᠯᠡᠰ ᠤᠨ ᠬᠥᠭᠵᠢᠯᠲᠡ ᠵᠢᠴᠢ ᠨᠠᠷᠠᠲᠤ ᠲᠥᠷᠥᠯ | ᠲᠡᠮᠳᠡᠭᠲᠦ ᠶᠢᠨ ᠲᠠᠰ ᠳᠡᠪᠰᠢᠬᠦ ᠶᠢ ᠠᠬᠢᠭᠤᠯᠤᠨ᠎ᠠ᠃ ᠲᠠᠷᠢᠶᠠᠯᠠᠩ ᠤᠨ ᠠᠵᠤ ᠠᠬᠤᠶᠢᠯᠠᠯ ᠤᠨ ᠦᠵᠦᠮ ᠤᠨ ᠰᠢᠨ᠎ᠡ | ᠡᠭᠦᠯᠳᠡᠷ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠴᠢᠬᠢ ᠮᠣᠳᠣ ᠦᠷᠡᠵᠢᠭᠦᠯᠦᠨ ᠪᠣᠶᠢᠵᠢᠭᠤᠯᠬᠤ ᠶᠢ | ᠳᠡᠯᠭᠡᠷᠡᠭᠦᠯᠦᠨ᠂ ᠦᠵᠦᠮ ᠳᠠᠷᠢᠬᠤ ᠶᠢ ᠬᠥᠲᠥᠯᠥᠨ ᠵᠢᠯᠤᠭᠤᠳᠴᠤ ᠪᠠᠶᠢᠭᠠᠳ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ ᠴᠢᠭᠯᠡᠯ ᠢᠶᠠᠷ ᠬᠥᠭᠵᠢᠭᠦᠯᠦᠨ᠎ᠡ᠃ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ᠂ ᠡᠳ᠋ᠰᠢᠭᠦᠯᠬᠦ | ᠤᠷ᠎ᠠ ᠮᠡᠷᠭᠡᠰᠢᠯ ᠢ ᠰᠠᠶᠢᠵᠢᠷᠠᠭᠤᠯᠬᠤ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠣᠲᠣ ᠶᠢᠨ ᠪᠠᠶᠢᠭ᠎ᠠ ᠦᠵᠦᠮ ᠤᠨ ᠠᠷᠢᠬᠢ ᠶᠢᠨ ᠠᠵᠤ ᠦᠢᠯᠡᠰ ᠤᠨ ᠲᠠᠰ ᠳᠡᠪᠰᠢᠬᠦ ᠶᠢ | ᠭᠤᠣᠯᠳᠠᠯᠭ᠎ᠠ ᠲᠠᠢ ᠠᠬᠢᠭᠤᠯᠵᠤ᠂ ᠲᠠᠷᠢᠶᠠᠯᠠᠩ + ᠵᠢᠭᠤᠯᠴᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | ᠦᠵᠦᠮ ᠤᠨ ᠪᠦᠲᠦᠭᠡᠭᠳᠡᠬᠦᠨ ᠢ ᠪᠣᠷᠣᠯᠠᠭᠤᠯᠬᠤ ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ︽ᠦᠬᠠᠢ ᠶᠢᠨ | ᠦᠵᠦᠮ︾ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠦᠢᠯᠡᠰ | ᠪᠣᠯᠣᠨ ᠭᠡᠳᠤ ᠳᠡᠯᠭᠡᠭᠦᠷ ᠢ ᠵᠣᠯᠭᠠᠭᠤᠯᠬᠤ᠂ ᠰᠠᠭᠤᠷᠢᠨ ᠭᠠᠵᠠᠷ ᠲᠤ ᠰᠢᠭᠤᠳ ᠬᠤᠳᠠᠯᠳᠤᠬᠤ᠂ ᠰᠠᠭᠤᠷᠢᠨ | ᠭᠠᠵᠠᠷ ᠲᠤ ᠲᠡᠭᠦᠵᠦ ᠲᠡᠭᠦᠬᠦ ᠵᠡᠷᠭᠡ ᠤᠯᠠᠨ ᠵᠦᠢᠯ ᠤᠨ ᠪᠣᠷᠤᠯᠠᠭᠤᠯᠭ᠎ᠠ ᠶᠢᠨ ᠠᠷᠭ᠎ᠠ ᠵᠠᠮ ᠢ ᠶᠡᠭᠡ ᠪᠠᠷ | ᠳᠡᠯᠭᠡᠷᠡᠭᠦᠯᠦᠨ᠎ᠡ᠃ ︽ᠦᠬᠠᠢ ᠶᠢᠨ ᠦᠵᠦᠮ︾ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠦᠨᠡᠨᠬᠦ | ᠳᠡᠭᠡᠭᠰᠢᠯᠡᠭᠦᠯᠵᠦ᠂ ᠦᠢᠯᠡᠳᠬᠦᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠨ᠎ᠠ᠃ | ᠭᠤᠷᠪᠠ᠂ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ | ︵ᠨᠠᠢᠮᠠ︶ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠠᠭᠤᠭᠠᠯᠢ | ᠠᠷᠠᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠨ᠎ᠠ᠃ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠤ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠠᠮᠤ ᠪᠤᠳᠠᠭᠠᠨ ᠤ ᠠᠮᠤᠷ ᠲᠦᠪᠰᠢᠨ ᠤ ᠱᠠᠭᠠᠷᠳᠠᠯᠭ᠎ᠠ | ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠤᠰᠤᠨ ᠤ ᠬᠡᠮᠵᠢᠶ᠎ᠡ ᠪᠠᠷ ᠶᠠᠪᠤᠬᠤ ᠶᠢ ᠪᠠᠷᠢᠮᠲᠠᠯᠠᠵᠤ᠂ ᠭᠠᠩ ᠳᠤ | ᠲᠡᠰᠪᠦᠷᠢᠲᠡᠢ ᠲᠠᠷᠢᠮᠠᠯ ᠤᠨ ᠲᠦᠷᠦᠯ ᠵᠦᠢᠯ ᠵᠢᠴᠢ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ | ᠲᠠᠷᠢᠶᠠᠯᠠᠩ ᠤᠨ ᠮᠡᠷᠭᠡᠰᠢᠯ ᠤᠨ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠶᠡᠬᠡᠪᠡᠷ ᠳᠡᠯᠭᠡᠷᠡᠭᠦᠯᠵᠦ᠂ ᠠᠮᠤ ᠪᠤᠳᠠᠭ᠎ᠠ | ᠲᠠᠷᠢᠬᠤ ᠪᠦᠲᠦᠴᠡ ᠶᠢ ᠰᠢᠯᠢᠳᠡᠭᠵᠢᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠠᠰᠢᠭ ᠣᠷᠣᠯᠭ᠎ᠠ ᠶᠢ | ᠪᠠᠲᠤᠯᠠᠬᠤ ᠠᠷᠭ᠎ᠠ ᠬᠡᠮᠵᠢᠶ᠎ᠡ᠂ ᠲᠠᠷᠢᠶᠠᠨ ᠭᠠᠵᠠᠷ ᠪᠠ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ᠂ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ᠂ ᠪᠣᠳᠠᠲᠠᠢ ᠳᠠᠷᠢᠭᠰᠠᠨ ᠠᠮᠤ ᠪᠤᠳᠠᠭᠠᠨ ᠤ ᠨᠢᠭᠡ ᠯᠡ | ᠤᠳᠠᠭ᠎ᠠ ᠶᠢᠨ ᠴᠢᠨᠠᠷᠲᠠᠢ ᠨᠥᠬᠦᠪᠦᠷᠢ ᠵᠡᠷᠭᠡ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ | ᠵᠦᠢᠯ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ | ᠳᠡᠭᠡᠭᠰᠢᠯᠡᠭᠦᠯᠦᠨ᠎ᠡ᠃ 0.5 ᠲᠦᠮᠡᠨ ᠮᠦ ᠠᠮᠤ ᠪᠤᠳᠠᠭ᠎ᠠ ᠦᠢᠯᠡᠳᠪᠦᠷᠢᠯᠡᠵᠦ ᠳᠠᠷᠢᠬᠤ ᠡᠭᠦᠷᠭᠡ ᠶᠢ ᠪᠡᠶᠡᠯᠡᠭᠦᠯᠬᠦ ᠶᠢ | ᠦᠨᠡᠨᠬᠦ ᠪᠠᠲᠤᠯᠠᠵᠤ᠂ ᠬᠥᠬᠡ ᠪᠠᠷ ᠳᠠᠷᠤᠰᠢᠭᠤᠯᠬᠤ ᠡᠷᠳᠡᠨᠢ ᠰᠢᠰᠢ ᠶᠢ 0.15 ᠲᠦᠮᠡᠨ ᠲᠣᠨ ᠪᠡᠶᠡᠯᠡᠭᠦᠯᠵᠦ᠂ | ᠡᠷᠳᠡᠨᠢ ᠰᠢᠰᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ | ᠣᠷᠣᠨ ᠢ 1 ᠪᠠᠶᠢᠭᠤᠯᠤᠨ᠎ᠠ᠃ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠨᠡᠶᠢᠯᠡᠮᠡᠯ ᠲᠠᠷᠢᠮᠠᠯ ᠢ | ᠢᠳᠡᠪᠬᠢᠲᠡᠢ ᠪᠠᠷ ᠳᠡᠯᠭᠡᠷᠡᠭᠦᠯᠬᠦ ᠶᠢᠨ ᠬᠠᠮᠲᠤ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠢ | ᠥᠷᠨᠢᠭᠦᠯᠦᠨ᠎ᠡ᠃ | ︵ᠶᠢᠰᠦ︶ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ | ᠠᠬᠢᠭᠤᠯᠤᠨ᠎ᠠ᠃ ᠲᠠᠩ ᠭᠤᠭᠴᠤᠭ᠎ᠠ᠂ ᠤᠯᠠᠨ ᠭᠤᠭᠴᠤᠭ᠎ᠠ᠂ ᠪᠦᠬᠦ ᠶᠠᠪᠤᠴᠠ ᠶᠢᠨ ᠲᠠᠷᠢᠶᠠᠯᠠᠩ ᠤᠨ | ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠬᠠᠶᠢᠨ ᠰᠦᠪᠡᠭᠴᠢᠯᠡᠵᠦ᠂ ᠲᠠᠷᠢᠶᠠᠯᠠᠬᠤ᠂ | ᠲᠠᠷᠢᠬᠤ᠂ ᠰᠡᠷᠭᠡᠶᠢᠯᠡᠬᠦ᠂ ᠬᠤᠷᠢᠶᠠᠬᠤ ᠦᠢᠯᠡᠴᠢᠯᠡᠭᠡ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ | ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠠᠷᠠᠭᠠᠬᠢ ᠲᠡᠶᠢᠰᠢ ᠤᠷᠲᠤᠳᠬᠠᠨ ᠥᠷᠭᠡᠳᠬᠡᠵᠦ᠂ | ᠲᠡᠷᠢᠭᠦᠨ ᠤ ᠬᠡᠷᠡᠭᠯᠡᠭᠡᠨ ᠤ ᠮᠡᠷᠭᠡᠵᠢᠯ᠂ ᠲᠣᠨᠣᠭᠯᠠᠯ᠂ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠡᠯᠧᠮᠧᠨ᠋ᠲ ᠢ | ᠲᠠᠷᠢᠶᠠᠯᠠᠩ ᠤᠨ ᠦᠢᠯᠡᠳᠪᠦᠷᠢᠯᠡᠯ ᠳᠤ ᠪᠦᠲᠦᠮᠵᠢᠲᠡᠶ ᠪᠠᠷ ᠣᠷᠣᠭᠤᠯᠤᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ | ᠨᠠᠶᠢᠳᠠᠨ ᠬᠠᠮᠢᠶᠠᠷᠤᠭᠤᠯᠬᠤ ᠵᠣᠬᠢᠶᠠᠨ ᠪᠠᠶᠢᠭᠤᠯᠤᠯᠲᠠ ᠶᠢ 1 ᠰᠢᠨ᠎ᠡ ᠪᠠᠷ ᠪᠣᠶᠢᠵᠢᠭᠤᠯᠵᠤ᠂ ᠮᠠᠨ ᠤ ᠲᠤᠭᠤᠷᠢᠭ ᠤᠨ | ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠲᠠᠯᠠᠪᠠᠶ ᠶᠢ 0.2 ᠲᠦᠮᠡᠨ ᠮᠦ ᠳᠤ ᠬᠦᠷᠦᠭᠦᠯᠬᠦ ᠪᠠᠷ ᠴᠢᠷᠮᠠᠶᠢᠨ᠎ᠠ᠃ | ︵ᠠᠷᠪᠠ︶ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠲᠠ ᠶᠢᠨ ᠳᠠᠷᠤᠭ᠎ᠠ ᠶᠢᠨ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠬᠠᠮᠢᠶ᠎ᠠ ᠪᠦᠬᠦᠢ ᠠᠵᠢᠯ ᠢ ᠬᠢᠨᠠᠮᠠᠭᠠᠢ ᠰᠠᠶᠢᠲᠤᠷ ᠬᠢᠵᠦ᠂ ︽ᠢᠳᠡᠰᠢᠨ ᠨᠣᠭᠤᠭ᠎ᠠ︾ ᠶᠢᠨ ᠤᠨᠠᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | ᠰᠤᠯᠠ ᠪᠠᠶᠢᠬᠤ ᠬᠦᠯᠡᠮᠵᠢ ᠶᠢ ᠠᠮᠢᠳᠤᠯᠢᠭ ᠪᠣᠯᠭᠠᠬᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠰᠤᠯᠠ | ᠪᠠᠶᠢᠬᠤ ᠭᠠᠵᠠᠷ ᠰᠢᠷᠣᠢ ᠳᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠳᠡᠰᠢᠨ ᠨᠣᠭᠤᠭ᠎ᠠ ᠳᠠᠷᠢᠬᠤ ᠶᠢ | ᠱᠠᠲᠤ ᠬᠤᠪᠢᠶᠠᠨ ᠯᠠᠪᠳᠠᠭᠤᠨ ᠢᠶᠠᠷ ᠲᠦᠯᠬᠢᠨ ᠠᠬᠢᠭᠤᠯᠵᠤ᠂ 0%38 ᠲᠦᠮᠡᠨ ᠮᠦ ᠢᠳᠡᠰᠢᠨ ᠨᠣᠭᠤᠭ᠎ᠠ ᠳᠠᠷᠢᠬᠤ | ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ 10 ᠮᠦ ᠰᠤᠯᠠ ᠪᠠᠶᠢᠬᠤ ᠬᠦᠯᠡᠮᠵᠢ ᠶᠢ ᠠᠮᠢᠳᠤᠯᠢᠭ ᠪᠣᠯᠭᠠᠨ᠂ | ᠮᠢᠬᠠᠨ ᠤ ᠵᠦᠢᠯ ᠤᠨ ᠭᠠᠷᠤᠯᠲᠠ ᠶᠢ 0%1 ᠲᠦᠮᠡᠨ ᠲᠣᠨ ᠳᠤ ᠬᠦᠷᠦᠭᠦᠯᠵᠦ᠂ ᠦᠷᠡᠵᠢᠬᠦ ᠮᠡᠭᠡᠵᠢ ᠶᠢᠨ ᠲᠤᠭ᠎ᠠ | ᠬᠡᠮᠵᠢᠶ᠎ᠡ ᠶᠢ 0%1 ᠲᠦᠮᠡᠨ ᠲᠣᠯᠣᠭᠠᠢ ᠳᠤ ᠬᠦᠷᠭᠡᠨ᠎ᠡ᠃ | ︵ᠠᠷᠪᠠᠨ ᠨᠢᠭᠡ︶ ᠪᠡᠯᠡᠳᠭᠡᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠪᠡᠯᠡᠳᠭᠡᠮᠵᠢᠳᠤ ᠢᠳᠡᠰᠢᠨ | ᠨᠣᠭᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠢᠳᠡᠰᠢᠨ | ᠨᠣᠭᠤᠭ᠎ᠠ ᠶᠢᠨ ᠲᠠᠯᠠᠪᠠᠢ ᠨᠢᠭᠡᠴᠢ ᠶᠢᠨ ᠭᠠᠷᠤᠯᠲᠠ᠂ ᠦᠢᠯᠡᠳᠬᠦᠨ ᠤ ᠥᠷᠳᠡᠭ ᠢ ᠳᠡᠭᠡᠭᠰᠢᠯᠡᠭᠦᠯᠬᠦ ᠪᠠᠷ ᠭᠠᠷᠳᠠᠴᠠ | ᠪᠣᠯᠭᠠᠨ᠂ ᠤᠳᠤ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠤᠨ ᠲᠠᠯᠳᠠ ᠬᠦᠴᠦᠨ ᠢ ᠢᠳᠡᠪᠬᠢᠲᠡᠢ ᠪᠠᠷ ᠠᠭᠤᠳᠠᠯᠯᠠᠨ᠎ᠠ᠃ | ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠥᠬᠦᠭᠡᠷᠦᠮᠵᠢ ᠲᠣᠨᠣᠭᠯᠠᠯ ᠤᠨ ᠮᠡᠷᠭᠡᠵᠢᠯ ᠤᠨ ᠬᠡᠷᠡᠭᠯᠡᠯᠲᠡ ᠶᠢ | ᠲᠦᠯᠬᠢᠨ ᠠᠬᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠦᠢ ᠵᠣᠬᠢᠰᠲᠠᠢ | ᠲᠣᠭᠲᠠᠭᠠᠵᠤ᠂ 50 ᠮᠦ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ | ︵ᠠᠷᠪᠠᠨ ᠬᠤᠶᠠᠷ︶ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠬᠢᠷᠠᠭᠤᠯᠤᠯ | ᠡᠵᠡᠮᠳᠡᠯ ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠢᠳᠡᠰᠢᠨ ᠨᠣᠭᠤᠭ᠎ᠠ ᠣᠷᠣᠭᠤᠯᠵᠤ ᠢᠷᠡᠭᠰᠡᠨ ᠬᠡᠮᠵᠢᠶ᠎ᠡ | ᠪᠣᠯᠣᠨ ᠬᠠᠳᠠᠭᠠᠯᠠᠴᠠ ᠶᠢᠨ ᠬᠡᠮᠵᠢᠶ᠎ᠡ ᠶᠢᠨ ᠪᠦᠷᠢᠳᠬᠡᠯ ᠤᠨ ᠲᠤᠭ᠎ᠠ ᠪᠠᠷᠢᠮᠲᠠ ᠶᠢᠨ ᠡᠳᠦᠷ ᠤᠨ ᠰᠣᠨᠢᠨ ᠤ ᠳᠦᠷᠢᠮ ᠢ | ᠦᠷᠭᠦᠯᠵᠢᠯᠡᠨ ᠪᠠᠷᠢᠮᠲᠠᠯᠠᠵᠤ᠂ ᠪᠠᠷᠠᠭ᠎ᠠ ᠶᠢᠨ ᠢᠷᠡᠯᠲᠡ ᠶᠢᠨ ᠪᠠᠶᠢᠳᠠᠯ᠂ ᠬᠥᠳᠡᠯᠦᠩᠭᠦᠢ ᠨᠥᠭᠡᠴᠡᠯᠡᠵᠦ ᠪᠠᠶᠢᠭ᠎ᠠ | ᠪᠠᠶᠢᠳᠠᠯ ᠢ ᠦᠨᠡᠨᠬᠦ ᠲᠣᠳᠣᠷᠬᠠᠢ ᠣᠶᠢᠯᠠᠭᠠᠵᠤ᠂ ᠠᠵᠤ ᠠᠬᠤᠶᠢᠯᠠᠯ ᠢ ᠵᠢᠯᠣᠭᠤᠳᠤᠨ ᠬᠥᠮᠥᠷᠭᠡᠯᠡᠵᠦ ᠪᠠᠶᠢᠭ᠎ᠠ ᠲᠤᠭ᠎ᠠ | ᠬᠡᠮᠵᠢᠶ᠎ᠡ ᠪᠣᠯᠣᠨ ᠢᠳᠡᠰᠢᠨ ᠨᠣᠭᠤᠭ᠎ᠠ ᠶᠢᠨ ᠲᠥᠷᠥᠯ ᠵᠦᠢᠯ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠢᠳᠡᠰᠢᠨ | ᠨᠣᠭᠤᠭ᠎ᠠ ᠶᠢᠨ ᠬᠠᠩᠭᠠᠯᠭ᠎ᠠ ᠶᠢᠨ ︽ᠪᠣᠷᠤᠯᠠᠭᠤᠯᠭ᠎ᠠ ᠲᠠᠰᠤᠷᠠᠬᠤ ᠦᠭᠡᠢ᠂ ᠲᠠᠰᠤᠷᠠᠯᠳᠠ ᠦᠭᠡᠢ ᠳᠠᠩᠰᠠᠯᠠᠭᠤᠯᠬᠤ︾ | ᠶᠢ ᠪᠠᠲᠤᠯᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠭᠦᠢᠴᠡᠳ ᠪᠠᠶᠢᠬᠤ᠂ ᠦᠨ᠎ᠡ ᠬᠠᠩᠰᠢ ᠶᠢᠨ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠮᠤ ᠪᠤᠳᠠᠭ᠎ᠠ ᠶᠢ ᠠᠷᠪᠢᠯᠠᠨ ᠭᠠᠮᠨᠠᠬᠤ᠂ ᠪᠣᠯᠪᠠᠰᠤᠨ ᠢᠶᠠᠷ ᠬᠤᠭᠤᠯᠠ | ᠢᠳᠡᠬᠦ ᠠᠮᠢᠳᠤᠷᠠᠯ ᠤᠨ ᠳᠠᠳᠬᠠᠯ ᠢ ᠰᠠᠨᠠᠭᠠᠴᠢᠯᠠᠵᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠵᠠᠩᠭᠢᠯᠠᠭ᠎ᠠ ᠶᠢᠨ | ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠠᠮᠤ ᠪᠤᠳᠠᠭ᠎ᠠ | ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ | ᠵᠠᠰᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠪᠣᠷᠣᠯᠠᠭᠤᠯᠬᠤ ᠵᠡᠷᠭᠡ | ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠨ᠂ ᠡᠳ᠋ ᠤᠨ ᠵᠠᠰᠠᠭ᠂ ᠪᠣᠳᠠᠰ | ᠵᠡᠷᠭᠡ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠪᠠᠶᠢᠴᠠᠭᠠᠵᠤ᠂ ᠠᠮᠤ | ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠶᠢᠨ ᠬᠢᠨᠠᠯᠲᠠ ᠬᠠᠮᠢᠶᠠᠷᠤᠯᠲᠠ ᠶᠢ ᠰᠤᠯᠠᠷᠠᠭᠤᠯᠬᠤ᠂ ᠠᠮᠤ | ᠪᠤᠳᠠᠭᠠᠨ ᠳᠤ ᠬᠤᠯᠪᠣᠭᠳᠠᠬᠤ ᠬᠦᠨᠳᠦ ᠶᠡᠭᠡ ᠳᠠᠯᠳᠠ ᠭᠡᠮ ᠢ ᠵᠠᠯᠠᠷᠠᠭᠤᠯᠤᠨ ᠵᠠᠰᠠᠬᠤ ᠶᠢ ᠤᠮᠳᠤᠭᠠᠶᠢᠯᠠᠬᠤ ᠵᠡᠷᠭᠡ | ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠪᠠ | ᠪᠣᠷᠣᠯᠠᠭᠤᠯᠬᠤ ᠬᠦᠷᠢᠶᠡᠨ ᠳᠠᠬᠢ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠨ᠎ᠠ᠃ | ᠳᠥᠷᠪᠡ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠦᠨᠡᠨᠬᠦ ᠪᠠᠲᠤ | ᠰᠠᠬᠢᠬᠤ ᠬᠡᠷᠡᠭᠲᠡᠢ | ︵ᠠᠷᠪᠠᠨ ᠭᠤᠷᠪᠠ︶ ︽ᠬᠤᠶᠠᠷ ᠭᠤᠭᠴᠤᠭ᠎ᠠ︾ ᠶᠢ ᠴᠢᠩᠭ᠎ᠠ ᠠᠳᠬᠤᠨ᠎ᠠ᠂ ᠲᠤᠬᠠᠶᠢᠯᠠᠪᠠᠯ ᠳᠠᠬᠢᠨ | ᠶᠠᠳᠠᠭᠤᠷᠠᠬᠤ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠡᠷᠭᠡᠶᠢᠯᠡᠨ᠎ᠡ᠃ 2022 ᠣᠨ ᠤ | ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠤᠯᠠᠷᠢᠯ ᠢᠶᠠᠷ ᠡᠷᠦᠬᠡ ᠳᠤ ᠬᠦᠷᠴᠦ ᠪᠠᠶᠢᠳᠠᠯ ᠢ | ᠣᠶᠢᠯᠠᠭᠠᠬᠤ᠂ ᠲᠤᠭ᠎ᠠ ᠪᠠᠷᠢᠮᠲᠠ ᠶᠢ ᠴᠡᠪᠡᠷᠯᠡᠬᠦ ᠵᠡᠷᠭᠡ ᠠᠵᠢᠯ ᠢ ᠬᠢᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠡᠷᠲᠡ ᠢᠯᠡᠷᠡᠭᠦᠯᠬᠦ᠂ ᠡᠷᠲᠡ | ᠬᠠᠪᠰᠤᠷᠤᠨ ᠲᠡᠳᠬᠦᠬᠦ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠬᠤ ᠶᠢ ᠪᠠᠲᠤᠯᠠᠨ᠎ᠠ︔ ᠬᠢᠨᠠᠨ ᠰᠢᠯᠭᠠᠬᠤ | ᠡᠲᠡᠭᠡᠳ ᠤᠨ ᠠᠶᠤᠯ ᠲᠦᠭᠰᠢᠭᠦᠷᠢ ᠶᠢᠨ ᠲᠥᠷᠥᠯ ᠬᠡᠯᠪᠡᠷᠢ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ | ᠠᠷᠭ᠎ᠠ ᠬᠡᠮᠵᠢᠶ᠎ᠡ ᠶᠢ ᠦᠨᠳᠦᠰᠦᠯᠡᠨ ︽ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ︾ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠭᠰᠠᠨ ᠠᠵᠢᠯ ᠤᠨ ᠬᠤᠷᠠᠯ ᠪᠠ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠲᠣᠭᠲᠠᠴᠠ ᠶᠢ ᠬᠡᠷᠡᠭᠯᠡᠨ᠂ ᠭᠠᠮᠰᠢᠭ ᠠᠴᠠ ᠪᠣᠯᠤᠭᠰᠠᠨ ᠡᠪᠡᠳᠴᠢᠨ ᠤ ᠰᠢᠯᠲᠠᠭᠠᠨ ᠬᠢᠵᠢᠭ ᠢ | ᠢᠯᠡᠷᠡᠭᠦᠯᠬᠦ ᠵᠡᠷᠭᠡ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠳᠤ ᠴᠢᠭᠯᠡᠭᠦᠯᠦᠨ᠂ ᠠᠵᠤ ᠦᠢᠯᠡᠰ ᠤᠨ ᠠᠵᠢᠯ | ᠣᠯᠭᠤᠯᠲᠠ᠂ ᠡᠮᠴᠢᠯᠡᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠦᠷᠭᠦᠯᠵᠢᠯᠡᠨ ᠮᠥᠷᠳᠡᠨ ᠬᠢᠨᠠᠨ ᠬᠡᠮᠵᠢᠵᠦ᠂ ᠬᠠᠮᠢᠶᠠᠷᠬᠤ ᠬᠥᠮᠥᠨ ᠲᠠᠢ᠂ | ᠬᠠᠮᠢᠶᠠᠷᠬᠤ ᠶᠢ ᠦᠨᠡᠨ ᠬᠦ ᠪᠠᠲᠤᠯᠠᠵᠤ᠂ ᠤᠬᠤᠷᠢᠨ ᠭᠠᠷᠬᠤ ᠪᠠᠷᠢᠮᠵᠢᠶ᠎ᠠ ᠶᠢ ᠴᠢᠩᠭ᠎ᠠ ᠠᠳᠬᠤᠨ᠂ ᠤᠬᠤᠷᠢᠨ | ᠭᠠᠷᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠶᠢ | ᠲᠣᠭᠲᠠᠭᠤᠨ ᠢᠶᠠᠷ ᠠᠷᠢᠯᠭᠠᠨ᠎ᠠ︔ ᠰᠠᠯᠠᠭ᠎ᠠ ᠮᠥᠴᠢᠷ ᠤᠨ ᠬᠠᠮᠲᠤᠷᠠᠭᠰᠠᠨ ᠠᠵᠢᠯ ᠤᠨ ᠬᠤᠷᠠᠯ ᠪᠠ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠬᠡᠷᠡᠭᠯᠡᠨ᠂ ᠤᠬᠤᠷᠢᠨ ᠭᠠᠷᠬᠤ ᠲᠠᠰ ᠳᠠᠷᠠᠭᠠᠯᠠᠯ ᠢ ᠵᠢᠷᠤᠮᠵᠢᠭᠤᠯᠤᠨ | ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠶᠢ ᠲᠣᠭᠲᠠᠭᠤᠨ ᠢᠶᠠᠷ ᠠᠷᠢᠯᠭᠠᠨ᠎ᠠ︔ ᠪᠥᠬᠦ ᠤᠯᠤᠰ ᠤᠨ | ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠫᠤᠷᠲ᠋ᠧᠯ | ᠰᠦᠯᠵᠢᠶ᠎ᠡ ᠶᠢ ᠰᠠᠶᠢᠲᠤᠷ ᠬᠡᠷᠡᠭᠯᠡᠨ᠂ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠰᠠᠭᠤᠷᠢ | ᠮᠡᠳᠡᠭᠡ ᠵᠠᠩᠭᠢ ᠶᠢ ᠴᠤᠭᠯᠠᠭᠤᠯᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠠᠵᠢᠯ ᠢ ᠥᠷᠨᠢᠭᠦᠯᠵᠦ᠂ ᠲᠣᠮᠣ | ᠳ᠋ᠠᠶᠢᠲ᠋ᠠ ᠶᠢᠨ ᠲᠠᠪᠴᠠᠩ ᠢ ᠬᠡᠷᠡᠭᠯᠡᠨ ᠪᠠᠶᠢᠩᠭᠤ ᠶᠢᠨ ᠮᠥᠷᠳᠡᠯᠲᠡ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ᠎ᠡ᠃ | ︵ᠠᠷᠪᠠᠨ ᠳᠥᠷᠪᠡ︶ ︽ᠬᠤᠶᠠᠷ ᠵᠠᠩᠭᠢᠯᠠᠭ᠎ᠠ︾ ᠶᠢ ᠠᠳᠬᠤᠬᠤ ᠬᠡᠷᠡᠭᠲᠡᠢ᠂ ᠲᠤᠬᠠᠶᠢᠯᠠᠪᠠᠯ ᠠᠵᠤ ᠦᠢᠯᠡᠰ | ᠪᠠ ᠠᠵᠢᠯ ᠣᠯᠭᠤᠯᠲᠠ ᠶᠢ ᠠᠳᠬᠤᠬᠤ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠵᠦ᠂ ᠡᠯ᠎ᠡ ᠱᠠᠲᠤᠨ ᠤ ᠡᠳ᠋ ᠤᠨ ᠵᠠᠰᠠᠭ ᠢ ᠵᠣᠯᠭᠠᠭᠤᠯᠬᠤ ᠪᠡᠯᠡ ᠮᠥᠩᠭᠦ ᠪᠠᠷ ᠬᠠᠪᠰᠤᠷᠤᠨ ᠲᠡᠳᠬᠦᠬᠦ | ᠠᠵᠤ ᠦᠢᠯᠡᠰ ᠢ ᠭᠤᠣᠯᠳᠠᠯᠭ᠎ᠠ ᠲᠠᠢ ᠳᠡᠮᠵᠢᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ | ᠣᠷᠣᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ | ᠬᠠᠷᠢᠴᠠᠯ ᠢ 55% ᠠᠴᠠ ᠳᠣᠣᠷ᠎ᠠ ᠪᠠᠶᠢᠯᠭᠠᠬᠤ ᠶᠢ ᠪᠠᠲᠤᠯᠠᠨ᠎ᠠ᠃ ᠡᠷᠦᠬᠡ ᠳᠤ ᠬᠦᠷᠭᠡᠬᠦ ᠲᠥᠷᠥᠯ ᠤᠨ ᠠᠵᠤ | ᠦᠢᠯᠡᠰ ᠤᠨ ᠬᠠᠪᠰᠤᠷᠤᠨ ᠲᠡᠳᠬᠦᠬᠦ ᠲᠥᠷᠥᠯ ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢ ᠨᠡᠯᠢᠶᠡᠳ ᠤᠯᠠᠨ ᠳᠠᠶᠢᠴᠢᠯᠠᠭᠰᠠᠨ | ᠲᠣᠯᠣᠭᠠᠶᠢᠯᠠᠭᠴᠢ ᠠᠵᠤ ᠠᠬᠤᠶᠢᠯᠠᠯ᠂ ᠬᠤᠷᠰᠢᠶ᠎ᠠ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠨ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢᠨ ᠦᠷᠭᠦᠯᠵᠢᠯᠡᠨ | ᠨᠡᠮᠡᠭᠳᠡᠬᠦ ᠶᠢ ᠨᠡᠮᠡᠭᠳᠡᠭᠦᠯᠦᠨ᠎ᠡ︔ ᠣᠲᠣ ᠶᠢᠨ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ | ᠣᠯᠭᠤᠯᠲᠠ ᠶᠢᠨ ᠲᠤᠭ᠎ᠠ ᠬᠡᠮᠵᠢᠶ᠎ᠡ ᠶᠢ ᠬᠦᠴᠦᠯᠡᠨ ᠲᠣᠭᠲᠠᠪᠤᠷᠢᠵᠢᠭᠤᠯᠵᠤ᠂ ᠬᠤᠲᠠ ᠶᠢᠨ ᠱᠠᠲᠤᠨ ᠤ ᠱᠠᠭᠠᠷᠳᠠᠭᠰᠠᠨ | ᠬᠠᠷᠠᠯᠲᠠ ᠶᠢᠨ ᠬᠥᠮᠥᠨ ᠤ ᠲᠤᠭ᠎ᠠ ᠳᠤ ᠬᠦᠷᠭᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ | ︵ᠠᠷᠪᠠᠨ ᠲᠠᠪᠤ︶ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠡᠷᠦᠬᠡ ᠬᠥᠮᠥᠨ ᠳᠤ | ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠲᠦᠮᠵᠢᠲᠡᠶ | ᠵᠣᠯᠭᠠᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠡᠮᠬᠢᠯᠡᠨ ᠲᠡᠭᠦᠯᠳᠡᠷᠵᠢᠭᠦᠯᠵᠦ᠂ ᠡᠯ᠎ᠡ ᠵᠦᠢᠯ ᠤᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠣᠯᠬᠤ ᠶᠢ ᠠᠬᠢᠭᠤᠯᠤᠨ᠎ᠠ᠃ ᠳᠡᠭᠡᠳᠦ ᠱᠠᠲᠤᠨ ᠤ ᠨᠢᠭᠡᠳᠦᠯᠲᠡᠢ ᠲᠣᠬᠢᠷᠠᠭᠤᠯᠤᠯᠲᠠ ᠶᠢᠨ ᠶᠣᠰᠣᠭᠠᠷ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠤᠨ ᠥᠷᠨᠢᠯᠲᠡ ᠶᠢ | ᠬᠠᠮᠵᠢᠯᠴᠠᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠤᠨ ᠲᠠᠰᠤᠷᠠᠯᠲᠠ ᠦᠭᠡᠢ | ᠪᠠᠬᠢᠵᠢᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠪᠠ ᠨᠡᠶᠢᠭᠡᠮ ᠤᠨ ᠬᠥᠷᠥᠩᠭᠡ ᠶᠢᠨ ᠢᠳᠡᠪᠬᠢᠵᠢᠯ ᠢ ᠭᠦᠢᠴᠡᠳ | ᠳᠠᠶᠢᠴᠢᠯᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠩ ᠤᠨ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠥᠷᠨᠢᠭᠦᠯᠬᠦ ᠶᠢ ᠦᠷᠭᠦᠯᠵᠢᠯᠡᠨ ᠳᠡᠮᠵᠢᠵᠦ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠨᠠᠶᠢᠳᠠᠪᠤᠷᠢᠵᠢᠭᠤᠯᠤᠨ᠂ ᠣᠯᠠᠨ | ᠲᠠᠯ᠎ᠠ ᠪᠠᠷ ᠪᠡᠯᠡ ᠣᠷᠣᠭᠤᠯᠬᠤ ᠨᠡᠶᠢᠯᠡᠮᠡᠯ ᠬᠦᠴᠦᠨ ᠢ ᠲᠦᠷᠭᠡᠳᠬᠡᠨ ᠪᠣᠶ ᠪᠣᠯᠭᠠᠨ᠎ᠠ᠃ | ᠲᠠᠪᠤ᠂ ᠠᠵᠤ ᠦᠢᠯᠡᠰ ᠢᠶᠠᠷ ᠬᠦᠳᠡᠭᠡ ᠲᠣᠰᠬᠤᠨ ᠢᠶᠠᠨ ᠬᠦᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ | ︵ᠠᠷᠪᠠᠨ ᠵᠢᠷᠭᠤᠭ᠎ᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ | ᠬᠥᠭᠵᠢᠯᠲᠡ ᠶᠢ ᠠᠬᠢᠭᠤᠯᠤᠨ᠎ᠠ ᠃ ᠪᠥᠬᠦ ᠲᠠᠯ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠱᠠᠯᠠᠪᠳᠠᠨ ᠰᠦᠪᠡᠭᠴᠢᠯᠡᠬᠦ ᠪᠠ | ᠨᠥᠭᠡᠴᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠢ ᠪᠠᠷ | ᠠᠬᠢᠭᠤᠯᠤᠨ᠂ ᠤᠳᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠦᠷᠢᠶ᠎ᠡ ᠴᠠᠷᠠᠭ᠎ᠠ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠲᠥᠷᠥᠯ ᠵᠦᠢᠯ ᠤᠨ | ᠪᠣᠯᠣᠮᠵᠢᠲᠤ ᠴᠢᠨᠠᠷ ᠤᠨ ᠰᠤᠳᠤᠯᠭᠠᠨ ᠪᠠ ᠨᠤᠲᠠᠯᠠᠯᠲᠠ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ | ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠲᠣᠭᠤᠷᠢᠭ ᠤᠨ | ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ 1 ᠲᠠᠷᠢᠶᠠᠯᠠᠩ ᠮᠠᠯᠵᠢᠯ ᠤᠨ ᠲᠠᠯᠠᠪᠠᠶ ᠪᠠ ᠲᠣᠭᠤᠷᠢᠭ ᠤᠨ ᠲᠠᠰ ᠤᠨ | 1 ᠵᠢᠱᠢᠶ᠎ᠡ ᠦᠵᠡᠭᠦᠯᠬᠦ ᠬᠤᠷᠰᠢᠶ᠎ᠠ ᠶᠢ ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ 1 | ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠮᠠᠭᠠᠳᠯᠠᠨ ᠲᠣᠭᠲᠠᠭᠠᠨ᠎ᠠ᠃ | ︵ᠠᠷᠪᠠᠨ ᠳᠣᠯᠤᠭ᠎ᠠ︶ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠲᠠᠷᠢᠶᠠᠯᠠᠩ ᠤᠨ | ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠲᠠᠷᠢᠶᠠᠯᠠᠩ ᠤᠨ ᠡᠭᠦᠯᠳᠡᠷ ᠢ ᠪᠣᠶᠢᠵᠢᠭᠤᠯᠬᠤ᠂ | ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠳᠤ ᠲᠡᠮᠳᠡᠭᠲᠦ ᠶᠢ ᠪᠤᠢ ᠪᠣᠯᠭᠠᠬᠤ ᠪᠠ ᠪᠠᠷᠢᠮᠵᠢᠶᠠᠵᠢᠭᠤᠯᠤᠨ | ᠦᠢᠯᠡᠳᠪᠦᠷᠢᠯᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠪᠴᠢᠯᠡᠨ ᠠᠬᠢᠭᠤᠯᠤᠨ᠎ᠠ᠃ ᠪᠣᠬᠢᠷᠳᠤᠯ ᠦᠭᠡᠢ ᠢᠳᠡᠭᠡᠨ | ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠤᠨ | ᠪᠦᠲᠦᠭᠡᠭᠳᠡᠬᠦᠨ ᠢ ᠪᠣᠶᠢᠵᠢᠭᠤᠯᠤᠨ ᠭᠡᠷᠡᠴᠢᠯᠡᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠠᠵᠤ ᠦᠢᠯᠡᠰ ᠪᠠ | ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠦᠵᠡᠭᠦᠯᠦᠯᠭᠡ ᠶᠢᠨ | ᠴᠤᠭᠯᠠᠭᠠᠨ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠴᠤᠭᠯᠠᠭᠠᠨ᠂ ᠪᠦᠲᠦᠭᠡᠭᠳᠡᠬᠦᠨ ᠤ | ᠲᠠᠨᠢᠯᠴᠠᠭᠤᠯᠭ᠎ᠠ ᠶᠢᠨ ᠴᠤᠭᠯᠠᠭᠠᠨ ᠵᠡᠷᠭᠡ ᠡᠯ᠎ᠡ ᠲᠥᠷᠥᠯ ᠤᠨ ᠲᠠᠪᠴᠠᠩ ᠢ ᠭᠦᠢᠴᠡᠳ ᠠᠰᠢᠭᠯᠠᠨ᠂ ᠨᠠᠷᠠᠲᠤ ᠲᠥᠷᠥᠯ | ᠲᠡᠮᠳᠡᠭᠲᠦ ᠶᠢᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠶᠢ ᠴᠢᠩᠭᠠᠳᠬᠠᠵᠤ᠂ ᠦᠵᠡᠭᠦᠯᠦᠯᠭᠡ ᠶᠢᠨ | ᠴᠤᠭᠯᠠᠭᠠᠨ ᠤ ᠦᠷ᠎ᠡ ᠪᠦᠲᠦᠭᠡᠯ ᠢ ᠤᠯᠠᠷᠢᠭᠤᠯᠬᠤ ᠶᠢ ᠴᠢᠬᠤᠯᠠᠴᠢᠯᠠᠨ ᠰᠠᠶᠢᠲᠤᠷ ᠬᠢᠵᠦ᠂ ᠵᠠᠬ᠎ᠠ ᠳᠡᠯᠭᠡᠭᠦᠷ ᠢ ᠤᠯᠠᠮ | ᠨᠢᠭᠡ ᠠᠯᠬᠤᠮ ᠪᠠᠬᠢᠵᠢᠭᠦᠯᠦᠨ ᠨᠡᠭᠡᠭᠡᠬᠦ ᠬᠡᠷᠡᠭᠲᠡᠢ᠃ | ︵ᠠᠷᠪᠠᠨ ᠨᠠᠢᠮᠠ︶ ᠠᠷᠠᠳ ᠢ ᠪᠠᠶᠠᠵᠢᠭᠤᠯᠬᠤ ᠣᠨᠴᠠᠯᠢᠭ ᠲᠠᠢ ᠠᠵᠤ ᠦᠢᠯᠡᠰ ᠢ ᠬᠥᠭᠵᠢᠭᠦᠯᠦᠨ᠎ᠡ᠃ ᠣᠷᠣᠨ | ᠪᠠᠶᠢᠷᠢ ᠶᠢᠨ ᠣᠨᠴᠠᠯᠢᠭ᠂ ᠠᠵᠤ ᠦᠢᠯᠡᠰ ᠤᠨ ᠰᠠᠭᠤᠷᠢ ᠵᠢᠴᠢ ᠡᠬᠢ ᠪᠠᠶᠠᠯᠢᠭ ᠤᠨ ᠳᠠᠪᠠᠭᠤᠯᠢᠭ ᠢ ᠨᠢᠭᠡᠳᠦᠯᠲᠡᠢ | ᠲᠥᠯᠥᠪᠯᠡᠨ ᠪᠣᠳᠣᠯᠬᠢᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ | ᠦᠢᠯᠡᠳᠪᠦᠷᠢᠯᠡᠯ ᠤᠨ ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ᠳᠠᠪᠠᠭᠤᠯᠢᠭ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠶᠢ ᠪᠥᠬᠦ ᠣᠷᠣᠨ ᠢᠶᠠᠷ ᠲᠦᠯᠬᠢᠨ ᠠᠬᠢᠭᠤᠯᠵᠤ᠂ ᠳᠠᠪᠠᠭᠤᠯᠢᠭ ᠭᠤᠣᠯᠯᠠᠬᠤ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠤᠨ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠᠷ | ᠨᠡᠯᠢᠶᠡᠳ ᠥᠨᠳᠥᠷ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠨᠡᠯᠢᠶᠡᠳ ᠶᠡᠭᠡ ᠭᠤᠣᠯᠯᠠᠬᠤ ᠠᠵᠤ ᠦᠢᠯᠡᠰ ᠢ | ᠬᠥᠭᠵᠢᠭᠦᠯᠦᠨ᠎ᠡ᠃ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠦᠵᠦᠮ᠂ ᠢᠳᠡᠰᠢᠨ ᠨᠣᠭᠤᠭ᠎ᠠ ᠵᠡᠷᠭᠡ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠳᠤ ᠲᠦᠰᠢᠭᠯᠡᠨ᠂ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ | ᠠᠩᠬᠠᠨ ᠤ ᠡᠳ᠋ᠰᠢᠭᠦᠯᠦᠯᠲᠡ ᠪᠠ ᠨᠠᠷᠢᠯᠢᠭ ᠭᠦᠨ ᠡᠳ᠋ᠰᠢᠭᠦᠯᠦᠯᠲᠡ ᠶᠢ ᠶᠡᠬᠡᠪᠡᠷ ᠬᠥᠭᠵᠢᠭᠦᠯᠦᠨ᠎ᠡ᠃ ᠬᠥᠳᠡᠭᠡ | ᠲᠣᠰᠬᠤᠨ ᠤ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠬᠥᠭᠵᠢᠭᠦᠯᠵᠦ᠂ ︽ᠨᠠᠷᠠᠲᠤ ᠣᠨᠴᠠ ᠰᠢᠯᠢᠳᠡᠭ ᠰᠢᠨ᠎ᠡ︾ | ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠡ ᠶᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠬᠦ ᠲᠠᠷᠢᠶᠠᠯᠠᠬᠤ | ᠣᠷᠣᠨ ᠤ ᠲᠠᠷᠢᠶᠠᠯᠠᠩ ᠰᠤᠷᠤᠯᠴᠠᠬᠤ ᠡᠬᠢ ᠪᠠᠶᠠᠯᠢᠭ ᠢ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ | ᠬᠥᠮᠦᠵᠢᠯ ᠳᠤ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠪᠠ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢᠨ ᠪᠠᠲᠤᠯᠠᠭ᠎ᠠ ᠶᠢᠨ | ᠲᠥᠷᠥ ᠶᠢᠨ ᠪᠣᠳᠤᠯᠭ᠎ᠠ ᠶᠢ ᠰᠠᠶᠢᠲᠤᠷ ᠨᠠᠶᠢᠳᠠᠪᠦᠷᠢᠵᠢᠭᠤᠯᠤᠨ᠎ᠠ᠃ | ︵ᠠᠷᠪᠠ ᠶᠢᠰᠦ︶ ᠲᠠᠷᠢᠶᠠᠯᠠᠬᠤ ᠣᠷᠣᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠲᠠᠷᠢᠶᠠᠯᠠᠬᠤ ᠣᠷᠣᠨ ᠤ ᠢᠯᠡᠭᠡᠯᠲᠡ ᠶᠢᠨ ᠲᠣᠣᠷ ᠰᠦᠯᠵᠢᠶᠡᠨ ᠤ ᠰᠢᠰᠲ᠋ᠧᠮ ᠢ ᠲᠦᠷᠭᠡᠪᠴᠢᠯᠡᠨ | ᠪᠠᠶᠢᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠨᠡᠩ ᠳᠥᠭᠦᠮ ᠳᠥᠲᠡ ᠦᠢᠯᠡᠴᠢᠯᠡᠭᠡ ᠬᠦᠷᠳᠡᠬᠦ ᠶᠢ ᠦᠨᠡᠨ | ᠬᠦ ᠪᠠᠲᠤᠯᠠᠨ᠎ᠠ᠃ ︽ᠳᠥᠷᠪᠡ ᠶᠢ ᠲᠣᠭᠲᠠᠭᠠᠵᠤ ᠭᠤᠷᠪᠠ ᠶᠢ ᠥᠮᠴᠢᠯᠡᠬᠦ︾ ᠪᠠᠷ ᠪᠠᠷᠢᠮᠵᠢᠶ᠎ᠠ ᠪᠣᠯᠭᠠᠵᠤ᠂ ᠲᠠᠷᠢᠶᠠᠯᠠᠬᠤ | ᠣᠷᠣᠨ ᠤ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠤ ᠲᠦᠷᠭᠡᠨ ᠬᠦᠷᠭᠡᠯᠲᠡ ᠶᠢ ᠲᠣᠰᠬᠤᠨ ᠳᠤ | ᠣᠷᠣᠭᠤᠯᠬᠤ ᠶᠢ ᠠᠬᠢᠭᠤᠯᠬᠤ ᠶᠢᠨ ᠬᠠᠮᠲᠤ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ᠭᠤᠷᠪᠠᠨ ᠱᠠᠲᠤᠨ ᠤ | ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠠᠶᠢᠭᠤᠯᠵᠤ᠂ | ᠲᠠᠷᠢᠶᠠᠯᠠᠬᠤ ᠣᠷᠣᠨ ᠤ ᠢᠯᠡᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ | ︵ᠬᠤᠷᠢ︶ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠲᠤᠬᠠᠢ ᠶᠢᠨ ᠭᠠᠵᠠᠷ ᠣᠶᠢᠷ᠎ᠠ ᠬᠠᠪᠢ ᠳᠠᠭᠠᠨ | ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠥᠷᠭᠡᠳᠬᠡᠨ᠎ᠡ᠃ ᠬᠥᠯᠥᠰᠦᠨ ᠠᠵᠢᠯᠴᠢᠨ ᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ | ᠣᠷᠣᠨ ᠤ ᠬᠥᠳᠡᠯᠮᠦᠷᠢ ᠶᠢᠨ ᠬᠦᠴᠦᠨ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠢ | ᠰᠢᠩᠭᠡᠬᠡᠨ ᠠᠪᠴᠤ ᠠᠵᠢᠯ ᠣᠯᠭᠤᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠲᠦᠷᠦ ᠶᠢᠨ | ᠪᠣᠳᠣᠯᠭ᠎ᠠ ᠶᠢᠨ ᠲᠣᠭᠲᠠᠭᠠᠯ ᠶᠣᠰᠣᠭᠠᠷ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠶᠢ ᠲᠡᠳᠬᠦᠨ ᠳᠡᠮᠵᠢᠨ᠎ᠡ᠃ ︽ᠬᠠᠪᠤᠷ ᠤᠨ ᠰᠠᠯᠬᠢᠨ ᠤ ᠠᠵᠢᠯᠯᠠᠭ᠎ᠠ︾ ᠵᠡᠷᠭᠡ ᠲᠤᠰᠬᠠᠢ | ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠤ ᠡᠮᠬᠢ | ᠵᠢᠷᠤᠮ ᠲᠠᠢ ᠪᠠᠷ ᠰᠢᠯᠵᠢᠵᠦ ᠠᠵᠢᠯ ᠣᠯᠬᠤ ᠶᠢ ᠠᠬᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠭᠠᠳᠠᠨ᠎ᠠ ᠠᠴᠠ ᠢᠷᠡᠭᠰᠡᠨ ᠲᠠᠷᠢᠶᠠᠯᠠᠬᠤ | ᠣᠷᠣᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨᠲ᠋ᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ | ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠬᠤᠲᠠ ᠪᠠᠯᠭᠠᠰᠤ ᠶᠢᠨ ᠠᠮᠢᠳᠤᠯᠢᠭ ᠢᠶᠠᠷ ᠠᠵᠢᠯ ᠣᠯᠣᠭᠰᠠᠳ ᠲᠠᠢ | ᠠᠳᠠᠯᠢᠬᠠᠨ ᠠᠵᠢᠯ ᠣᠯᠭᠤᠬᠤ ᠲᠥᠷᠥ ᠶᠢᠨ ᠪᠣᠳᠣᠯᠭ᠎ᠠ ᠪᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ | ᠬᠦᠷᠲᠡᠭᠡᠨ᠎ᠡ᠃ ᠠᠵᠢᠯ ᠣᠯᠭᠤᠯᠲᠠ ᠶᠢᠨ ᠠᠮᠢᠳᠤᠯᠢᠭ ᠠᠷᠭ᠎ᠠ ᠵᠠᠮ ᠢ ᠥᠷᠭᠡᠳᠬᠡᠵᠦ᠂ ᠰᠢᠨ᠎ᠡ ᠮᠡᠷᠭᠡᠵᠢᠯ᠂ ᠰᠢᠨ᠎ᠡ | ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ | ᠲᠡᠮᠵᠢᠨ ᠵᠢᠷᠤᠮᠵᠢᠭᠤᠯᠵᠤ᠂ ᠬᠠᠮᠲᠤᠪᠠᠷ ᠡᠳ᠋ᠯᠡᠬᠦ ᠠᠵᠢᠯᠴᠢᠨ ᠬᠡᠷᠡᠭᠯᠡᠬᠦ ᠶᠢ ᠵᠣᠷᠢᠭᠵᠢᠭᠤᠯᠤᠨ ᠬᠥᠭᠵᠢᠭᠦᠯᠵᠦ᠂ ᠡᠳ᠋ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ | ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ ᠲᠠᠷᠢᠶᠠᠯᠠᠬᠤ | ᠣᠷᠣᠨ ᠤ ᠬᠥᠳᠡᠯᠮᠦᠷᠢ ᠬᠦᠴᠦᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ | ᠣᠷᠤᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠ ᠠᠵᠢᠯ | ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠡᠷᠴᠢᠮ ᠢ | ᠴᠢᠩᠭᠠᠷᠠᠭᠤᠯᠤᠨ᠂ ᠡᠬᠢ ᠡᠭᠦᠰᠦᠯ ᠠᠴᠠ ᠨᠢ ᠵᠠᠰᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠦᠨᠡᠨᠬᠦ | ᠪᠠᠲᠤᠯᠠᠨ᠎ᠠ᠃ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ | ᠂ ︽ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ | ᠪᠣᠯᠪᠠᠰᠤᠷᠠᠭᠤᠯᠤᠯ ᠤᠨ ᠵᠢᠯᠣᠭᠤᠳᠤᠯᠭ᠎ᠠ᠂ ᠮᠥᠩᠭᠦᠨ ᠭᠦᠢᠯᠭᠡᠭᠡᠨ ᠡᠳ᠋ ᠤᠨ ᠵᠠᠰᠠᠭ ᠭᠠᠶᠢᠯᠢ ᠶᠢᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠬᠤ ᠣᠷᠣᠨ ᠤ ᠬᠥᠳᠡᠯᠮᠦᠷᠢ | ᠬᠦᠴᠦᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ | ︵ᠬᠤᠷᠢᠨ ᠨᠢᠭᠡ︶ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠣᠷᠣᠨ ᠤ ᠪᠣᠬᠢᠷᠳᠤᠯ ᠦᠭᠡᠢ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ | ᠡᠷᠴᠢᠮ ᠢ ᠴᠢᠩᠭᠠᠷᠠᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 87% ᠠᠴᠠ ᠳᠡᠭᠡᠭᠰᠢ ᠳᠤ | ᠬᠦᠷᠭᠡᠨ᠎ᠡ᠃ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ᠂ ᠡᠪᠡᠳᠴᠢᠨ ᠬᠤᠷᠣᠬᠠᠢ ᠶᠢᠨ | ᠬᠥᠨᠥᠭᠡᠯ ᠤᠨ ᠪᠣᠬᠢᠷᠳᠤᠯ ᠦᠭᠡᠢ ᠶᠢ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠵᠡᠷᠭᠡ ᠲᠥᠷᠥᠯ ᠵᠦᠢᠯ ᠢ ᠡᠮᠬᠢᠯᠡᠨ | ᠨᠡᠶᠢᠯᠡᠭᠦᠯᠵᠦ᠂ ᠲᠠᠷᠢᠶᠠᠨ ᠡᠮ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠠᠲᠤᠯᠠᠨ᠂ | ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠠᠬᠢᠭᠤᠯᠵᠤ᠂ ᠮᠠᠯ | ᠵᠢᠭᠦᠷᠲᠡᠨ ᠤ ᠪᠠᠭᠠᠰᠤᠨ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 83% ᠠᠴᠠ ᠳᠡᠭᠡᠭᠰᠢ ᠳᠤ | ᠪᠠᠶᠢᠯᠭᠠᠬᠤ ᠶᠢ ᠪᠠᠲᠤᠯᠠᠨ᠎ᠠ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠤᠢ ᠰᠢᠭᠤᠢ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠲᠦᠯᠬᠢᠨ | ᠠᠬᠢᠭᠤᠯᠵᠤ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠭᠬᠡᠶᠢᠯᠡᠨ ᠵᠠᠰᠠᠬᠤ ᠶᠢ ᠴᠢᠩᠭᠠᠳᠬᠠᠵᠦ᠂ ᠣᠨ ᠤ ᠰᠢᠨ᠎ᠡ ᠪᠠᠷ | ᠨᠡᠮᠡᠭᠳᠡᠭᠰᠡᠨ ᠬᠥᠷᠥᠰᠥ ᠰᠢᠷᠣᠢ ᠶᠢ ᠬᠠᠮᠠᠭᠠᠯᠠᠵᠤ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ | ᠵᠢᠷᠭᠤᠭ᠎ᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ | ︵ᠬᠤᠷᠢᠨ ᠬᠤᠶᠠᠷ︶ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ | ᠬᠡᠷᠡᠭᠵᠢᠭᠦᠯᠦᠨ᠎ᠡ᠃ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ ᠪᠣᠳᠠᠲᠤ ᠦᠷ᠎ᠡ ᠪᠦᠲᠦᠮᠵᠢ ᠶᠢ | ᠳᠠᠭᠠᠬᠤ᠂ ᠰᠠᠶᠢᠨ ᠢ ᠬᠥᠭᠡᠭᠡᠴᠡᠯᠳᠦᠬᠦ ᠠᠴᠠ ᠪᠢᠰᠢ ᠲᠦᠷᠭᠡᠨ ᠢ ᠬᠥᠭᠡᠭᠡᠴᠡᠯᠳᠦᠬᠦ ᠦᠭᠡᠢ ᠪᠠᠶᠢᠬᠤ ᠶᠢ ᠪᠠᠷᠢᠮᠲᠠᠯᠠᠵᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠴᠢᠳᠠᠯ ᠢᠶᠠᠷ ᠢᠶᠠᠨ ᠴᠢᠷᠮᠠᠶᠢᠬᠤ | ᠮᠥᠷᠲᠡᠭᠡᠨ ᠪᠠᠰᠠ ᠴᠢᠳᠠᠯ ᠤᠨ ᠢᠶᠠᠨ ᠬᠢᠷᠢ ᠪᠠᠷ ᠬᠢᠵᠦ᠂ ᠲᠠᠷᠢᠶᠠᠯᠠᠬᠤ ᠣᠷᠣᠨ ᠢ ᠠᠯᠬᠤᠮ ᠠᠯᠬᠤᠮ ᠢᠶᠠᠷ | ᠦᠨᠳᠦᠰᠦᠨ ᠳᠡᠭᠡᠨ ᠣᠲᠣ ᠦᠶ᠎ᠡ ᠶᠢᠨ ᠠᠮᠢᠳᠤᠷᠠᠯ ᠤᠨ ᠨᠥᠬᠦᠴᠡᠯ ᠲᠠᠢ ᠪᠣᠯᠭᠠᠨ᠎ᠠ︔ ᠲᠥᠯᠦᠪᠵᠢᠭᠦᠯᠭᠡ ᠪᠠᠷ | ᠬᠥᠲᠥᠯᠥᠨ ᠵᠢᠯᠤᠭᠤᠳᠬᠤ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠵᠣᠬᠢᠶᠠᠨ ᠪᠠᠶᠢᠭᠤᠯᠤᠯᠲᠠ ᠪᠠᠷ ᠪᠠᠲᠤᠯᠠᠬᠤ | ᠵᠡᠷᠭᠡ ᠲᠠᠯ᠎ᠠ ᠪᠠᠷ ᠬᠢ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠣᠷᠣᠨ ᠬᠤᠪᠢᠶᠠᠨ ᠲᠥᠷᠥᠯ | ᠬᠤᠪᠢᠶᠠᠨ ᠬᠠᠷᠠᠯᠲᠠ ᠶᠢᠨ ᠡᠭᠦᠷᠭᠡ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ | ᠲᠣᠬᠢᠷᠠᠭᠤᠯᠤᠯᠲᠠ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠵᠦᠢ ᠵᠣᠬᠢᠰᠲᠠᠢ | ᠲᠣᠭᠲᠠᠭᠠᠨ᠎ᠠ᠃ | ︵ᠬᠤᠷᠢᠨ ᠭᠤᠷᠪᠠ︶ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠲᠠᠷᠢᠶᠠᠯᠠᠬᠤ | ᠣᠷᠣᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ ᠶᠢ ᠦᠷᠭᠦᠯᠵᠢᠯᠡᠨ | ᠠᠬᠢᠭᠤᠯᠤᠨ᠎ᠠ᠃ ︽ᠥᠭᠡᠷᠡᠴᠢᠯᠡᠬᠦ ᠶᠣᠰᠣᠲᠠᠢ ᠶᠢ ᠨᠢ ᠪᠦᠬᠦᠨ ᠢ ᠥᠭᠡᠷᠡᠴᠢᠯᠡᠬᠦ︾ ᠵᠠᠷᠴᠢᠮ ᠢ ᠪᠠᠷᠢᠮᠲᠠᠯᠠᠵᠤ᠂ | ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠵᠣᠷᠯᠣᠩ ᠢ ᠥᠭᠡᠷᠡᠴᠢᠯᠡᠬᠦ | ᠬᠦᠰᠡᠯ ᠲᠠᠢ ᠪᠠ ᠵᠣᠷᠯᠣᠩ ᠢ ᠥᠭᠡᠷᠡᠴᠢᠯᠡᠬᠦ ᠨᠥᠬᠦᠴᠡᠯ ᠳᠤ ᠨᠡᠶᠢᠴᠡᠭᠰᠡᠨ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠲᠤ ᠥᠭᠡᠷᠡᠴᠢᠯᠡᠬᠦ ᠳᠤᠷᠠᠲᠠᠢ ᠪᠦᠬᠦᠨ ᠢ ᠥᠭᠡᠷᠡᠴᠢᠯᠡᠵᠦ᠂ ᠥᠭᠡᠷᠡᠴᠢᠯᠡᠵᠦ ᠳᠡᠶᠢᠯᠬᠦ ᠪᠦᠬᠦᠨ ᠢ | ᠥᠭᠡᠷᠡᠴᠢᠯᠡᠵᠦ᠂ ᠵᠣᠷᠯᠣᠩ ᠤᠨ ᠥᠭᠡᠷᠡᠴᠢᠯᠡᠯᠲᠡ ᠶᠢᠨ ᠠᠰᠠᠭᠤᠳᠠᠯ ᠢ ᠣᠶᠢᠯᠠᠭᠠᠨ ᠭᠠᠳᠠᠭᠰᠢᠯᠠᠭᠤᠯᠵᠤ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ | ᠬᠠᠮᠠᠭᠠᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠭᠦᠷᠭᠡ ᠶᠢ ᠨᠠᠷᠢᠯᠢᠭᠵᠢᠭᠤᠯᠵᠤ᠂ ᠲᠠᠷᠢᠶᠠᠯᠠᠬᠤ | ᠣᠷᠣᠨ ᠤ ᠰᠠᠭᠤᠷᠢ ᠪᠡᠯᠡᠳᠬᠡᠮᠵᠢ ᠶᠢᠨ ᠬᠠᠮᠢᠶᠠᠷᠤᠨ ᠬᠠᠮᠠᠭᠠᠯᠠᠬᠤ ︽ᠲᠠᠪᠤᠨ ᠪᠠᠶᠢᠬᠤ︾ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠯᠲᠠ ᠬᠢᠵᠦ᠂ | ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠦᠢᠯᠡᠳᠦᠯ ᠢᠶᠠᠨ ᠣᠷᠳᠣ | ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠠᠷᠢᠶᠠᠯᠠᠬᠤ ᠣᠷᠣᠨ ᠤ ᠪᠣᠬᠢᠷ ᠦᠮᠡᠬᠡᠢ | ᠤᠰᠤᠨ ᠴᠣᠭᠴᠠ ᠶᠢ ᠪᠠᠶᠢᠴᠠᠭᠠᠨ ᠴᠡᠭᠴᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ︔ ᠲᠠᠷᠢᠶᠠᠯᠠᠬᠤ | ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ 2022 ᠣᠨ ᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠨᠣᠷᠮ᠎ᠠ ᠶᠢᠨ 95% ᠠᠴᠠ | ᠳᠡᠭᠡᠭᠰᠢ᠂ ᠲᠠᠷᠢᠶᠠᠯᠠᠬᠤ ᠣᠷᠣᠨ ᠤ ᠪᠦᠷᠬᠦᠴᠡ ᠶᠢᠨ ᠨᠣᠷᠮ᠎ᠠ ᠶᠢᠨ 100% ᠶᠢ ᠪᠠᠲᠤᠯᠠᠨ᠎ᠠ︔ ᠠᠶᠢᠯ ᠲᠣᠰᠬᠤᠨ ᠤ | ᠠᠷᠢᠭᠤᠨ ᠴᠡᠪᠡᠷ ᠢ ᠥᠷᠭᠡᠳᠬᠡᠬᠦ ᠠᠵᠢᠯᠯᠠᠭ᠎ᠠ ︵ᠮᠠᠯᠵᠢᠬᠤ ᠲᠠᠷᠢᠶᠠᠯᠠᠬᠤ ᠣᠷᠣᠨ ᠤ ᠲᠣᠰᠬᠤᠨ ᠤ ᠳᠦᠷᠰᠦ | ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠠᠵᠢᠯ︶ ᠪᠣᠯᠣᠨ ᠬᠥᠳᠡᠭᠡ ᠲᠣᠰᠬᠤᠨ ᠢ ᠨᠣᠭᠤᠭᠠᠷᠠᠭᠤᠯᠤᠨ | ᠭᠤᠶᠣᠵᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ | ︽ᠲᠣᠰᠬᠤᠨ ᠪᠣᠯᠭᠠᠨ ᠢ ᠠᠷᠢᠭᠤᠨ ᠴᠡᠪᠡᠷ ᠪᠠᠶᠢᠯᠭᠠᠬᠤ︾ ᠠᠴᠠ ︽ᠠᠶᠢᠯ ᠪᠣᠯᠭᠠᠨ ᠢ ᠠᠷᠢᠭᠤᠨ ᠴᠡᠪᠡᠷ ᠪᠠᠶᠢᠯᠭᠠᠬᠤ | ︾ ᠳᠠᠰᠢ ᠥᠷᠭᠡᠳᠬᠡᠬᠦ ᠶᠢ ᠲᠦᠯᠬᠢᠨ ᠠᠬᠢᠭᠤᠯᠵᠤ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ | ᠤᠶᠠᠯᠳᠤᠭᠤᠯᠤᠨ᠂ ᠶᠡᠭᠡ ᠴᠡᠪᠡᠷᠯᠡᠭᠡ᠂ ᠶᠡᠭᠡ ᠴᠡᠭᠴᠡᠯᠡᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠬᠦ ᠪᠠᠷ ᠪᠠᠷᠠᠬᠤ | ᠦᠭᠡᠢ᠂ ᠪᠠᠰᠠ ᠲᠥᠪᠯᠡᠷᠡᠭᠦᠯᠦᠨ ᠴᠡᠭᠴᠡᠯᠡᠨ ᠵᠠᠰᠠᠬᠤ ᠠᠴᠠ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠪᠠᠶᠢᠯᠭᠠᠬᠤ ᠳᠠᠰᠢ ᠬᠤᠪᠢᠷᠠᠭᠤᠯᠵᠤ᠂ ᠲᠠᠷᠢᠶᠠᠯᠠᠬᠤ ᠣᠷᠣᠨ ᠤ ᠵᠢᠯ ᠲᠤᠷᠰᠢ ᠴᠡᠪᠡᠷ ᠲᠡᠭᠰᠢ ᠡᠮᠬᠢ ᠵᠢᠷᠤᠮ ᠲᠠᠢ | ᠪᠠᠶᠢᠬᠤ ᠶᠢ ᠦᠨᠡᠨ ᠬᠦ ᠪᠠᠲᠤᠯᠠᠵᠤ᠂ ᠳᠠᠬᠢᠨ ᠳᠠᠪᠲᠠᠨ ᠰᠡᠷᠭᠦᠬᠦ ᠠᠴᠠ ᠵᠠᠶᠢᠯᠠᠰᠬᠢᠬᠦ ᠬᠡᠷᠡᠭᠲᠡᠢ᠃ | ︵ᠬᠤᠷᠢᠨ ᠳᠥᠷᠪᠡ︶ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠤᠨ᠎ᠠ᠃ ︽ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠤᠨ ᠭᠡᠷ ᠪᠠᠶᠢᠰᠢᠩ ᠢ | ᠬᠥᠳᠡᠯᠦᠩᠭᠦᠢ ᠪᠠᠷ ᠬᠢᠨᠠᠨ ᠬᠠᠮᠢᠶᠠᠷᠬᠤ ᠪᠠ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠳᠦᠷᠢᠮ︾ ᠢ ᠪᠠᠶᠢᠭᠤᠯᠵᠤ᠂ | ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠠᠷᠢᠶᠠᠯᠠᠩ ᠳᠤ | ᠬᠤᠯᠪᠣᠭᠳᠠᠬᠤ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠬᠥᠳᠡᠯᠦᠩᠭᠦᠢ ᠪᠠᠷ ᠬᠢᠨᠠᠨ ᠬᠠᠮᠢᠶᠠᠷᠬᠤ ᠶᠢ | ᠴᠢᠩᠭᠠᠳᠬᠠᠨ᠎ᠠ︔ ︽ᠤᠳᠠ ᠲᠤᠭᠤᠷᠢᠭ ᠤᠨ ᠲᠠᠷᠢᠶᠠᠯᠠᠬᠤ ᠣᠷᠣᠨ ᠤ ︿ᠵᠠᠮ ᠤᠨ ᠳᠠᠷᠤᠭ᠎ᠠ ᠶᠢᠨ ᠳᠦᠷᠢᠮ﹀ ᠢ | ᠬᠡᠷᠡᠭᠵᠢᠭᠦᠯᠬᠦ ᠲᠥᠰᠥᠯ︾ ᠢ ᠪᠠᠶᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠲᠠᠷᠢᠶᠠᠯᠠᠬᠤ ᠣᠷᠣᠨ ᠤ ᠵᠠᠮ ᠢ | ᠲᠣᠭᠤᠷᠢᠨ ᠪᠠᠶᠢᠴᠠᠭᠠᠬᠤ᠂ ᠬᠢᠨᠠᠨ ᠬᠠᠮᠢᠶᠠᠷᠬᠤ ᠠᠵᠢᠯ ᠢ ᠥᠷᠨᠢᠭᠦᠯᠵᠦ᠂ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ︽ᠵᠠᠮ ᠤᠨ ᠳᠠᠷᠤᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠤᠨ᠎ᠠ︔ ᠬᠤᠲᠠ ᠬᠥᠳᠡᠭᠡ ᠶᠢᠨ ᠤᠰᠤ ᠬᠠᠩᠭᠠᠬᠤ ᠶᠢ | ᠨᠢᠭᠡ ᠴᠣᠭᠴᠠᠵᠢᠭᠤᠯᠬᠤ ᠶᠢ ᠢᠳᠡᠪᠬᠢᠲᠡᠢ ᠠᠬᠢᠭᠤᠯᠵᠤ᠂ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ︔ ᠲᠠᠷᠢᠶᠠᠯᠠᠬᠤ ᠣᠷᠣᠨ ᠤ ᠴᠠᠬᠢᠯᠭᠠᠨ ᠤ ᠲᠣᠣᠷ ᠤᠨ ᠥᠭᠡᠷᠡᠴᠢᠯᠡᠯᠲᠡ ᠪᠣᠯᠣᠨ ᠬᠥᠳᠡᠯᠭᠡᠭᠦ ᠬᠦᠴᠦᠨ ᠤ | ᠴᠠᠬᠢᠯᠭᠠᠨ ᠢ ᠲᠣᠰᠬᠤᠨ ᠳᠤ ᠣᠷᠣᠭᠤᠯᠬᠤ ᠢᠨᠵᠧᠨᠧᠷᠢᠩ ᠢ ᠠᠬᠢᠭᠤᠯᠵᠤ᠂ ᠦᠢᠯᠡᠳᠪᠦᠷᠢᠯᠡᠯ ᠠᠮᠢᠳᠤᠷᠠᠯ ᠤᠨ | ᠴᠠᠬᠢᠯᠭᠠᠨ ᠬᠠᠩᠭᠠᠬᠤ ᠲᠣᠣᠷ ᠢ ᠲᠡᠭᠦᠯᠳᠡᠷᠵᠢᠭᠦᠯᠦᠨ᠎ᠡ︔ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠡᠷᠭᠡ | ᠴᠡᠪᠡᠷ ᠡᠨᠧᠷᠭᠢ ᠶᠢᠨ ᠰᠤᠷᠪᠤᠯᠵᠢ ᠶᠢᠨ ᠣᠷᠣᠯᠠᠭᠤᠯᠬᠤ ᠢᠨᠵᠧᠨᠧᠷᠢᠩ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ | ᠬᠡᠷᠡᠭᠵᠢᠭᠦᠯᠦᠨ᠎ᠡ︔ ᠪᠥᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠤᠨ᠂ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ | ᠴᠢᠨᠠᠷ ᠢ ᠦᠨᠡᠯᠡᠨ ᠲᠣᠭᠲᠠᠭᠠᠬᠤ ︵ᠬᠢᠨᠠᠨ ᠲᠣᠭᠲᠠᠭᠠᠬᠤ︶ ᠠᠵᠢᠯ ᠢ ᠥᠷᠨᠢᠭᠦᠯᠵᠦ᠂ ᠭᠤᠷᠪᠠᠳᠠᠭᠢ ᠡᠲᠡᠭᠡᠳ ᠪᠤᠶᠤ | ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠪᠣᠶ ᠪᠦᠬᠦᠢ ᠲᠠᠷᠢᠶᠠᠯᠠᠩ ᠳᠤ ᠬᠤᠯᠪᠣᠭᠳᠠᠬᠤ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠭᠡᠷ ᠪᠠᠶᠢᠰᠢᠩ ᠳᠤ ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠬᠤ ᠶᠢ | ᠥᠷᠨᠢᠭᠦᠯᠦᠨ᠎ᠡ᠃ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | ︵ᠬᠤᠷᠢᠨ ᠲᠠᠪᠤ︶ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠶᠠᠨ ᠤ ᠬᠡᠪᠴᠢᠶ᠎ᠡ ᠶᠢ | ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠎ᠠ᠃ ᠲᠠᠷᠢᠶᠠᠯᠠᠩ ᠳᠤ ᠬᠤᠯᠪᠣᠭᠳᠠᠬᠤ ᠶᠢᠰᠦᠨ ᠵᠢᠯ ᠤᠨ ᠳᠦᠷᠢᠮᠲᠦ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ | ᠠᠬᠢᠭᠤᠯᠤᠨ᠎ᠠ︔ ᠲᠤᠭᠤᠷᠢᠭ ᠤᠨ ᠲᠠᠰ ᠤᠨ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠦᠨᠳᠦ ᠡᠪᠡᠳᠴᠢᠨ ᠤ ᠲᠤᠰᠬᠠᠢ ᠠᠪᠤᠷᠠᠨ ᠵᠠᠰᠠᠬᠤ ᠵᠠᠭᠪᠤᠷ ᠢ ᠪᠣᠶ ᠪᠦᠬᠦᠢ 30 | ᠵᠦᠢᠯ ᠤᠨ ᠬᠦᠨᠳᠦ ᠡᠪᠡᠳᠴᠢᠲᠡᠨ ᠳᠤ ᠬᠦᠷᠲᠡᠯ᠎ᠡ ᠳᠡᠯᠭᠡᠷᠡᠭᠦᠯᠵᠦ᠂ ᠲᠣᠰᠬᠤᠨ ᠤ ᠡᠮᠴᠢ ᠶᠢᠨ ᠨᠠᠰᠤᠵᠢᠯ ᠤᠨ | ᠠᠰᠠᠷᠠᠮᠵᠢ ᠶᠢᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠶᠢ | ᠲᠥᠷᠥᠯ ᠬᠤᠪᠢᠶᠠᠨ ᠨᠠᠶᠢᠳᠠᠪᠤᠷᠢᠵᠢᠭᠤᠯᠤᠨ᠎ᠠ︔ ᠭᠠᠷᠲᠠᠨ ᠭᠦᠢᠴᠡᠳᠬᠡᠬᠦ ᠪᠠᠶᠢᠭᠤᠯᠤᠮᠵᠢ ᠵᠢᠴᠢ ᠴᠡᠭ ᠲᠣᠭᠲᠠᠭᠠᠭᠰᠠᠨ | ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠮᠡᠬᠡᠯᠡᠨ | ᠬᠢᠬᠠᠬᠤ ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠦᠨ᠎ᠡ︔ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠲᠠᠷᠢᠶᠠᠯᠠᠬᠤ ᠣᠷᠣᠨ ᠤ ᠬᠦᠴᠢᠷᠳᠡᠯᠲᠡᠢ ᠣᠯᠠᠨ | ᠲᠦᠮᠡᠨ ᠢ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠦᠨᠳᠦᠰᠦᠨ ᠱᠠᠲᠤᠨ ᠤ | ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ ᠬᠠᠷᠢᠯᠴᠠᠬᠤ ᠳᠦᠷᠢᠮ ᠢ ᠪᠦᠷᠢᠨᠰᠢᠭᠦᠯᠵᠦ᠂ ᠭᠡᠷ ᠲᠡᠭᠡᠨ | ᠬᠤᠴᠣᠷᠤᠭᠰᠠᠨ ᠨᠠᠰᠤᠲᠠᠨ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠵᠡᠮᠳᠡᠭᠴᠦᠳ ᠢ ᠦᠷᠭᠦᠯᠵᠢ ᠡᠷᠭᠢᠵᠦ | ᠦᠵᠡᠨ᠎ᠡ᠃ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠲᠣᠣᠷ | ᠰᠦᠯᠵᠢᠶ᠎ᠡ ᠶᠢ ᠲᠡᠭᠦᠯᠳᠡᠷᠵᠢᠭᠦᠯᠵᠦ᠂ ᠭᠡᠷ ᠲᠡᠭᠡᠨ ᠬᠤᠴᠣᠷᠤᠭᠰᠠᠨ ᠬᠡᠦᠬᠡᠳ ᠢ ᠡᠷᠭᠢᠵᠦ ᠦᠵᠡᠬᠦ ᠬᠠᠮᠢᠶ᠎ᠠ ᠪᠦᠬᠦᠢ | ᠳᠦᠷᠢᠮ ᠢ ᠪᠦᠷᠢᠨᠰᠢᠭᠦᠯᠦᠨ᠎ᠡ᠃ | ᠳᠣᠯᠤᠭ᠎ᠠ᠂ ᠪᠣᠳᠠᠲᠤ ᠦᠷ᠎ᠡ ᠪᠦᠲᠦᠮᠵᠢ ᠶᠢ ᠲᠣᠪᠤᠶᠢᠯᠭᠠᠨ ᠬᠥᠳᠡᠭᠡ ᠲᠣᠰᠬᠤᠨ ᠤ ᠵᠠᠰᠠᠯᠲᠠ ᠶᠢ ᠰᠠᠶᠢᠵᠢᠷᠠᠭᠤᠯᠤᠨ᠎ᠠ | ︵ᠬᠤᠷᠢᠨ ᠵᠢᠷᠭᠤᠭ᠎ᠠ︶ ᠨᠠᠮ ᠤᠨ ᠪᠠᠶᠢᠭᠤᠯᠤᠯᠲᠠ ᠪᠠᠷ ᠰᠦᠭ ᠰᠦᠨᠡᠰᠦ ᠪᠣᠯᠭᠠᠵᠤ᠂ ᠬᠥᠳᠡᠭᠡ ᠲᠣᠰᠬᠤᠨ ᠤ | ᠵᠠᠰᠠᠯᠲᠠ ᠶᠢᠨ ᠬᠥᠳᠡᠯᠭᠡᠭᠦ ᠬᠦᠴᠦᠨ ᠢ ᠬᠥᠭᠵᠢᠭᠡᠨ᠎ᠡ᠃ ᠦᠨᠳᠦᠰᠦᠨ ᠱᠠᠲᠤᠨ ᠤ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠰᠠᠯᠠᠭ᠎ᠠ ᠮᠥᠴᠢᠷ ᠤᠨ ᠭᠤᠷᠪᠠ ᠶᠢ | ᠲᠣᠭᠲᠠᠭᠠᠭᠰᠠᠨ ᠲᠥᠰᠥᠯ ᠤᠨ ᠠᠭᠤᠯᠭ᠎ᠠ ᠶᠢᠨ ᠲᠣᠭᠲᠠᠭᠠᠯ ᠶᠣᠰᠣᠭᠠᠷ᠂ ᠡᠭᠦᠷᠭᠡ ᠴᠢᠳᠠᠪᠬᠢ ᠶᠢᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠴᠢᠳᠠᠪᠬᠢ ᠶᠢᠨ ᠰᠠᠯᠠᠭ᠎ᠠ ᠮᠥᠴᠢᠷ ᠪᠣᠯᠣᠨ ᠪᠠᠯᠭᠠᠰᠤ ︵ᠵᠡᠭᠡᠯᠢ | ᠭᠤᠳᠤᠮᠵᠢ︶ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ | ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠵᠢᠯᠤᠭᠤᠳᠬᠤ ᠪᠠ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠶᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠦᠨ᠎ᠡ︔ ᠪᠠᠯᠭᠠᠰᠤ | ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠬᠥᠳᠡᠯᠦᠩᠭᠦᠢ ᠪᠠᠷ | ᠵᠢᠭᠰᠠᠭᠠᠨ ᠪᠠᠶᠢᠴᠠᠭᠠᠬᠤ ᠪᠠ ᠴᠡᠭᠴᠡᠯᠡᠬᠦ ᠶᠢ ᠪᠠᠶᠢᠩᠭᠤᠵᠢᠭᠤᠯᠤᠨ ᠥᠷᠨᠢᠭᠦᠯᠵᠦ᠂ ᠲᠠᠷᠢᠶᠠᠯᠠᠬᠤ ᠣᠷᠣᠨ ᠤ | ᠦᠨᠳᠦᠰᠦᠨ ᠱᠠᠲᠤᠨ ᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ | ᠪᠣᠯᠪᠠᠰᠤᠷᠠᠯ ᠢ ᠢᠳᠡᠪᠬᠢᠲᠡᠢ ᠠᠬᠢᠭᠤᠯᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ | ᠬᠠᠮᠢᠶᠠᠷᠤᠯᠲᠠ ᠶᠢᠨ ᠬᠢᠨᠠᠨ ᠰᠢᠯᠭᠠᠯᠲᠠ ᠪᠠ ᠵᠣᠷᠢᠭᠵᠢᠭᠤᠯᠤᠯ ᠤᠨ ᠪᠠᠲᠤᠯᠠᠭ᠎ᠠ ᠶᠢ ᠴᠢᠩᠭᠠᠳᠬᠠᠵᠤ᠂ ᠲᠣᠰᠬᠤᠨ ᠳᠤ | ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠢᠯᠡᠳᠦᠯ ᠢ ᠭᠤᠣᠯᠳᠠᠯᠭ᠎ᠠ ᠲᠠᠢ ᠪᠠᠳᠠᠷᠠᠭᠤᠯᠬᠤ | ᠬᠡᠷᠡᠭᠲᠡᠢ᠃ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ᠤᠨ ᠴᠢᠬᠤᠯᠠ ᠵᠦᠢᠯᠡᠰ᠂ ᠴᠢᠬᠤᠯᠠ ᠶᠡᠭᠡ | ᠠᠰᠠᠭᠤᠳᠠᠯ ᠢ ᠨᠠᠮ ᠤᠨ ᠵᠣᠬᠢᠶᠠᠨ ᠪᠠᠶᠢᠭᠤᠯᠤᠯᠲᠠ ᠠᠴᠠ ᠰᠤᠳᠤᠯᠤᠨ ᠶᠠᠷᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ | ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠦᠨᠳᠦᠰᠦᠨ ᠱᠠᠲᠤᠨ ᠤ ᠬᠢᠨᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠺᠠᠳ᠋ᠷᠴᠤᠳ ᠲᠤ ᠲᠠᠯᠪᠢᠬᠤ ᠬᠢᠨᠠᠯᠲᠠ ᠶᠢ | ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ᠂ ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ᠂ ᠮᠥᠷᠳᠡᠨ | ᠳᠠᠭᠠᠵᠤ ᠬᠢᠨᠠᠯᠲᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠪᠦᠷᠢᠯᠳᠦᠭᠦᠨ ᠳᠤ ᠲᠠᠯᠪᠢᠬᠤ ᠬᠢᠨᠠᠯᠲᠠ ᠶᠢ ᠴᠢᠩᠭᠠᠳᠬᠠᠵᠤ᠂ ᠦᠷᠭᠦᠯᠵᠢᠯᠡᠨ ᠮᠥᠷᠳᠡᠵᠦ ᠦᠷ᠎ᠡ | ᠪᠦᠲᠦᠮᠵᠢ ᠶᠢ ᠨᠢ ᠠᠰᠠᠭᠤᠬᠤ ᠬᠡᠷᠡᠭᠲᠡᠢ᠃ | ︵ᠬᠤᠷᠢᠨ ᠲᠤᠯᠤᠭ᠎ᠠ︶ ᠥᠪᠡᠷᠲᠡᠭᠡᠨ ᠵᠠᠰᠠᠬᠤ ᠶᠢ ᠲᠡᠷᠢᠭᠦᠨ ᠳᠤ ᠲᠠᠯᠪᠢᠵᠤ᠂ ᠬᠥᠳᠡᠭᠡ ᠲᠣᠰᠬᠤᠨ ᠢ ᠵᠠᠰᠠᠬᠤ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ | ᠲᠤᠭᠤᠷᠢᠭ ᠤᠨ ᠲᠡᠰ ᠤᠨ ᠬᠠᠮ ᠵᠠᠭᠤᠴᠢᠯᠠᠭᠤᠷ ᠤᠨ ᠲᠥᠪ ᠵᠡᠷᠭᠡ ᠲᠠᠪᠴᠠᠩ ᠳᠤ ᠲᠦᠰᠢᠭᠯᠡᠨ ᠪᠣᠳᠠᠰᠵᠢᠭᠰᠠᠨ | ᠤᠬᠠᠭᠤᠯᠭ᠎ᠠ ᠬᠥᠮᠦᠵᠢᠯ ᠢ ᠥᠷᠨᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠪᠠᠳᠠᠷᠠᠭᠤᠯᠵᠤ ᠦᠢᠯᠡᠳᠦᠯᠭᠡᠵᠢᠭᠦᠯᠦᠨ᠎ᠡ︔ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ | ᠨᠠᠮ ᠢᠶᠠᠨ ᠳᠠᠭᠠᠬᠤ︾ ᠭᠤᠣᠯ ᠰᠡᠳᠦᠪ ᠤᠨ ᠲᠣᠭᠤᠷᠢᠨ ᠳᠤ᠂ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠣᠯᠠᠨ | ᠲᠦᠮᠡᠨᠴᠢ ᠴᠢᠨᠠᠷᠲᠠᠢ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ︔ ᠤᠯᠠᠨ | ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ | ᠨᠢᠭᠡ ᠡᠭᠡᠯᠵᠢ ᠶᠢᠨ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ ᠶᠢ ᠲᠠᠨᠢᠯᠴᠠᠭᠤᠯᠬᠤ ᠠᠵᠢᠯ ᠢ | ᠰᠠᠶᠢᠲᠤᠷ ᠬᠢᠬᠦ ᠬᠡᠷᠡᠭᠲᠡᠢ︔ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠤᠨ | ᠳᠡᠯᠭᠡᠷᠡᠭᠦᠯᠵᠦ᠂ ᠤᠯᠠᠮᠵᠢᠯᠠᠯᠲᠤ ᠪᠠᠶᠠᠷ ᠤᠨ ᠡᠳᠦᠷ ᠢᠶᠠᠷ ᠭᠤᠣᠯᠳᠠᠯᠭ᠎ᠠ ᠪᠣᠯᠭᠠᠨ᠂ ︽ᠮᠠᠨ ᠤ ᠪᠠᠶᠠᠷ ᠤᠨ ᠡᠳᠦᠷ︾ | ᠤᠨ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠦᠨ᠎ᠡ︔ ᠲᠣᠰᠬᠤᠨ ᠤ | ᠳᠦᠷᠢᠮ ᠠᠷᠠᠳ ᠤᠨ ᠭᠡᠷ᠎ᠡ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠦᠢᠯᠡᠳᠦᠯ ᠢ ᠪᠦᠲᠦᠮᠵᠢᠲᠡᠢ | ᠪᠠᠳᠠᠷᠠᠭᠤᠯᠵᠤ᠂ ᠬᠥᠳᠡᠭᠡ ᠲᠣᠰᠬᠤᠨ ᠤ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠲᠤᠷᠰᠢᠯᠲᠠ ᠪᠠ | ᠣᠷᠣᠰᠢᠭᠤᠯᠭ᠎ᠠ ᠶᠢᠨ ᠵᠠᠩ ᠳᠠᠳᠬᠠᠯ ᠤᠨ ᠥᠭᠡᠷᠡᠴᠢᠯᠡᠯᠲᠡ ᠶᠢ ᠠᠬᠢᠭᠤᠯᠵᠤ᠂ ᠥᠨᠳᠥᠷ ᠦᠨ᠎ᠡ ᠲᠠᠢ ᠪᠣᠭᠲᠣᠯᠠᠬᠤ | ᠪᠡᠯᠡᠭ᠂ ᠶᠡᠭᠡ ᠪᠠᠷ ᠪᠠᠵᠠᠭᠠᠵᠤ ᠶᠡᠭᠡ ᠪᠠᠷ ᠡᠷᠬᠢᠯᠡᠬᠦ ᠵᠡᠷᠭᠡ ᠵᠠᠩ ᠳᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ | ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠦᠨ᠎ᠡ᠃ | ︵ᠬᠤᠷᠢᠨ ᠨᠠᠢᠮᠠ︶ ᠬᠠᠤᠯᠢ ᠪᠠᠷ ᠵᠠᠰᠠᠬᠤ ᠪᠠᠷ ᠦᠨᠳᠦᠰᠦ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ | ᠲᠠᠶᠢᠪᠤᠩ ᠲᠣᠭᠲᠠᠭᠤᠨ ᠢ ᠦᠨᠡᠨᠬᠦ ᠬᠠᠮᠠᠭᠠᠯᠠᠨ᠂ ᠳᠣᠲᠣᠭᠠᠳᠤ ᠶᠢ ᠬᠠᠮᠠᠭᠠᠯᠠᠬᠤ ᠴᠠᠭᠳᠠᠭᠠᠨ ᠤ ᠠᠵᠢᠯ ᠤᠨ ᠥᠷᠲᠡᠭᠡ | ᠪᠠ ᠨᠡᠶᠢᠭᠡᠮ ᠲᠣᠭᠤᠷᠢᠭ ᠤᠨ ᠴᠠᠭᠳᠠᠭᠠᠨ ᠤ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ︽ᠨᠢᠭᠡ ᠨᠡᠶᠢᠭᠡᠮ ᠲᠣᠭᠤᠷᠢᠭ ᠲᠤ ᠨᠢᠭᠡ ᠠᠷᠠᠳ ᠤᠨ ᠴᠠᠭᠳᠠᠭ᠎ᠠ︾ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ︔ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ︽ᠲᠣᠰᠬᠤᠨ ᠤ | ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠳᠤ ᠦᠷᠭᠦᠯᠵᠢᠯᠡᠨ ᠴᠣᠬᠢᠯᠲᠠ ᠥᠭᠴᠦ᠂ ᠬᠠᠷ᠎ᠠ | ᠪᠦᠯᠦᠭᠲᠡᠨ ᠬᠠᠷᠭᠢᠰ ᠬᠦᠴᠦᠨ᠂ ᠲᠦᠷᠦᠯ ᠤᠭᠰᠠᠭ᠎ᠠ ᠲᠦᠷᠦᠯ ᠤᠭᠰᠠᠭ᠎ᠠ ᠶᠢᠨ ᠬᠦᠴᠦᠨ ᠵᠡᠷᠭᠡ ᠶᠢᠨ ᠲᠠᠷᠢᠶᠠᠯᠠᠬᠤ | ᠣᠷᠣᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠬᠤᠣᠷᠳᠠᠭᠤᠯᠬᠤ ᠪᠠ ᠨᠥᠯᠥᠭᠡᠯᠡᠬᠦ ᠶᠢ ᠰᠡᠷᠭᠡᠶᠢᠯᠡᠨ᠎ᠡ᠃ | ᠲᠠᠷᠢᠶᠠᠯᠠᠬᠤ ᠣᠷᠣᠨ ᠤ ᠮᠠᠯ ᠤᠨᠤᠭ᠎ᠠ ᠶᠢ ᠬᠤᠯᠠᠭᠠᠶᠢᠯᠠᠨ ᠪᠤᠯᠢᠶᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ | ᠣᠯᠠᠨᠲᠠ ᠡᠭᠦᠰᠬᠦ ᠴᠢᠨᠠᠷᠲᠠᠢ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠵᠢᠴᠢ ᠬᠤᠳᠠᠯ ᠬᠠᠭᠤᠷᠮᠠᠭ | ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠱᠠᠯᠢᠭ ᠵᠠᠪᠬᠠᠢ ᠵᠦᠢᠯ ᠵᠣᠭᠤᠰ ᠮᠥᠷᠥᠶᠢᠴᠡᠬᠦ | ᠬᠤᠣᠷᠲᠤ ᠡᠳ᠋ ᠦᠢᠯᠡᠳᠴᠦ ᠪᠣᠷᠣᠯᠠᠭᠤᠯᠬᠤ ᠵᠢᠴᠢ ᠡᠮᠡᠭᠲᠡᠶᠢᠴᠦᠳ ᠬᠡᠦᠬᠡᠳ ᠤᠨ ᠪᠡᠶ᠎ᠡ ᠶᠢᠨ ᠡᠷᠬᠡ ᠠᠰᠢᠭ ᠲᠤ | ᠬᠠᠯᠳᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠴᠦ᠂ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠶᠤᠯ ᠦᠭᠡᠢ ᠦᠢᠯᠡᠳᠪᠦᠷᠢᠯᠡᠯ᠂ | ᠪᠠᠶᠢᠭᠠᠯᠢ ᠶᠢᠨ ᠭᠠᠮᠰᠢᠭ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠶᠢᠨ | ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠲᠤᠰᠬᠠᠶᠢᠯᠠᠨ ᠵᠠᠰᠠᠬᠤ ᠶᠢ ᠥᠷᠨᠢᠭᠦᠯᠦᠨ᠎ᠡ᠃ | ᠲᠠᠷᠢᠶᠠᠯᠠᠬᠤ ᠣᠷᠣᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ | ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡ ᠶᠢ ᠴᠢᠩᠭᠠᠳᠬᠠᠨ᠂ ᠨᠢᠭᠡ ᠯᠡ ᠥᠷᠲᠡᠭᠡᠨ ᠤ ᠮᠠᠶ᠋ᠢᠭ ᠤᠨ ᠣᠯᠠᠨ | ᠡᠰᠢᠴᠢᠯᠡᠭᠰᠡᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢ ᠴᠢᠷᠮᠠᠶᠢᠨ ᠪᠠᠶᠢᠭᠤᠯᠤᠨ᠎ᠠ᠃ ᠬᠠᠤᠯᠢ ᠪᠤᠰᠤ | ᠱᠠᠰᠢᠨ ᠰᠤᠷᠲᠠᠬᠤᠨ ᠤ ᠠᠵᠢᠯᠯᠠᠭ᠎ᠠ ᠶᠢ ᠴᠡᠭᠴᠡᠯᠡᠨ ᠵᠠᠰᠠᠬᠤ᠂ ᠱᠠᠰᠢᠨ ᠰᠤᠷᠲᠠᠬᠤᠨ ᠤ ᠨᠡᠪᠴᠢᠨ ᠳᠡᠯᠭᠡᠷᠡᠬᠦ ᠶᠢ | ᠬᠤᠷᠢᠭᠯᠠᠬᠤ ᠲᠤᠰᠬᠠᠢ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠱᠠᠰᠢᠨ ᠰᠤᠷᠲᠠᠬᠤᠨ ᠤ ᠠᠵᠢᠯᠯᠠᠭ᠎ᠠ ᠶᠢᠨ | ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠵᠡᠷᠭᠡ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠲᠠᠷᠢᠶᠠᠯᠠᠬᠤ ᠣᠷᠣᠨ ᠤ ᠰᠢᠨ᠎ᠡ ᠲᠢᠲᠢᠮ ᠲᠠᠢ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠤᠨ | ᠰᠢᠰᠲ᠋ᠧᠮᠵᠢ ᠶᠢ ᠪᠦᠷᠢᠨᠰᠢᠭᠦᠯᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ︵ᠬᠤᠷᠢ ᠶᠢᠰᠦ︶ ᠶᠣᠰᠣ ᠰᠤᠷᠲᠠᠬᠤᠨ ᠢᠶᠠᠷ ᠵᠠᠰᠠᠬᠤ ᠪᠠᠷ ᠬᠠᠪᠰᠤᠷᠤᠮᠵᠢ ᠪᠣᠯᠭᠠᠵᠤ᠂ ᠬᠥᠳᠡᠭᠡ ᠲᠣᠰᠬᠤᠨ ᠤ | ᠵᠠᠰᠠᠯᠲᠠ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠣᠶ ᠪᠣᠯᠭᠠᠬᠤ | ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ ᠲᠠᠷᠢᠶᠠᠯᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠤᠨ᠂ ᠡᠭᠦᠳᠦᠨ ᠪᠠᠶᠢᠭᠤᠯᠬᠤ ᠠᠵᠢᠯ ᠢ | ᠨᠡᠶᠢᠳᠡᠮ ᠪᠥᠷᠬᠦᠭᠦᠯᠬᠦ ᠶᠢ ᠠᠬᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤ ᠶᠢ ᠮᠡᠳᠡᠷᠡᠬᠦ︾ ᠶᠢ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠰᠣᠶᠣᠯ ᠤᠨ ᠲᠡᠮᠳᠡᠭ | ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠲᠠᠯᠠᠪᠤᠷ ᠲᠤ ᠣᠷᠣᠭᠤᠯᠬᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠣᠷᠣᠨ ᠳᠤ ᠣᠷᠣᠭᠤᠯᠬᠤ ᠶᠢ ᠲᠦᠯᠬᠢᠨ | ᠠᠬᠢᠭᠤᠯᠵᠤ᠂ ᠲᠠᠷᠢᠶᠠᠯᠠᠬᠤ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ | ᠦᠨᠳᠦᠰᠦᠲᠡᠨ ᠢ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠣᠭᠰᠢᠯᠲᠤ ᠰᠡᠳᠬᠢᠯᠭᠡ ᠶᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ | ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠶᠢ ᠬᠦᠨᠳᠦᠳᠬᠡᠨ ᠪᠠᠲᠤᠯᠠᠨ᠎ᠠ᠃ ᠦᠨᠳᠦᠰᠦᠲᠡᠨ ᠤ ᠬᠦᠴᠦᠨ ᠵᠦᠢᠯ ᠳᠤ | ᠬᠤᠯᠪᠣᠭᠳᠠᠭᠰᠠᠨ ᠰᠡᠷᠭᠡᠭ ᠬᠡᠷᠡᠭ ᠢ ᠮᠠᠭᠤ ᠰᠠᠨᠠᠭ᠎ᠠ ᠲᠠᠢ ᠪᠠᠷ ᠬᠥᠭᠡᠷᠭᠡᠳᠡᠭᠰᠡᠨ᠂ ᠦᠨᠳᠦᠰᠦᠲᠡᠨ ᠤ ᠬᠠᠷᠢᠴᠠᠭ᠎ᠠ ᠶᠢ | ᠵᠣᠷᠢᠭᠤᠳᠠ ᠬᠠᠳᠬᠤᠨ ᠵᠠᠪᠰᠠᠷᠳᠠᠭᠤᠯᠤᠭᠰᠠᠨ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠭᠦᠨ᠎ᠡ᠃ | ᠨᠠᠢᠮᠠ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢ | ᠴᠢᠩᠭᠠᠷᠠᠭᠤᠯᠤᠨ᠎ᠠ | ︵ᠭᠤᠴᠢ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠶᠢ ᠪᠠᠲᠤᠯᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠯᠠᠬᠤ ᠣᠷᠣᠨ ᠢ ᠦᠷᠭᠦᠯᠵᠢᠯᠡᠨ ᠡᠩ ᠤᠨ ᠣᠯᠠᠨ ᠨᠡᠶᠢᠲᠡ ᠶᠢᠨ | ᠲᠥᠰᠥᠪ ᠤᠨ ᠤᠷᠢᠳᠠᠪᠠᠷ ᠪᠠᠲᠤᠯᠠᠬᠤ ᠬᠦᠷᠢᠶ᠎ᠡ ᠪᠣᠯᠭᠠᠵᠤ᠂ ᠣᠷᠣᠭᠤᠯᠤᠯᠲᠠ ᠶᠢᠨ ᠡᠷᠴᠢᠮ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠷᠠᠯᠲᠠᠲᠤ ᠡᠭᠦᠷᠭᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ | ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠪᠡᠯᠡ ᠮᠥᠩᠭᠦ ᠶᠢᠨ ᠬᠡᠷᠡᠭᠯᠡᠯᠲᠡ ᠶᠢᠨ | ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠡᠳ᠋ ᠤᠨ ᠵᠠᠰᠠᠭ ᠤᠨ ᠵᠣᠯᠭᠠᠯᠳᠤᠨ ᠠᠬᠢᠭᠤᠯᠵᠤ ᠪᠠᠶᠢᠭ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠥᠬᠦᠪᠦᠷᠢ ᠪᠡᠯᠡ ᠮᠥᠩᠭᠦ ᠶᠢᠨ ᠬᠡᠷᠡᠭᠯᠡᠯᠲᠡ ᠶᠢᠨ | ᠪᠠᠶᠢᠳᠠᠯ ᠳᠤ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠳᠤ ᠢᠳᠡᠪᠬᠢᠲᠡᠢ ᠬᠠᠮᠵᠢᠯᠴᠠᠨ᠎ᠠ᠂ ᠡᠳ᠋ ᠤᠨ | ᠵᠠᠰᠠᠭ ᠤᠨ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠮᠥᠩᠭᠦᠨ | ᠭᠦᠢᠯᠭᠡᠭᠡᠨ ᠤ ᠡᠬᠢ ᠪᠠᠶᠠᠯᠢᠭ ᠢ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠯᠠᠬᠤ ᠣᠷᠣᠨ ᠤ ᠬᠥᠭᠵᠢᠯᠲᠡ ᠶᠢᠨ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ ᠭᠤᠭᠴᠤᠭ᠎ᠠ ᠳᠤ ᠲᠣᠬᠢᠷᠠᠭᠤᠯᠤᠨ᠂ ᠡᠳ᠋ ᠤᠨ ᠵᠠᠰᠠᠭ ᠠᠴᠠ | ᠤᠷᠢᠳᠠᠪᠠᠷ ᠪᠠᠲᠤᠯᠠᠬᠤ᠂ ᠮᠥᠩᠭᠦᠨ ᠭᠦᠢᠯᠭᠡᠭᠡᠨ ᠢ ᠭᠤᠣᠯᠳᠠᠯᠭ᠎ᠠ ᠲᠠᠢ ᠬᠡᠯᠪᠡᠶᠢᠯᠭᠡᠬᠦ᠂ ᠨᠡᠶᠢᠭᠡᠮ ᠢᠶᠠᠷ ᠢᠶᠠᠨ | ᠢᠳᠡᠪᠬᠢᠲᠡᠢ ᠣᠷᠤᠯᠴᠠᠬᠤ ᠣᠯᠠᠨ ᠡᠰᠢᠲᠦ ᠣᠷᠣᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠲᠦᠷᠦᠯ ᠵᠦᠢᠯ ᠤᠨ ᠨᠥᠭᠡᠴᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ | ︵ᠭᠤᠴᠢᠨ ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠴᠢᠩᠭᠠᠷᠠᠭᠤᠯᠤᠨ᠎ᠠ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠳᠤᠮᠳᠠ ᠣᠷᠳᠣ ᠬᠤᠭᠤᠴᠠᠭᠠᠨ ᠤ ᠢᠲᠡᠭᠡᠮᠵᠢᠲᠦ | ᠵᠢᠭᠡᠯᠡᠯᠭᠡ ᠶᠢᠨ ᠵᠠᠭᠪᠤᠷ ᠢ ᠬᠠᠶᠢᠨ ᠰᠦᠪᠡᠭᠴᠢᠯᠡᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢ ᠰᠢᠯᠭᠠᠨ ᠬᠢᠨᠠᠵᠤ ᠦᠨᠡᠯᠡᠨ ᠵᠢᠱᠢᠬᠦ | ᠠᠵᠢᠯ ᠢ ᠬᠢᠨᠠᠮᠠᠭᠠᠢ ᠰᠠᠶᠢᠲᠤᠷ ᠬᠢᠵᠦ᠂ ᠰᠢᠯᠭᠠᠨ ᠦᠨᠡᠯᠡᠭᠰᠡᠨ ᠦᠷ᠎ᠡ ᠳ᠋ᠦᠩ ᠢ ᠵᠦᠢ ᠵᠣᠬᠢᠰᠲᠠᠢ ᠬᠡᠷᠡᠭᠯᠡᠯᠲᠡ ᠶᠢ | ᠴᠢᠩᠭᠠᠳᠬᠠᠨ᠎ᠠ᠂ ᠲᠠᠷᠢᠶᠠᠯᠠᠩ ᠢ ᠳᠡᠮᠵᠢᠬᠦ ᠳᠠᠬᠢᠨ ᠵᠢᠭᠡᠯᠡᠯᠭᠡ ᠵᠡᠷᠭᠡ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠪᠠᠭᠠᠵᠢ ᠶᠢ ᠵᠦᠢ ᠵᠣᠬᠢᠰᠲᠠᠢ ᠬᠡᠷᠡᠭᠯᠡᠨ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠢ ᠳᠡᠮᠵᠢᠬᠦ᠂ ᠪᠠᠭ᠎ᠠ ᠰᠤᠷᠭᠠᠭᠤᠯᠢ ᠶᠢ ᠳᠡᠮᠵᠢᠬᠦ | ᠳᠠᠬᠢᠨ ᠵᠢᠭᠡᠯᠡᠯᠭᠡ ᠶᠢ ᠢᠳᠡᠪᠬᠢᠲᠡᠢ ᠬᠡᠷᠡᠭᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠢᠲᠡᠭᠡᠮᠵᠢᠲᠦ ᠵᠢᠭᠡᠯᠡᠯᠭᠡ ᠲᠠᠯᠪᠢᠬᠤ ᠶᠢ ᠥᠷᠭᠡᠳᠬᠡᠨ᠎ᠡ᠃ ᠢᠲᠡᠭᠡᠮᠵᠢ ᠶᠢᠨ ᠲᠣᠰᠬᠤᠨ᠂ ᠢᠲᠡᠭᠡᠮᠵᠢ ᠶᠢᠨ ᠰᠢᠶᠠᠩ | ᠪᠠᠯᠭᠠᠰᠤ ᠶᠢ ᠦᠨᠡᠯᠡᠨ ᠲᠣᠭᠲᠠᠭᠠᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠵᠤ ᠲᠠᠰ ᠲᠣᠭᠲᠠᠭᠠᠬᠤ | ᠠᠵᠢᠯ ᠢ ᠥᠷᠨᠢᠭᠦᠯᠵᠦ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠬᠠᠮᠤᠷᠬᠤ ᠶᠢ | ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ︽ᠳᠠᠭᠠᠳᠬᠠᠯ + | ᠬᠤᠭᠤᠴᠠᠭᠠᠲᠤ ᠪᠠᠷᠠᠭ᠎ᠠ︾ ᠶᠢᠨ ᠪᠦᠲᠦᠭᠡᠭᠳᠡᠬᠦᠨ ᠤ ᠰᠢᠨ᠎ᠡ ᠶᠢ ᠡᠭᠦᠳᠦᠨ ᠬᠥᠭᠵᠢᠭᠦᠯᠬᠦ ᠶᠢ ᠵᠣᠷᠢᠭᠵᠢᠭᠤᠯᠵᠤ᠂ | ᠲᠠᠷᠢᠶᠠᠯᠠᠩ ᠳᠤ ᠬᠤᠯᠪᠣᠭᠳᠠᠬᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠵᠠᠬ᠎ᠠ ᠳᠡᠯᠭᠡᠭᠦᠷᠴᠢᠯᠡᠨ ᠬᠤᠪᠢᠶᠠᠨ | ᠡᠭᠦᠷᠭᠡᠯᠡᠬᠦ ᠪᠠ ᠨᠥᠬᠦᠪᠦᠷᠢᠯᠡᠬᠦ ᠶᠢ ᠴᠢᠩᠭᠠᠳᠬᠠᠵᠤ᠂ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ | ᠳᠠᠭᠠᠭᠠᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ︵ᠭᠤᠴᠢᠨ ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ | ᠳᠤᠲᠠᠭᠤᠳᠠᠯ ᠢ ᠴᠢᠷᠮᠠᠶᠢᠨ ᠨᠥᠬᠦᠪᠦᠷᠢᠯᠡᠵᠦ᠂ ᠲᠠᠷᠢᠶᠠᠯᠠᠬᠤ ᠣᠷᠣᠨ ᠤ ᠴᠢᠳᠠᠪᠤᠷᠢᠲᠠᠨ ᠢ ᠬᠥᠮᠥᠵᠢᠭᠦᠯᠬᠦ ᠶᠢ | ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ | ᠬᠥᠳᠡᠭᠡ ᠲᠣᠰᠬᠤᠨ ᠤ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ᠠᠵᠢᠯ ᠦᠢᠯᠡᠰ ᠤᠨ | ᠨᠢᠭᠡᠴᠡ ᠶᠢᠨ ᠢᠯᠡ ᠪᠠᠷ ᠤᠷᠢᠨ ᠬᠡᠷᠡᠭᠯᠡᠬᠦ ᠳᠦᠷᠢᠮ ᠢ ᠲᠡᠭᠦᠯᠳᠡᠷᠵᠢᠭᠦᠯᠵᠦ᠂ ᠬᠠᠲᠠᠭᠤ ᠪᠡᠷᠬᠡᠰᠢᠶᠡᠯᠲᠡᠢ ᠬᠢᠯᠢ | ᠬᠢᠵᠠᠭᠠᠷ ᠣᠷᠣᠨ ᠤ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠨ ᠬᠡᠷᠡᠭᠯᠡᠬᠦ ᠶᠢ | ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠵᠥᠭ ᠬᠡᠯᠪᠡᠶᠢᠯᠭᠡᠨ᠎ᠡ᠂ ᠨᠢᠭᠡ ᠪᠦᠯᠦᠭ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠬᠦᠷᠢᠶᠡᠨ ᠤ ᠵᠠᠯᠠᠭᠤ | ᠴᠢᠳᠠᠪᠤᠷᠢᠲᠠᠨ ᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠣᠴᠢᠭᠤᠯᠤᠨ ᠦᠢᠯᠡᠴᠢᠯᠡᠭᠦᠯᠦᠨ | ᠪᠣᠯᠪᠠᠰᠤᠷᠠᠭᠤᠯᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ | ᠳᠡᠪᠰᠢᠭᠦᠯᠬᠦ ᠠᠴᠠ ᠡᠮᠦᠨ᠎ᠡ᠂ ᠵᠠᠷᠴᠢᠮ ᠳᠡᠭᠡᠷ᠎ᠡ ᠪᠠᠨ ᠲᠠᠷᠢᠶᠠᠯᠠᠬᠤ ᠣᠷᠣᠨ ᠤ ᠦᠨᠳᠦᠰᠦᠨ ᠱᠠᠲᠤᠨ ᠳᠤ 1 | ᠵᠢᠯ ᠠᠴᠠ ᠳᠡᠭᠡᠭᠰᠢ ᠠᠵᠢᠯᠯᠠᠭᠰᠠᠨ ᠥᠩᠭᠡᠷᠡᠯᠲᠡ ᠲᠠᠢ ᠪᠠᠶᠢᠬᠤ ᠶᠢ ᠪᠣᠳᠣᠯᠬᠢᠯᠠᠨ᠎ᠠ᠃ | ︵ᠭᠤᠴᠢᠨ ᠭᠤᠷᠪᠠ︶ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠵᠢᠷᠤᠮᠵᠢᠭᠤᠨ | ᠡᠷᠭᠢᠯᠲᠡ ᠳᠤ ᠣᠷᠣᠭᠤᠯᠬᠤ ᠵᠢᠲ᠋ᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢᠨ ︽ᠡᠷᠬᠢᠨ ᠬᠠᠷᠠᠬᠤ︾ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠠᠷᠢᠶᠠᠯᠠᠬᠤ ᠣᠷᠣᠨ ᠤ | ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠥᠳᠡᠭᠡ ᠲᠣᠰᠬᠤᠨ ᠤ | ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ | ᠤᠳᠤ ᠪᠠᠶᠢᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠦᠢᠯᠡᠳᠦᠯ ᠢ | ᠭᠦᠢᠴᠡᠳ ᠪᠠᠳᠠᠷᠠᠭᠤᠯᠵᠤ᠂ ᠬᠠᠮᠲᠤ ᠶᠢᠨ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠭ ᠢᠶᠠᠷ ᠠᠰᠢᠭᠯᠠᠵᠤ᠂ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠵᠦ᠂ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠦᠷᠳᠡᠭ ᠨᠡᠮᠡᠭᠳᠡᠯ ᠤᠨ ᠠᠰᠢᠭ ᠤᠨ ᠬᠤᠪᠢᠶᠠᠷᠢᠯᠠᠯᠲᠠ ᠶᠢᠨ | ᠳᠦ᠋ᠷᠢᠮ ᠢ ᠳᠡᠭᠦᠯᠳᠡᠷᠵᠢᠭᠦᠯᠦᠨ᠎ᠡ᠃ | ᠶᠢᠰᠦ᠂ ᠨᠠᠮ ᠤᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ | ᠲᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠪᠠᠷᠢᠮᠲᠠᠯᠠᠬᠤ ᠬᠡᠷᠡᠭᠲᠡᠢ | ︵ᠭᠤᠴᠢᠨ ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠦᠬᠠᠢ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠲᠠᠪᠤᠨ ᠱᠠᠲᠤᠨ ᠤ ᠱᠦᠵᠢ︾ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠨᠠᠮ ᠵᠠᠰᠠᠭ ᠤᠨ ᠤᠳᠤᠷᠢᠳᠬᠤ ᠪᠠᠭ ᠪᠣᠯᠣᠨ | ᠤᠳᠤᠷᠢᠳᠬᠤ ᠺᠠᠳ᠋ᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ | ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠷᠭ᠎ᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ | ᠰᠢᠯᠭᠠᠭᠰᠠᠨ ᠦᠷ᠎ᠡ ᠳ᠋ᠦᠩ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠠᠭᠤᠯᠭ᠎ᠠ ᠳᠤ ᠣᠷᠣᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷ᠎ᠡ ᠪᠦᠲᠦᠮᠵᠢ ᠪᠠᠷ ᠲᠣᠪᠣᠶᠢᠮ᠎ᠠ ᠤᠳᠤᠷᠢᠳᠬᠤ ᠺᠠᠳ᠋ᠷ ᠢ | ᠳᠡᠪᠰᠢᠭᠦᠯᠦᠨ ᠬᠡᠷᠡᠭᠯᠡᠬᠦ ᠶᠢ ᠴᠢᠬᠤᠯᠠᠴᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠡᠭᠦᠷᠭᠡ | ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠦᠭᠡᠢ ᠲᠠᠢ ᠪᠣᠯᠵᠣᠨ ᠶᠠᠷᠢᠯᠴᠠᠨ᠎ᠠ︔ ᠲᠥᠪᠯᠡᠷᠡᠭᠦᠯᠦᠨ ᠬᠤᠭᠤᠴᠠᠭ᠎ᠠ | ᠰᠣᠯᠢᠭᠰᠠᠨ ᠤ ᠳᠠᠷᠠᠭᠠᠬᠢ ᠨᠠᠮ ᠵᠠᠰᠠᠭ ᠤᠨ ᠤᠳᠤᠷᠢᠳᠬᠤ ᠺᠠᠳ᠋ᠷ᠂ ᠢᠯᠠᠩᠭᠤᠶ᠎ᠠ ᠲᠠᠷᠢᠶᠠᠯᠠᠩ ᠮᠠᠯ ᠠᠵᠤ ᠠᠬᠤᠢ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ | ᠺᠠᠳ᠋ᠷᠴᠤᠳ ᠤᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠪᠥᠬᠦ ᠬᠤᠲᠠ ᠪᠠᠯᠭᠠᠰᠤ ︵ᠵᠡᠭᠡᠯᠢ ᠭᠤᠳᠤᠮᠵᠢ︶᠂ | ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠠᠮ ᠤᠨ | ᠪᠠᠶᠢᠭᠤᠯᠤᠯᠲᠠ ᠶᠢ ᠢᠯᠡ ᠨᠡᠶᠢᠲᠡᠯᠡᠵᠦ᠂ ᠠᠮᠵᠢᠯᠲᠠ ᠪᠦᠲᠦᠮᠵᠢ ᠶᠢ ᠢᠯᠡ ᠨᠡᠶᠢᠲᠡᠯᠡᠬᠦ︾ ᠠᠵᠢᠯᠯᠠᠭ᠎ᠠ ᠲᠠᠢ | ᠤᠶᠠᠯᠳᠤᠭᠤᠯᠤᠨ᠂ ︽ᠱᠦᠵᠢ ᠶᠢᠨ ᠵᠠᠮᠴᠢᠯᠠᠬᠤ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠨ᠂ ᠨᠠᠮ ᠪᠠ ᠣᠯᠠᠨ ᠲᠦᠮᠡᠨ᠂ | ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠎ᠠ᠃ ᠲᠠᠷᠢᠶᠠᠯᠠᠬᠤ ᠣᠷᠣᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ᠂ ᠠᠵᠢᠯ ᠤᠨ ᠰᠣᠯᠢᠯᠴᠠᠭ᠎ᠠ ᠶᠢ | ᠭᠦᠨᠵᠡᠭᠡᠢ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠰᠣᠯᠢᠯᠴᠠᠨ ᠰᠤᠷᠤᠯᠴᠠᠬᠤ ᠵᠡᠷᠭᠡ | ᠪᠣᠳᠠᠲᠠᠢ ᠶᠢ ᠡᠷᠬᠢᠮᠯᠡᠭᠰᠡᠨ ᠲᠤᠰᠠᠲᠠᠢ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ | ︵ᠭᠤᠴᠢᠨ ᠲᠠᠪᠤ︶ ᠨᠠᠮ ᠤᠨ ᠲᠠᠷᠢᠶᠠᠯᠠᠬᠤ ᠣᠷᠣᠨ ᠤ ᠠᠵᠢᠯ ᠤᠨ ᠪᠠᠶᠢᠭᠤᠯᠤᠮᠵᠢ ᠶᠢ ᠪᠠᠶᠢᠭᠤᠯᠤᠨ | ᠬᠦᠴᠦᠷᠬᠡᠭᠵᠢᠭᠦᠯᠦᠨ᠎ᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠲᠦᠷᠦᠭᠦᠯᠡᠨ ᠶᠡᠷᠦᠩᠬᠡᠶᠢᠯᠡᠨ ᠠᠳᠬᠤᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ | ᠦᠢᠯᠡᠳᠦᠯ ᠢ ᠴᠢᠩᠭᠠᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭ ᠵᠥᠪᠯᠡᠵᠦ | ᠵᠣᠬᠢᠴᠠᠭᠤᠯᠬᠤ ᠶᠢ ᠵᠢᠷᠤᠮᠵᠢᠭᠤᠯᠬᠤ ᠳᠦᠷᠢᠮᠵᠢᠭᠦᠯᠬᠦ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯ ᠤᠨ ᠬᠦᠴᠦᠨ ᠢ ᠲᠡᠭᠦᠯᠳᠡᠷᠵᠢᠭᠦᠯᠦᠨ᠂ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠰᠢᠢᠳᠪᠦᠷᠢᠲᠦ | ᠪᠣᠳᠣᠯᠭ᠎ᠠ ᠶᠢᠨ ᠵᠥᠪᠯᠡᠭᠴᠢ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠲᠥᠷᠥ ᠶᠢᠨ ᠪᠣᠳᠣᠯᠭ᠎ᠠ ᠶᠢᠨ | ᠵᠢᠯᠣᠭᠤᠳᠤᠯᠭ᠎ᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠬᠢᠨᠠᠨ ᠵᠢᠯᠤᠭᠤᠳᠴᠤ ᠪᠠᠶᠢᠴᠠᠭᠠᠬᠤ ᠵᠡᠷᠭᠡ ᠡᠭᠦᠷᠭᠡ | ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ | ︵ᠭᠤᠴᠢᠨ ᠵᠢᠷᠭᠤᠭ᠎ᠠ︶ ᠴᠡᠭ ᠢ ᠠᠳᠬᠤᠨ ᠨᠡᠶᠢᠳᠡᠮ ᠢ ᠳᠠᠶᠢᠴᠢᠯᠠᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ | ᠰᠤᠷᠤᠯᠴᠠᠨ ᠲᠣᠯᠢ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ 2022 ᠣᠨ ᠳᠤ ᠤᠳᠠ ᠲᠣᠭᠤᠷᠢᠭ ᠤᠨ | ᠽᠧ ᠶᠤᠸᠠᠨ ᠨᠡᠶᠢᠭᠡᠮ ᠲᠣᠭᠤᠷᠢᠭ ︱ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠦᠴᠦᠨ ᠢ ᠥᠷᠭᠡᠨ ᠢᠶᠠᠷ ᠲᠠᠶᠢᠴᠢᠯᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠵᠤ᠂ ︽ᠲᠦᠮᠡᠨ ᠠᠵᠤ ᠠᠬᠤᠶᠢᠯᠠᠯ ᠲᠦᠮᠡᠨ | ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠠᠵᠤ ᠠᠬᠤᠶᠢᠯᠠᠯ᠂ ᠲᠡᠷᠢᠭᠦᠨ ᠤ | ᠬᠥᠮᠥᠨ ᠪᠠ ᠲᠡᠷᠢᠭᠦᠨ ᠤ ᠦᠢᠯᠡ ᠠᠵᠢᠯᠯᠠᠭ᠎ᠠ ᠶᠢ ᠢᠳᠡᠪᠬᠢᠲᠡᠢ ᠤᠬᠠᠭᠤᠯᠵᠤ᠂ ᠠᠵᠤ ᠠᠬᠤᠶᠢᠯᠠᠯ ᠤᠨ | ᠠᠮᠵᠢᠯᠲᠠ ᠶᠢᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ | ᠃ |