︽ᠤᠳᠠ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠤᠳᠠ ᠵᠠᠰᠠᠭ ᠠᠯᠪᠠᠨ ᠲᠠᠷᠬᠠᠭᠠᠭᠰᠠᠨ 〔2022〕 26 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ | ︽ᠤᠳᠠ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2022 ᠣᠨ ᠤ 7 ᠰᠠᠷ᠎ᠠ ᠶᠢᠨ 4 ᠤ ᠡᠳᠦᠷ | ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ | ᠵᠠᠰᠠᠬᠤ ᠠᠵᠢᠯ ᠤᠨ ᠲᠥᠰᠥᠯ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ | ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ | ᠪᠦᠬᠦ ᠤᠯᠤᠰ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ | ᠰᠠᠨᠠᠭ᠎ᠠ ᠵᠢᠴᠢ ᠪᠥᠬᠦ ᠤᠯᠤᠰ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠢᠩᠬᠢᠮ ᠤᠨ ᠢᠯᠠ ᠲᠡᠮᠳᠡᠭ ᠤᠨ ᠴᠠᠬᠢᠯᠭᠠᠨ | ᠮᠡᠳᠡᠭᠡ ﹇2022﹈ 10 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ | ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 36 | ᠳ᠋ᠤᠭᠠᠷ ᠲᠣᠭᠠᠲᠤ︶᠂ ︽ᠦᠬᠠᠢ ᠬᠤᠲᠠ ᠶᠢᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠦᠬᠠᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠦᠬᠠᠢ ᠵᠠᠰᠠᠭ ᠠᠯᠪᠠᠨ | ᠲᠠᠷᠬᠠᠭᠠᠭᠰᠠᠨ ﹇2022﹈ 16 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ᠂ ᠬᠤᠨᠠᠨ ᠤ | ᠴᠠᠩᠱᠠ ᠶᠢᠨ ︽4 · 29︾ ᠤ ᠰᠠᠭᠤᠭᠠᠯᠢ ᠠᠷᠠᠳ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠨᠤᠷᠠᠭᠰᠠᠨ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠡᠶᠢᠮᠦᠷᠬᠦ ᠠᠳᠡᠯ ᠮᠠᠨ ᠤ ᠲᠤᠭᠤᠷᠢᠭ ᠲᠤ ᠭᠠᠷᠬᠤ ᠶᠢ ᠴᠢᠩᠭ᠎ᠠ | ᠰᠡᠷᠭᠡᠶᠢᠯᠡᠨ᠂ ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠤᠳᠠ ᠲᠣᠭᠤᠷᠢᠭ ᠤᠨ ᠬᠡᠪᠴᠢᠶᠡᠨ ᠳᠤ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠠᠷ ᠲᠣᠭᠲᠠᠵᠤ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠠᠶᠤᠯᠭᠦᠢ | ᠦᠢᠯᠡᠳᠪᠦᠷᠢᠯᠡᠯ ᠤᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ | ᠪᠤᠶ ᠪᠣᠯᠭᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠯᠠᠭᠠᠨ ᠱᠤᠭᠤᠮ ᠤᠨ ᠦᠵᠡᠯ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠷᠠᠭᠤᠯᠤᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠤᠶᠠᠷ ᠠᠴᠠ ᠵᠥᠷᠢᠴᠡᠭᠰᠡᠨ︾ ᠢ ᠢᠯᠭᠠᠷᠠᠭᠤᠯᠤᠨ ᠪᠠᠶᠢᠴᠠᠭᠠᠬᠤ ᠪᠠ | ᠪᠠᠶᠢᠭᠠᠯᠢ ᠶᠢᠨ ᠭᠠᠮᠰᠢᠭ ᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢᠶᠠᠷ ᠰᠠᠭᠤᠷᠢ ᠪᠣᠯᠭᠠᠨ᠂ ᠥᠪᠡᠰᠦᠪᠡᠨ ᠭᠡᠷ | ᠪᠠᠷᠢᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠭᠤᠣᠯᠳᠠᠯᠭ᠎ᠠ | ᠪᠣᠯᠭᠠᠵᠤ᠂ ᠤᠳᠠ ᠲᠣᠭᠤᠷᠢᠭ ᠤᠨ ᠬᠡᠪᠴᠢᠶᠡᠨ ᠳᠤ ᠥᠪᠡᠰᠦᠪᠡᠨ ᠭᠡᠷ ᠪᠠᠷᠢᠬᠤ ᠠᠮᠤᠷ ᠲᠦᠪᠰᠢᠨ ᠤ ᠬᠡᠮ ᠰᠣᠭᠤᠭ ᠢ | ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠶᠢ ᠳᠠᠷᠤᠶᠢᠬᠠᠨ ᠥᠷᠨᠢᠭᠦᠯᠦᠨ᠎ᠡ᠃ ︽ᠵᠠᠭᠤᠨ | ᠡᠳᠦᠷ ᠤᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠳᠤ | ᠠᠶᠤᠯ ᠬᠥᠨᠥᠭᠡᠯ ᠤᠴᠠᠷᠠᠭᠤᠯᠬᠤ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠲᠦᠷᠭᠡᠨ | ᠪᠠᠶᠢᠴᠠᠭᠠᠵᠤ ᠲᠦᠷᠭᠡᠨ ᠥᠭᠡᠷᠡᠴᠢᠯᠡᠵᠦ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠥᠭᠡᠷᠡᠴᠢᠯᠡᠵᠦ᠂ | ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ | ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | ︵ᠬᠤᠶᠠᠷ︶ ᠠᠵᠢᠯ ᠤᠨ ᠬᠠᠷᠠᠯᠲᠠ | ᠤᠳᠠ ᠲᠣᠭᠤᠷᠢᠭ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠬᠡᠮ ᠰᠣᠭᠤᠭ ᠢ ᠠᠷᠢᠯᠭᠠᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠥᠪᠡᠷ ᠢᠶᠠᠨ ᠪᠠᠷᠢᠭᠰᠠᠨ ᠭᠡᠷ | ᠪᠠᠶᠢᠰᠢᠩ ᠤᠨ ᠪᠠᠶᠢᠩᠭᠤᠵᠢᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ᠃ | ︵ᠭᠤᠷᠪᠠ︶ ᠦᠨᠳᠦᠰᠦᠨ ᠵᠠᠷᠴᠢᠮ | 1. ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ᠠᠷᠠᠳ ᠲᠦᠮᠡᠨ ᠤ ᠠᠮᠢ ᠨᠠᠰᠤ | ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠥᠪᠡᠷ ᠢᠶᠠᠨ ᠭᠡᠷ ᠪᠠᠶᠢᠰᠢᠩ ᠪᠠᠷᠢᠬᠤ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠣᠷᠣᠨ ᠤ ᠵᠠᠰᠠᠭ ᠤᠨ ᠣᠷᠳᠣᠨ ᠤ ᠣᠨ ᠤ ᠭᠤᠣᠯᠳᠠᠯᠭ᠎ᠠ ᠲᠠᠢ | ᠠᠵᠢᠯ ᠤᠨ ᠠᠭᠤᠯᠭ᠎ᠠ ᠳᠤ ᠣᠷᠣᠭᠤᠯᠤᠨ᠎ᠠ᠃ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠠᠲᠠᠭᠤ | ᠴᠢᠩᠭ᠎ᠠ ᠰᠤᠷᠲᠠᠯ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ | ᠳᠠᠶᠢᠴᠢᠯᠠᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠯᠵᠤ ᠮᠡᠳᠡᠭᠰᠡᠨ ᠠᠮᠤᠷ | ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ ᠰᠢᠢᠳᠪᠦᠷᠢᠯᠡᠨ᠂ | ᠥᠪᠡᠷ ᠢᠶᠠᠨ ᠭᠡᠷ ᠪᠠᠷᠢᠭᠰᠠᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠦᠨᠡᠨᠬᠦ | ᠰᠡᠷᠭᠡᠶᠢᠯᠡᠨ ᠠᠷᠢᠯᠭᠠᠬᠤ ᠬᠡᠷᠡᠭᠲᠡᠢ᠃ | 2. ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠬᠠᠷᠢᠶ᠎ᠠ ᠭᠠᠵᠠᠷ ᠲᠤᠨᠢ ᠬᠠᠷᠢᠭᠤᠴᠠᠭᠤᠯᠬᠤ ᠶᠢ | ᠪᠠᠷᠢᠮᠲᠠᠯᠠᠨ᠎ᠠ᠃ ᠪᠠᠯᠭᠠᠰᠤ᠂ ᠬᠡᠷᠡᠭ ᠡᠷᠬᠢᠯᠡᠬᠦ ᠭᠠᠵᠠᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠥᠪᠡᠷ ᠲᠡᠭᠡᠨ ᠭᠡᠷ ᠪᠠᠷᠢᠬᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠪᠣᠳᠠᠲᠠᠢ ᠬᠠᠷᠢᠭᠤᠴᠠᠵᠤ᠂ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠪᠥᠬᠦ ᠲᠠᠯ᠎ᠠ ᠪᠠᠷ ᠨᠢᠭᠡᠳᠦᠯᠲᠡᠢ ᠲᠥᠯᠥᠪᠯᠡᠨ ᠶᠡᠷᠦᠩᠬᠡᠶᠢᠯᠡᠨ ᠠᠳᠬᠤᠵᠤ᠂ ᠬᠠᠷᠢᠶ᠎ᠠ ᠭᠠᠵᠠᠷ ᠤᠨ | ᠨᠡᠶᠢᠭᠡᠮ ᠲᠣᠭᠤᠷᠢᠭ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠤᠰᠬᠠᠢ | ᠴᠡᠭᠴᠡᠯᠡᠨ ᠵᠠᠰᠠᠬᠤ ᠠᠵᠢᠯ ᠢ ᠬᠠᠮᠲᠤᠪᠠᠷ ᠲᠦᠯᠬᠢᠨ ᠠᠬᠢᠭᠤᠯᠵᠤ᠂ ᠲᠥᠷᠥᠯ ᠬᠤᠪᠢᠶᠠᠨ᠂ ᠠᠯᠬᠤᠮ ᠬᠤᠪᠢᠶᠠᠨ | ᠠᠬᠢᠭᠤᠯᠤᠨ᠎ᠠ᠃ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠪᠢᠳᠠᠨ | ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠵᠤ᠂ ᠪᠣᠳᠠᠲᠠᠢ | ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠃ | 3. ᠰᠠᠯᠠᠭ᠎ᠠ ᠮᠥᠴᠢᠷ ᠤᠳ ᠬᠠᠮᠵᠢᠯᠴᠠᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ | ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠪᠠ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ | ︾ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠳᠤ | ᠰᠠᠭᠤᠷᠢᠯᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠴᠤᠭᠭᠠᠷ ᠠᠳᠬᠤᠨ | ᠬᠠᠮᠲᠤᠪᠠᠷ ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠵᠡᠩᠨᠡᠯᠲᠡ ᠶᠢᠨ ᠴᠢᠨᠠᠷᠲᠠᠢ ᠥᠪᠡᠷ ᠲᠡᠭᠡᠨ ᠭᠡᠷ | ᠪᠠᠶᠢᠰᠢᠩ ᠪᠠᠷᠢᠬᠤ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ | 4. ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠨ᠎ᠠ᠃ | ᠥᠪᠡᠷᠲᠡᠭᠡᠨ ᠭᠡᠷ ᠪᠠᠶᠢᠰᠢᠩ ᠪᠠᠷᠢᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ | ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠤᠷᠢᠳᠠᠪᠠᠷ ᠪᠠᠴᠢᠮ ᠰᠡᠭᠦᠯ ᠳᠤᠨᠢ ᠬᠤᠶᠢᠰᠢᠯᠠᠭᠤᠯᠬᠤ᠂ ᠤᠷᠢᠳᠠᠪᠠᠷ ᠶᠡᠭᠡ | ᠰᠡᠭᠦᠯ ᠳᠤᠨᠢ ᠪᠠᠭ᠎ᠠ ᠪᠠᠶᠢᠯᠭᠠᠬᠤ᠂ ᠤᠷᠢᠳᠠᠪᠠᠷ ᠡᠵᠡᠩᠨᠡᠯᠲᠡ ᠶᠢᠨ ᠴᠢᠨᠠᠷᠲᠠᠢ ᠰᠡᠭᠦᠯ ᠳᠤᠨᠢ ᠪᠦᠬᠦᠨ ᠢ ᠬᠠᠮᠤᠷᠬᠤ︾ | ᠵᠠᠷᠴᠢᠮ ᠶᠣᠰᠣᠭᠠᠷ᠂ ᠡᠵᠡᠩᠨᠡᠯᠲᠡ ᠶᠢᠨ ᠴᠢᠨᠠᠷᠲᠠᠢ ᠥᠪᠡᠷᠲᠡᠭᠡᠨ ᠭᠡᠷ ᠪᠠᠶᠢᠰᠢᠩ ᠪᠠᠷᠢᠬᠤ ᠶᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ᠂ ᠴᠢᠩᠭ᠎ᠠ ᠪᠠᠶᠢᠴᠠᠭᠠᠵᠤ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ ᠵᠢᠴᠢ ᠬᠡᠷᠡᠭᠯᠡᠬᠦ ᠵᠡᠷᠭᠡ | ᠡᠯ᠎ᠡ ᠭᠤᠭᠴᠤᠭ᠎ᠠ ᠶᠢ ᠤᠷᠢᠳᠠᠪᠠᠷ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠲᠤᠰᠬᠠᠢ | ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ | 5. ᠥᠮᠴᠢᠯᠡᠯ ᠤᠨ ᠡᠷᠬᠡᠲᠦ ᠬᠥᠮᠥᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠷᠢᠮᠲᠠᠯᠠᠵᠤ᠂ ᠬᠠᠤᠯᠢ | ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠤᠨ᠎ᠠ᠃ ︽ᠬᠡᠨ ᠥᠮᠴᠢᠯᠡᠪᠡᠯ ᠬᠡᠨ ᠬᠠᠷᠢᠭᠤᠴᠠᠬᠤ᠂ ᠬᠡᠨ | ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠥᠪᠡᠷ ᠢᠶᠠᠨ ᠭᠡᠷ ᠪᠠᠷᠢᠬᠤ ᠥᠮᠴᠢᠯᠡᠯ ᠤᠨ ᠡᠷᠬᠡᠲᠦ | ᠬᠥᠮᠥᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠮᠴᠢᠯᠡᠯ ᠤᠨ ᠡᠷᠬᠡᠲᠦ | ᠬᠥᠮᠥᠨ ᠪᠠ ᠬᠡᠷᠡᠭᠯᠡᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠨᠢ ᠵᠢᠷᠤᠵᠤ ᠲᠥᠯᠥᠪᠯᠡᠭᠰᠡᠨ ᠬᠡᠷᠡᠭᠴᠡᠭᠡ ᠶᠣᠰᠣᠭᠠᠷ ᠭᠡᠷ | ᠪᠠᠶᠢᠰᠢᠩ ᠢ ᠬᠡᠷᠡᠭᠯᠡᠬᠦ ᠬᠡᠷᠡᠭᠲᠡᠢ᠂ ᠭᠡᠷ ᠪᠠᠶᠢᠰᠢᠩ ᠤᠨ ᠬᠡᠷᠡᠭᠯᠡᠬᠦ ᠴᠢᠳᠠᠮᠵᠢ ᠪᠠ ᠭᠤᠣᠯ ᠴᠣᠭᠴᠠ ᠶᠢᠨ ᠪᠦᠲᠦᠴᠡ ᠶᠢ | ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠣᠯᠵᠤ ᠮᠡᠳᠡᠭᠰᠡᠨ ᠭᠡᠷ ᠪᠠᠶᠢᠰᠢᠩ ᠤᠨ ᠠᠮᠤᠷ | ᠲᠦᠪᠰᠢᠨ ᠤ ᠬᠡᠮ ᠰᠣᠭᠤᠭ ᠲᠤ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠵᠦ ᠪᠠᠶᠢᠭ᠎ᠠ ᠬᠥᠮᠥᠨ ᠪᠦᠷᠢ ᠴᠥᠮ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠭᠤᠣᠯ ᠡᠭᠦᠷᠭᠡ | ︵ᠨᠢᠭᠡ︶ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ | 1. ᠵᠢᠭᠰᠠᠭᠠᠨ ᠪᠠᠶᠢᠴᠠᠭᠠᠬᠤ ᠬᠡᠪᠴᠢᠶ᠎ᠡ᠃ ᠤᠳᠠ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ | ᠬᠤᠲᠠ ᠬᠥᠳᠡᠭᠡ ᠶᠢᠨ ᠪᠣᠶ ᠪᠦᠬᠦᠢ ᠥᠪᠡᠰᠦᠪᠡᠨ ᠪᠠᠷᠢᠭᠰᠠᠨ ᠭᠡᠷ ᠪᠠᠶᠢᠰᠢᠩ᠂ ᠲᠠᠷᠢᠶᠠᠯᠠᠩ ᠳᠤ ᠬᠤᠯᠪᠣᠭᠳᠠᠬᠤ | ᠨᠡᠶᠢᠭᠡᠮ ᠲᠣᠭᠤᠷᠢᠭ ᠤᠨ ᠭᠡᠷ ᠪᠠᠶᠢᠰᠢᠩ ︵ᠵᠢᠭᠤᠯᠴᠢᠯᠠᠯ ᠤᠨ ᠦᠵᠡᠮᠵᠢ ᠶᠢᠨ ᠴᠡᠭ ᠪᠠᠭᠲᠠᠨ᠎ᠠ︶ ᠤᠨ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠂ ᠥᠨᠴᠥᠭ ᠪᠤᠯᠤᠩ ᠦᠯᠡᠳᠡᠭᠡᠬᠦ | ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠲᠠ ᠬᠥᠳᠡᠭᠡ ᠶᠢᠨ | ᠠᠭᠤᠯᠵᠠᠷ ᠬᠡᠰᠡᠭ᠂ ᠬᠤᠲᠠ ᠶᠢᠨ ᠳᠤᠮᠳᠠᠬᠢ ᠲᠣᠰᠬᠤᠨ᠂ ᠨᠤᠷᠠᠭᠠᠵᠤ ᠨᠡᠭᠦᠯᠭᠡᠵᠦ ᠲᠥᠪᠬᠢᠨᠡᠭᠦᠯᠬᠦ ᠲᠣᠭᠤᠷᠢᠭ᠂ | ᠰᠤᠷᠭᠠᠭᠤᠯᠢ ᠡᠮᠨᠡᠯᠭᠡ ᠶᠢᠨ ᠬᠤᠷᠢᠶ᠎ᠠ ᠶᠢᠨ ᠡᠷᠬᠢᠨ ᠲᠣᠭᠤᠷᠢᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠵᠡᠷᠭᠡ ᠣᠷᠣᠨ ᠪᠦᠰᠡ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠪᠠᠭᠤᠳᠠᠯ᠂ ᠵᠣᠴᠢᠳ ᠤᠨ ᠪᠠᠭᠤᠳᠠᠯ᠂ | ᠪᠠᠭᠤᠳᠠᠯ᠂ ᠲᠠᠷᠢᠶᠠᠴᠢᠨ ᠠᠶᠢᠯ ᠤᠨ ᠵᠤᠭᠠᠴᠠᠯ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠨᠠᠰᠤᠲᠠᠨ ᠢ ᠠᠰᠠᠷᠠᠬᠤ | ᠬᠦᠷᠢᠶᠡᠯᠡᠩ᠂ ᠵᠢᠵᠢᠭ ᠬᠤᠭᠤᠯᠠᠨ ᠰᠢᠷᠡᠭᠡ᠂ ᠬᠡᠦᠬᠡᠳ ᠤᠨ ᠴᠡᠴᠡᠷᠯᠢᠭ᠂ ᠬᠤᠪᠢ ᠬᠥᠮᠥᠨ ᠤ ᠺᠢᠨᠣ᠋ ᠶᠢᠨ ᠣᠷᠳᠣᠨ | ᠵᠡᠷᠭᠡ ᠬᠥᠮᠥᠨ ᠣᠯᠠᠨ ᠴᠤᠭᠯᠠᠷᠠᠬᠤ ᠶᠢ ᠲᠣᠪᠤᠶᠢᠯᠭᠠᠨ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ | ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠷᠢᠨ᠎ᠠ᠃ ᠡᠭᠦᠨ ᠤ ᠬᠠᠮᠲᠤ ᠪᠠᠰᠠ ᠦᠢᠯᠡᠳᠪᠦᠷᠢᠯᠡᠯ | ᠡᠵᠡᠩᠨᠡᠯᠲᠡ ᠳᠤ ᠬᠡᠷᠡᠭᠯᠡᠬᠦ ᠲᠦᠷ ᠴᠠᠭ ᠤᠨ ᠴᠢᠨᠠᠷᠲᠠᠢ ᠪᠠᠷᠢᠯᠭ᠎ᠠ ᠳᠤ ᠠᠶᠤᠯᠭᠦᠢ ᠶᠢᠨ ᠲᠠᠯᠳᠠ ᠭᠡᠮ ᠤᠨ ᠲᠤᠰᠬᠠᠢ | ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ | 2. ᠵᠢᠭᠰᠠᠭᠠᠨ ᠪᠠᠶᠢᠴᠠᠭᠠᠬᠤ ᠠᠭᠤᠯᠭ᠎ᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠥᠪᠡᠷ ᠲᠡᠭᠡᠨ ᠭᠡᠷ ᠪᠠᠷᠢᠭᠰᠠᠨ | ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠴᠢᠨᠠᠷ ︵ᠭᠠᠵᠠᠷ ᠰᠢᠷᠣᠢ᠂ ᠲᠥᠯᠦᠪᠵᠢᠭᠦᠯᠭᠡ᠂ ᠪᠦᠲᠦᠭᠡᠨ | ᠪᠠᠶᠢᠭᠤᠯᠤᠯᠲᠠ ᠵᠡᠷᠭᠡ︶᠂ ᠪᠦᠲᠦᠴᠡ ᠶᠢᠨ ᠠᠮᠤᠷ ᠲᠦᠪᠰᠢᠨ ᠤ ᠴᠢᠨᠠᠷ ︵ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ | ᠂ ᠬᠡᠷᠡᠭᠯᠡᠬᠦ ᠵᠡᠷᠭᠡ︶᠂ ᠡᠵᠡᠩᠨᠡᠯᠲᠡ ᠶᠢᠨ ᠠᠮᠤᠷ ᠲᠦᠪᠰᠢᠨ ᠤ ᠴᠢᠨᠠᠷ ︵ᠡᠯ᠎ᠡ ᠲᠥᠷᠥᠯ ᠤᠨ ᠡᠵᠡᠩᠨᠡᠯᠲᠡ ᠶᠢᠨ | ᠵᠥᠪᠰᠢᠶᠡᠷᠡᠯ᠂ ᠲᠠᠯᠠᠪᠤᠷ ᠭᠠᠵᠠᠷ ᠤᠨ ᠠᠮᠤᠷ ᠲᠦᠪᠰᠢᠨ ᠤ ᠱᠠᠭᠠᠷᠳᠠᠯᠭ᠎ᠠ ᠵᠡᠷᠭᠡ︶᠂ ᠭᠠᠯ ᠤᠨᠲᠠᠷᠠᠭᠠᠬᠤ ᠠᠮᠤᠷ | ᠲᠦᠪᠰᠢᠨ ᠤ ᠴᠢᠨᠠᠷ ︵ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠠᠪᠬᠤ᠂ ᠬᠠᠮᠠᠭᠠᠯᠠᠬᠤ᠂ ᠬᠡᠷᠡᠭᠯᠡᠬᠦ | ᠵᠡᠷᠭᠡ︶ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ᠃ | 3. ᠵᠢᠭᠰᠠᠭᠠᠨ ᠪᠠᠶᠢᠴᠠᠭᠠᠬᠤ ᠠᠷᠭ᠎ᠠ ᠮᠠᠶ᠋ᠢᠭ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ︽ᠬᠥᠨᠳᠡᠯᠡᠨ | ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠶᠠᠪᠤᠭᠤᠯᠬᠤ︾᠂ ︽ | ᠡᠷᠦᠬᠡ ᠪᠦᠷᠢ ᠶᠢᠨ ᠳᠡᠰ ᠳᠠᠷᠠᠭᠠᠯᠠᠯ ᠢ ᠳᠠᠷᠠᠭᠠᠯᠠᠨ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ︾ ᠪᠠᠶᠢᠬᠤ | ᠱᠠᠭᠠᠷᠳᠠᠯᠭ᠎ᠠ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯ | ᠲᠥᠷᠥᠯ ᠤᠨ ᠳᠣᠲᠣᠷᠠᠬᠢ ᠪᠤᠶ ᠪᠦᠬᠦᠢ ᠥᠪᠡᠷ ᠢᠶᠠᠨ ᠪᠠᠷᠢᠭᠰᠠᠨ ᠭᠡᠷ ᠪᠠᠶᠢᠰᠢᠩ ᠳᠤ ᠲᠣᠣᠷ ᠲᠠᠲᠠᠬᠤ ᠮᠠᠶ᠋ᠢᠭ ᠤᠨ᠂ | ᠬᠡᠪᠢᠰ ᠤᠨ ᠮᠠᠶ᠋ᠢᠭ ᠤᠨ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ | ᠥᠮᠴᠢᠯᠡᠯ ᠤᠨ ᠡᠷᠬᠡᠲᠦ ᠬᠥᠮᠥᠨ ᠨᠢᠭᠡᠪᠦᠷᠢ ᠶᠢᠨ ᠥᠪᠡᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠤᠰᠬᠠᠢ | ᠮᠡᠷᠭᠡᠵᠢᠯ ᠤᠨ ᠠᠵᠢᠯᠲᠠᠨ ᠤ ᠬᠦᠴᠦᠨ ᠣᠷᠣᠯᠴᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠳᠤ | ᠠᠩᠬ᠎ᠠ ᠠᠯᠬᠤᠮ ᠤᠨ ᠮᠠᠭᠠᠳᠯᠠᠯᠲᠠ ᠬᠢᠵᠦ᠂ ᠭᠡᠷ ᠪᠠᠶᠢᠰᠢᠩ ᠪᠠᠷᠢᠬᠤ ᠴᠠᠭ᠂ ᠪᠦᠲᠦᠴᠡ ᠶᠢᠨ ᠲᠥᠷᠥᠯ ᠬᠡᠯᠪᠡᠷᠢ᠂ | ᠪᠠᠷᠢᠬᠤ ᠠᠷᠭ᠎ᠠ ᠬᠡᠯᠪᠡᠷᠢ᠂ ᠠᠮᠤᠷ ᠲᠦᠪᠰᠢᠨ ᠤ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠡᠵᠡᠮᠰᠢᠵᠦ᠂ ᠪᠥᠬᠦ | ᠤᠯᠤᠰ ᠤᠨ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠪᠠᠶᠢᠴᠠᠭᠠᠯᠲᠠ ᠶᠢᠨ | ᠰᠢᠰᠲ᠋ᠧᠮ ︱ ᠬᠤᠲᠠ ᠬᠥᠳᠡᠭᠡ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ | ᠴᠢᠳᠠᠮᠵᠢ ᠶᠢᠨ ᠬᠡᠰᠡᠭ ᠲᠤ ᠣᠷᠣᠭᠤᠯᠬᠤ ᠶᠢᠨ ᠬᠠᠮᠲᠤ ︽ᠳᠥᠷᠪᠡᠨ ᠡᠬᠡ ᠲᠠᠩᠰᠠ︾ ᠶᠢ ᠡᠮᠬᠢᠯᠡᠵᠦ ᠪᠣᠶ ᠪᠣᠯᠭᠠᠨ᠎ᠠ᠂ | ᠲᠤᠬᠠᠶᠢᠯᠠᠪᠠᠯ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠰᠠᠭᠤᠷᠢ ᠮᠡᠳᠡᠭᠡ ᠵᠠᠩᠭᠢ ᠶᠢᠨ ᠡᠬᠡ ᠲᠠᠩᠰᠠ᠂ ᠠᠶᠤᠯ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠬᠡ ᠲᠠᠩᠰᠠ᠂ ᠭᠤᠣᠯᠳᠠᠯᠭ᠎ᠠ ᠲᠠᠢ ᠭᠡᠷ ᠪᠠᠶᠢᠰᠢᠩ ᠤᠨ | ᠬᠢᠨᠠᠨ ᠡᠵᠡᠮᠳᠡᠬᠦ ᠡᠬᠡ ᠲᠠᠩᠰᠠ ᠪᠠ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠡᠬᠡ ᠲᠠᠩᠰᠠ ᠶᠢ | ᠡᠮᠬᠢᠯᠡᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠤᠳᠠ ᠲᠣᠭᠤᠷᠢᠭ ᠤᠨ ᠭᠡᠷ | ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠶᠢᠨ ᠨᠠᠷᠠᠲᠤ ᠬᠥᠮᠥᠷᠭᠡ ᠪᠠ ᠲᠤᠰᠬᠠᠢ | ᠮᠡᠷᠭᠡᠵᠢᠯᠲᠡᠨ ᠤ ᠨᠡᠷᠡᠰ ᠢ ᠨᠡᠶᠢᠲᠡᠯᠡᠵᠦ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠤᠰᠬᠠᠢ ᠮᠡᠷᠭᠡᠵᠢᠯ ᠤᠨ ᠬᠦᠴᠦᠨ ᠳᠤ | ᠭᠦᠢᠴᠡᠳ ᠲᠦᠰᠢᠭᠯᠡᠨ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠪᠠ ᠳᠠᠯᠳᠠ ᠬᠡᠮ ᠢ ᠠᠩᠬ᠎ᠠ ᠠᠯᠬᠤᠮ ᠮᠠᠭᠠᠳᠯᠠᠨ ᠲᠣᠭᠲᠠᠭᠠᠬᠤ ᠶᠢ ᠥᠷᠨᠢᠭᠦᠯᠵᠦ᠂ | ᠪᠠᠶᠢᠴᠠᠭᠠᠨ ᠭᠠᠷᠭᠠᠬᠤ᠂ ᠠᠩᠬ᠎ᠠ ᠠᠯᠬᠤᠮ ᠮᠠᠭᠠᠳᠯᠠᠨ ᠲᠣᠭᠲᠠᠭᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ | ᠠᠯᠬᠤᠮ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠪᠠᠶᠢᠴᠠᠭᠠᠯᠲᠠ ᠬᠢᠬᠦ ᠪᠤᠶᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ︽ᠬᠤᠣᠰ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ︾ ᠶᠢ ᠥᠷᠨᠢᠭᠦᠯᠵᠦ᠂ ᠬᠢᠨᠠᠨ | ᠲᠣᠭᠲᠠᠭᠠᠬᠤ ᠪᠠᠶᠢᠭᠤᠯᠤᠮᠵᠢ ᠶᠢ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ | ᠬᠢᠨᠠᠨ ᠲᠣᠭᠲᠠᠭᠠᠬᠤ ᠶᠠᠰᠤ ᠴᠢᠨᠠᠷ ᠤᠨ ᠡᠵᠡᠮᠳᠡᠯ ᠪᠠ ᠬᠠᠮᠢᠶᠠᠷᠤᠯᠲᠠ ᠶᠢ ᠴᠢᠩᠳᠠᠯᠠᠵᠤ᠂ ᠬᠢᠨᠠᠨ ᠲᠣᠭᠲᠠᠭᠠᠬᠤ | ᠪᠠᠶᠢᠭᠤᠯᠤᠮᠵᠢ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ | ᠬᠠᠭᠤᠷᠮᠠᠭ ᠢᠶᠠᠷ ᠵᠣᠬᠢᠶᠠᠬᠤ ᠶᠢ ᠡᠷᠡᠰ ᠬᠤᠷᠢᠭᠯᠠᠬᠤ ᠬᠡᠷᠡᠭᠲᠡᠢ᠃ | ︵ᠬᠤᠶᠠᠷ︶ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠨ᠎ᠡ | ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠬᠠᠷᠢᠶ᠎ᠠ ᠣᠷᠣᠨ ᠪᠠ ᠬᠢᠨᠠᠨ ᠬᠠᠮᠢᠶᠠᠷᠬᠤ ᠬᠦᠷᠢᠶ᠎ᠡ ᠴᠠᠷᠠᠭ᠎ᠠ ᠶᠢᠨ ᠪᠣᠶ | ᠪᠦᠬᠦᠢ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠶᠢᠰᠢᠩ ᠪᠠᠷᠢᠬᠤ ᠳᠤ ︽ᠵᠠᠭᠤᠨ ᠡᠳᠦᠷ ᠤᠨ ᠠᠵᠢᠯᠯᠠᠭ᠎ᠠ︾ | ᠶᠢ ᠲᠥᠪᠯᠡᠷᠡᠭᠦᠯᠦᠨ ᠥᠷᠨᠢᠭᠦᠯᠵᠦ᠂ ᠠᠵᠢᠯᠲᠠᠨ ᠨᠢᠭᠲᠠᠷᠠᠭᠰᠠᠨ᠂ ᠲᠣᠭᠲᠠᠭᠠᠯ ᠠᠴᠠ ᠵᠥᠷᠢᠴᠡᠨ ᠥᠭᠡᠷᠡᠴᠢᠯᠡᠵᠦ | ᠥᠷᠭᠡᠳᠬᠡᠨ ᠪᠠᠶᠢᠭᠤᠯᠤᠭᠰᠠᠨ ᠵᠡᠷᠭᠡ ᠬᠦᠨᠳᠦ ᠶᠡᠭᠡ ᠠᠮᠤᠷ ᠲᠦᠪᠰᠢᠨ ᠤ ᠠᠳᠡᠯ ᠠᠮᠠᠷᠬᠠᠨ ᠪᠣᠶ ᠪᠣᠯᠬᠤ | ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠶᠢᠰᠢᠩ ᠪᠠᠷᠢᠬᠤ ᠲᠦᠭᠰᠢᠭᠦᠷᠢ ᠶᠢᠨ ᠳᠠᠯᠳᠠ ᠬᠡᠮ ᠢ | ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ︽ᠵᠠᠭᠤᠨ ᠡᠳᠦᠷ ᠤᠨ ᠠᠵᠢᠯᠯᠠᠭ᠎ᠠ︾ ᠶᠢ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠵᠤ᠂ | ᠠᠵᠢᠯᠯᠠᠭᠠᠨ ᠤ ᠬᠠᠷᠠᠯᠲᠠ ᠪᠠᠨ ᠲᠣᠳᠣᠷᠬᠠᠶᠢᠯᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ | ᠲᠣᠭᠲᠠᠭᠠᠵᠤ᠂ ᠬᠠᠷᠢᠭᠤᠴᠠᠯᠭ᠎ᠠ ᠪᠠᠨ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠠᠯᠢ ᠲᠦᠷᠭᠡᠨ ᠢᠶᠠᠷ ᠢᠯᠡᠳᠲᠡ | ᠠᠬᠢᠴᠠ ᠲᠠᠢ ᠪᠣᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ | ᠪᠠᠷᠢᠬᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠠᠩᠬ᠎ᠠ ᠠᠯᠬᠤᠮ | ᠮᠠᠭᠠᠳᠯᠠᠨ ᠲᠣᠭᠲᠠᠭᠠᠵᠤ᠂ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠲᠥᠷᠥᠯ ᠬᠤᠪᠢᠶᠠᠨ ᠴᠡᠭᠴᠡᠯᠡᠨ | ᠵᠠᠰᠠᠬᠤ ᠶᠢ ᠬᠡᠷᠡᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠬᠦᠨᠳᠦ ᠨᠣᠴᠢᠲᠠᠢ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ᠂ ᠡᠵᠡᠩᠨᠡᠬᠦ ᠪᠠ ᠬᠡᠷᠡᠭᠯᠡᠬᠦ ᠨᠥᠬᠦᠴᠡᠯ ᠢ | ᠪᠦᠷᠢᠯᠳᠦᠭᠦᠯᠦᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠬᠡᠷᠡᠭᠯᠡᠬᠦ ᠶᠢ ᠨᠢ ᠵᠣᠭᠰᠤᠭᠠᠬᠤ ᠵᠡᠷᠭᠡ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠶᠢᠬᠠᠨ ᠠᠪᠴᠤ᠂ ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ ᠰᠠᠭᠤᠬᠤ | ᠦᠭᠡᠢ᠂ ᠬᠥᠮᠥᠨ ᠨᠤᠷᠠᠬᠤ ᠠᠶᠤᠯᠲᠠᠢ ᠭᠡᠷ ᠪᠠᠶᠢᠰᠢᠩ ᠳᠤ ᠣᠷᠣᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠮᠤᠷ | ᠲᠦᠪᠰᠢᠨ ᠤ ᠳᠠᠯᠳᠠ ᠬᠡᠮ ᠢ ᠲᠤᠶᠢᠯᠪᠤᠷᠢᠲᠠᠢ ᠠᠷᠢᠯᠭᠠᠬᠤ ᠠᠴᠠ ᠡᠮᠦᠨ᠎ᠡ ᠰᠡᠷᠭᠦᠭᠡᠨ ᠬᠡᠷᠡᠭᠯᠡᠵᠦ ᠪᠣᠯᠬᠤ ᠦᠭᠡᠢ᠃ | ︵ᠭᠤᠷᠪᠠ︶ ᠲᠠᠯᠳᠠ ᠭᠡᠮ ᠢ ᠲᠤᠶᠢᠯᠪᠤᠷᠢᠲᠠᠢ ᠴᠡᠭᠴᠡᠯᠡᠨ ᠵᠠᠰᠠᠬᠤ ᠬᠡᠷᠡᠭᠲᠡᠢ | 1. ᠲᠥᠷᠥᠯ ᠬᠤᠪᠢᠶᠠᠨ ᠰᠢᠢᠳᠪᠦᠷᠢᠯᠡᠨ᠎ᠡ᠃ ᠥᠪᠡᠷᠲᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠲᠤᠰᠬᠠᠢ ᠮᠡᠷᠭᠡᠵᠢᠯ ᠤᠨ | ᠬᠦᠴᠦᠨ ᠢ ᠵᠣᠬᠢᠶᠠᠨ ᠪᠠᠶᠢᠭᠤᠯᠵᠤ᠂ ᠠᠩᠬ᠎ᠠ ᠠᠯᠬᠤᠮ ᠤᠨ ᠮᠠᠭᠠᠳᠯᠠᠯᠲᠠ ᠳᠤ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠭ᠎ᠠ ᠥᠪᠡᠷᠲᠡᠭᠡᠨ ᠪᠠᠷᠢᠭᠰᠠᠨ ᠭᠡᠷ ᠪᠠᠶᠢᠰᠢᠩ ᠳᠤ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠵᠦ᠂ | ᠬᠢᠨᠠᠨ ᠲᠣᠭᠲᠠᠭᠠᠯᠲᠠ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠥᠪᠡᠰᠦᠪᠡᠨ ᠪᠠᠷᠢᠭᠰᠠᠨ ᠭᠡᠷ | ᠪᠠᠶᠢᠰᠢᠩ ᠢ ᠪᠦᠬᠦᠨ ᠢ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠲᠤᠰᠬᠠᠢ | ᠴᠡᠭᠴᠡᠯᠡᠨ ᠵᠠᠰᠠᠬᠤ ︽ᠳᠥᠷᠪᠡᠨ ᠨᠠᠷᠢᠨ ᠬᠠᠭᠤᠳᠠᠰᠤ︾ ᠶᠢ ᠨᠢᠭᠡ ᠨᠢᠭᠡ ᠪᠠᠷ ᠪᠠᠶᠢᠭᠤᠯᠵᠤ᠂ ᠠᠰᠠᠭᠤᠳᠠᠯ ᠤᠨ ᠨᠠᠷᠢᠨ | ᠬᠠᠭᠤᠳᠠᠰᠤ᠂ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ | ᠬᠠᠷᠭᠤᠭᠤᠯᠤᠨ ᠪᠠᠶᠢᠴᠠᠭᠠᠵᠤ ᠰᠢᠯᠭᠠᠨ ᠠᠪᠬᠤ ᠨᠠᠷᠢᠨ ᠬᠠᠭᠤᠳᠠᠰᠤ ᠶᠢ ᠨᠢᠭᠡᠳ ᠨᠢᠭᠡ ᠪᠠᠷ ᠪᠠᠶᠢᠭᠤᠯᠵᠤ᠂ ᠳ᠋ᠤᠭᠠᠷ ᠢ | ᠨᠢ ᠬᠠᠰᠤᠬᠤ ᠬᠠᠮᠢᠶᠠᠷᠤᠯᠲᠠ ᠪᠠ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠨᠢᠭᠡ ᠡᠷᠦᠬᠡ᠂ | ᠨᠢᠭᠡ ᠡᠷᠦᠬᠡ ᠶᠢ ᠨᠢ ᠬᠠᠰᠤᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠷᠢᠳ ᠢᠶᠠᠷ ᠪᠠᠴᠢᠮ᠂ ᠳᠠᠷᠠᠭ᠎ᠠ ᠨᠢ ᠠᠯᠭᠤᠷ᠂ | ᠤᠷᠢᠳ ᠢᠶᠠᠷ ᠶᠡᠭᠡ᠂ ᠳᠠᠷᠠᠭ᠎ᠠ ᠨᠢ ᠪᠠᠭ᠎ᠠ᠂ ᠲᠥᠷᠥᠯ ᠬᠤᠪᠢᠶᠠᠨ ᠰᠢᠢᠳᠪᠦᠷᠢᠯᠡᠬᠦ ᠵᠠᠷᠴᠢᠮ ᠢ ᠪᠠᠷᠢᠮᠲᠠᠯᠠᠵᠤ᠂ | ᠪᠦᠲᠦᠴᠡ ᠶᠢᠨ ᠨᠤᠷᠠᠬᠤ ᠠᠶᠤᠯ ᠲᠦᠭᠰᠢᠭᠦᠷᠢ ᠣᠷᠣᠰᠢᠵᠤ᠂ ᠣᠯᠠᠨ ᠨᠡᠶᠢᠲᠡ ᠶᠢᠨ ᠠᠮᠤᠷ ᠲᠦᠪᠰᠢᠨ ᠢ | ᠰᠦᠷᠳᠡᠭᠦᠯᠦᠭᠰᠡᠨ ᠪᠠᠶᠢᠪᠠᠯ᠂ ᠭᠡᠷ ᠪᠠᠶᠢᠰᠢᠩ ᠤᠨ ᠳᠣᠲᠣᠷᠠᠬᠢ ᠪᠠ ᠡᠷᠬᠢᠨ ᠲᠣᠭᠤᠷᠢᠨ ᠤ ᠣᠯᠠᠨ ᠲᠦᠮᠡᠨ ᠢ | ᠳᠠᠷᠤᠶᠢᠬᠠᠨ ᠬᠡᠷᠡᠭᠯᠡᠬᠦ ᠶᠢ ᠨᠢ ᠵᠣᠭᠰᠤᠭᠠᠬᠤ ᠶᠢᠨ ᠬᠠᠮᠲᠤ ᠲᠠᠷᠬᠠᠭᠠᠵᠤ᠂ ᠪᠢᠲᠡᠭᠦᠮᠵᠢᠯᠡᠨ ᠰᠢᠢᠳᠪᠦᠷᠢᠯᠡᠵᠦ᠂ | ᠲᠤᠬᠠᠢ ᠶᠢᠨ ᠲᠠᠯᠠᠪᠤᠷ ᠲᠤᠨᠢ ᠠᠶᠤᠯ ᠲᠦᠭᠰᠢᠭᠦᠷᠢ ᠶᠢ ᠠᠷᠢᠯᠭᠠᠨ᠂ ᠨᠤᠷᠠᠭᠠᠬᠤ ᠶᠣᠰᠣᠲᠠᠢ ᠶᠢ ᠨᠢ ᠬᠠᠤᠯᠢ ᠶᠣᠰᠣᠭᠠᠷ | ᠨᠤᠷᠠᠭᠠᠬᠤ ᠬᠡᠷᠡᠭᠲᠡᠢ︔ ᠵᠢᠷᠤᠭ ᠲᠥᠯᠥᠪᠯᠡᠭᠡ ᠶᠢᠨ ᠪᠠᠷᠢᠯᠭ᠎ᠠ ᠶᠢᠨ ᠠᠵᠢᠯ ᠤᠨ ᠬᠡᠮ ᠰᠣᠭᠤᠭ ᠣᠷᠣᠰᠢᠵᠤ ᠬᠠᠷᠠᠬᠠᠨ | ᠨᠤᠷᠠᠵᠤ ᠶᠡᠭᠦᠷᠡᠬᠦ ᠵᠡᠷᠭᠡ ᠲᠦᠭᠰᠢᠭᠦᠷᠢ ᠦᠭᠡᠢ ᠪᠠᠶᠢᠪᠠᠯ᠂ ᠪᠠᠬᠢᠵᠢᠭᠦᠯᠬᠦ᠂ ᠬᠡᠷᠡᠭᠴᠡᠭᠡ ᠶᠢ ᠨᠢ ᠬᠢᠵᠠᠭᠠᠷᠯᠠᠬᠤ ᠵᠡᠷᠭᠡ | ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ︔ ᠡᠩ ᠤᠨ ᠴᠢᠨᠠᠷᠲᠠᠢ ᠳᠠᠯᠳᠠ ᠬᠡᠮ ᠢ ᠲᠡᠷᠡ ᠳᠠᠷᠤᠢ ᠳᠤᠨᠢ ᠪᠠᠶᠢᠴᠠᠭᠠᠨ | ᠵᠠᠰᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ︔ | ᠭᠡᠷ ᠪᠠᠶᠢᠰᠢᠩ ᠪᠠᠷᠢᠬᠤ ᠠᠴᠠ ᠪᠣᠯᠵᠤ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠳᠠᠯᠳᠠ ᠬᠡᠮ ᠢ ᠪᠣᠶ ᠪᠣᠯᠭᠠᠭᠰᠠᠨ | ᠪᠠᠶᠢᠪᠠᠯ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠢᠨᠵᠧᠨᠧᠷᠢᠩ ᠢ ᠵᠠᠰᠠᠬᠤ᠂ ᠵᠠᠶᠢᠯᠠᠵᠤ ᠨᠡᠭᠦᠯᠭᠡᠬᠦ ᠵᠡᠷᠭᠡ ᠠᠷᠭ᠎ᠠ | ᠬᠡᠮᠵᠢᠶ᠎ᠡ ᠶᠢ ᠠᠪᠴᠤ᠂ ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠠᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠢ᠃ | 2. ᠴᠡᠭᠴᠡᠯᠡᠨ ᠰᠠᠶᠢᠵᠢᠷᠠᠭᠤᠯᠵᠤ ᠳ᠋ᠤᠭᠠᠷᠯᠠᠯ ᠢ ᠬᠦᠴᠦᠨ ᠦᠭᠡᠢ ᠪᠣᠯᠭᠠᠨ᠎ᠠ᠃ ᠴᠡᠭᠴᠡᠯᠡᠨ ᠰᠠᠶᠢᠵᠢᠷᠠᠭᠤᠯᠵᠤ | ᠳᠠᠭᠤᠰᠤᠭᠰᠠᠨ ᠥᠪᠡᠰᠦᠪᠡᠨ ᠪᠠᠷᠢᠭᠰᠠᠨ ᠭᠡᠷ ᠪᠠᠶᠢᠰᠢᠩ ᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ | ᠲᠦᠷᠦᠭᠦᠯᠡᠭᠦᠯᠦᠨ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠵᠢᠴᠢ ᠬᠠᠷᠢᠶ᠎ᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠵᠡᠷᠭᠡ ᠰᠠᠯᠠᠭ᠎ᠠ | ᠮᠥᠴᠢᠷ ᠤᠳ ᠣᠷᠣᠯᠴᠠᠵᠤ᠂ ᠬᠠᠮᠲᠤᠪᠠᠷ ᠰᠢᠯᠭᠠᠨ ᠠᠪᠴᠤ ᠪᠠᠷᠢᠮᠵᠢᠶ᠎ᠠ ᠳᠤ ᠬᠦᠷᠦᠭᠦᠯᠦᠭᠰᠡᠨ ᠤ ᠳᠠᠷᠠᠭ᠎ᠠ ᠳ᠋ᠤᠭᠠᠷ ᠢ | ᠨᠢ ᠬᠠᠰᠤᠬᠤ ᠬᠡᠷᠡᠭᠲᠡᠢ᠃ | ︵ᠳᠥᠷᠪᠡ︶ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ | ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠬᠦᠴᠦ ᠪᠠᠨ ᠬᠠᠮᠲᠤᠳᠬᠠᠨ ᠠᠬᠢᠭᠤᠯᠬᠤ | ᠬᠡᠷᠡᠭᠲᠡᠢ᠃ | ᠲᠤᠭᠤᠷᠢᠭ ᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ ᠨᠢ ᠱᠠᠰᠢᠨ ᠰᠤᠷᠲᠠᠬᠤᠨ ᠤ | ᠠᠵᠢᠯᠯᠠᠭ᠎ᠠ ᠶᠢᠨ ᠲᠠᠯᠠᠪᠤᠷ ᠭᠠᠵᠠᠷ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ | ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | ᠤᠯᠠᠭᠠᠨᠨᠠᠭᠤᠷ ᠪᠠᠯᠭᠠᠰᠤ ᠳᠤ᠂ ᠡᠯ᠎ᠡ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠡᠯ᠎ᠡ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠠᠴᠠ ᠭᠠᠳᠠᠨᠠᠬᠢ ᠥᠪᠡᠷ ᠲᠡᠭᠡᠨ ᠪᠠᠷᠢᠭᠰᠠᠨ ᠭᠡᠷ | ᠪᠠᠶᠢᠰᠢᠩ ᠢ ᠪᠦᠬᠦ ᠲᠠᠯ᠎ᠠ ᠪᠠᠷ ᠣᠶᠢᠯᠠᠭᠠᠵᠤ ᠵᠢᠭᠰᠠᠭᠠᠨ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠠᠷᠢᠭᠤᠴᠠᠵᠤ᠂ | ᠲᠤᠰᠬᠠᠢ ᠲᠦᠷᠦᠯ ᠤᠨ ᠣᠶᠢᠯᠠᠭᠠᠵᠤ ᠵᠢᠭᠰᠠᠭᠠᠨ ᠴᠡᠭᠴᠡᠯᠡᠨ ᠵᠠᠰᠠᠬᠤ ᠠᠵᠢᠯᠲᠠᠨ ᠢ ᠲᠣᠬᠢᠷᠠᠭᠤᠯᠵᠤ᠂ ᠡᠯ᠎ᠡ ᠰᠠᠯᠠᠭ᠎ᠠ | ᠮᠥᠴᠢᠷ ᠯᠦᠭᠡ ᠢᠳᠡᠪᠬᠢᠲᠡᠢ ᠬᠠᠮᠵᠢᠯᠴᠠᠵᠤ᠂ ᠨᠡᠶᠢᠭᠡᠮ ᠲᠣᠭᠤᠷᠢᠭ᠂ ᠠᠳᠠᠯ ᠠᠬᠤᠢ ᠶᠢᠨ ᠺᠣᠮᠫᠠᠨᠢ ᠶᠢᠨ ᠬᠦᠴᠦᠨ ᠢ | ᠳᠠᠶᠢᠴᠢᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠵᠠᠷᠤᠳᠠᠯ ᠳᠤ ᠳᠡᠮᠵᠢᠯᠭᠡ ᠦᠵᠡᠭᠦᠯᠬᠦ ᠶᠢ ᠬᠠᠷᠢᠭᠤᠴᠠᠨ᠎ᠠ᠃ | ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠨᠢ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ | ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ ᠲᠤ ᠬᠡᠷᠡᠭᠯᠡᠬᠦ ᠭᠡᠷ ᠪᠠᠶᠢᠰᠢᠩ ᠤᠨ ᠠᠮᠤᠷ ᠲᠦᠪᠰᠢᠨ ᠤ ᠬᠠᠷᠢᠭᠤᠴᠠᠯᠭᠠᠲᠠᠨ ᠳᠤ ᠲᠤᠰᠬᠠᠢ ᠴᠡᠭᠴᠡᠯᠡᠨ ᠵᠠᠰᠠᠬᠤ | ᠠᠵᠢᠯ ᠥᠷᠨᠢᠭᠦᠯᠦᠨ᠎ᠡ᠃ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠡᠯ᠎ᠡ ᠲᠥᠷᠥᠯ ᠤᠨ ᠰᠤᠷᠭᠠᠭᠤᠯᠢ ︵ᠬᠡᠦᠬᠡᠳ ᠤᠨ | ᠴᠡᠴᠡᠷᠯᠢᠭ︶ ᠶᠢᠨ ᠵᠢᠭᠠᠨ ᠰᠤᠷᠭᠠᠯᠲᠠ ᠵᠢᠴᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠰᠤᠷᠭᠠᠨ | ᠬᠥᠮᠦᠵᠢᠯ ᠤᠨ ᠪᠠᠶᠢᠭᠤᠯᠤᠮᠵᠢ ᠶᠢᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ | ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠰᠢᠮᠳᠠᠭᠤᠯᠤᠨ ᠵᠢᠯᠤᠭᠤᠳᠤᠨ᠎ᠠ᠃ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠲᠠᠨ ᠢ ᠠᠰᠠᠷᠠᠬᠤ ᠬᠦᠷᠢᠶᠡᠯᠡᠩ ᠪᠣᠯᠣᠨ | ᠠᠰᠠᠷᠠᠮᠵᠢ ᠶᠢᠨ ᠬᠦᠷᠢᠶᠡᠯᠡᠩ ᠵᠡᠷᠭᠡ ᠪᠠᠶᠢᠭᠤᠯᠤᠮᠵᠢ ᠶᠢᠨ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ | ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠠᠷᠢᠭᠤᠴᠠᠨ᠎ᠠ | ᠃ | ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ | ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠪᠠ᠃ | ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠵᠢᠭᠤᠯᠴᠢᠯᠠᠯ ᠤᠨ | ᠦᠵᠡᠮᠵᠢ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠰᠣᠶᠣᠯ ᠤᠨ | ᠲᠠᠯᠠᠪᠤᠷ ᠣᠷᠳᠣᠨ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠺᠢᠨᠣ᠋ ᠶᠢᠨ ᠣᠷᠳᠣᠨ ᠵᠡᠷᠭᠡ ᠬᠦᠷᠢᠶ᠎ᠡ | ᠬᠡᠪᠴᠢᠶᠡᠨ ᠳᠠᠬᠢ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ | ᠠᠵᠢᠯ ᠥᠷᠨᠢᠭᠦᠯᠬᠦ ᠶᠢ ᠬᠢᠨᠠᠨ ᠵᠢᠯᠤᠭᠤᠳᠣᠨ᠎ᠠ᠃ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠯ᠎ᠡ ᠲᠥᠷᠥᠯ ᠤᠨ ᠡᠮᠨᠡᠯᠭᠡ ᠶᠢᠨ | ᠬᠤᠷᠢᠶ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠲᠠᠯᠠᠪᠤᠷ ᠭᠠᠵᠠᠷ ᠤᠨ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ | ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠨ᠎ᠠ | ᠃ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ ᠲᠤ ᠬᠡᠷᠡᠭᠯᠡᠬᠦ ᠭᠡᠷ ᠪᠠᠶᠢᠰᠢᠩ ᠤᠨ ᠠᠮᠤᠷ ᠲᠦᠪᠰᠢᠨ ᠤ ᠬᠠᠷᠢᠭᠤᠴᠠᠯᠭᠠᠲᠠᠨ ᠳᠤ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ᠨᠢ ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠪᠠᠶᠢᠭᠤᠯᠤᠮᠵᠢ ᠶᠢᠨ ᠭᠡᠷ ᠪᠠᠶᠢᠰᠢᠩ ᠤᠨ ᠬᠡᠷᠡᠭᠯᠡᠯᠲᠡ ᠶᠢᠨ | ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ | ᠵᠢᠯᠤᠭᠤᠳᠴᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠠᠵᠢᠯ ᠢ ᠬᠠᠷᠢᠭᠤᠴᠠᠨ᠎ᠠ᠃ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠨᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ | ᠵᠣᠬᠢᠴᠠᠭᠤᠯᠵᠤ ᠪᠠᠶᠢᠭᠠᠳ ᠤᠳᠠ ᠲᠣᠭᠤᠷᠢᠭ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠬᠤ ᠠᠵᠢᠯ ᠢ ᠵᠢᠯᠤᠭᠤᠳᠴᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠤᠭᠰᠠᠨ ᠰᠠᠨᠠᠯ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠪᠠ ᠪᠠᠷᠢᠯᠭ᠎ᠠ | ᠳᠠᠭᠤᠰᠤᠭᠰᠠᠨ ᠢ ᠰᠢᠯᠭᠠᠨ ᠬᠤᠷᠢᠶᠠᠵᠤ ᠳᠡᠩᠰᠡᠯᠡᠨ ᠲᠡᠮᠳᠡᠭᠯᠡᠭᠦᠯᠦᠭᠰᠡᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ | ᠬᠠᠷᠢᠭᠤᠴᠠᠨ᠎ᠠ᠃ | ᠲᠤᠭᠤᠷᠢᠭ ᠤᠨ ᠡᠨᠧᠷᠭᠢ ᠶᠢᠨ ᠲᠣᠪᠴᠢᠶ᠎ᠠ ᠨᠢ ᠨᠡᠭᠦᠷᠡᠰᠦ᠂ ᠴᠠᠬᠢᠯᠭᠠᠨ ᠬᠦᠴᠦᠨ᠂ ᠰᠢᠨ᠎ᠡ ᠡᠨᠧᠷᠭᠢ ᠵᠡᠷᠭᠡ | ᠡᠨᠧᠷᠭᠢ ᠶᠢᠨ ᠠᠵᠢᠯ ᠲᠥᠷᠥᠯ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ | ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠨ᠎ᠠ᠃ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ | ᠥᠪᠡᠷ ᠢᠶᠠᠨ ᠭᠡᠷ ᠪᠠᠶᠢᠰᠢᠩ ᠪᠠᠷᠢᠬᠤ ᠳᠠᠭᠠᠨ ᠬᠠᠤᠯᠢ ᠲᠣᠭᠲᠠᠭᠠᠯ ᠠᠴᠠ ᠵᠥᠷᠢᠴᠡᠨ ᠥᠭᠡᠷᠡᠴᠢᠯᠡᠵᠦ ᠥᠷᠭᠡᠳᠬᠡᠨ | ᠪᠠᠶᠢᠭᠤᠯᠬᠤ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ ᠤ ᠦᠢᠯᠡᠰ᠂ ᠬᠤᠨᠤᠭ ᠤᠨ ᠦᠢᠯᠡᠰ ᠪᠠᠭᠲᠠᠨ᠎ᠠ︶᠂ ᠲᠣᠮᠣ | ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠤ ᠲᠠᠯᠠᠪᠤᠷ ᠭᠠᠵᠠᠷ ︵ᠬᠤᠳᠠᠯᠳᠤᠭᠠᠨ ᠤ ᠲᠠᠯᠠᠪᠤᠷ᠂ ᠬᠡᠲᠦ | ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ︶ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ | ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠤᠨ᠎ᠠ᠃ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠨ ᠭᠦᠢᠴᠡᠳᠬᠡᠭᠰᠡᠨ ᠪᠠᠶᠢᠳᠠᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ | ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠴᠢᠨᠠᠷᠲᠠᠢ ᠲᠠᠯᠠᠪᠤᠷ | ᠭᠠᠵᠠᠷ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ | ᠵᠠᠰᠠᠬᠤ ᠠᠵᠢᠯ ᠥᠷᠨᠢᠭᠦᠯᠬᠦ ᠶᠢ ᠰᠢᠮᠳᠠᠭᠤᠯᠤᠨ ᠵᠢᠯᠤᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢᠨ ᠳᠣᠲᠣᠷ᠎ᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ | ᠬᠢᠵᠦ ᠪᠠᠶᠢᠪᠠᠯ ᠡᠵᠡᠩᠨᠡᠯᠲᠡ ᠶᠢ ᠨᠢ ᠵᠠᠷᠯᠢᠭᠳᠠᠨ ᠵᠣᠭᠰᠣᠭᠠᠵᠤ᠂ ᠡᠵᠡᠩᠨᠡᠯᠲᠡ ᠶᠢᠨ ᠦᠨᠡᠮᠯᠡᠯ ᠢ ᠨᠢ ᠬᠦᠴᠦᠨ ᠦᠭᠡᠢ | ᠪᠣᠯᠭᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠥᠪᠡᠰᠦᠪᠡᠨ ᠭᠡᠷ ᠪᠠᠷᠢᠬᠤ ᠬᠠᠮᠢᠶ᠎ᠠ | ᠪᠦᠬᠦᠢ ᠡᠵᠡᠩᠨᠡᠯᠲᠡ ᠶᠢᠨ ᠵᠥᠪᠰᠢᠶᠡᠷᠡᠯ ᠢ ᠭᠦᠢᠴᠡᠳᠬᠡᠬᠦ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢᠨ ᠤᠷᠢᠲᠠᠯ | ᠨᠥᠬᠦᠴᠡᠯ ᠪᠣᠯᠭᠠᠬᠤ ᠶᠢ ᠠᠬᠢᠭᠤᠯᠬᠤ ᠬᠡᠷᠡᠭᠲᠡᠢ᠃ | ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ | ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠨ᠎ᠠ | ᠃ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠭᠠᠵᠠᠷ ᠰᠢᠷᠣᠢ ᠬᠡᠷᠡᠭᠯᠡᠬᠦ ᠦᠨᠡᠮᠯᠡᠯ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠥᠯᠥ | ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢᠨ ᠳᠠᠩᠰᠠᠯᠠᠯᠲᠠ ᠶᠢᠨ ᠦᠨᠡᠮᠯᠡᠯ ᠢ ᠭᠦᠢᠴᠡᠳᠬᠡᠭᠰᠡᠨ ᠪᠠᠶᠢᠳᠠᠯ ᠢ | ᠬᠢᠨᠠᠨ ᠪᠠᠶᠢᠴᠠᠭᠠᠵᠤ᠂ ᠭᠠᠵᠠᠷ ᠤᠨ ᠭᠠᠢ ᠭᠠᠮᠰᠢᠭ ᠤᠨ ᠲᠦᠭᠰᠢᠭᠦᠷᠢ ᠶᠢ ᠵᠢᠭᠰᠠᠭᠠᠨᠲ᠋ᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠭᠡᠷ ᠪᠠᠶᠢᠰᠢᠩ | ᠬᠡᠷᠡᠭᠯᠡᠭᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠳᠤ | ᠲᠣᠭᠲᠠᠭᠠᠭᠰᠠᠨ ᠭᠡᠷ ᠪᠠᠶᠢᠰᠢᠩ ᠤᠨ ᠬᠡᠷᠡᠭᠴᠡᠭᠡ ᠶᠢ ᠲᠤᠷ᠎ᠠ ᠪᠠᠷ ᠢᠶᠠᠨ ᠬᠤᠪᠢᠷᠠᠭᠤᠯᠬᠤ ᠦᠶᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠠᠶᠠᠨᠴᠢᠳ ᠤᠨ ᠪᠠᠭᠤᠳᠠᠯ ᠵᠡᠷᠭᠡ | ᠣᠨᠴᠠ ᠲᠥᠷᠥᠯ ᠤᠨ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠭᠰᠡᠨ ᠲᠤᠰᠬᠠᠢ ᠴᠡᠭᠴᠡᠯᠡᠨ | ᠵᠠᠰᠠᠬᠤ ᠠᠵᠢᠯ ᠤᠨ ᠳᠤᠮᠳᠠᠬᠢ ᠠᠯᠪᠠᠨ ᠶᠠᠪᠤᠳᠠᠯ ᠢ ᠬᠠᠷᠰᠢᠯᠠᠭᠰᠠᠨ ᠪᠤᠶᠤ ᠬᠠᠷᠰᠢᠯᠠᠭᠰᠠᠨ ᠦᠶᠯᠡ ᠠᠵᠢᠯᠯᠠᠭ᠎ᠠ ᠵᠢᠴᠢ | ᠣᠯᠠᠨ ᠨᠡᠶᠢᠲᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠠᠶᠤᠯ ᠲᠦᠭᠰᠢᠭᠦᠷᠢ ᠤᠴᠠᠷᠠᠭᠤᠯᠤᠭᠰᠠᠨ ᠪᠤᠶᠤ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠᠷ ᠬᠠᠤᠯᠢ ᠠᠴᠠ | ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠣᠯᠠᠨ ᠨᠡᠶᠢᠲᠡ ᠶᠢᠨ ᠬᠤᠷᠠᠵᠤ | ᠴᠤᠭᠯᠠᠷᠠᠬᠤ ᠭᠠᠵᠠᠷ ᠲᠠᠯᠠᠪᠤᠷ ᠤᠨ ᠡᠵᠡᠩᠨᠡᠯᠲᠡ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠶᠢᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠬᠥᠮᠥᠨ | ᠬᠤᠷᠠᠵᠤ ᠴᠤᠭᠯᠠᠷᠠᠬᠤ ᠭᠠᠵᠠᠷ ᠲᠠᠯᠠᠪᠤᠷ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠶᠢᠭᠤᠯᠤᠭᠰᠠᠨ ᠭᠡᠷ | ᠪᠠᠶᠢᠰᠢᠩ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃ | ︵ᠲᠠᠪᠤ︶ ᠭᠡᠷ ᠪᠠᠶᠢᠰᠢᠩ ᠤᠨ ᠠᠶᠤᠯ ᠦᠭᠡᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | 1. ᠨᠡᠮᠡᠭᠳᠡᠯ ᠤᠨ ᠲᠦᠭᠰᠢᠭᠦᠷᠢ ᠶᠢ ᠴᠢᠩᠭ᠎ᠠ ᠡᠵᠡᠮᠳᠡᠨ᠎ᠡ᠃ ᠬᠤᠲᠠ ᠬᠥᠳᠡᠭᠡ ᠶᠢᠨ ᠰᠢᠨ᠎ᠡ ᠪᠠᠷ ᠪᠠᠶᠢᠭᠤᠯᠤᠭᠰᠠᠨ ᠭᠡᠷ | ᠪᠠᠶᠢᠰᠢᠩ ᠵᠢᠴᠢ ᠡᠵᠡᠩᠨᠡᠯᠲᠡ ᠶᠢᠨ ᠴᠢᠨᠠᠷᠲᠠᠢ ᠥᠪᠡᠷ ᠲᠡᠭᠡᠨ ᠭᠡᠷ ᠪᠠᠶᠢᠰᠢᠩ ᠪᠠᠷᠢᠬᠤ ᠳᠤ ᠡᠷᠬᠡᠪᠰᠢ ᠬᠠᠤᠯᠢ | ᠲᠣᠭᠲᠠᠭᠠᠯ ᠶᠣᠰᠣᠭᠠᠷ ᠲᠤᠰᠬᠠᠢ ᠵᠢᠷᠤᠭ ᠲᠥᠯᠥᠪᠯᠡᠭᠡ ᠪᠠ ᠲᠤᠰᠬᠠᠢ ᠪᠠᠷᠢᠯᠭ᠎ᠠ ᠶᠢᠨ ᠠᠵᠢᠯ ᠢᠶᠠᠷ ᠳᠡᠮᠵᠢᠵᠦ᠂ ᠭᠡᠷ | ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠣᠳ ᠥᠪᠡᠷ ᠲᠡᠭᠡᠨ ᠪᠠᠷᠢᠭᠰᠠᠨ ᠭᠡᠷ | ᠪᠠᠶᠢᠰᠢᠩ ᠤᠨ ᠡᠵᠡᠩᠨᠡᠯᠲᠡ ᠳᠤ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠪᠠᠨ ᠴᠢᠩᠳᠠᠯᠠᠵᠤ᠂ ᠭᠡᠷ | ᠪᠠᠶᠢᠰᠢᠩ ᠤᠨ ᠥᠮᠴᠢᠯᠡᠬᠦ ᠡᠷᠬᠡᠲᠦ ᠬᠥᠮᠥᠨ ᠪᠤᠶᠤ ᠬᠡᠷᠡᠭᠯᠡᠭᠴᠢ ᠨᠢ ᠡᠵᠡᠩᠨᠡᠯᠲᠡ ᠶᠢᠨ ᠬᠠᠮᠢᠶ᠎ᠠ ᠪᠦᠬᠦᠢ ᠵᠥᠪᠰᠢᠶᠡᠷᠡᠯ | ᠢ ᠭᠦᠢᠴᠡᠳᠬᠡᠬᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠠᠴᠠ ᠡᠮᠦᠨ᠎ᠡ᠂ ᠭᠡᠷ ᠪᠠᠶᠢᠰᠢᠩ ᠤᠨ ᠠᠶᠤᠯ | ᠦᠭᠡᠢ ᠶᠢᠨ ᠬᠢᠨᠠᠨ ᠲᠣᠭᠲᠠᠭᠠᠯᠲᠠ ᠶᠢᠨ ᠬᠢᠷᠢ ᠲᠡᠩᠴᠡᠭᠰᠡᠨ ᠭᠡᠷᠡᠴᠢ ᠶᠢ ᠬᠠᠤᠯᠢ ᠲᠣᠭᠲᠠᠭᠠᠯ ᠶᠣᠰᠣᠭᠠᠷ ᠣᠯᠣᠭᠰᠠᠨ | ᠪᠠᠶᠢᠬᠤ ᠬᠡᠷᠡᠭᠲᠡᠢ᠃ | 2. ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ | ᠪᠤᠶᠤ ᠬᠡᠷᠡᠭᠯᠡᠭᠴᠢ ᠨᠢ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠬᠡᠪ ᠤᠨ | ᠪᠤᠰᠤ ᠪᠠᠶᠢᠳᠠᠯ ᠢ ᠣᠯᠵᠤ ᠮᠡᠳᠡᠪᠡᠯ ᠳᠠᠷᠤᠢ ᠲᠦᠷᠭᠡᠨ ᠠᠵᠢᠯᠲᠠᠨ ᠢᠶᠠᠨ ᠵᠣᠬᠢᠶᠠᠨ ᠪᠠᠶᠢᠭᠤᠯᠤᠨ ᠵᠠᠶᠢᠯᠠᠭᠤᠯᠬᠤ | ᠬᠡᠷᠡᠭᠲᠡᠢ᠃ ᠪᠠᠯᠭᠠᠰᠤ᠂ ᠬᠡᠷᠡᠭ ᠡᠷᠬᠢᠯᠡᠬᠦ ᠭᠠᠵᠠᠷ ᠵᠡᠷᠭᠡ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠤᠲᠠ ᠶᠢᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠠᠳᠠᠯ | ᠠᠬᠤᠢ ᠶᠢᠨ ᠡᠮᠦᠨ᠎ᠡ ᠬᠠᠷᠠᠭᠤᠯ ᠪᠠ ᠬᠠᠶᠢᠭᠤᠷ ᠤᠨ ᠦᠢᠯᠡᠳᠦᠯ ᠢ ᠪᠠᠳᠠᠷᠠᠭᠤᠯᠵᠤ᠂ ᠭᠡᠷ ᠪᠠᠶᠢᠰᠢᠩ ᠤᠨ ᠠᠮᠤᠷ | ᠲᠦᠪᠰᠢᠨ ᠤ ᠬᠠᠮᠢᠶᠠᠷᠤᠭᠴᠢ ᠶᠢᠨ ᠳᠦᠷᠢᠮ ᠪᠠ ᠲᠣᠥᠷᠵᠢᠭᠤᠯᠤᠭᠰᠠᠨ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠩᠭᠤᠵᠢᠭᠤᠯᠤᠨ | ᠲᠣᠭᠤᠷᠢᠨ ᠪᠠᠶᠢᠴᠠᠭᠠᠵᠤ ᠢᠯᠡᠷᠡᠭᠦᠯᠬᠦ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠰᠠᠭᠤᠳᠠᠯ ᠪᠠᠶᠢᠬᠤ ᠶᠢ ᠣᠯᠵᠤ | ᠮᠡᠳᠡᠪᠡᠯ ᠥᠮᠴᠢᠯᠡᠬᠦ ᠡᠷᠬᠡᠲᠦ ᠬᠥᠮᠥᠨ ᠪᠤᠶᠤ ᠬᠡᠷᠡᠭᠯᠡᠭᠴᠢ ᠶᠢ ᠴᠠᠭ ᠲᠤᠬᠠᠢ ᠳᠤᠨᠢ ᠰᠢᠮᠳᠠᠭᠤᠯᠵᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠲᠣᠭᠤᠷᠢᠭ ᠤᠨ ᠬᠠᠷᠢᠶ᠎ᠠ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠬᠢᠳᠠᠯ ᠢᠶᠠᠷ ᠮᠡᠳᠡᠭᠳᠡᠵᠦ ᠬᠠᠮᠲᠤᠪᠠᠷ ᠰᠢᠮᠳᠠᠭᠤᠯᠵᠤ᠂ ᠴᠢᠬᠤᠯᠠ ᠲᠠᠢ | ᠦᠶ᠎ᠡ ᠳᠤ ᠲᠣᠭᠤᠷᠢᠭ ᠤᠨ ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠨ ᠰᠢᠢᠳᠪᠦᠷᠢᠯᠡᠭᠦᠯᠵᠦ ᠪᠣᠯᠣᠨ᠎ᠠ᠃ | 3. ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠨ᠎ᠠ᠃ | ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠤᠯᠢ ᠠᠴᠠ ᠵᠥᠷᠢᠴᠡᠨ ᠪᠦᠲᠦᠭᠡᠨ | ᠪᠠᠶᠢᠭᠤᠯᠤᠭᠰᠠᠨ ᠪᠠ ᠬᠠᠤᠯᠢ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠭᠰᠡᠨ ᠭᠡᠷ ᠪᠠᠶᠢᠰᠢᠩ ᠢ | ᠢᠯᠭᠠᠷᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠵᠠᠷ ᠰᠢᠷᠣᠢ᠂ ᠲᠥᠯᠦᠪᠵᠢᠭᠦᠯᠭᠡ ᠪᠠ ᠪᠦᠲᠦᠭᠡᠨ | ᠪᠠᠶᠢᠭᠤᠯᠤᠯᠲᠠ ᠵᠡᠷᠭᠡ ᠭᠠᠷᠳᠠᠮ ᠢ ᠣᠯᠣᠭᠰᠠᠨ ᠦᠭᠡᠢ ᠵᠢᠴᠢ ᠳᠤᠷ᠎ᠠ ᠪᠠᠷ ᠢᠶᠠᠨ ᠥᠭᠡᠷᠡᠴᠢᠯᠡᠨ ᠪᠠᠶᠢᠭᠤᠯᠵᠤ ᠲᠠᠰ | ᠨᠡᠮᠡᠬᠦ᠂ ᠭᠠᠵᠠᠷ ᠳᠣᠣᠷᠠᠬᠢ ᠣᠷᠣᠨ ᠵᠠᠢ ᠶᠢ ᠬᠠᠤᠯᠢ ᠪᠤᠰᠤ ᠪᠠᠷ ᠨᠡᠭᠡᠭᠡᠨ ᠮᠠᠯᠲᠠᠬᠤ ᠵᠡᠷᠭᠡ ᠦᠶᠯᠡ ᠠᠵᠢᠯᠯᠠᠭ᠎ᠠ ᠶᠢ | ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠳᠤ | ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠡᠳ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠬᠠᠤᠯᠢ | ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠢᠯᠡᠴᠢᠯᠡᠬᠦ ᠬᠡᠷᠡᠭᠲᠡᠢ᠃ ᠬᠠᠤᠯᠢ ᠶᠢ ᠵᠥᠷᠢᠴᠡᠨ | ᠪᠦᠲᠦᠭᠡᠨ ᠪᠠᠶᠢᠭᠤᠯᠤᠭᠰᠠᠨ᠂ ᠬᠠᠤᠯᠢ ᠶᠢ ᠵᠥᠷᠢᠴᠡᠵᠦ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠰᠡᠨ | ᠠᠰᠠᠭᠤᠳᠠᠯ ᠣᠷᠣᠰᠢᠵᠤ ᠪᠠᠶᠢᠭ᠎ᠠ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠡᠵᠡᠩᠨᠡᠯᠲᠡ ᠶᠢᠨ ᠠᠵᠢᠯᠯᠠᠭ᠎ᠠ ᠳᠤ | ᠬᠡᠷᠡᠭᠯᠡᠵᠦ ᠪᠣᠯᠬᠤ ᠦᠭᠡᠢ᠃ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠲᠣᠭᠲᠠᠴᠠ ᠶᠢ | ᠪᠠᠶᠢᠭᠤᠯᠵᠤ᠂ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ | ᠢᠯᠡᠴᠢᠯᠡᠨ ᠮᠡᠳᠡᠭᠦᠯᠦᠭᠰᠡᠨ ᠢ ᠪᠠᠶᠢᠴᠠᠭᠠᠨ ᠲᠣᠳᠣᠯᠠᠮᠠᠭᠴᠠ ᠱᠠᠩᠨᠠᠨ ᠬᠥᠬᠢᠭᠦᠯᠬᠦ ᠬᠡᠷᠡᠭᠲᠡᠢ᠃ ᠭᠡᠷ ᠪᠠᠶᠢᠰᠢᠩ ᠤᠨ | ᠠᠮᠤᠷ ᠲᠦᠪᠰᠢᠨ ᠤ ᠪᠠᠶᠢᠳᠠᠯ ᠢ ᠵᠣᠷᠢᠭᠤᠳᠠ ᠨᠢᠭᠤᠨ ᠳᠠᠯᠳᠠᠯᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ | ᠡᠵᠡᠩᠨᠡᠯᠲᠡ ᠶᠢᠨ ᠲᠠᠯᠠᠪᠤᠷ ᠭᠠᠵᠠᠷ ᠪᠣᠯᠭᠠᠭᠠᠳ ᠬᠦᠨᠳᠦ ᠶᠡᠭᠡ ᠡ᠊ᠨᠳᠡᠯ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 4. ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠭᠡᠷ ᠪᠠᠶᠢᠰᠢᠩ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠠᠭᠠᠴᠢ ᠶᠢᠨ ᠠᠯᠬᠤᠮ ᠳᠤ | ᠭᠡᠷ ᠪᠠᠶᠢᠰᠢᠩ ᠤᠨ ᠠᠮᠤᠷ ᠲᠦᠪᠰᠢᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠶᠢ | ᠰᠤᠳᠤᠯᠤᠨ ᠲᠣᠬᠢᠷᠠᠭᠤᠯᠬᠤ ᠶᠢᠨ ᠬᠠᠮᠲᠤ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠲᠠᠰ ᠳᠠᠪᠬᠤᠷᠭ᠎ᠠ ᠳᠤ ᠨᠢᠭᠡᠨᠲᠡ | ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠨᠢᠭᠡᠳᠦᠯᠲᠡᠢ ᠬᠠᠷᠢᠭᠤᠴᠠᠭᠤᠯᠵᠤ᠂ ᠦᠨᠳᠦᠰᠦᠨ | ᠱᠠᠲᠤᠨ ᠤ ᠬᠢᠨᠠᠨ ᠬᠠᠮᠢᠶᠠᠷᠬᠤ ᠬᠦᠴᠦᠨ ᠢ ᠲᠡᠭᠦᠯᠳᠡᠷᠵᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ︽ᠬᠡᠨ ᠬᠢᠨᠠᠨ | ᠵᠥᠪᠰᠢᠶᠡᠷᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠦᠲᠦᠭᠡᠨ | ᠪᠠᠶᠢᠭᠤᠯᠬᠤ᠂ ᠡᠵᠡᠩᠨᠡᠬᠦ ᠵᠡᠷᠭᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠭᠰᠡᠨ ᠤ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢ ᠰᠢᠮᠳᠠᠭᠤᠯᠵᠤ ᠪᠠᠶᠢᠭᠠᠳ | ᠭᠡᠷ ᠪᠠᠶᠢᠰᠢᠩ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠪᠠᠯᠭᠠᠰᠤ᠂ ᠬᠡᠷᠡᠭ ᠡᠷᠬᠢᠯᠡᠬᠦ ᠭᠠᠵᠠᠷ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠤᠭᠠᠯᠠᠨ | ᠬᠥᠳᠡᠯᠦᠯᠴᠡᠬᠦ ᠪᠠᠷ ᠳᠠᠮᠵᠢᠭᠤᠯᠤᠨ ᠭᠡᠷ ᠪᠠᠶᠢᠰᠢᠩ ᠤᠨ ᠠᠮᠤᠷ ᠲᠦᠪᠰᠢᠨ ᠤ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠪᠡᠶᠡᠯᠡᠭᠦᠯᠦᠨ᠎ᠡ᠃ ᠭᠡᠷ ᠪᠠᠶᠢᠰᠢᠩ ᠤᠨ ᠠᠶᠤᠯ ᠦᠭᠡᠢ ᠶᠢ ᠬᠢᠨᠠᠨ ᠲᠣᠭᠲᠠᠭᠠᠬᠤ ᠪᠠᠶᠢᠭᠤᠯᠤᠮᠵᠢ | ᠪᠣᠯᠣᠨ ᠠᠵᠢᠯᠯᠠᠭᠰᠠᠳ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠲᠣᠭᠲᠠᠭᠠᠬᠤ ᠪᠠᠶᠢᠭᠤᠯᠤᠮᠵᠢ ᠨᠢ | ᠮᠡᠳᠡᠭᠦᠯᠦᠯᠲᠡ ᠶᠢᠨ ᠦᠨᠡᠨ ᠪᠣᠳᠠᠲᠤ ᠴᠢᠨᠠᠷ ᠪᠣᠯᠣᠨ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠢ᠃ | ᠪᠠᠶᠢᠩᠭᠤᠵᠢᠭᠰᠠᠨ ᠭᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ ᠶᠢᠨ ᠳᠦᠷᠢᠮ ᠢ ᠪᠠᠶᠢᠭᠤᠯᠵᠤ᠂ ᠭᠡᠷ ᠪᠠᠶᠢᠰᠢᠩ ᠤᠨ | ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ | ᠭᠤᠷᠪᠠ᠂ ᠠᠵᠢᠯ ᠤᠨ ᠠᠯᠬᠤᠮ ᠳᠠᠷᠠᠭ᠎ᠠ | ᠥᠪᠡᠷ ᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠥᠪᠡᠷ ᠲᠡᠭᠡᠨ ᠪᠠᠶᠢᠭᠤᠯᠤᠭᠰᠠᠨ ᠭᠡᠷ ᠪᠠᠶᠢᠰᠢᠩ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠶᠠᠭ ᠥᠷᠨᠢᠭᠦᠯᠵᠦ ᠪᠠᠶᠢᠭ᠎ᠠ ᠬᠠᠤᠯᠢ ᠠᠴᠠ ᠵᠥᠷᠢᠴᠡᠨ ᠪᠦᠲᠦᠭᠡᠨ | ᠪᠠᠶᠢᠭᠤᠯᠬᠤ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠢᠨᠠᠨ ᠵᠥᠪᠰᠢᠶᠡᠷᠡᠯ ᠤᠨ ᠲᠤᠰᠬᠠᠢ ᠵᠦᠢᠯ ᠢᠶᠠᠷ | ᠢᠯᠭᠠᠷᠠᠭᠤᠯᠤᠨ ᠪᠠᠶᠢᠴᠠᠭᠠᠬᠤ ᠠᠵᠢᠯ ᠯᠤᠭ᠎ᠠ ᠬᠠᠷᠢᠯᠴᠠᠨ ᠤᠶᠠᠯᠳᠤᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ | ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ︵ᠨᠢᠭᠡ︶ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠎ᠠ ︵2022 ᠣᠨ ᠤ 6 ᠰᠠᠷ᠎ᠠ ᠠᠴᠠ 2023 ᠣᠨ ᠤ | 6 ᠰᠠᠷ᠎ᠠ ᠪᠣᠯᠲᠠᠯ᠎ᠠ︶᠃ ᠲᠣᠰ ᠡᠳᠦᠷ ᠠᠴᠠ ᠡᠬᠢᠯᠡᠨ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠤᠳᠠ ᠲᠣᠭᠤᠷᠢᠭ ᠤᠨ ᠪᠣᠶ ᠪᠦᠬᠦᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ | ᠪᠠᠶᠢᠳᠠᠯ ᠢ ᠣᠶᠢᠯᠠᠭᠠᠬᠤ ᠠᠵᠢᠯ ᠢ ᠳᠠᠭᠤᠰᠬᠠᠨ᠎ᠠ᠃ ᠡᠭᠦᠨ ᠳᠤ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ | ᠪᠠᠶᠢᠰᠢᠩ ᠪᠠᠷᠢᠬᠤ ᠳᠤ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠢᠭᠰᠠᠭᠠᠨ ᠪᠠᠶᠢᠴᠠᠭᠠᠵᠤ | ᠪᠠᠶᠢᠳᠠᠯ ᠢ ᠣᠶᠢᠯᠠᠭᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠷᠦᠬᠡ ᠳᠠᠷᠠᠭᠠᠯᠠᠨ ᠡᠬᠡ ᠲᠠᠩᠰᠠ ᠪᠠᠶᠢᠭᠤᠯᠵᠤ᠂ | 2022 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠵᠠᠭᠤᠨ ᠡᠳᠦᠷ ᠤᠨ ᠠᠵᠢᠯᠯᠠᠭ᠎ᠠ︾ ᠶᠢᠨ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠬᠥᠮᠥᠨ ᠦᠬᠦᠵᠦ ᠣᠯᠠᠨ ᠬᠥᠮᠥᠨ | ᠰᠢᠷᠬᠠᠲᠤᠬᠤ ᠠᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠨ᠎ᠠ ︵2023 ᠣᠨ ᠤ 6 ᠰᠠᠷ᠎ᠠ ᠠᠴᠠ 2025 ᠣᠨ ᠤ 6 | ᠰᠠᠷ᠎ᠠ ᠪᠣᠯᠲᠠᠯ᠎ᠠ︶᠃ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠪᠦᠲᠦᠴᠡ ᠶᠢᠨ ᠴᠢᠨᠠᠷᠲᠠᠢ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠭ᠎ᠠ ᠥᠪᠡᠰᠦᠪᠡᠨ ᠭᠡᠷ ᠪᠠᠶᠢᠰᠢᠩ ᠪᠠᠷᠢᠬᠤ ᠪᠠᠷ ᠭᠤᠣᠯᠳᠠᠯᠭ᠎ᠠ ᠪᠣᠯᠭᠠᠨ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 2025 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠥᠪᠡᠰᠦᠪᠡᠨ ᠭᠡᠷ ᠪᠠᠶᠢᠰᠢᠩ ᠪᠠᠷᠢᠬᠤ ᠠᠮᠤᠷ ᠲᠦᠪᠰᠢᠨ ᠤ ᠳᠠᠯᠳᠠ ᠬᠡᠮ ᠢ ᠪᠦᠬᠦᠨ ᠢ ᠴᠡᠭᠴᠡᠯᠡᠨ ᠵᠠᠰᠠᠬᠤ ᠶᠢ | ᠪᠡᠶᠡᠯᠡᠭᠦᠯᠦᠨ᠎ᠡ᠃ | ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠦᠨ᠎ᠡ ︵ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶᠃ ᠬᠤᠯᠠ | ᠣᠶᠢᠷ᠎ᠠ ᠶᠢ ᠤᠶᠠᠯᠳᠤᠭᠤᠯᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ | ᠂ ᠭᠡᠷ ᠪᠠᠶᠢᠰᠢᠩ ᠤᠨ ᠠᠶᠤᠯᠭᠦᠢ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠡᠷ ᠪᠠᠶᠢᠰᠢᠩ ᠤᠨ ᠠᠶᠤᠯᠭᠦᠢ ᠶᠢᠨ ᠲᠠᠯᠳᠠ ᠭᠡᠮ ᠢ ᠪᠦᠲᠦᠮᠵᠢᠲᠡᠶ ᠠᠷᠢᠯᠭᠠᠨ᠂ ᠨᠡᠮᠡᠭᠳᠡᠯ ᠤᠨ | ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠩᠭᠡᠭᠡᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ | ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ | ᠲᠣᠭᠤᠷᠢᠭ ᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠢᠶᠠᠷ ᠪᠦᠷᠢᠯᠳᠦᠭᠦᠨ ᠨᠢᠭᠡᠴᠡ ᠪᠣᠯᠭᠠᠭᠰᠠᠨ ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠷᠦᠩ ᠲᠤᠸ ᠨᠥᠬᠦᠷ ᠡᠭᠦᠷᠭᠡᠯᠡᠵᠦ᠂ ᠡᠯ᠎ᠡ | ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯ ᠲᠣᠰ ᠲᠣᠰ ᠤᠨ ᠬᠠᠷᠢᠭᠤᠴᠠᠬᠤ | ᠬᠦᠷᠢᠶᠡᠨ ᠳᠠᠬᠢ ᠨᠢᠭᠡᠳᠦᠭᠡᠷ ᠬᠠᠷᠢᠭᠤᠴᠠᠯᠭᠠᠲᠠᠨ ᠮᠥᠨ ᠪᠣᠯᠬᠤᠷ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠩᠭ᠎ᠠ | ᠠᠳᠬᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠠ | ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯ ᠢ ᠵᠢᠯᠤᠭᠤᠳᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ | ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠯᠭᠠᠰᠤ᠂ ᠬᠡᠷᠡᠭ ᠡᠷᠬᠢᠯᠡᠬᠦ ᠭᠠᠵᠠᠷ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠲᠤᠪᠠᠷ | ᠣᠷᠣᠯᠴᠠᠭᠰᠠᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠢᠭᠡᠳᠦᠯᠲᠡᠢ ᠲᠥᠯᠥᠪᠯᠡᠨ ᠪᠠᠶᠢᠭᠤᠯᠵᠤ᠂ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠴᠤᠪᠤᠷᠠᠯ ᠪᠣᠯᠣᠨ ᠬᠠᠷᠢᠭᠤᠴᠠᠯᠭᠠᠲᠤ ᠨᠢᠭᠡᠴᠡ ᠶᠢ ᠤᠯᠠᠮ | ᠨᠢᠭᠡ ᠠᠯᠬᠤᠮ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠠᠵᠢᠯ᠂ ᠠᠵᠢᠯᠲᠠᠨ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠳᠤᠷᠢᠳᠬᠤ ᠳᠤᠭᠤᠶᠢᠯᠠᠩ ᠵᠢᠴᠢ ᠪᠦᠷᠢᠯᠳᠦᠭᠦᠨ ᠨᠢ | ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠯᠢᠦ ᠬᠤ᠋ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠲᠢᠶᠠᠨ ᠶᠦᠩ ᠰᠢᠶᠠᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠵᠤᠤ ᠬᠠᠢ ᠪᠥᠸᠧ᠄ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠭᠦᠨ᠄ ᠵᠢᠶᠠ ᠢᠦᠢ ᠹᠠᠩ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠳᠡᠳ᠋ ᠳᠠᠷᠤᠭ᠎ᠠ᠂ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ | ᠰᠢᠶᠠ ᠱᠢ ᠶᠠᠩ ᠤᠯᠠᠭᠠᠨᠨᠠᠭᠤᠷ ᠪᠠᠯᠭᠠᠰᠤᠨ ᠤ ᠳᠠᠷᠤᠭ᠎ᠠ | ᠺᠠᠩ ᠨᠥᠸᠧ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦ ᠶᠤᠸᠠᠨ ᠶᠤᠸᠠᠨ ᠰᠢᠨ ᠳ᠋ᠡ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠪᠠᠢ ᠯᠦᠩ ᠪᠢᠨᠬᠠᠢ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠴᠧᠨ ᠴᠢᠦ ᠰᠢᠶᠠ᠂ ᠦ᠋ ᠬᠤ᠋ ᠱᠠᠨ ᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠠᠨ ᠬᠠᠢ ᠬᠤᠸᠠ ᠯᠢᠶᠠᠩ ᠵᠢᠶᠠ ᠭᠧᠦ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢᠦ ᠵᠢᠩ ᠶᠣᠣ ᠰᠤᠬᠠᠶᠢᠲᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦ ᠶᠠᠨ ᠫᠢᠩ ᠰᠠᠨ ᠳ᠋ᠣᠣ ᠺᠠᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠢᠦᠢ ᠵᠢᠶᠧ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠵᠠᠩ ᠰᠦᠩ ᠯᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠬᠤ᠋ ᠲᠢᠶᠠᠨ ᠸᠧᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠶᠠᠨ ᠽᠧ ᠬᠤᠤ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠷᠧᠨ ᠶᠦᠩ ᠴᠠᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠦ᠋ ᠶᠦᠩ ᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠰᠦᠩ ᠢᠦᠢ ᠴᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠶᠠᠩ ᠱᠧᠩ ᠯᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠯᠢ ᠷᠦᠩ ᠸᠧᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠶᠠᠩ ᠪᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ | ᠸᠠᠩ ᠵᠢᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ᠶᠢᠨ | ᠳᠠᠷᠤᠭ᠎ᠠ | ᠸᠠᠩ ᠷᠦᠩ ᠲᠤᠤ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠳᠠᠷᠤᠭ᠎ᠠ | ᠰᠢᠦᠢ ᠢ ᠱᠦ ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ | ᠯᠢ ᠸᠧᠨ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ | ᠰᠢᠦᠢ ᠷᠦᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠳᠠᠷᠤᠭ᠎ᠠ | ᠵᠤᠤ ᠸᠧᠨ ᠯᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠵᠢᠶᠠᠩ ᠰᠢᠩ ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ | ᠡᠷᠬᠢᠯᠡᠭᠴᠢ | ᠮᠧᠩ ᠸᠧᠨ ᠪᠢᠨ ᠪᠠᠶᠢᠭᠠᠯᠢ ᠶᠢᠨ ᠬᠥᠷᠥᠩᠭᠡ ᠶᠢᠨ ᠬᠤᠪᠢᠶᠠᠷᠢ ᠲᠣᠪᠴᠢᠶᠠᠨ ᠤ ᠳᠠᠷᠤᠭ᠎ᠠ | ᠬᠤᠸᠠᠩ ᠶᠦᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠢᠦᠢ ᠶᠢᠨ ᠵᠧ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠡᠳ᠋ ᠳᠠᠷᠤᠭ᠎ᠠ | ᠶᠠᠩ ᡁᠢ ᠴᠢᠶᠠᠩ ᠤᠳᠠ ᠲᠣᠭᠤᠷᠢᠭ ᠤᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠤᠨ | ᠡᠷᠬᠢᠯᠡᠭᠴᠢ | ︵ᠬᠤᠶᠠᠷ︶ ᠲᠤᠯᠭᠠᠭᠤᠷᠢᠯᠠᠨ ᠪᠠᠲᠤᠯᠠᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠪᠠᠶᠢᠭᠤᠯᠤᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ | ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ᠂ ᠬᠢᠨᠠᠨ ᠲᠣᠭᠲᠠᠭᠠᠬᠤ | ᠵᠡᠷᠭᠡ ᠲᠤᠰᠬᠠᠢ ᠪᠠᠶᠢᠭᠤᠯᠤᠮᠵᠢ᠂ ᠠᠵᠢᠯ ᠲᠥᠷᠥᠯ ᠤᠨ ᠠᠵᠤ ᠠᠬᠤᠶᠢᠯᠠᠯ ᠤᠨ ᠮᠡᠷᠭᠡᠵᠢᠯ ᠤᠨ ᠠᠵᠢᠯᠲᠠᠨ ᠪᠠ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠢ ᠵᠣᠬᠢᠶᠠᠨ ᠪᠠᠶᠢᠭᠤᠯᠤᠨ ᠳᠠᠶᠢᠴᠢᠯᠠᠵᠤ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠥᠷᠭᠡᠨ ᠢᠶᠠᠷ ᠣᠷᠣᠯᠴᠠᠭᠤᠯᠵᠤ᠂ ᠮᠡᠷᠭᠡᠵᠢᠯ ᠤᠨ | ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ︔ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠬᠦᠴᠦᠨ ᠢ ᠨᠢᠭᠡᠳᠦᠯᠲᠡᠢ | ᠲᠥᠯᠥᠪᠯᠡᠨ ᠵᠣᠬᠢᠴᠠᠭᠤᠯᠵᠤ᠂ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠡᠯ᠎ᠡ ᠬᠠᠮᠢᠶ᠎ᠠ ᠪᠦᠬᠦᠢ ᠨᠢᠭᠡᠴᠡ ᠶᠢᠨ | ᠰᠣᠩᠭᠤᠨ ᠤᠷᠢᠬᠤ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠣᠷᠤᠯᠴᠠᠬᠤ ᠶᠢ ᠴᠠᠭ ᠲᠤᠬᠠᠢ | ᠳᠤᠨᠢ ᠬᠠᠩᠭᠠᠵᠤ᠂ ᠪᠠᠯᠭᠠᠰᠤ᠂ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠪᠠ ᠠᠵᠢᠯ ᠤᠨ ᠶᠠᠰᠤ ᠴᠢᠨᠠᠷ ᠢ ᠠᠩᠬ᠎ᠠ ᠠᠯᠬᠤᠮ ᠮᠠᠭᠠᠳᠯᠠᠨ ᠲᠣᠭᠲᠠᠭᠠᠬᠤ ᠶᠢ | ᠪᠠᠲᠤᠯᠠᠬᠤ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ | ︵ᠭᠤᠷᠪᠠ︶ ᠪᠠᠶᠢᠴᠠᠭᠠᠵᠤ ᠬᠢᠨᠠᠨ ᠵᠢᠯᠤᠭᠤᠳᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠪᠠᠶᠢᠭᠤᠯᠤᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠠᠯᠪᠠᠨ ᠭᠡᠷ ᠨᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ | ᠳᠤᠭᠤᠶᠢᠯᠠᠩ ᠢ ᠵᠣᠬᠢᠶᠠᠨ ᠪᠠᠶᠢᠭᠤᠯᠤᠨ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠡᠯ᠎ᠡ ᠬᠠᠮᠢᠶ᠎ᠠ ᠪᠦᠬᠦᠢ | ᠨᠢᠭᠡᠴᠡ ᠳᠤ ᠣᠴᠢᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠵᠢᠯᠣᠭᠤᠳᠤᠨ᠎ᠠ᠃ | ᠡᠭᠦᠨ ᠤ ᠬᠠᠮᠲᠤ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠷᠣᠨ ᠤ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠲᠠᠰᠤᠭ ᠲᠠᠢ ᠬᠤᠯᠪᠤᠭᠠᠯᠠᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ | ᠭᠡᠨᠡᠳᠲᠡ ᠶᠢᠨ ᠪᠠᠶᠢᠴᠠᠭᠠᠯᠲᠠ ᠬᠢᠬᠦ᠂ ᠡᠷᠭᠢᠵᠦ ᠪᠠᠶᠢᠴᠠᠭᠠᠬᠤ᠂ ᠰᠣᠯᠪᠢᠴᠠᠭᠤᠯᠤᠨ ᠪᠠᠶᠢᠴᠠᠭᠠᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ | ᠡᠭᠦᠨ ᠤ ᠬᠠᠮᠲᠤ ᠵᠣᠬᠢᠴᠠᠩᠭᠤᠢ ᠬᠢᠨᠠᠨ ᠵᠢᠯᠤᠭᠤᠳᠴᠤ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠰᠠᠷ᠎ᠠ ᠪᠦᠷᠢ | ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠰᠣᠨᠢᠨ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ | ᠥᠪᠡᠰᠦᠪᠡᠨ ᠭᠡᠷ ᠪᠠᠶᠢᠰᠢᠩ ᠪᠠᠷᠢᠬᠤ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ | ᠴᠢᠬᠤᠯᠠ ᠴᠢᠨᠠᠷ ᠢ ᠥᠷᠭᠡᠨ ᠢᠶᠠᠷ ᠤᠬᠠᠭᠤᠯᠵᠤ᠂ ᠠᠮᠤᠷ ᠲᠦᠪᠰᠢᠨ ᠪᠠ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ | ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ᠂ ᠥᠮᠴᠢᠯᠡᠬᠦ ᠡᠷᠬᠡᠲᠦ ᠬᠥᠮᠥᠨ ᠪᠠ ᠬᠡᠷᠡᠭᠯᠡᠭᠴᠢ ᠶᠢᠨ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠪᠥᠬᠦ ᠨᠡᠶᠢᠭᠡᠮ ᠤᠨ ᠣᠯᠠᠨ | ᠨᠡᠶᠢᠲᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠥᠪᠡᠷ ᠢᠶᠠᠨ ᠭᠡᠷ ᠪᠠᠷᠢᠬᠤ ᠪᠠ ᠬᠥᠮᠥᠨ ᠣᠯᠠᠨ | ᠴᠤᠭᠯᠠᠷᠠᠬᠤ ᠭᠠᠵᠠᠷ ᠲᠠᠯᠠᠪᠤᠷ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠳᠤᠮᠳᠠᠬᠢ ᠰᠠᠶᠢᠨ | ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠢᠳᠡᠪᠬᠢᠲᠡᠢ ᠪᠠᠷ ᠤᠬᠠᠭᠤᠯᠵᠤ᠂ ᠲᠠᠶᠢᠯᠪᠤᠷᠢᠯᠠᠵᠤ ᠬᠥᠲᠥᠯᠥᠨ ᠵᠢᠯᠤᠭᠤᠳᠬᠤ | ᠠᠵᠢᠯ ᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ | ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠠᠷᠢᠯᠭᠠᠬᠤ ᠬᠡᠷᠡᠭᠲᠡᠢ᠃ | | |