ᠤᠳᠠ ᠲᠣᠭᠤᠷᠢᠭ ᠤᠨ ᠬᠢᠨ ︽ᠬᠤᠶᠠᠷ ᠢ ᠬᠥᠩᠭᠡᠷᠡᠭᠦᠯᠬᠦ︾ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠰᠤᠷᠭᠠᠭᠤᠯᠢ ᠶᠢᠨ ᠬᠥᠮᠥᠨ ᠬᠥᠮᠥᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ | ᠪᠣᠯᠭᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠬᠤ ᠪᠠᠷ ᠴᠢᠭᠯᠡᠯ ᠪᠣᠯᠭᠠᠵᠤ᠂ ︽ | ᠳᠠᠷᠤᠭᠠᠰᠤ ᠶᠢ ᠬᠥᠩᠭᠡᠯᠡᠬᠦ ᠠᠴᠠ ᠪᠢᠰᠢ ᠬᠠᠷᠢᠭᠤᠴᠠᠯᠭ᠎ᠠ ᠶᠢ ᠬᠥᠩᠭᠡᠯᠡᠬᠦ ᠦᠭᠡᠢ᠂ ᠳᠠᠷᠤᠭᠠᠰᠤ ᠶᠢ ᠬᠥᠩᠭᠡᠯᠡᠬᠦ ᠠᠴᠠ | ᠪᠢᠰᠢ ᠶᠠᠰᠤ ᠴᠢᠨᠠᠷ ᠢ ᠬᠥᠩᠭᠡᠷᠡᠭᠦᠯᠬᠦ ᠦᠭᠡᠢ︾ ᠶᠢ ᠰᠠᠶᠢᠲᠤᠷ ᠠᠳᠬᠤᠬᠤ ᠪᠠᠷ ᠴᠢᠭᠯᠡᠯᠲᠡ ᠪᠣᠯᠭᠠᠵᠤ᠂ ᠰᠤᠷᠭᠠᠨ | ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠪᠣᠶ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠪᠠ᠃ | ᠳᠡᠭᠡᠳᠦ ᠪᠠᠶᠢᠷᠢᠨ ᠳᠤ ᠲᠦᠯᠬᠢᠨ ᠠᠬᠢᠭᠤᠯᠵᠤ᠂ ᠴᠢᠩᠭ᠎ᠠ ᠪᠥᠭᠡᠳ ᠲᠦᠷᠭᠡᠨ ᠢᠶᠠᠷ ᠴᠢᠩᠭ᠎ᠠ ᠵᠠᠰᠠᠬᠤ | ᠬᠡᠷᠡᠭᠲᠡᠢ | ︽ᠬᠤᠶᠠᠷ ᠢ ᠬᠥᠩᠭᠡᠷᠡᠭᠦᠯᠬᠦ︾ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠢᠯᠵᠢᠭᠦᠯᠦᠨ ᠲᠤᠰᠢᠶᠠᠬᠤ ᠬᠠᠮᠢᠶᠠᠷᠤᠯᠲᠠ᠂ ᠬᠢᠴᠢᠶᠡᠯ ᠤᠨ ᠳᠠᠷᠠᠭᠠᠬᠢ | ᠦᠢᠯᠡᠴᠢᠯᠡᠭᠡ᠂ ᠳᠠᠰᠬᠠᠯ ᠤᠨ ᠬᠠᠮᠢᠶᠠᠷᠤᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ︽ | ᠤᠳᠠ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠳᠠᠰᠬᠠᠯ ᠤᠨ | ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠤᠳᠠ ᠲᠣᠭᠤᠷᠢᠭ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ | ᠥᠷᠨᠢᠭᠦᠯᠬᠦ ᠬᠡᠷᠡᠭᠵᠢᠭᠦᠯᠬᠦ ᠲᠥᠰᠥᠯ︾ ︽ᠤᠳᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠳᠠᠰᠬᠠᠯ ᠤᠨ | ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ︽ᠬᠤᠶᠠᠷ ᠢ ᠬᠥᠩᠭᠡᠷᠡᠭᠦᠯᠬᠦ︾ ᠳᠦᠷᠢᠮ ᠢ ᠦᠨᠳᠦᠰᠦᠨ ᠠᠴᠠ | ᠨᠢ ᠪᠠᠲᠤᠳᠬᠠᠨ᠎ᠠ᠃ | ︽ᠬᠤᠶᠠᠷ ᠢ ᠬᠥᠩᠭᠡᠷᠡᠭᠦᠯᠬᠦ︾ ᠠᠵᠢᠯ ᠤᠨ ᠭᠠᠷᠠᠭ ᠤᠨ ᠮᠡᠳᠡᠭᠦᠯᠦᠯᠲᠡ ᠶᠢᠨ ᠳᠦᠷᠢᠮ ᠪᠠ ᠲᠤᠬᠠᠢ ᠶᠢᠨ | ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠳᠤᠮᠳᠠᠳᠤ ᠪᠠᠭ᠎ᠠ | ᠰᠤᠷᠭᠠᠭᠤᠯᠢ ᠶᠢᠨ ᠳᠠᠰᠬᠠᠯ᠂ ᠤᠨᠲᠠᠬᠤ᠂ ᠭᠠᠷ ᠤᠲᠠᠰᠤ᠂ ᠤᠩᠰᠢᠬᠤ ᠪᠢᠴᠢᠭ᠂ ᠪᠡᠶ᠎ᠡ ᠮᠠᠬᠠᠪᠤᠳ᠂ ᠰᠢᠯᠭᠠᠯᠲᠠ ᠶᠢᠨ | ᠬᠠᠮᠢᠶᠠᠷᠤᠯᠲᠠ ᠶᠢ ᠤᠳᠠ ᠲᠣᠭᠤᠷᠢᠭ ᠤᠨ ᠬᠠᠷᠢᠭᠤᠴᠠᠯᠭᠠᠲᠤ ᠰᠤᠷᠭᠠᠭᠤᠯᠢ ᠰᠢᠪᠠᠳᠠᠬᠤ ᠠᠵᠢᠯ ᠤᠨ ᠪᠠᠶᠢᠩᠭᠤ ᠶᠢᠨ | ᠰᠢᠮᠳᠠᠭᠤᠯᠤᠨ ᠵᠢᠯᠤᠭᠤᠳᠬᠤ ᠠᠭᠤᠯᠭ᠎ᠠ ᠳᠤ ᠣᠷᠣᠭᠤᠯᠵᠤ᠂ ᠰᠤᠷᠭᠠᠭᠤᠯᠢ ᠡᠬᠢᠯᠡᠬᠦ ᠪᠠᠶᠢᠴᠠᠭᠠᠯᠲᠠ ᠪᠠ ᠰᠠᠷ᠎ᠠ | ᠪᠦᠷᠢ ᠶᠢᠨ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠭᠠᠭᠤᠯᠢ ᠶᠢᠨ ︽ᠲᠠᠪᠤᠨ | ᠵᠦᠢᠯ ᠤᠨ ᠬᠠᠮᠢᠶᠠᠷᠤᠯᠲᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ | ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ ᠦᠢᠯᠡᠴᠢᠯᠡᠭᠡ ᠶᠢ ᠠᠳᠬᠤᠬᠤ ᠬᠡᠷᠡᠭᠲᠡᠢ | ᠳᠠᠰᠬᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ︽ᠲᠠᠪᠤᠨ ᠵᠦᠢᠯ ᠤᠨ ᠬᠠᠮᠢᠶᠠᠷᠤᠯᠲᠠ︾ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠳᠠᠷᠤᠭᠠᠰᠤ ᠶᠢ | ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠭᠠᠭᠤᠯᠢ ᠶᠢᠨ | ᠳᠣᠲᠣᠷᠠᠬᠢ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠡᠯ᠎ᠡ ᠰᠤᠷᠭᠠᠭᠤᠯᠢ ᠶᠢᠨ ᠠᠵᠢᠯ ᠤᠨ ᠵᠢᠷᠤᠭ | ᠲᠥᠯᠥᠪᠯᠡᠭᠡ ᠶᠢᠨ ᠰᠤᠳᠤᠯᠭᠠᠨ ᠢ ᠴᠢᠩᠭᠠᠳᠬᠠᠬᠤ ᠶᠢ ᠠᠬᠢᠭᠤᠯᠵᠤ᠂ ᠬᠢᠴᠢᠶᠡᠯ ᠲᠥᠷᠥᠯ ᠤᠨ ᠠᠵᠢᠯ ᠤᠨ ᠵᠢᠷᠤᠭ | ᠲᠥᠯᠥᠪᠯᠡᠭᠡ ᠶᠢᠨ ᠵᠦᠭᠯᠡᠭᠦᠷ ᠢ ᠲᠡᠭᠦᠯᠳᠡᠷᠵᠢᠭᠦᠯᠦᠨ᠎ᠡ︔ ᠲᠤᠭᠤᠷᠢᠭ ᠤᠨ ᠵᠢᠭᠠᠬᠤ ᠶᠢ ᠰᠤᠳᠤᠯᠤᠭᠴᠢ ᠶᠢᠨ | ᠰᠤᠷᠭᠠᠭᠤᠯᠢ ᠶᠢᠨ ᠥᠪᠡᠷ ᠤᠨ ᠬᠢᠴᠢᠶᠡᠯ ᠬᠥᠮᠦᠵᠢᠯ ᠤᠨ ᠰᠤᠳᠤᠯᠭᠠᠨ ᠪᠠ ᠬᠠᠮᠲᠤ ᠪᠠᠷ ᠬᠢᠴᠢᠶᠡᠯ ᠪᠡᠯᠡᠳᠬᠡᠬᠦ ᠳᠤ | ᠣᠷᠤᠯᠴᠠᠬᠤ ᠡᠷᠴᠢᠮ ᠢ ᠴᠢᠩᠭᠠᠷᠠᠭᠤᠯᠵᠤ᠂ ᠳᠠᠰᠬᠠᠯ ᠤᠨ ᠵᠢᠷᠤᠭ ᠲᠥᠯᠥᠪᠯᠡᠭᠡ ᠶᠢᠨ ᠰᠤᠳᠤᠯᠭᠠᠨ ᠢ ᠵᠢᠭᠠᠬᠤ ᠶᠢ | ᠰᠤᠳᠤᠯᠬᠤ ᠰᠢᠰᠲ᠋ᠧᠮᠵᠢ ᠳᠤ ᠣᠷᠣᠭᠤᠯᠤᠨ᠎ᠠ︔ ᠴᠢᠨᠠᠷ ᠰᠠᠶᠢᠲᠠᠢ ᠠᠵᠢᠯ ᠢ ᠳᠡᠯᠭᠡᠨ ᠦᠵᠡᠭᠦᠯᠵᠦ ᠰᠣᠯᠢᠯᠴᠠᠬᠤ ᠶᠢ | ᠥᠷᠨᠢᠭᠦᠯᠵᠦ᠂ ᠠᠵᠢᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ᠂ ᠠᠵᠢᠯ ᠤᠨ ᠬᠠᠮᠢᠶᠠᠷᠤᠯᠲᠠ ᠪᠠ ᠠᠵᠢᠯ ᠤᠨ | ᠵᠢᠷᠤᠭ ᠲᠥᠯᠥᠪᠯᠡᠭᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ | ᠪᠠᠭᠰᠢ ᠶᠢᠨ ᠠᠵᠢᠯ ᠤᠨ ᠵᠢᠷᠤᠭ ᠲᠥᠯᠥᠪᠯᠡᠭᠡ ᠶᠢᠨ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠠᠵᠢᠯ ᠤᠨ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ | ᠪᠣᠳᠠᠲᠠᠢ ᠳᠤ ᠰᠠᠭᠤᠷᠢᠯᠠᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠰᠢᠨ᠎ᠡ ᠵᠠᠭᠪᠤᠷ ᠢ ᠡᠬᠢᠯᠡᠭᠦᠯᠦᠨ᠎ᠡ | ᠤᠳᠠ ᠲᠣᠭᠤᠷᠢᠭ ᠤᠨ ᠡᠯ᠎ᠡ ᠠᠯᠪᠠᠨ ᠵᠢᠷᠤᠮ ᠤᠨ ᠱᠠᠲᠤᠨ ᠤ ᠰᠤᠷᠭᠠᠭᠤᠯᠢ ᠨᠤᠭᠤᠳ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠦᠭᠡᠢ ᠤᠷᠲᠤᠳᠬᠠᠵᠤ᠂ ︽1+3+X︾ ᠨᠡᠶᠢᠭᠡᠮ ᠤᠨ | ᠪᠦᠯᠬᠦᠮ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ ᠬᠡᠷᠡᠭᠵᠢᠭᠦᠯᠪᠡ ︵1 ᠡᠬᠢᠯᠡᠯᠲᠡ ᠶᠢᠨ ᠴᠡᠭ᠄ ᠡᠯᠪᠡᠭ ᠪᠠᠶᠠᠯᠢᠭ | ᠂ ᠪᠠᠶᠠᠷ ᠪᠠᠶᠠᠰᠬᠤᠯᠠᠩ ᠲᠠᠢ ᠪᠦᠷᠢᠨ ᠲᠡᠭᠦᠯᠳᠡᠷ︔3 ᠶᠡᠭᠡ ᠲᠥᠷᠥᠯ᠄ ᠪᠡᠶ᠎ᠡ ᠶᠢᠨ ᠲᠠᠮᠢᠷ ᠤᠨ ᠲᠥᠷᠥᠯ᠂ | ᠤᠷᠠᠯᠢᠭ ᠤᠨ ᠲᠥᠷᠥᠯ᠂ ᠦᠢᠯᠡᠳᠦᠯᠭᠡ ᠶᠢᠨ ᠲᠥᠷᠥᠯ︔X ᠵᠦᠢᠯ ᠤᠨ ᠪᠣᠯᠣᠯᠴᠠᠭᠠᠲᠤ ᠴᠢᠨᠠᠷ︶᠂ 200 ᠭᠠᠷᠤᠢ | ᠡᠯ᠎ᠡ ᠲᠥᠷᠥᠯ ᠤᠨ ᠨᠡᠶᠢᠭᠡᠮᠯᠢᠭ ᠪᠠᠶᠢᠭᠤᠯᠵᠤ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠰᠢᠭ | ᠭᠥᠷᠳᠡᠬᠦ ᠬᠠᠮᠲᠤᠯᠢᠭ ᠲᠠᠰᠤᠷᠠᠯᠲᠠ ᠦᠭᠡᠢ ᠥᠷᠭᠡᠵᠢᠨ᠂ 100% ᠶᠢᠨ ᠰᠣᠷᠣᠭᠴᠢ ᠤᠷᠠᠯᠢᠭ ᠤᠨ ᠲᠠᠮᠢᠷ ᠤᠨ | ᠬᠥᠮᠦᠵᠢᠯ ᠬᠦᠷᠲᠡᠵᠦ᠂ 65% ᠶᠢᠨ ᠰᠣᠷᠣᠭᠴᠢ ᠤᠷᠠᠯᠢᠭ ᠤᠨ ᠨᠡᠶᠢᠭᠡᠮᠯᠢᠭ ᠪᠤᠶᠤ ᠪᠣᠯᠪᠠᠰᠤᠷᠠᠯ ᠤᠨ ᠠᠩᠭᠢ ᠳᠤ | ᠣᠷᠣᠯᠴᠠᠵᠤ᠂ ᠡᠯ᠎ᠡ ᠰᠤᠷᠭᠠᠭᠤᠯᠢ ᠶᠢᠨ ᠬᠢᠨ ︽ᠨᠠᠷᠠᠲᠤ ᠲᠡᠮᠳᠡᠭᠴᠢᠯᠡᠯᠲᠦ︾ ᠨᠣᠮ ᠤᠩᠰᠢᠬᠤ ᠨᠠᠶᠢᠷ᠂ | ᠤᠷᠠᠯᠢᠭ ᠤᠨ ᠨᠠᠶᠢᠷ᠂ ᠪᠡᠶ᠎ᠡ ᠶᠢᠨ ᠲᠠᠮᠢᠷ ᠤᠨ ᠨᠠᠶᠢᠷ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠪᠣᠶ | ᠪᠣᠯᠭᠠᠬᠤ ᠨᠢ ᠨᠢᠭᠡᠨᠲᠡ ᠬᠡᠪ ᠤᠨ ᠪᠠᠶᠢᠳᠠᠯ ᠪᠣᠯᠤᠭᠰᠠᠨ ᠪᠠᠶᠢᠨ᠎ᠠ᠃ | | | | | | ᠲᠠᠷᠠᠭᠠᠴᠢ ᠶᠢᠨ ᠠᠯᠬᠤᠮ ᠳᠤ᠂ ︽ᠬᠤᠶᠠᠷ ᠢ ᠬᠥᠩᠭᠡᠷᠡᠭᠦᠯᠬᠦ︾ ᠠᠵᠢᠯ ᠠᠯᠬᠤᠮ ᠠᠯᠬᠤᠮ ᠢᠶᠠᠷ | ᠭᠦᠨᠵᠡᠭᠡᠶᠢᠷᠡᠬᠦ ᠶᠢ ᠳᠠᠭᠠᠯᠳᠤᠨ᠂ ᠤᠳᠠ ᠲᠣᠭᠤᠷᠢᠭ ᠤᠨ ᠬᠢᠨ ᠳᠠᠰᠬᠠᠯ ᠤᠨ ︽ᠲᠤᠭ᠎ᠠ ᠬᠡᠮᠵᠢᠶ᠎ᠡ ᠶᠢ ᠪᠠᠭᠠᠰᠬᠠᠬᠤ︾ | ᠪᠠ ︽ᠰᠢᠯᠢᠳᠡᠭᠵᠢᠭᠦᠯᠬᠦ︾᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ︽ᠠᠭᠤᠯᠭ᠎ᠠ︾ ᠪᠠ ︽ᠬᠡᠯᠪᠡᠷᠢ︾ ᠪᠠ | ᠭᠤᠣᠯᠯᠠᠬᠤ ᠬᠡᠪ ᠪᠣᠯᠪᠠᠰᠤᠷᠠᠯ ᠢ ᠪᠠᠷᠢᠮᠵᠢᠶ᠎ᠠ ᠲᠠᠢ ᠬᠠᠷᠭᠤᠭᠤᠯᠵᠤ᠂ ᠰᠤᠷᠤᠭᠴᠢᠳ ᠤᠨ ᠪᠥᠬᠦ ᠲᠠᠯ᠎ᠠ ᠪᠠᠷ ᠡᠷᠡᠭᠦᠯ ᠢᠶᠠᠷ | ᠬᠥᠭᠵᠢᠬᠦ ᠶᠢ ᠠᠬᠢᠭᠤᠯᠬᠤ ︽ᠳᠠᠷᠤᠭᠠᠰᠤ ᠶᠢ ᠬᠥᠩᠭᠡᠯᠡᠵᠦ ᠶᠠᠰᠤ ᠴᠢᠨᠠᠷ ᠢ ᠳᠡᠭᠡᠭᠰᠢᠯᠡᠭᠦᠯᠬᠦ︾ ᠬᠥᠮᠥᠨ ᠢ | ᠬᠥᠮᠥᠵᠢᠭᠦᠯᠬᠦ ᠵᠠᠭᠪᠤᠷ ᠢ ᠰᠦᠪᠡᠭᠴᠢᠯᠡᠵᠦ᠂ ᠰᠤᠷᠭᠠᠭᠤᠯᠢ ᠰᠤᠷᠭᠠᠭᠤᠯᠢ ᠶᠢ ᠪᠠᠷᠢᠮᠵᠢᠶ᠎ᠠ ᠳᠤ ᠬᠦᠷᠭᠡᠵᠦ᠂ ᠨᠢᠭᠡ | ᠨᠢᠭᠡ ᠪᠠᠷ ᠢᠶᠠᠨ ᠭᠤᠶᠢᠳᠠ ᠰᠠᠶᠢᠬᠠᠨ ᠪᠣᠯᠭᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠨᠠᠶᠢᠳᠠᠪᠤᠷᠢᠵᠢᠭᠤᠯᠤᠨ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠯᠬᠢᠨ | ᠠᠬᠢᠭᠤᠯᠤᠨ᠎ᠠ᠃ | | | |