ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 11 ᠳ᠋ᠦ᠋ᠭᠡᠷ | ᠰᠠᠷ᠎ᠠ ᠶᠢᠨ 22 ᠤᠨ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ | ᠪᠠᠶᠢᠳᠠᠯ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠲᠤᠬᠠᠢ ᠲᠠᠨᠢᠯᠴᠠᠭᠤᠯᠪᠠ᠃ | ᠬᠠᠮᠲᠤ ᠪᠠᠷ ᠣᠶᠢᠯᠠᠭᠠᠵᠠᠭᠠᠶ᠎ᠠ ︱ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠤᠶᠢᠪᠢᠰᠢ ᠦᠭᠡᠢ | ᠪᠥᠭᠡᠳ ᠥᠭᠡᠷᠡᠲᠦᠭᠦᠯᠬᠦ ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠨ᠎ᠠ | ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ | ᠬᠡᠪᠴᠢᠶ᠎ᠡ ᠥᠷᠭᠡᠳᠴᠦ᠂ ᠬᠠᠯᠳᠠᠪᠤᠷᠢᠯᠠᠬᠤ ᠬᠡᠯᠬᠢᠶ᠎ᠡ ᠣᠯᠠᠰᠢᠷᠠᠵᠤ᠂ ᠬᠢᠵᠢᠭ ᠤᠨ ᠪᠠᠶᠢᠳᠠᠯ ᠤᠨ ᠨᠥᠯᠥᠭᠡᠯᠡᠬᠦ ᠬᠡᠪᠴᠢᠶ᠎ᠡ ᠨᠢ | ᠥᠷᠭᠡᠳᠦᠭᠰᠡᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ ᠢᠯᠡᠷᠡᠵᠡᠢ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ | ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ | ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠬᠥᠳᠡᠯᠦᠩᠭᠦᠢ ᠪᠠᠷ ᠠᠷᠢᠯᠭᠠᠨ ᠴᠡᠪᠡᠷᠯᠡᠬᠦ︾ ᠶᠡᠷᠦᠩᠬᠡᠢ | ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠮᠢᠨᠴᠦᠭᠦᠷᠡᠨ ᠰᠤᠯᠠᠷᠠᠬᠤ ᠰᠡᠳᠬᠢᠴᠡ᠂ ᠪᠠᠶᠢᠳᠠᠯ ᠢ ᠠᠵᠢᠭᠯᠠᠬᠤ | ᠰᠡᠳᠬᠢᠴᠡ ᠶᠢ ᠡᠷᠡᠰ ᠲᠡᠪᠴᠢᠵᠦ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠣᠯᠣᠨ ᠬᠤᠷᠢᠨ ᠵᠦᠢᠯ ᠤᠨ | ᠠᠷᠭ᠎ᠠ ᠬᠡᠮᠵᠢᠶ᠎ᠡ ᠶᠢ ᠭᠤᠶᠢᠪᠢᠰᠢ ᠦᠭᠡᠢ ᠪᠥᠭᠡᠳ ᠥᠭᠡᠷᠡᠲᠦᠭᠦᠯᠬᠦ ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ | ᠰᠡᠷᠭᠡᠶᠢᠯᠡᠬᠦ ᠳᠤ ᠰᠠᠭᠤᠷᠢᠯᠠᠬᠤ᠂ ᠡᠷᠲᠡ ᠢᠯᠡᠷᠡᠭᠦᠯᠬᠦ ᠳᠤ ᠰᠠᠭᠤᠷᠢᠯᠠᠬᠤ ᠪᠠ ᠲᠦᠷᠭᠡᠨ ᠰᠢᠢᠳᠪᠦᠷᠢᠯᠡᠬᠦ ᠳᠤ ᠰᠠᠭᠤᠷᠢᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠢ ᠪᠠᠷ | ᠰᠠᠶᠢᠲᠤᠷ ᠬᠢᠬᠦ ᠬᠡᠷᠡᠭᠲᠡᠢ᠃ | ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠬᠢᠨ ᠲᠦᠷᠭᠡᠨ ᠢ ᠲᠦᠷᠭᠡᠨ ᠢᠶᠠᠷ ᠠᠷᠭᠠᠴᠠᠭᠠᠬᠤ ᠠᠷᠭ᠎ᠠ ᠬᠡᠮᠵᠢᠶ᠎ᠡ ᠪᠠᠷ | ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠲᠦᠭᠰᠢᠭᠦᠷᠢ ᠲᠠᠢ ᠣᠷᠣᠨ ᠢ ᠣᠨᠣᠪᠴᠢᠲᠠᠶ ᠬᠤᠪᠢᠶᠠᠷᠢᠯᠠᠨ | ᠂ ᠪᠥᠭᠡᠮ ᠬᠦᠴᠢᠯ ᠤᠨ ᠪᠠᠶᠢᠴᠠᠭᠠᠯᠲᠠ ᠶᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠲᠦᠭᠰᠢᠭᠦᠷᠢ ᠲᠠᠢ ᠬᠥᠮᠥᠰ ᠢ | ᠪᠦᠲᠦᠮᠵᠢᠲᠡᠶ ᠬᠠᠮᠢᠶᠠᠷᠤᠨ ᠡᠵᠡᠮᠳᠡᠵᠦ᠂ ᠲᠤᠰᠠᠭᠠᠷᠯᠠᠬᠤ ᠠᠵᠢᠯ ᠢ ᠴᠢᠩᠭ᠎ᠠ ᠵᠢᠷᠤᠮᠵᠢᠭᠤᠯᠤᠨ᠂ ᠬᠠᠷᠢᠶ᠎ᠠ ᠭᠠᠵᠠᠷ᠂ ᠰᠠᠯᠠᠭ᠎ᠠ | ᠮᠥᠴᠢᠷ᠂ ᠪᠠᠶᠢᠭᠤᠯᠭ᠎ᠠ ᠨᠢᠭᠡᠴᠢ᠂ ᠬᠤᠪᠢ ᠬᠥᠮᠥᠨ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ ᠠᠯᠢ ᠲᠦᠷᠭᠡᠨ ᠢᠶᠠᠷ | ᠬᠤᠷᠢᠭᠯᠠᠬᠤ ᠬᠡᠷᠡᠭᠲᠡᠢ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠦᠷᠭᠦᠯᠵᠢᠯᠡᠨ ᠴᠡᠭᠴᠡᠯᠡᠨ ᠵᠠᠰᠠᠵᠤ᠂ ᠬᠠᠮᠢᠶᠠᠷᠬᠤ ᠶᠣᠰᠣᠲᠠᠢ ᠶᠢ ᠨᠢ ᠡᠷᠡᠰ | ᠬᠠᠮᠢᠶᠠᠷᠴᠤ᠂ ᠬᠦᠴᠦᠨ ᠦᠭᠡᠢ ᠪᠣᠯᠭᠠᠬᠤ ᠶᠣᠰᠣᠲᠠᠢ ᠶᠢ ᠨᠢ ᠡᠷᠡᠰ ᠬᠦᠴᠦᠨ ᠦᠭᠡᠢ ᠪᠣᠯᠭᠠᠵᠤ᠂ ᠨᠠᠶᠢᠳᠠᠪᠤᠷᠢᠵᠢᠭᠤᠯᠬᠤ | ᠶᠣᠰᠣᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠬᠤᠭᠤᠴᠠᠭᠠᠨ ᠳᠠᠬᠢ | ᠤᠯᠠᠨ ᠲᠦᠮᠡᠨ ᠤ ᠦᠨᠳᠦᠰᠦᠨ ᠠᠮᠢᠳᠤᠷᠠᠯ ᠪᠣᠯᠣᠨ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ | | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ | ᠡᠯ᠎ᠡ ᠭᠠᠵᠠᠷ ᠤᠨ ᠬᠢᠨ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠵᠤ᠂ ᠰᠤᠷᠭᠠᠭᠤᠯᠢ ᠶᠢ ᠳᠤᠷ᠎ᠠ ᠪᠠᠷ ᠢᠶᠠᠨ ᠪᠢᠲᠡᠭᠦᠮᠵᠢᠯᠡᠨ ᠬᠢᠴᠢᠶᠡᠯ ᠵᠣᠭᠰᠤᠭᠠᠬᠤ᠂ ᠠᠵᠢᠯ ᠢ | ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ᠂ ᠵᠥᠪᠰᠢᠶᠡᠷᠡᠯ ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ | ︽ᠪᠢᠲᠡᠭᠦᠮᠵᠢᠲᠦ︾ ᠬᠠᠮᠢᠶᠠᠷᠤᠯᠲᠠ ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠤᠷᠳᠤ ᠬᠤᠭᠤᠴᠠᠭ᠎ᠠ ᠪᠠᠷ | ᠪᠢᠲᠡᠭᠦᠮᠵᠢᠯᠡᠯ ᠢ ᠲᠠᠶᠢᠯᠬᠤ ᠦᠭᠡᠢ᠂ ᠡᠮᠨᠡᠭᠦᠯᠬᠦ ᠶᠢ ᠳᠤᠷ᠎ᠠ ᠪᠠᠷ ᠵᠣᠭᠰᠤᠭᠠᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ | ᠴᠡᠭᠴᠡᠯᠡᠨ ᠵᠠᠰᠠᠵᠤ᠂ ᠤᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ | ᠂ ᠤᠯᠠᠨ ᠲᠦᠮᠡᠨ ᠤ ᠵᠠᠭᠠᠯᠳᠤᠭᠰᠠᠨ ᠪᠠᠴᠢᠮᠳᠠᠵᠤ ᠪᠡᠷᠬᠡᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤ | ᠨᠢ ᠰᠢᠢᠳᠪᠦᠷᠢᠯᠡᠵᠦ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠯᠡ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠠᠶᠢᠵᠤ᠂ ᠵᠠᠷᠢᠮ ᠮᠤᠵᠢ ᠣᠷᠣᠨ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ | ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠥᠭᠡᠳ | ᠨᠠᠷᠢᠨ ᠪᠤᠳᠤᠯᠢᠶᠠᠨᠲᠠᠢ ᠪᠠᠶᠢᠵᠤ᠂ ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠠᠷᠬᠠᠬᠤ ᠬᠤᠷᠳᠤᠴᠠ ᠲᠦᠷᠭᠡᠳᠴᠦ | ᠂ ᠰᠡᠷᠭᠡᠶᠢᠯᠡᠨ ᠡᠵᠡᠮᠳᠡᠬᠦ ᠬᠦᠴᠢᠷᠳᠡᠯ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ | ᠡᠭᠦᠰᠦᠭᠰᠡᠨ ᠬᠢᠵᠢᠭ ᠤᠨ ᠪᠠᠶᠢᠳᠠᠯ ᠳᠤ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠰᠠᠳ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ ᠪᠠᠶᠢᠨ᠎ᠠ᠃ 11 ᠳ᠋ᠦ᠋ᠭᠡᠷ ᠰᠠᠷ᠎ᠠ ᠶᠢᠨ 1 ᠤ | ᠡᠳᠦᠷ ᠠᠴᠠ ᠨᠠᠭᠠᠰᠢ᠂ ᠪᠥᠬᠦ ᠤᠯᠤᠰ ᠲᠤ ᠨᠡᠶᠢᠲᠡ 25.3 ᠲᠦᠮᠡᠨ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ᠂ | ᠣᠶᠢᠷ᠎ᠠ ᠶᠢᠨ ᠨᠢᠭᠡ ᠭᠠᠷᠠᠭ ᠲᠤ ᠳᠤᠮᠳᠠᠴᠢ ᠪᠠᠷ ᠡᠳᠦᠷ ᠪᠦᠷᠢ 2.22 ᠲᠦᠮᠡᠨ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ | ᠂ ᠲᠦᠷᠦᠭᠦᠸ ᠨᠢᠭᠡ ᠭᠠᠷᠠᠭ ᠤᠨ ᠬᠢ ᠠᠴᠠ ᠨᠢᠭᠡ ᠳᠠᠬᠢᠨ ᠨᠡᠮᠡᠭᠳᠡᠵᠡᠢ᠃ ᠬᠤᠶᠠᠷ ᠲᠤ᠂ ᠬᠢᠵᠢᠭ ᠤᠨ ᠪᠠᠶᠢᠳᠠᠯ ᠤᠨ ᠬᠠᠮᠤᠷᠬᠤ | ᠬᠡᠪᠴᠢᠶ᠎ᠡ ᠨᠢ ᠥᠷᠭᠡᠨ᠂ ᠬᠠᠯᠳᠠᠪᠤᠷᠢᠯᠠᠬᠤ ᠬᠡᠯᠬᠢᠶ᠎ᠡ ᠨᠢ ᠪᠤᠳᠤᠯᠢᠶᠠᠨᠲᠠᠢ ᠪᠣᠯᠵᠤ ᠪᠠᠶᠢᠨ᠎ᠠ᠃ ᠣᠯᠠᠩᠬᠢ ᠮᠤᠵᠢ ᠣᠷᠣᠨ ᠳᠤ | ᠬᠢᠵᠢᠭ ᠤᠨ ᠪᠠᠶᠢᠳᠠᠯ ᠦᠷᠭᠦᠯᠵᠢᠯᠡᠨ ᠦᠷᠪᠢᠰᠴᠦ᠂ ᠣᠯᠠᠨ ᠮᠤᠵᠢ ᠣᠷᠣᠨ ᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ | ᠬᠡᠪᠴᠢᠶ᠎ᠡ ᠥᠷᠭᠡᠳᠴᠦ᠂ ᠬᠠᠯᠳᠠᠪᠤᠷᠢᠯᠠᠬᠤ ᠬᠡᠯᠬᠢᠶ᠎ᠡ ᠨᠢ ᠣᠯᠠᠰᠢᠷᠠᠵᠤ᠂ ᠵᠠᠷᠢᠮ ᠮᠤᠵᠢ ᠣᠷᠣᠨ ᠭᠤᠷᠪᠠᠨ ᠵᠢᠯ ᠤᠨ ᠲᠤᠷᠰᠢᠬᠢ | ᠬᠠᠮᠤᠭ ᠤᠨ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ᠃ ᠭᠤᠷᠪᠠ ᠳᠤ᠂ ᠬᠥᠮᠥᠨ | ᠠᠮᠠ ᠨᠢᠭᠲᠠᠷᠠᠭᠰᠠᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠠᠵᠠᠷ ᠣᠷᠣᠨ ᠪᠣᠯᠪᠠ᠃ | ᠭᠤᠸᠠᠩᠵᠧᠦ᠂ ᠴᠦᠩᠴᠢᠩ ᠢᠶᠠᠷ ᠠᠪᠴᠤ ᠬᠡᠯᠡᠪᠡᠯ᠂ ᠬᠥᠮᠥᠨ ᠠᠮᠠ ᠶᠢᠨ ᠬᠡᠪᠴᠢᠶ᠎ᠡ ᠶᠡᠭᠡ᠂ ᠬᠥᠮᠥᠨ ᠠᠮᠠ ᠶᠢᠨ ᠨᠡᠭᠦᠳᠡᠯ | ᠴᠢᠨᠠᠷ ᠴᠢᠩᠭ᠎ᠠ᠂ ᠶᠡᠭᠡ ᠳᠡᠭᠡᠳᠦ ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠥᠪᠯᠡᠷᠡᠵᠦ᠂ ᠬᠥᠮᠥᠰ ᠤᠨ | ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠨ ᠠᠴᠠ ᠪᠣᠯᠵᠤ᠂ ᠬᠢᠵᠢᠭ ᠤᠨ ᠲᠠᠷᠬᠠᠯᠲᠠ ᠶᠢᠨ ᠲᠦᠭᠰᠢᠭᠦᠷᠢ ᠪᠠ ᠰᠡᠷᠭᠡᠶᠢᠯᠡᠨ | ᠡᠵᠡᠮᠳᠡᠬᠦ ᠬᠦᠴᠢᠷᠳᠡᠯ ᠢ ᠬᠦᠨᠳᠦᠷᠡᠭᠦᠯᠦᠭᠰᠡᠨ ᠪᠠᠶᠢᠨ᠎ᠠ᠃ | ᠣᠨᠴᠠᠭᠠᠶᠢᠯᠠᠨ ᠣᠯᠠᠨ ᠳᠤ ᠰᠠᠨᠠᠭᠤᠯᠬᠤ ᠴᠢᠬᠤᠯᠠᠲᠠᠢ ᠵᠦᠢᠯ ᠭᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ | ᠠᠮᠢᠰᠬᠤᠯ ᠤᠨ ᠰᠢᠰᠲ᠋ᠧᠮ ᠤᠨ ᠡᠪᠡᠳᠴᠢᠨ ᠮᠥᠨ᠂ ᠰᠢᠨ᠎ᠡ ᠲᠢᠲᠢᠮᠯᠢᠭ ᠸᠢᠷᠦ᠋ᠰ ᠨᠢ ᠭᠤᠣᠯᠳᠠᠭᠤ ᠠᠮᠢᠰᠬᠤᠯ ᠤᠨ ᠵᠠᠮ ᠤᠨ | ᠰᠢᠯᠦᠰᠦ ᠪᠠ ᠨᠢᠭᠲᠠ ᠬᠦᠷᠦᠯᠴᠡᠬᠦ ᠵᠡᠷᠭᠡ ᠠᠷᠭ᠎ᠠ ᠵᠠᠮ ᠢᠶᠠᠷ ᠲᠠᠷᠬᠠᠳᠠᠭ᠃ ᠡᠶᠢᠮᠦ ᠠᠴᠠ ᠪᠢᠳᠡ ᠡᠳᠦᠷ ᠲᠤᠲᠤᠮ ᠤᠨ | ᠠᠮᠢᠳᠤᠷᠠᠯ ᠪᠠ ᠠᠵᠢᠯ ᠤᠨ ᠳᠤᠮᠳᠠ ᠪᠠᠨ ᠣᠯᠠᠨ ᠢᠶᠠᠷ ᠢᠶᠠᠨ ᠴᠥᠮ ᠬᠢᠵᠢᠭ ᠢ ᠰᠡᠷᠭᠡᠶᠢᠯᠡᠬᠦ ᠦᠨᠳᠦᠰᠦᠨ ᠪᠠᠷᠢᠮᠵᠢᠶ᠎ᠠ ᠶᠢ | ᠵᠢᠷᠤᠮᠯᠠᠵᠤ᠂ ᠭᠠᠷ ᠢᠶᠠᠨ ᠰᠠᠶᠢᠲᠤᠷ ᠤᠬᠢᠶᠠᠬᠤ᠂ ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠪᠠ | ᠠᠷᠢᠭᠤᠳᠬᠠᠨ ᠴᠡᠪᠡᠷᠯᠡᠵᠦ᠂ ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ᠃ | ᠠᠪᠤᠷᠠᠨ ᠵᠠᠰᠠᠬᠤ ᠴᠢᠬᠤᠯᠠ ᠰᠠᠯᠠᠭ᠎ᠠ ᠲᠠᠰᠤᠭ ᠢ ︽ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ︾ ᠪᠠᠶᠢᠬᠤ ᠶᠢ | ᠪᠡᠶᠡᠯᠡᠭᠦᠯᠬᠦ ᠬᠡᠷᠡᠭᠲᠡᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠣᠯᠭᠠᠵᠤ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ | ᠡᠭᠦᠰᠦᠭᠰᠡᠨ ᠡᠮᠴᠢᠯᠡᠭᠡᠨ ᠤ ᠪᠠᠶᠢᠭᠤᠯᠤᠮᠵᠢ ᠶᠢ ᠬᠠᠭᠠᠵᠤ ᠪᠢᠲᠡᠭᠦᠮᠵᠢᠯᠡᠵᠦ ᠪᠣᠯᠬᠤ ᠦᠭᠡᠢ᠂ ᠢᠯᠠᠩᠭᠤᠶ᠎ᠠ ᠡᠮᠴᠢᠯᠡᠭᠡᠨ ᠤ | ᠪᠠᠶᠢᠭᠤᠯᠤᠮᠵᠢ ᠶᠢᠨ ᠲᠦᠷᠭᠡᠨ ᠡᠮᠨᠡᠬᠦ᠂ ᠨᠡᠪᠴᠢᠭᠦᠯᠦᠨ ᠢᠯᠭᠠᠷᠠᠭᠤᠯᠬᠤ ᠲᠠᠰᠤᠭ᠂ ᠮᠡᠰᠡ ᠵᠠᠰᠠᠯ ᠤᠨ ᠲᠠᠰᠤᠭ᠂ | ᠬᠥᠩᠭᠡᠵᠢᠯᠲᠡ ᠶᠢᠨ ᠲᠠᠰᠤᠭ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠲᠠᠰᠤᠭ ᠵᠡᠷᠭᠡ ᠴᠢᠬᠤᠯᠠ ᠪᠦᠬᠦᠢ | ᠠᠪᠤᠷᠠᠨ ᠵᠠᠰᠠᠬᠤ ᠰᠠᠯᠠᠭ᠎ᠠ ᠲᠠᠰᠤᠭ ᠢ ︽ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ︾ ᠪᠠᠶᠢᠬᠤ ᠶᠢ | ᠪᠡᠶᠡᠯᠡᠭᠦᠯᠵᠦ᠂ ᠡᠪᠡᠳᠴᠢᠲᠡᠨ ᠢ ᠠᠪᠤᠷᠠᠨ ᠵᠠᠰᠠᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠠᠴᠠ ᠪᠣᠯᠵᠤ ᠡᠮᠴᠢᠯᠡᠭᠡ ᠶᠢ ᠲᠦᠷ ᠵᠣᠭᠰᠤᠭᠠᠬᠤ ᠴᠢᠬᠤᠯᠠᠲᠠᠢ ᠡᠮᠴᠢᠯᠡᠭᠡᠨ ᠤ ᠪᠠᠶᠢᠭᠤᠯᠤᠮᠵᠢ ᠶᠢᠨ | ᠵᠠᠷᠢᠮ ᠰᠠᠯᠠᠭ᠎ᠠ ᠲᠠᠰᠤᠭ ᠢ ᠲᠤᠬᠠᠢ ᠶᠢᠨ ᠭᠠᠵᠠᠷ ᠤᠨ ᠵᠠᠭᠤᠴᠢᠯᠠᠭᠤᠷ ᠵᠢᠴᠢ ᠡᠮᠨᠡᠯᠭᠡ ᠶᠢᠨ ᠬᠤᠷᠢᠶᠠᠨ ᠤ ᠸᠢᠴᠠᠲ ᠤᠨ | ᠨᠡᠶᠢᠲᠡ ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ᠂ ᠡᠮᠴᠢᠯᠡᠭᠡ ᠶᠢ ᠵᠣᠭᠰᠣᠭᠠᠭᠰᠠᠨ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠠᠷᠠᠳ ᠣᠯᠠᠨ ᠳᠤ ᠮᠡᠳᠡᠭᠦᠯᠬᠦ ᠬᠡᠷᠡᠭᠲᠡᠢ᠃ ᠡᠭᠦᠨ ᠳᠤ ᠴᠠᠭ ᠲᠤᠬᠠᠢ ᠳᠤ ᠨᠢ | ᠪᠣᠳᠠᠲᠠᠢ ᠪᠠᠷ ᠮᠡᠳᠡᠭᠦᠯᠦᠨ ᠣᠶᠢᠯᠠᠭᠠᠭᠤᠯᠬᠤ ᠶᠢ ᠴᠢᠷᠮᠠᠶᠢᠨ ᠭᠦᠢᠴᠡᠳᠬᠡᠬᠦ ᠬᠡᠷᠡᠭᠲᠡᠢ᠃ ᠦᠨᠡᠨ ᠬᠦ ᠲᠦᠭᠰᠢᠭᠦᠷᠢ ᠲᠠᠢ ᠪᠠᠶᠢᠵᠤ | ᠪᠢᠲᠡᠭᠦᠮᠵᠢᠯᠡᠨ ᠡᠵᠡᠮᠳᠡᠬᠦ ᠴᠢᠬᠤᠯᠠᠲᠠᠢ ᠡᠮᠴᠢᠯᠡᠭᠡᠨ ᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠲᠤ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠴᠢᠩᠭᠠᠷᠠᠭᠤᠯᠵᠤ᠂ ᠣᠷᠴᠢᠨ ᠲᠣᠭᠤᠷᠢᠨ ᠢ ᠠᠷᠢᠭᠤᠳᠬᠠᠬᠤ᠂ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠴᠠᠭ ᠲᠤᠬᠠᠢ ᠳᠤ ᠨᠢ ᠥᠷᠨᠢᠭᠦᠯᠵᠦ᠂ ᠬᠠᠯᠳᠠᠪᠤᠷᠢᠯᠠᠬᠤ | ᠲᠦᠭᠰᠢᠭᠦᠷᠢ ᠶᠢ ᠬᠠᠮᠤᠭ ᠤᠨ ᠲᠦᠷᠭᠡᠨ ᠢᠶᠠᠷ ᠦᠭᠡᠶᠢᠰᠬᠡᠵᠦ᠂ ᠲᠦᠷᠭᠡᠨ ᠪᠢᠲᠡᠭᠦᠮᠵᠢᠯᠡᠵᠦ ᠲᠦᠷᠭᠡᠨ ᠲᠠᠶᠢᠯᠬᠤ ᠶᠢ | ᠪᠡᠶᠡᠯᠡᠭᠦᠯᠵᠦ᠂ ᠪᠢᠲᠡᠭᠦᠮᠵᠢᠯᠡᠯ ᠢ ᠲᠠᠶᠢᠯᠬᠤ ᠨᠥᠬᠦᠴᠡᠯ ᠳᠤ ᠭᠦᠷᠦᠭᠰᠡᠨ ᠤ ᠳᠠᠷᠠᠭ᠎ᠠ ᠲᠡᠷᠡ ᠳᠠᠷᠤᠢ ᠳᠤ ᠨᠢ ᠨᠡᠶᠢᠭᠡᠮ ᠳᠤ | ᠨᠡᠶᠢᠲᠡᠯᠡᠵᠦ᠂ ᠵᠣᠬᠢᠬᠤ ᠣᠨᠣᠰᠢᠯᠠᠨ ᠡᠮᠨᠡᠬᠦ ᠦᠢᠯᠡᠴᠢᠯᠡᠭᠡ ᠶᠢ ᠰᠡᠷᠭᠦᠭᠡᠬᠦ ᠬᠡᠷᠡᠭᠲᠡᠢ᠃ | ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠳᠣᠲᠣᠷ᠎ᠠ᠂ ᠶᠠᠭᠤᠨ ᠤ ᠤᠴᠢᠷ ᠠᠴᠠ ᠨᠡᠶᠢᠭᠡᠮ ᠤᠨ ᠲᠠᠯ᠎ᠠ ᠶᠢᠨ ᠬᠢᠨ ᠤ | ᠰᠢᠭᠰᠢᠨ ᠪᠠᠶᠢᠴᠠᠭᠠᠯᠲᠠ ᠶᠢᠨ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠭ᠎ᠠ ᠪᠤᠶ︖ | ᠨᠡᠶᠢᠭᠡᠮ ᠤᠨ ᠲᠠᠯ᠎ᠠ ᠶᠢᠨ ᠡᠪᠡᠳᠴᠢᠲᠡᠨ ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠳᠠᠭ ᠨᠢ ᠭᠤᠣᠯᠳᠠᠭᠤ ᠬᠤᠶᠠᠷ | ᠲᠠᠯ᠎ᠠ ᠶᠢᠨ ᠰᠢᠯᠲᠠᠭᠠᠨ ᠲᠠᠢ ᠬᠤᠯᠪᠣᠭ᠎ᠠ ᠲᠠᠢ᠄ | ᠨᠢᠭᠡ ᠳᠤ᠂ ᠸᠢᠷᠦ᠋ᠰ ᠤᠨ ᠣᠨᠴᠠᠯᠢᠭ ᠰᠢᠨᠵᠢ ᠲᠠᠢ ᠬᠤᠯᠪᠣᠭ᠎ᠠ ᠲᠠᠢ᠃ ᠰᠢᠨ᠎ᠡ ᠲᠢᠲᠢᠮᠯᠢᠭ ᠸᠢᠷᠦ᠋ᠰ ᠨᠢ ᠦᠷᠭᠦᠯᠵᠢᠯᠡᠨ | ᠤᠯᠠᠷᠢᠨ ᠬᠤᠪᠢᠰᠴᠤ᠂ ᠣᠮᠢᠺᠷᠦᠨ ᠣᠨᠳᠣᠣᠰᠢᠭᠰᠠᠨ ᠸᠢᠷᠦ᠋ᠰ ᠨᠢ ᠲᠠᠷᠬᠠᠭᠠᠳ ᠨᠢᠭᠡᠨᠲᠡ ᠵᠢᠯ ᠭᠠᠷᠤᠢ ᠪᠣᠯᠤᠭᠰᠠᠨ ᠪᠥᠭᠡᠳ | ᠪᠠᠰᠠ ᠮᠠᠰᠢ ᠦᠷᠭᠦᠯᠵᠢᠯᠡᠨ ᠰᠠᠯᠪᠤᠷᠢᠯᠠᠨ ᠬᠤᠪᠢᠰᠴᠤ᠂ ᠨᠢᠭᠤᠭᠳᠠᠮᠠᠯ ᠴᠢᠨᠠᠷ ᠨᠢ ᠨᠡᠩ ᠴᠢᠩᠭ᠎ᠠ᠂ ᠲᠠᠷᠬᠠᠬᠤ ᠬᠤᠷᠳᠤᠴᠠ | ᠨᠢ ᠴᠦ ᠨᠡᠩ ᠲᠦᠷᠭᠡᠨ ᠪᠣᠯᠤᠭᠰᠠᠨ ᠪᠠᠶᠢᠨ᠎ᠠ᠃ ᠬᠡᠷᠪᠡ ᠪᠢᠳ᠋ᠨ ᠪᠠᠶᠢᠩᠭᠤ ᠶᠢᠨ ᠰᠢᠯᠭᠠᠨ ᠪᠠᠶᠢᠴᠠᠭᠠᠬᠤ ᠪᠠ ᠤᠷᠢᠳᠴᠢᠯᠠᠨ | ᠰᠡᠷᠡᠮᠵᠢᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠣᠯ ᠬᠢᠵᠢᠭ ᠤᠨ ᠪᠠᠶᠢᠳᠠᠯ ᠢ | ᠡᠷᠲᠡ ᠢᠯᠡᠷᠡᠭᠦᠯᠵᠦ ᠳᠡᠶᠢᠯᠬᠦ ᠦᠭᠡᠢ ᠪᠠᠶᠢᠵᠤ᠂ ᠰᠡᠷᠡᠵᠦ ᠮᠡᠳᠡᠬᠦ ᠦᠶ᠎ᠡ ᠳᠤ ᠨᠢᠭᠡᠨᠲᠡ ᠨᠡᠶᠢᠭᠡᠮ ᠲᠣᠭᠤᠷᠢᠭ ᠲᠤ | ᠥᠷᠭᠡᠨ ᠢᠶᠠᠷ ᠲᠠᠷᠬᠠᠵᠤ᠂ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠴᠤ ᠤᠯᠠᠨ ᠪᠣᠯᠳᠠᠭ᠃ | ᠬᠤᠶᠠᠷ ᠲᠤ᠂ ᠬᠢᠵᠢᠭ ᠤᠨ ᠪᠠᠶᠢᠳᠠᠯ ᠳᠤ ᠬᠠᠨᠳᠤᠬᠤ ᠬᠤᠷᠳᠤᠴᠠ ᠲᠠᠢ ᠬᠤᠯᠪᠣᠭ᠎ᠠ ᠲᠠᠢ᠃ ᠬᠢᠵᠢᠭ ᠤᠨ ᠪᠠᠶᠢᠳᠠᠯ ᠢ | ᠢᠯᠡᠷᠡᠭᠦᠯᠦᠭᠰᠡᠨ ᠡᠬᠢᠨ ᠤ ᠬᠤᠭᠤᠴᠠᠭᠠᠨ ᠳᠤ᠂ ᠨᠡᠶᠢᠭᠡᠮ ᠤᠨ ᠬᠠᠯᠳᠠᠪᠤᠷᠢᠯᠠᠭᠳᠠᠭᠰᠠᠳ ᠢ ᠴᠠᠭ ᠲᠤᠬᠠᠢ ᠳᠤ ᠨᠢ ᠢᠯᠡᠷᠡᠭᠦᠯᠬᠦ | ᠪᠠ ᠬᠠᠮᠢᠶᠠᠷᠤᠨ ᠡᠵᠡᠮᠳᠡᠵᠦ᠂ ᠨᠢᠭᠲᠠ ᠣᠶᠢᠷᠠᠲᠤᠭᠰᠠᠳ ᠢ ᠨᠢ ᠣᠨᠣᠪᠴᠢᠲᠠᠶ ᠮᠠᠭᠠᠳᠯᠠᠨ ᠲᠣᠭᠲᠠᠭᠠᠬᠤ ᠪᠠ ᠬᠠᠮᠢᠶᠠᠷᠤᠨ | ᠡᠵᠡᠮᠳᠡᠵᠦ᠂ ᠲᠦᠭᠰᠢᠭᠦᠷᠢᠲᠦ ᠣᠷᠣᠨ ᠢ ᠴᠠᠭ ᠲᠤᠬᠠᠢ ᠳᠤ ᠨᠢ ᠣᠨᠣᠪᠴᠢᠲᠠᠶ ᠵᠠᠭᠠᠭᠯᠠᠨ ᠲᠣᠭᠲᠠᠭᠠᠬᠤ ᠶᠢᠨ ᠬᠠᠮᠲᠤ | ᠨᠡᠶᠢᠲᠡᠯᠡᠬᠦ ᠵᠡᠷᠭᠡ ᠪᠣᠯ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠩᠬᠠᠨ ᠤ ᠲᠣᠬᠢᠶᠠᠯ ᠢ ᠡᠵᠡᠮᠳᠡᠬᠦ ᠵᠠᠩᠭᠢᠯᠠᠭ᠎ᠠ | ᠮᠥᠨ᠃ ᠬᠡᠷᠪᠡ ᠡᠷᠡᠭᠡᠯᠵᠡᠨ ᠲᠠᠲᠠᠭᠠᠯᠵᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ | ᠬᠤᠭᠤᠴᠠᠭ᠎ᠠ ᠶᠢ ᠠᠯᠳᠠᠬᠤ ᠳᠤ ᠬᠦᠷᠪᠡᠯ᠂ ᠰᠡᠭᠦᠯᠴᠢ ᠶᠢᠨ ᠬᠤᠭᠤᠴᠠᠭᠠᠨ ᠳᠤ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ | ᠣᠬᠤᠷᠬᠠᠨ ᠬᠤᠭᠤᠴᠠᠭᠠᠨ ᠳᠤ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠢᠷᠳᠡᠯ ᠤᠨ | ᠬᠡᠮᠵᠢᠶ᠎ᠡ ᠴᠦ ᠶᠡᠭᠡ ᠪᠠᠷ ᠨᠡᠮᠡᠭᠳᠡᠬᠦ ᠪᠣᠯᠣᠨ᠎ᠠ᠃ | ᠥᠨᠳᠥᠷ ᠳᠡᠰ ᠤᠨ ᠲᠦᠭᠰᠢᠭᠦᠷᠢᠲᠦ ᠣᠷᠣᠨ ᠢ ᠬᠦᠴᠦᠨ ᠦᠭᠡᠢ ᠪᠣᠯᠭᠠᠬᠤ ᠦᠨᠳᠦᠰᠦᠯᠡᠯ ᠨᠢ ᠶᠠᠭᠤ ᠪᠣᠶ︖ | ᠥᠨᠳᠥᠷ ᠳᠡᠰ ᠤᠨ ᠲᠦᠭᠰᠢᠭᠦᠷᠢᠲᠦ ᠣᠷᠣᠨ ᠳᠤ ᠵᠠᠯᠭᠠᠭ᠎ᠠ ᠪᠠᠷ 5 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ | ᠢᠯᠡᠷᠡᠬᠦ ᠦᠭᠡᠢ ᠪᠣᠯ ᠳᠣᠣᠷ᠎ᠠ ᠳᠡᠰ ᠤᠨ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠵᠤ ᠪᠣᠯᠣᠨ᠎ᠠ᠂ ᠡᠶᠢᠮᠦᠷᠬᠦᠦ | ᠲᠣᠬᠢᠷᠠᠭᠤᠯᠤᠯᠲᠠ ᠨᠢ ᠭᠤᠣᠯᠳᠠᠭᠤ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠦᠢᠯᠡᠳᠦᠯᠭᠡ ᠶᠢᠨ | ᠦᠨᠡᠯᠡᠨ ᠵᠢᠱᠢᠯᠲᠡ ᠶᠢᠨ ᠲᠤᠭ᠎ᠠ ᠪᠠᠷᠢᠮᠲᠠ ᠵᠢᠴᠢ ᠲᠦᠭᠰᠢᠭᠦᠷᠢ ᠶᠢ ᠰᠤᠳᠤᠯᠤᠨ ᠮᠠᠭᠠᠳᠯᠠᠬᠤ ᠭᠡᠷᠡᠴᠢ ᠪᠠᠷᠢᠮᠲᠠ ᠳᠤ | ᠰᠠᠭᠤᠷᠢᠯᠠᠭᠰᠠᠨ ᠶᠤᠮ᠃ ᠥᠭᠡᠷ᠎ᠡ ᠪᠠᠷ ᠬᠡᠯᠡᠪᠡᠯ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠬᠥᠮᠥᠰ | ᠵᠢᠴᠢ ᠲᠡᠭᠦᠨ ᠲᠠᠢ ᠨᠢᠭᠲᠠ ᠣᠶᠢᠷᠠᠲᠤᠭᠰᠠᠳ ᠢ ᠴᠥᠮ ᠪᠤᠰᠢᠭᠤ ᠲᠦᠷᠭᠡᠨ ᠢᠶᠠᠷ ᠲᠤᠰᠠᠭᠠᠷᠯᠠᠨ ᠬᠠᠮᠢᠶᠠᠷᠬᠤ ᠪᠠ | ᠡᠵᠡᠮᠳᠡᠬᠦ ᠶᠢᠨ ᠬᠠᠮᠲᠤ ᠴᠠᠭ ᠲᠤᠬᠠᠢ ᠳᠤ ᠨᠢ ᠰᠢᠯᠵᠢᠭᠦᠯᠦᠨ ᠵᠥᠭᠡᠭᠡᠪᠦᠷᠢᠯᠡᠵᠦ ᠴᠢᠳᠠᠭᠰᠠᠨ ᠪᠠᠶᠢᠳᠠᠯ ᠳᠣᠣᠷ᠎ᠠ᠂ ᠥᠨᠳᠥᠷ | ᠳᠡᠰ ᠤᠨ ᠲᠦᠭᠰᠢᠭᠦᠷᠢᠲᠦ ᠣᠷᠣᠨ ᠤ ᠬᠠᠮᠢᠶᠠᠷᠤᠨ ᠡᠵᠡᠮᠳᠡᠬᠦ ᠬᠥᠮᠥᠰ ᠤᠨ ᠳᠣᠲᠣᠷ᠎ᠠ 5 ᠡᠳᠦᠷ ᠳᠠᠷᠠᠭᠠᠯᠠᠨ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠥᠨᠳᠥᠷ ᠳᠡᠰ ᠤᠨ ᠲᠦᠭᠰᠢᠭᠦᠷᠢᠲᠦ ᠣᠷᠣᠨ ᠤ ᠨᠡᠶᠢᠭᠡᠮ | ᠲᠣᠭᠤᠷᠢᠭ ᠲᠠᠬᠢ ᠲᠠᠷᠬᠠᠭᠠᠯᠲᠠ ᠦᠨᠳᠦᠰᠦᠨ ᠳᠤ ᠪᠠᠨ ᠲᠠᠰᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠣᠷᠣᠨ | ᠬᠡᠪᠴᠢᠶᠡᠨ ᠤ ᠬᠥᠮᠥᠰ ᠤᠨ ᠴᠢᠬᠤᠯᠠ ᠪᠤᠰᠤ ᠬᠠᠮᠢᠶᠠᠷᠤᠯᠲᠠ ᠡᠵᠡᠮᠳᠡᠯ ᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ | ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠳᠤ ᠤᠤᠯ ᠤᠨ 7 ᠡᠳᠦᠷ ᠲᠤᠰᠠᠭᠠᠷᠯᠠᠬᠤ ᠠᠴᠠ 5 ᠡᠳᠦᠷ | ᠲᠤᠰᠠᠭᠠᠷᠯᠠᠬᠤ ᠪᠣᠯᠭᠠᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠬᠦ ᠳᠤ ᠠᠰᠢᠭᠲᠠᠢ ᠪᠣᠯᠭᠠᠪᠠ᠃ | ᠳᠣᠣᠷ᠎ᠠ ᠳᠡᠰ ᠤᠨ ᠲᠦᠭᠰᠢᠭᠦᠷᠢᠲᠦ ᠣᠷᠣᠨ ᠭᠡᠳᠡᠭ ᠨᠢ ᠶᠠᠮᠠᠷ ᠤᠬᠠᠭᠳᠠᠬᠤᠨ ᠪᠣᠶ︖ | ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠤᠬᠠᠭᠳᠠᠬᠤᠨ ᠨᠢ ᠳᠠᠷᠤᠢ ᠥᠨᠳᠥᠷ ᠳᠡᠰ ᠤᠨ ᠲᠦᠭᠰᠢᠭᠦᠷᠢᠲᠦ ᠣᠷᠣᠨ ᠤ | ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠳᠣᠲᠣᠷᠠᠬᠢ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ | ᠪᠤᠰᠤᠳ ᠭᠠᠵᠠᠷ ᠣᠷᠣᠨ ᠢ ᠳᠣᠣᠷ᠎ᠠ ᠳᠡᠰ ᠤᠨ ᠲᠦᠭᠰᠢᠭᠦᠷᠢᠲᠦ ᠣᠷᠣᠨ ᠪᠣᠯᠭᠠᠨ ᠵᠠᠭᠠᠭᠯᠠᠨ ᠲᠣᠭᠲᠠᠭᠠᠭᠰᠠᠨ ᠢ ᠵᠢᠭᠠᠵᠤ | ᠪᠤᠢ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠳᠤ ᠪᠢᠳᠡ ︽ᠬᠤᠪᠢ ᠬᠥᠮᠥᠨ ᠰᠡᠷᠭᠡᠶᠢᠯᠡᠨ ᠬᠠᠮᠠᠭᠠᠯᠠᠬᠤ᠂ | ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠳᠣᠣᠷ᠎ᠠ ᠳᠡᠰ ᠤᠨ | ᠲᠦᠭᠰᠢᠭᠦᠷᠢᠲᠦ ᠣᠷᠣᠨ ᠤ ᠤᠯᠠᠨ ᠲᠦᠮᠡᠨ ᠭᠠᠳᠠᠭᠰᠢ ᠭᠠᠷᠬᠤ ᠪᠠᠨ ᠴᠥᠭᠡᠳᠬᠡᠵᠦ᠂ ᠪᠥᠭᠡᠮᠨᠡᠷᠡᠨ ᠴᠤᠭᠯᠠᠷᠠᠬᠤ ᠦᠭᠡᠢ | ᠪᠠᠶᠢᠵᠤ᠂ ᠭᠠᠳᠠᠭᠰᠢ ᠭᠠᠷᠬᠤ ᠳᠤ ᠪᠠᠨ ᠰᠠᠶᠢᠲᠤᠷ ᠰᠡᠷᠭᠡᠶᠢᠯᠡᠨ ᠬᠠᠮᠠᠭᠠᠯᠠᠬᠤ ᠬᠡᠷᠡᠭᠲᠡᠢ︔ ᠣᠷᠣᠨ ᠬᠡᠪᠴᠢᠶᠡᠨ ᠤ ᠳᠣᠲᠣᠷᠠᠬᠢ | ᠲᠦᠭᠰᠢᠭᠦᠷᠢᠲᠦ ᠬᠥᠮᠥᠰ ᠢ ᠵᠢᠭᠰᠠᠭᠠᠨ ᠪᠠᠶᠢᠴᠠᠭᠠᠬᠤ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠬᠢᠵᠢᠭ ᠢ | ᠰᠡᠷᠭᠡᠶᠢᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ︔ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ | ᠲᠠᠮᠢᠷᠳᠠᠬᠤ᠂ ᠬᠤᠭᠤᠯᠠᠢ ᠡᠪᠡᠳᠬᠦ᠂ ᠠᠮᠲᠠᠯᠠᠬᠤ ᠰᠡᠷᠡᠯ ᠪᠠ ᠦᠨᠦᠷᠯᠡᠬᠦ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ | ᠭᠤᠭᠤᠵᠢᠬᠤ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ᠂ ᠰᠠᠭᠤᠯᠭᠠᠬᠤ ᠵᠡᠷᠭᠡ ᠪᠠᠶᠢᠳᠠᠯ ᠢᠯᠡᠷᠡᠪᠡᠯ᠂ | ᠳᠠᠷᠤᠢ ᠤᠯᠠᠨ ᠲᠦᠮᠡᠨ ᠤ ᠦᠷᠭᠦᠯᠵᠢ ᠬᠡᠯᠡᠯᠴᠡᠳᠡᠭ ︽ᠠᠷᠪᠠᠨ ᠶᠡᠭᠡ ᠡᠪᠡᠳᠴᠢᠨ ᠤ ᠢᠯᠡᠷᠡᠯ︾ ᠭᠠᠷᠤᠭᠰᠠᠨ ᠤ ᠳᠠᠷᠠᠭ᠎ᠠ᠂ | ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠨ᠂ ᠸᠢᠷᠦ᠋ᠰ ᠤᠨ | ᠬᠠᠯᠳᠠᠪᠤᠷᠢᠯᠠᠯ ᠢ ᠴᠠᠭ ᠲᠤᠬᠠᠢ ᠳᠤ ᠨᠢ ᠪᠠᠶᠢᠴᠠᠭᠠᠬᠤ ᠬᠡᠷᠡᠭᠲᠡᠢ᠃ ᠡᠭᠦᠨ ᠤ ᠵᠡᠷᠭᠡ ᠳᠤ᠂ ᠳᠣᠣᠷ᠎ᠠ ᠳᠡᠰ ᠤᠨ | ᠲᠦᠭᠰᠢᠭᠦᠷᠢᠲᠦ ᠣᠷᠣᠨ ᠤ ᠣᠯᠠᠨ ᠲᠦᠮᠡᠨ ᠢ ᠡᠷᠬᠡᠪᠰᠢ ᠲᠣᠰ ᠣᠷᠣᠨ ᠪᠦᠰᠡ ᠠᠴᠠ ᠪᠠᠨ ᠰᠠᠯᠬᠤ ᠦᠭᠡᠢ ᠪᠠᠶᠢᠬᠤ ᠶᠢ | ᠰᠠᠨᠠᠭᠠᠴᠢᠯᠠᠨ᠎ᠠ᠂ ᠬᠡᠷᠪᠡ ᠦᠨᠡᠨ ᠬᠦ ᠪᠠᠶᠢᠭ᠎ᠠ ᠬᠤᠲᠠ ᠠᠴᠠ ᠪᠠᠨ ᠰᠠᠯᠬᠤ ᠴᠢᠬᠤᠯᠠᠲᠠᠢ ᠪᠣᠯ ᠡᠷᠬᠡᠪᠰᠢ 48 ᠴᠠᠭ ᠤᠨ | ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃ | ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠨᠢ ᠶᠠᠮᠠᠷ ᠢᠯᠭᠠᠭ᠎ᠠ ᠲᠠᠢ | ᠪᠣᠶ︖ | ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠲᠤ ᠶᠠᠮᠠᠷ ᠭᠤᠣᠯ | ᠢᠯᠭᠠᠭ᠎ᠠ ᠲᠠᠢ ᠪᠣᠶ︖ ᠡᠨᠡ ᠬᠤᠶᠠᠷ ᠲᠥᠷᠥᠯ ᠤᠨ ᠬᠥᠮᠥᠰ ᠤᠨ ᠬᠠᠯᠳᠠᠪᠤᠷᠢᠯᠠᠬᠤ ᠲᠦᠭᠰᠢᠭᠦᠷᠢ ᠶᠢᠨ ᠶᠡᠭᠡ ᠪᠠᠭ᠎ᠠ ᠨᠢ | ᠠᠳᠠᠯᠢ ᠦᠭᠡᠢ ᠪᠠᠶᠢᠳᠠᠭ᠂ ᠡᠶᠢᠮᠦ ᠠᠴᠠ ᠪᠦᠬᠦᠶᠢᠯᠡ ᠬᠠᠮᠢᠶᠠᠷᠤᠯᠲᠠ ᠶᠢᠨ ᠱᠠᠭᠠᠷᠳᠠᠯᠭ᠎ᠠ ᠶᠢᠨ ᠲᠠᠯ᠎ᠠ ᠪᠠᠷ ᠴᠤ ᠠᠳᠠᠯᠢ ᠦᠭᠡᠢ | ᠪᠠᠶᠢᠳᠠᠭ᠃ | ᠡᠩ ᠲᠡᠷᠢᠭᠦᠨ ᠳᠤ ᠭᠡᠷ ᠲᠤ ᠪᠠᠨ ᠲᠤᠰᠠᠭᠠᠷᠯᠠᠬᠤ ᠬᠥᠮᠥᠰ ᠨᠢ ᠲᠤᠰᠠᠭᠠᠷᠯᠠᠵᠤ ᠪᠠᠶᠢᠭ᠎ᠠ ᠬᠤᠭᠤᠴᠠᠭᠠᠨ ᠳᠤ ᠲᠡᠳᠡᠨᠦᠰ ᠲᠤ | ᠺᠣᠳ᠋ ᠣᠯᠭᠤᠵᠤ᠂ ᠲᠣᠰ ᠬᠥᠮᠥᠨ ᠪᠠ ᠬᠠᠮᠲᠤ ᠰᠠᠭᠤᠵᠤ ᠪᠠᠶᠢᠭ᠎ᠠ ᠬᠥᠮᠥᠰ ᠤᠨ ᠭᠠᠳᠠᠭᠰᠢ ᠭᠠᠷᠬᠤ ᠶᠢ ᠴᠢᠩᠭ᠎ᠠ | ᠬᠢᠵᠠᠭᠠᠷᠯᠠᠵᠤ᠂ ᠠᠯᠢᠪᠠ ᠡᠷᠭᠢᠨ ᠦᠵᠡᠬᠦ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠢ ᠪᠠᠶᠢᠵᠤ᠂ ᠡᠨᠡ ᠬᠤᠭᠤᠴᠠᠭᠠᠨ ᠳᠤ | ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ ᠥᠯᠢᠭᠡᠷ ᠠᠪᠬᠤ ᠬᠥᠮᠥᠰ | ᠭᠡᠷ ᠲᠤ ᠨᠢ ᠬᠦᠷᠴᠦ ᠥᠯᠢᠭᠡᠷ ᠠᠪᠤᠨ᠎ᠠ᠃ ᠬᠡᠯᠡᠯᠭᠡᠨ ᠦᠭᠡᠢ᠂ ᠲᠤᠰᠠᠭᠠᠷᠯᠠᠬᠤ ᠬᠤᠭᠤᠴᠠᠭᠠᠨ ᠳᠤ ᠡᠪᠡᠳᠴᠢᠨ ᠦᠵᠡᠭᠦᠯᠬᠦ | ᠵᠡᠷᠭᠡ ᠰᠢᠯᠲᠠᠭᠠᠨ ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠦᠶ᠎ᠡ ᠳᠤ᠂ ᠨᠡᠶᠢᠭᠡᠮ ᠲᠣᠭᠤᠷᠢᠭ ᠠᠴᠠ ᠲᠤᠰᠬᠠᠢ ᠬᠥᠮᠥᠨ | ᠪᠠ ᠲᠤᠰᠬᠠᠢ ᠲᠡᠷᠭᠡ ᠲᠣᠬᠢᠷᠠᠭᠤᠯᠵᠤ᠂ ᠪᠥᠬᠦ ᠶᠠᠪᠤᠴᠠ ᠳᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠵᠦ᠂ | ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠨᠢ ᠬᠠᠮᠢᠶᠠᠷᠤᠯᠲᠠ ᠶᠢᠨ ᠬᠤᠭᠤᠴᠠᠭᠠᠨ ᠳᠤ | ᠴᠢᠳᠠᠬᠤ ᠶᠢᠨ ᠳᠣᠲᠣᠷ᠎ᠠ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ᠃ ᠬᠡᠷᠪᠡ ᠦᠨᠡᠨ ᠬᠦ ᠡᠪᠡᠳᠴᠢᠨ ᠦᠵᠡᠭᠦᠯᠬᠦ | ᠬᠡᠷᠡᠭᠴᠡᠭᠡ ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠪᠣᠯ᠂ ᠡᠨᠡ ᠦᠶ᠎ᠡ ᠳᠤ ᠬᠤᠪᠢ ᠬᠥᠮᠥᠨ ᠤ ᠬᠠᠮᠠᠭᠠᠯᠠᠯᠲᠠ ᠪᠠᠨ | ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ N95/KN95 ᠮᠥᠬᠦᠯᠢᠭᠲᠦ ᠪᠣᠳᠠᠰ ᠤᠨ ᠬᠠᠮᠠᠭᠠᠯᠠᠯᠲᠠ ᠶᠢᠨ ᠠᠮᠠᠪᠴᠢ | ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠬᠥᠮᠥᠨ | ᠣᠯᠠᠨ ᠴᠤᠭᠯᠠᠷᠠᠬᠤ ᠨᠡᠶᠢᠲᠡ ᠶᠢᠨ ᠲᠠᠯᠠᠪᠤᠷ ᠲᠤ ᠣᠴᠢᠵᠤ ᠪᠣᠯᠬᠤ ᠦᠭᠡᠢ᠃ ᠭᠡᠪᠡᠴᠦ ᠨᠢᠭᠡᠨ ᠮᠠᠰᠢ ᠣᠨᠳᠣᠣ ᠲᠠᠯ᠎ᠠ ᠭᠡᠪᠡᠯ | ᠳᠠᠷᠤᠢ ᠲᠡᠳᠡᠨ ᠤ ᠬᠠᠮᠲᠤ ᠰᠠᠭᠤᠵᠤ ᠪᠠᠶᠢᠭ᠎ᠠ ᠬᠥᠮᠥᠰ ᠤᠨ ᠠᠵᠢᠯᠯᠠᠭ᠎ᠠ ᠶᠢ ᠬᠢᠵᠠᠭᠠᠷᠯᠠᠬᠤ ᠦᠭᠡᠢ ᠪᠠᠶᠢᠬᠤ ᠶᠠᠪᠤᠳᠠᠯ | ᠪᠣᠯᠣᠨ᠎ᠠ᠃ | 10 ᠲᠦᠮᠡᠨ ᠬᠥᠮᠥᠨ ᠪᠦᠷᠢ ᠳᠤ ᠨᠣᠭᠳᠠᠬᠤ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠵᠤ᠂ | ᠬᠦᠨᠳᠦ ᠡᠪᠡᠳᠴᠢᠲᠡᠨ ᠢ ᠡᠮᠨᠡᠨ ᠵᠠᠰᠠᠬᠤ ᠬᠦᠴᠦᠨ ᠤ ᠨᠥᠭᠡᠴᠡᠯᠡᠯᠲᠡ ᠶᠢ ᠴᠢᠩᠭᠠᠳᠬᠠᠬᠤ ᠨᠢ ᠲᠤᠶᠢᠯ ᠤᠨ ᠴᠢᠬᠤᠯᠠ | ᠪᠠᠶᠢᠳᠠᠭ | ᠮᠠᠨ ᠤ ᠤᠯᠤᠰ ᠤᠨ ᠡᠮᠴᠢᠯᠡᠭᠡᠨ ᠤ ᠡᠬᠢ ᠪᠠᠶᠠᠯᠢᠭ ᠤᠨ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠦᠭᠡᠢ | ᠪᠠᠶᠢᠵᠤ᠂ ᠢᠯᠠᠩᠭᠤᠶ᠎ᠠ ᠭᠠᠵᠠᠷ ᠣᠷᠣᠨ ᠤ ᠬᠤᠭᠤᠷᠣᠨᠳᠣᠬᠢ᠂ ᠬᠤᠲᠠ ᠬᠥᠳᠡᠭᠡ ᠶᠢᠨ ᠬᠤᠭᠤᠷᠣᠨᠳᠣᠬᠢ ᠵᠥᠷᠢᠶ᠎ᠡ ᠨᠡᠯᠢᠶᠡᠳ | ᠶᠡᠭᠡ ᠪᠠᠶᠢᠳᠠᠭ︔ ᠮᠠᠨ ᠤ ᠡᠮᠴᠢᠯᠡᠭᠡᠨ ᠤ ᠡᠬᠢ ᠪᠠᠶᠠᠯᠢᠭ ᠶᠡᠷᠦᠩᠬᠡᠢ ᠳᠤ ᠪᠠᠨ ᠬᠠᠷᠢᠴᠠᠩᠭᠤᠢ ᠳᠤᠲᠠᠮᠠᠭ ᠪᠠᠶᠢᠵᠤ᠂ ᠮᠢᠩᠭᠠᠨ | ᠬᠥᠮᠥᠨ ᠪᠦᠷᠢ ᠳᠤ ᠨᠣᠭᠳᠠᠬᠤ ᠡᠮᠴᠢᠯᠡᠭᠡᠨ ᠤ ᠣᠷᠣ ᠣᠲᠣ 6.7 ᠪᠠᠶᠢᠵᠤ᠂ 10 ᠲᠦᠮᠡᠨ ᠬᠥᠮᠥᠨ ᠪᠦᠷᠢ ᠳᠤ ᠨᠣᠭᠳᠠᠬᠤ | ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠨ᠎ᠠ᠃ ᠣᠳᠣᠬᠠᠨ ᠤ ᠣᠮᠢᠺᠷᠦᠨ ᠣᠨᠳᠣᠣᠰᠢᠭᠰᠠᠨ | ᠸᠢᠷᠦ᠋ᠰ ᠤᠨ ᠬᠠᠯᠳᠠᠪᠤᠷᠢᠯᠠᠬᠤ ᠴᠢᠨᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ᠂ ᠣᠨᠴᠠᠭᠠᠶᠢᠯᠠᠨ ᠮᠠᠰᠢ ᠣᠬᠤᠷᠬᠠᠨ | ᠬᠤᠭᠤᠴᠠᠭᠠᠨ ᠳᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠴᠢᠨᠠᠭᠰᠢᠯᠠᠪᠠᠯ ᠨᠡᠯᠢᠶᠡᠳ ᠶᠡᠭᠡ ᠬᠡᠪᠴᠢᠶᠡᠨ ᠤ | ᠬᠢᠵᠢᠭ ᠤᠨ ᠪᠠᠶᠢᠳᠠᠯ ᠢ ᠡᠭᠦᠰᠬᠡᠵᠦ ᠮᠡᠳᠡᠨ᠎ᠡ᠃ ᠤᠳᠤ ᠪᠢᠳᠡ ᠡᠯ᠎ᠡ ᠮᠤᠵᠢ ᠳᠤ ᠴᠤᠭᠯᠠᠷᠠᠯ ᠤᠨ ᠴᠢᠨᠠᠷᠲᠠᠢ ᠬᠢᠵᠢᠭ ᠤᠨ | ᠪᠠᠶᠢᠳᠠᠯ ᠤᠨ ᠡᠭᠦᠰᠴᠦ ᠪᠠᠶᠢᠬᠤ ᠪᠠ ᠬᠡᠪᠴᠢᠶ᠎ᠡ ᠨᠢ ᠲᠠᠰᠤᠷᠠᠯᠳᠠ ᠦᠭᠡᠢ ᠥᠷᠭᠡᠳᠴᠦ ᠪᠠᠶᠢᠬᠤ ᠶᠢ ᠣᠯᠵᠤ ᠦᠵᠡᠯ᠎ᠡ᠃ | ᠮᠠᠨ ᠤ ᠤᠯᠤᠰ ᠪᠣᠯ 14 ᠳ᠋ᠦᠩᠰᠢᠭᠤᠷ ᠬᠥᠮᠥᠨ ᠠᠮᠠ ᠲᠠᠢ ᠲᠣᠮᠣ ᠤᠯᠤᠰ ᠮᠥᠨ᠂ ᠨᠠᠰᠤᠵᠢᠭᠰᠠᠨ ᠬᠥᠮᠥᠨ ᠠᠮᠠ ᠤᠯᠠᠨ᠂ | ᠰᠠᠭᠤᠷᠢ ᠴᠢᠨᠠᠷᠲᠠᠢ ᠡᠪᠡᠳᠴᠢᠨ ᠲᠠᠢ ᠬᠥᠮᠥᠨ ᠴᠦ ᠤᠯᠠᠨ ᠪᠠᠶᠢᠵᠤ᠂ ᠨᠠᠰᠤᠲᠠᠶᠢᠴᠤᠳ ᠵᠢᠴᠢ ᠰᠠᠭᠤᠷᠢ ᠴᠢᠨᠠᠷᠲᠠᠢ | ᠡᠪᠡᠳᠴᠢᠨ ᠲᠠᠢ ᠬᠥᠮᠥᠨ ᠪᠣᠯ ᠴᠥᠮ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ ᠪᠠᠭᠤᠷᠠᠢ ᠬᠥᠮᠥᠰ ᠮᠥᠨ᠃ ᠬᠦᠨᠳᠦ | ᠡᠪᠡᠳᠴᠢᠲᠡᠨ ᠤ ᠳᠣᠲᠣᠷ᠎ᠠ᠂ ᠨᠢᠭᠡ ᠲᠠᠯ᠎ᠠ ᠪᠠᠷ ᠰᠢᠨ᠎ᠡ ᠲᠢᠲᠢᠮᠯᠢᠭ ᠸᠢᠷᠦ᠋ᠰ ᠠᠴᠠ ᠪᠣᠯᠤᠭᠰᠠᠨ ᠬᠦᠨᠳᠦ ᠡᠪᠡᠳᠴᠢᠲᠡᠨ | ᠪᠠᠶᠢᠵᠤ᠂ ᠨᠥᠭᠦᠭᠡ ᠲᠠᠯ᠎ᠠ ᠪᠠᠷ ᠶᠡᠬᠡᠩᠬᠢ ᠬᠡᠰᠡᠭ ᠨᠢ ᠰᠠᠭᠤᠷᠢ ᠴᠢᠨᠠᠷᠲᠠᠢ ᠡᠪᠡᠳᠴᠢᠨ ᠤ ᠳᠡᠭᠡᠷ᠎ᠡ ᠰᠢᠨ᠎ᠡ ᠲᠢᠲᠢᠮᠯᠢᠭ | ᠡᠪᠡᠳᠴᠢᠨ ᠤ ᠬᠠᠯᠳᠠᠪᠤᠷᠢᠯᠠᠯ ᠳᠠᠪᠬᠤᠴᠠᠭᠰᠠᠨ ᠠᠴᠠ ᠪᠣᠯᠵᠤ᠂ ᠡᠨᠡ ᠬᠡᠰᠡᠭ ᠡᠪᠡᠳᠴᠢᠲᠡᠨ ᠳᠤ ᠮᠥᠨ ᠴᠦ ᠣᠯᠠᠨ | ᠰᠢᠨᠵᠢᠯᠡᠭᠡᠨ ᠤ ᠰᠠᠯᠠᠭ᠎ᠠ ᠶᠢᠨ ᠡᠮᠨᠡᠨ ᠵᠠᠰᠠᠯᠲᠠ ᠬᠢᠬᠦ ᠶᠢ ᠱᠠᠭᠠᠷᠳᠠᠨ᠎ᠠ᠃ ᠡᠶᠢᠮᠦ ᠠᠴᠠ ᠬᠦᠨᠳᠦ ᠡᠪᠡᠳᠴᠢᠲᠡᠨ ᠢ ᠡᠮᠨᠡᠨ | ᠵᠠᠰᠠᠬᠤ ᠬᠦᠴᠦᠨ ᠤ ᠨᠥᠭᠡᠴᠡ ᠶᠢ ᠴᠢᠩᠭᠠᠳᠬᠠᠬᠤ᠂ ᠢᠯᠠᠩᠭᠤᠶ᠎ᠠ ᠣᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ | ᠳᠡᠭᠡᠭᠰᠢᠯᠡᠭᠦᠯᠬᠦ ᠪᠣᠯ ᠮᠠᠰᠢ ᠴᠢᠬᠤᠯᠠ ᠶᠤᠮ᠃ | ᠣᠳᠣᠬᠠᠨ ᠳᠤ ᠪᠥᠬᠦ ᠤᠯᠤᠰ ᠲᠤ ᠨᠢᠭᠡᠨᠲᠡ 100 ᠭᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠦᠨᠳᠦ | ᠡᠪᠡᠳᠴᠢᠲᠡᠨ ᠪᠠᠶᠢᠵᠤ᠂ ᠡᠨᠡ ᠨᠢ ᠶᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠨᠠᠰᠤᠲᠠᠶᠢᠴᠤᠳ ᠪᠠ ᠰᠠᠭᠤᠷᠢ | ᠴᠢᠨᠠᠷᠲᠠᠢ ᠡᠪᠡᠳᠴᠢᠨ ᠲᠠᠢ ᠬᠥᠮᠥᠰ ᠲᠤ ᠦᠵᠡᠭᠦᠯᠬᠦ ᠡᠷᠡᠭᠦᠯ ᠮᠡᠨᠳᠦ ᠶᠢᠨ ᠰᠦᠷᠳᠡᠭᠦᠯᠦᠯ ᠨᠡᠯᠢᠶᠡᠳ ᠶᠡᠭᠡ ᠪᠠᠶᠢᠬᠤ ᠶᠢ | ᠬᠠᠷᠠᠭᠤᠯᠵᠤ ᠪᠠᠶᠢᠨ᠎ᠠ᠃ ᠪᠢᠳᠡᠨ ᠤ ᠣᠲᠣ ᠶᠢᠨ ᠠᠪᠴᠤ ᠪᠠᠶᠢᠭ᠎ᠠ ᠢᠳᠡᠪᠬᠢᠲᠡᠢ ᠰᠡᠷᠭᠡᠶᠢᠯᠡᠬᠦ ᠠᠷᠭ᠎ᠠ ᠪᠣᠳᠣᠯᠭ᠎ᠠ ᠪᠣᠯ | ᠬᠠᠯᠳᠠᠪᠤᠷᠢᠯᠠᠭᠰᠠᠳ ᠢ ᠴᠢᠷᠮᠠᠶᠢᠨ ᠪᠠᠭᠠᠰᠬᠠᠪᠠᠯ ᠰᠠᠶ᠋ᠢ ᠬᠦᠨᠳᠦ ᠡᠪᠡᠳᠴᠢᠨ ᠤ ᠨᠣᠷᠮ᠎ᠠ ᠪᠠ ᠡᠪᠡᠳᠴᠢᠨ ᠢᠶᠠᠷ ᠦᠬᠦᠬᠦ | ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ ᠴᠢᠳᠠᠨ᠎ᠠ᠃ ᠡᠶᠢᠮᠦ ᠠᠴᠠ ︽ᠰᠡᠷᠭᠡᠶᠢᠯᠡᠬᠦ︾ ᠪᠣᠯ ᠬᠠᠮᠤᠭ ᠤᠨ | ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠭᠡᠪᠡᠴᠦ ᠡᠭᠦᠨ ᠢ ᠦᠨᠳᠦᠰᠦᠯᠡᠨ ᠬᠦᠨᠳᠦ ᠡᠪᠡᠳᠴᠢᠲᠡᠨ ᠤ ᠡᠮᠴᠢᠯᠡᠭᠡᠨ ᠤ | ᠣᠷᠣ ᠶᠢ ᠨᠡᠮᠡᠭᠳᠡᠭᠦᠯᠬᠦ ᠴᠢᠬᠤᠯᠠ ᠦᠭᠡᠢ ᠭᠡᠵᠦ ᠦᠵᠡᠵᠦ ᠪᠣᠯᠬᠤ ᠦᠭᠡᠢ᠃ |