ᠲᠠᠩ ᠢ ᠤᠳᠠ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠡᠷᠭᠡᠶᠢᠯᠡᠬᠦ᠂ ᠬᠢᠵᠠᠭᠠᠷᠯᠠᠬᠤ᠂ ᠬᠠᠮᠢᠶᠠᠷᠬᠤ᠂ ᠦᠢᠯᠡᠴᠢᠯᠡᠬᠦ︾ ᠡᠯ᠎ᠡ ᠵᠠᠩᠭᠢᠯᠠᠭ᠎ᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠮᠠᠤ ᠵᠧᠨ ᠬᠠᠢ ᠣᠷᠣᠯᠴᠠᠵᠠᠢ᠃      ᠲᠠᠩ ᠢ ᠡᠩ ᠲᠡᠷᠢᠭᠦᠨ ᠳᠤ ᠤᠳᠠ ᠲᠣᠭᠤᠷᠢᠭ ᠤᠨ 110 ᠤᠯᠤᠰ ᠤᠨ ᠵᠠᠮ ᠤᠨ ᠪᠠᠶᠢᠴᠠᠭᠠᠨ ᠰᠢᠯᠭᠠᠬᠤ ᠴᠡᠭ ᠲᠤ ᠬᠦᠷᠴᠦ᠂ ᠦᠬᠠᠢ ᠳᠤ ᠣᠷᠣᠬᠤ ᠮᠠᠰᠢᠨ ᠲᠡᠷᠭᠡ ᠪᠣᠯᠣᠨ ᠬᠥᠮᠥᠰ ᠤᠨ ᠪᠠᠶᠢᠴᠠᠭᠠᠨ ᠰᠢᠯᠭᠠᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠲᠡᠷᠡ ᠬᠡᠯᠡᠬᠦ ᠳᠡᠭᠡᠨ᠂ ᠵᠠᠮ ᠬᠠᠷᠢᠯᠴᠠᠭᠠᠨ ᠤ ᠪᠣᠭᠤᠮᠲᠠ ᠪᠣᠯ ︽ᠭᠠᠳᠠᠨ᠎ᠠ ᠠᠴᠠ ᠣᠷᠣᠭᠤᠯᠬᠤ   ᠶᠢ ᠰᠡᠷᠭᠡᠶᠢᠯᠡᠬᠦ︾ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ ᠪᠣᠯᠬᠤᠷ ᠡᠷᠬᠡᠪᠰᠢ ᠡᠷᠡᠰ ᠰᠠᠬᠢᠵᠤ ᠰᠠᠶᠢᠲᠤᠷ ᠰᠠᠬᠢᠬᠤ ᠬᠡᠷᠡᠭᠲᠡᠢ᠂ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ ᠤᠨ ᠪᠠᠶᠢᠴᠠᠭᠠᠨ ᠰᠢᠯᠭᠠᠬᠤ ᠱᠠᠭᠠᠷᠳᠠᠯᠭ᠎ᠠ   ᠶᠢ ᠴᠢᠩᠭ᠎ᠠ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠪᠣᠯᠵᠣᠬᠤ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠨ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠡᠷᠭᠡᠶᠢᠯᠡᠵᠦ ᠳᠡᠶᠢᠯᠬᠦ ᠮᠥᠷᠲᠡᠭᠡᠨ ᠲᠦᠷᠭᠡᠨ ᠲᠠᠯᠪᠢᠵᠤ᠂ ᠵᠠᠮ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦ ᠪᠠᠷ  ᠢᠶᠠᠨ ᠪᠠᠲᠤᠯᠠᠬᠤ ᠬᠡᠷᠡᠭᠲᠡᠢ ᠭᠡᠵᠡᠢ᠃ ᠲᠠᠩ ᠢ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠬᠥᠮᠥᠰ ᠤᠨ ᠪᠠᠲᠤᠯᠠᠭ᠎ᠠ ᠶᠢᠨ ᠠᠰᠠᠭᠤᠳᠠᠯ ᠢ ᠣᠨᠴᠠᠭᠠᠶᠢᠯᠠᠨ ᠠᠩᠬᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠠᠭᠠᠷ ᠤᠨ ᠳᠤᠯᠠᠭᠠᠨ ᠭᠡᠨᠡᠳᠲᠡ ᠪᠠᠭᠤᠷᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠬᠥᠮᠥᠰ ᠤᠨ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠹᠦ᠋ ᠶᠤᠸᠠᠨ ᠺᠠᠢ ᠰᠢᠤᠸᠠᠨ ᠴᠧᠩ ᠰᠠᠭᠤᠭᠠᠯᠢ ᠲᠣᠭᠤᠷᠢᠭ ᠲᠤ᠂ ᠲᠡᠷᠡ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯᠲᠠᠳ ᠢ ᠰᠡᠳᠬᠢᠯ ᠲᠠᠯᠪᠢᠨ ᠤᠯᠠᠨ ᠲᠦᠮᠡᠨ ᠳᠤ ᠰᠠᠶᠢᠲᠤᠷ ᠦᠢᠯᠡᠴᠢᠯᠡᠵᠦ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠢ ᠬᠥᠮᠥᠰ ᠤᠨ ᠬᠡᠷᠡᠭᠴᠡᠭᠡ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ᠂ ᠲᠠᠯᠪᠢᠬᠤ ᠶᠣᠰᠣᠲᠠᠢ ᠶᠢ ᠨᠢ ᠡᠮᠬᠢ ᠵᠢᠷᠤᠮ ᠲᠠᠢ ᠲᠠᠯᠪᠢᠬᠤ ᠬᠡᠷᠡᠭᠲᠡᠢ ᠭᠡᠵᠦ ᠵᠠᠬᠢᠪᠠ᠃ ᠤᠳᠠ ᠲᠣᠭᠤᠷᠢᠭ ᠤᠨ ᠳ᠋ᠦᠩ ᠰᠢᠶᠠᠨ ᠬᠡᠲᠦ ᠳᠡᠯᠭᠡᠭᠦᠷ ᠲᠤ᠂ ᠲᠡᠷᠡ ᠬᠡᠯᠡᠬᠦ ᠳᠡᠭᠡᠨ᠂ ᠡᠳ᠋ ᠪᠣᠳᠠᠰ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭ᠎ᠠ ᠣᠷᠣᠭᠤᠯᠬᠤ᠂ ᠲᠣᠬᠢᠷᠠᠭᠤᠯᠤᠨ ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠢ᠂ ᠨᠡᠭᠦᠳᠡᠯ ᠳᠠᠮᠵᠢᠭᠤᠯᠭ᠎ᠠ ᠶᠢᠨ ᠰᠢᠨ᠎ᠡ ᠲᠦᠭᠰᠢᠭᠦᠷᠢ ᠶᠢ ᠶᠠᠭᠠᠬᠢᠭᠰᠠᠨ ᠴᠤ ᠪᠣᠶ ᠪᠣᠯᠭᠠᠵᠤ ᠪᠣᠯᠬᠤ ᠦᠭᠡᠢ ᠭᠡᠵᠡᠢ᠃ ᠳᠠᠷᠠᠭ᠎ᠠ  ᠳᠤᠨᠢ᠂ ᠲᠠᠩ ᠢ ᠤᠳᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠲᠣᠬᠢᠷᠠᠭᠤᠯᠤᠨ ᠰᠢᠢᠳᠪᠦᠷᠢᠯᠡᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠤᠯᠠᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠲᠣᠮᠣ ᠳ᠋ᠠᠶᠢᠲ᠋ᠠ ᠶᠢᠨ ᠠᠷᠭ᠎ᠠ ᠪᠠᠷᠢᠯ ᠳᠤ ᠲᠦᠰᠢᠭᠯᠡᠨ ᠤᠨᠢᠨ ᠳᠡᠭᠡᠷ᠎ᠡ ᠨᠢ ᠤᠷᠤᠰᠬᠠᠯ ᠤᠨ ᠠᠶᠠᠯᠭᠤ ᠪᠠᠷ ᠦᠨᠳᠦᠰᠦ ᠰᠤᠷᠪᠤᠯᠵᠢ ᠶᠢ ᠨᠢ ᠡᠷᠢᠵᠦ᠂ ᠬᠠᠮᠤᠭ ᠤᠨ ᠣᠬᠤᠷ ᠬᠤᠭᠤᠴᠠᠭ᠎ᠠ᠂ ᠬᠠᠮᠤᠭ ᠤᠨ ᠲᠦᠷᠭᠡᠨ ᠬᠤᠷᠳᠤᠴᠠ ᠪᠠᠷ ᠳᠠᠮᠵᠢᠭᠤᠯᠭ᠎ᠠ ᠶᠢᠨ ᠬᠡᠯᠬᠢᠶ᠎ᠡ ᠶᠢ ᠲᠠᠰᠤᠯᠵᠤ᠂ ᠨᠡᠶᠢᠭᠡᠮ ᠤᠨ ᠲᠠᠯ᠎ᠠ ᠶᠢᠨ ᠲᠡᠭ ᠪᠣᠯᠭᠠᠬᠤ ᠬᠠᠷᠠᠯᠲᠠ ᠶᠢ ᠲᠦᠷᠭᠡᠨ ᠪᠡᠶᠡᠯᠡᠭᠦᠯᠵᠦ᠂ ᠬᠤᠳᠠ ᠶᠢᠨ ᠲᠣᠭᠤᠷᠢᠭ ᠤᠨ ᠠᠮᠢᠵᠢᠷᠠᠯ ᠤᠨ ᠬᠦᠴᠦᠨ ᠢ ᠰᠡᠷᠭᠦᠭᠡᠭᠡᠷᠡᠢ ᠭᠡᠵᠦ ᠵᠣᠷᠢᠭᠵᠢᠭᠤᠯᠪᠠ᠃      ᠲᠠᠩ ᠢ ᠪᠠᠰᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠤ ᠬᠦᠷᠴᠦ ᠬᠠᠮᠢᠶ᠎ᠠ ᠪᠦᠬᠦᠢ ᠠᠵᠢᠯ ᠤᠨ ᠪᠠᠶᠢᠳᠠᠯ ᠢᠶᠠᠨ ᠲᠣᠬᠢᠷᠠᠭᠤᠯᠵᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号