ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠨᠠᠶᠢᠳᠠᠨ ᠬᠠᠮᠢᠶᠠᠷᠤᠭᠤᠯᠬᠤ ᠠᠵᠢᠯ ᠤᠨ | ᠥᠷᠲᠡᠭᠡ ᠨᠢ ᠬᠦᠷᠢᠶᠡᠯᠡᠩ ᠲᠣᠭᠤᠷᠢᠭ ᠢᠶᠠᠷ ᠴᠣᠩᠬᠤ ᠪᠣᠯᠭᠠᠵᠤ᠂ ᠠᠵᠤ ᠠᠬᠤᠶᠢᠯᠠᠯ ᠳᠤ ᠬᠠᠨᠳᠤᠭᠤᠯᠤᠨ᠂ | ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ ᠶᠢ ᠦᠨᠳᠦᠰᠦᠯᠡᠨ᠂ ᠲᠥᠬᠦᠮ | ᠠᠪᠰᠠᠷᠬᠠᠨ᠂ ᠴᠢᠨᠠᠷ ᠰᠠᠶᠢᠲᠠᠢ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠪᠠ | ᠦᠢᠯᠡᠴᠢᠯᠡᠭᠡ ᠶᠢ ᠬᠠᠩᠭᠠᠨ᠎ᠠ᠃ ᠦᠢᠯᠡᠴᠢᠯᠡᠬᠦ᠂ ᠬᠠᠷᠢᠯᠴᠠᠬᠤ᠂ ᠤᠯᠠᠮᠵᠢᠯᠠᠬᠤ ᠳᠤ ᠲᠣᠬᠢᠷᠠᠬᠤ᠂ ᠬᠠᠪᠰᠤᠷᠤᠨ | ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠷᠳᠡᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ᠂ ᠠᠵᠤ | ᠦᠢᠯᠡᠰ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ | ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠶᠢ ᠬᠠᠮᠠᠭᠠᠯᠠᠬᠤ ᠨᠠᠶᠢᠳᠠᠨ ᠬᠠᠮᠢᠶᠠᠷᠤᠭᠤᠯᠬᠤ ᠠᠵᠢᠯ ᠤᠨ ᠥᠷᠲᠡᠭᠡ | ᠡᠨᠡ ᠵᠢᠯ ᠤᠨ 5 ᠰᠠᠷ᠎ᠠ ᠳᠤ ᠫᠠᠶᠢᠰᠠ ᠡᠯᠭᠦᠪᠡ᠂ ᠣᠳᠣᠬᠠᠨ ᠳᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠠᠵᠢᠯᠲᠠᠨ ᠵᠢᠴᠢ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ᠂ | ᠳᠦᠷᠢᠮ ᠢ ᠬᠡᠷᠡᠮ ᠳᠡᠭᠡᠷ᠎ᠡ ᠲᠠᠯᠪᠢᠬᠤ᠂ ︽ᠲᠤᠰᠬᠠᠢ ᠠᠰᠢᠭ ᠤᠨ ᠠᠵᠤ ᠠᠬᠤᠶᠢᠯᠠᠯ ᠨᠢᠭᠡ ᠠᠵᠤ ᠠᠬᠤᠶᠢᠯᠠᠯ ᠳᠤ | ᠨᠢᠭᠡ ᠲᠠᠩᠰᠠ ᠡᠪᠬᠡᠮᠡᠯ︾ ᠤᠨ ᠪᠠᠶᠢᠭᠤᠯᠤᠯᠲᠠ᠂ ᠲᠤᠰᠬᠠᠢ ᠠᠰᠢᠭ ᠤᠨ ᠠᠵᠤ ᠠᠬᠤᠶᠢᠯᠠᠯ ᠤᠨ ᠪᠠᠶᠢᠳᠠᠯ ᠢ | ᠣᠶᠢᠯᠠᠭᠠᠬᠤ᠂ ᠤᠬᠠᠭᠤᠯᠭ᠎ᠠ ᠶᠢᠨ ᠳᠡᠪᠲᠡᠷ ᠵᠣᠬᠢᠶᠠᠬᠤ ᠵᠡᠷᠭᠡ ᠶᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠠᠵᠢᠯ ᠤᠨ ᠲᠥᠯᠥᠪᠯᠡᠭᠡ ᠪᠠᠨ ᠦᠨᠳᠦᠰᠦᠯᠡᠨ ᠬᠠᠮᠢᠶ᠎ᠠ ᠪᠦᠬᠦᠢ ᠠᠵᠢᠯ ᠢ | ᠥᠷᠨᠢᠭᠦᠯᠦᠨ᠎ᠡ᠃ | | |