︽ᠤᠳᠠ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ᠶᠢ ᠳᠠᠷᠤᠮᠠᠯᠯᠠᠨ ᠲᠠᠷᠬᠠᠭᠠᠬᠤ ᠲᠤᠬᠠᠢ | ︵2021 ︱ 2030 ᠣᠨ︶ ︽ᠤᠳᠠ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵ | 2021 ︱ 2030 ᠣᠨ︶︾ ᠶᠢᠨ ᠮᠡᠳᠡᠭᠳᠡᠯ | ᠤᠳᠠ ᠠᠯᠪᠠᠨ ᠵᠠᠰᠠᠭ ᠲᠠᠷᠬᠠᠭᠠᠭᠰᠠᠨ〔2022〕 36 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠤᠳᠠ ᠲᠣᠭᠤᠷᠢᠭ ᠤᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠤᠳᠠ ᠲᠣᠭᠤᠷᠢᠭ ᠤᠨ ᠬᠡᠦᠬᠡᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠶᠢ ᠳᠠᠷᠤᠮᠠᠯᠯᠠᠨ ᠶᠠᠪᠤᠭᠤᠯᠬᠤ ᠲᠤᠬᠠᠢ | ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ | ᠪᠣᠯᠣᠨ ︽ᠤᠳᠠ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶ | ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | 2022 ᠣᠨ ᠤ 7 ᠰᠠᠷ᠎ᠠ ᠶᠢᠨ 27 ᠤ ᠡᠳᠦᠷ | ᠤᠳᠠ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶ | ᠡᠮᠦᠨᠡᠬᠢ ᠦᠭᠡ | ᠡᠮᠡᠭᠲᠡᠶᠢᠴᠦᠳ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠳᠦᠭᠴᠢ᠂ ᠨᠡᠶᠢᠭᠡᠮ ᠤᠨ ᠳᠠᠪᠰᠢᠯᠲᠠ ᠶᠢᠨ | ᠠᠬᠢᠭᠤᠯᠤᠭᠴᠢ ᠮᠥᠨ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠬᠥᠭᠵᠢᠯᠲᠡ ᠪᠣᠯ | ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠡᠭᠡᠴᠡᠯᠳᠦᠬᠦ ᠡᠷᠬᠢᠮ ᠳᠡᠭᠡᠳᠦ ᠬᠦᠰᠡᠯᠡᠩ ᠮᠥᠨ᠂ ᠨᠡᠶᠢᠭᠡᠮ ᠤᠨ | ᠪᠣᠯᠪᠠᠰᠤᠨ ᠤ ᠳᠠᠪᠰᠢᠯᠲᠠ ᠶᠢᠨ ᠴᠢᠬᠤᠯᠠ ᠬᠡᠮᠵᠢᠭᠦᠷ ᠮᠥᠨ᠂ ᠡᠮᠡᠭᠲᠡᠶᠢᠴᠦᠳ ᠤᠨ ᠬᠥᠭᠵᠢᠯᠲᠡ ᠳᠠᠪᠰᠢᠯᠲᠠ ᠨᠢ | ᠪᠦᠬᠦᠶᠢᠯᠡ ᠤᠯᠤᠰ ᠣᠷᠣᠨ ᠤ ᠬᠥᠭᠵᠢᠯᠲᠡ ᠳᠠᠪᠰᠢᠯᠲᠠ ᠲᠠᠢ ᠨᠢᠭᠲᠠ ᠬᠤᠯᠪᠣᠯᠳᠤᠵᠤ᠂ ᠡᠮᠡᠭᠲᠡᠶᠢᠴᠦᠳ ᠤᠨ | ᠦᠢᠯᠡᠰ ᠪᠣᠯ ᠨᠠᠮ ᠪᠠ ᠤᠯᠤᠰ ᠤᠨ ᠦᠢᠯᠡᠰ ᠤᠨ ᠣᠷᠭᠠᠨᠢᠭ ᠪᠦᠷᠢᠯᠳᠦᠭᠦᠨ ᠬᠡᠰᠡᠭ ᠮᠥᠨ᠂ ᠤᠳᠠ ᠲᠤᠭᠤᠷᠢᠭ ᠤᠨ | ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ | ᠦᠨᠳᠦᠰᠦᠨ ᠪᠣᠳᠣᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠦᠢᠯᠡᠰ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ 20 ᠳ᠋ᠤᠭᠠᠷ ᠵᠠᠭᠤᠨ ᠤ ᠶᠡᠷᠡᠭᠡᠳ ᠣᠨ ᠠᠴᠠ ᠡᠬᠢᠯᠡᠨ᠂ | ᠤᠳᠠ ᠲᠤᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠭᠤᠷᠪᠠᠨ ᠦᠶᠡᠯᠡᠯ ᠤᠨ ᠬᠥᠲᠥᠯᠪᠦᠷᠢ ᠶᠢ ᠤᠷᠢᠳ | ᠬᠤᠵᠢᠳ ᠲᠣᠭᠲᠠᠭᠠᠨ ᠬᠡᠷᠡᠭᠵᠢᠭᠦᠯᠵᠦ᠂ ᠮᠠᠨ ᠤ ᠲᠤᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠴᠢᠬᠤᠯᠠ | ᠪᠠᠲᠤᠯᠠᠭ᠎ᠠ ᠬᠠᠩᠭᠠᠭᠰᠠᠨ ᠪᠠᠶᠢᠨ᠎ᠠ᠃ | ᠰᠢ ᠶᠢᠨ ᠫᠢᠩ ᠶᠡᠷᠦᠩᠬᠡᠢ ᠱᠦᠵᠢ ︽ᠬᠤᠣᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ | ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ | ᠪᠡᠶᠡᠯᠡᠭᠦᠯᠬᠦ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠡᠷᠡᠭᠲᠡᠢ ᠡᠮᠡᠭᠲᠡᠢ ᠡᠷᠬᠡ ᠲᠡᠭᠰᠢ | ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠢᠨ᠎ᠡ | ᠦᠵᠡᠯ ᠰᠠᠨᠠᠭ᠎ᠠ ᠶᠢ ᠳᠤᠷᠠᠳᠴᠤ᠂ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠶᠢ ᠲᠣᠳᠣᠷᠬᠠᠶᠢᠯᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ︾ ᠳᠤ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︾ ︽ | ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ︾ ︽ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︾ ᠵᠡᠷᠭᠡ ᠴᠢᠬᠤᠯᠠ | ᠶᠡᠭᠡ ᠪᠠᠶᠢᠷᠢᠯᠠᠭᠤᠯᠤᠯᠲᠠ ᠶᠢ ᠳᠤᠷᠠᠳᠤᠨ ᠭᠠᠷᠭᠠᠵᠠᠢ᠃ ᠡᠨᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶ᠎ᠠ ᠠᠴᠠ ᠡᠮᠡᠭᠲᠡᠶᠢᠴᠦᠳ ᠵᠢᠴᠢ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ | ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠠᠴᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢᠨ ᠰᠢᠨ᠎ᠡ | ᠠᠬᠤᠢ ᠪᠠᠶᠢᠳᠠᠯ ᠢ ᠤᠯᠠᠮ ᠨᠢᠭᠡ ᠠᠯᠬᠤᠮ ᠨᠡᠭᠡᠭᠡᠨ ᠥᠷᠭᠡᠳᠬᠡᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ | ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠬᠤ ᠳᠤ | ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ ᠤᠳᠠ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠡᠮᠡᠭᠲᠡᠶᠢᠴᠦᠳ ᠪᠣᠯᠣᠨ | ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ | ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠠᠵᠢᠯ ᠤᠨ ᠤᠳᠤᠷᠢᠳᠤᠯᠭ᠎ᠠ ᠪᠠᠨ | ᠦᠨᠡᠨᠬᠦ ᠴᠢᠩᠭᠠᠳᠬᠠᠵᠤ᠂ ᠡᠮᠡᠭᠲᠡᠶᠢᠴᠦᠳ ᠤᠨ ᠬᠥᠭᠵᠢᠯᠲᠡ ᠶᠢ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠪᠠᠶᠢᠷᠢᠰᠢᠯ ᠳᠤ ᠣᠷᠣᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠶ᠎ᠠ ᠤᠳᠤᠷᠢᠳᠬᠤ᠂ | ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ︵ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ︶ ᠤᠨ ᠵᠣᠬᠢᠴᠠᠭᠤᠯᠬᠤ᠂ ᠪᠦᠷᠢᠯᠳᠦᠭᠦᠨ ᠨᠢᠭᠡᠴᠡ ᠵᠡᠷᠭᠡ ᠰᠠᠯᠠᠭ᠎ᠠ | ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠤᠯᠴᠠᠬᠤ | ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯ | ᠦᠢᠯᠡᠰ ᠤᠨ ᠪᠡᠯᠡ ᠮᠥᠩᠭᠦ ᠶᠢᠨ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠬᠥᠲᠥᠯᠪᠦᠷᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ | ᠠᠵᠢᠯ ᠢᠶᠠᠨ ᠪᠠᠶᠢᠷᠢᠯᠠᠭᠤᠯᠬᠤ ᠵᠡᠷᠭᠡ ᠭᠤᠭᠴᠤᠭ᠎ᠠ ᠳᠤ ᠬᠤᠶᠠᠷ ᠬᠦᠢᠰᠦᠲᠡᠨ ᠤ ᠪᠣᠳᠠᠲᠤ ᠵᠥᠷᠢᠶ᠎ᠡ ᠪᠠ | ᠡᠮᠡᠭᠲᠡᠶᠢᠴᠦᠳ ᠤᠨ ᠣᠨᠴᠣᠭᠤᠢ ᠠᠰᠢᠭ ᠲᠤᠰᠠ ᠶᠢ ᠭᠦᠢᠴᠡᠳ ᠪᠣᠳᠣᠯᠬᠢᠯᠠᠨ᠂ ᠡᠮᠡᠭᠲᠡᠶᠢᠴᠦᠳ ᠤᠨ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ | ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠭᠥᠷᠳᠡᠭᠰᠡᠨ ᠬᠢᠷᠢ ᠬᠡᠮᠵᠢᠶ᠎ᠡ ᠶᠢ ᠨᠡᠶᠢᠳᠡᠮ ᠳᠡᠭᠡᠭᠰᠢᠯᠡᠭᠦᠯᠵᠦ᠂ | ᠡᠷᠬᠡ ᠲᠡᠭᠰᠢ ᠠᠵᠢᠯ ᠣᠯᠭᠤᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠡᠮᠡᠭᠲᠡᠶᠢᠴᠦᠳ ᠤᠨ | ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ ᠣᠷᠤᠯᠴᠠᠬᠤ ᠪᠠ ᠠᠵᠤ ᠠᠬᠤᠢ ᠶᠢᠨ ᠬᠥᠭᠵᠢᠯᠲᠡ ᠶᠢᠨ ᠠᠷᠭ᠎ᠠ | ᠵᠠᠮ ᠨᠡᠩ ᠤᠯᠠᠨ ᠡᠰᠢᠵᠢᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠳᠤ ᠦᠵᠡᠭᠦᠯᠬᠦ ᠦᠢᠯᠡᠳᠦᠯ ᠤᠯᠠᠮ ᠨᠢᠭᠡ ᠠᠯᠬᠤᠮ ᠢᠯᠡᠷᠡᠵᠦ᠂ ᠨᠡᠶᠢᠭᠡᠮ ᠤᠨ | ᠪᠠᠲᠤᠯᠠᠭ᠎ᠠ ᠵᠡᠷᠭᠡ ᠬᠠᠤᠯᠢ ᠶᠣᠰᠣᠨ ᠤ ᠡᠷᠬᠡ ᠠᠰᠢᠭ ᠪᠦᠲᠦᠮᠵᠢᠲᠡᠶ ᠪᠠᠲᠤᠯᠠᠭ᠎ᠠ ᠲᠠᠢ ᠪᠣᠯᠵᠤ᠂ ᠡᠮᠡᠭᠲᠡᠶᠢᠴᠦᠳ ᠤᠨ | ᠦᠢᠯᠡᠰ ᠤᠨ ᠬᠥᠭᠵᠢᠯᠲᠡ ᠨᠡᠯᠢᠶᠡᠳ ᠶᠡᠭᠡ ᠲᠠᠪᠰᠢᠯᠳᠠ ᠲᠠᠢ ᠪᠣᠯᠵᠤ᠂ ᠡᠮᠡᠭᠲᠡᠶᠢᠴᠦᠳ ᠤᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠡᠳᠦᠷ ᠢᠷᠡᠬᠦᠶ᠎ᠡ | ᠨᠡᠮᠡᠭᠳᠡᠵᠦ ᠪᠠᠶᠢᠨ᠎ᠠ᠃ | ᠬᠡᠳᠦᠶᠢᠪᠡᠷ ᠮᠠᠨ ᠤ ᠲᠤᠭᠤᠷᠢᠭ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ | ᠡᠳᠦᠢ ᠲᠡᠳᠦᠢ ᠠᠮᠵᠢᠯᠲᠠ ᠣᠯᠣᠭᠰᠠᠨ ᠪᠣᠯᠪᠠᠴᠤ ᠭᠡᠪᠡᠴᠦ ᠴᠠᠭ ᠦᠶ᠎ᠡ ᠶᠢᠨ ᠳᠠᠪᠰᠢᠯᠲᠠ ᠶᠢ ᠳᠠᠭᠠᠯᠳᠤᠨ᠂ | ᠡᠮᠡᠭᠲᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠴᠦ ᠡᠳᠦᠷ ᠢᠷᠡᠬᠦᠶ᠎ᠡ ᠥᠷᠭᠡᠨ ᠳᠡᠯᠭᠡᠷ ᠪᠣᠯᠵᠤ᠂ | ᠡᠮᠡᠭᠲᠡᠶᠢᠴᠦᠳ ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ | ᠣᠷᠣᠰᠢᠭᠰᠠᠭᠠᠷ ᠪᠠᠶᠢᠨ᠎ᠠ᠂ ᠵᠢᠱᠢᠶᠡᠯᠡᠪᠡᠯ ᠡᠮᠡᠭᠲᠡᠶᠢᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ | ᠳᠤᠲᠠᠭᠤᠳᠠᠯ ᠣᠷᠣᠰᠢᠵᠤ᠂ ᠡᠮᠡᠭᠲᠡᠶᠢᠴᠦᠳ ᠤᠨ ᠠᠵᠢᠯ ᠣᠯᠬᠤ᠂ ᠬᠥᠮᠥᠨ ᠤ ᠪᠡᠶ᠎ᠡ ᠡᠳ᠋ ᠬᠥᠷᠥᠩᠭᠡ᠂ ᠣᠷᠤᠭ ᠭᠡᠷ | ᠪᠦᠯᠢ ᠵᠡᠷᠭᠡ ᠲᠠᠯ᠎ᠠ ᠪᠠᠷ ᠬᠢ ᠡᠷᠬᠡ ᠲᠡᠭᠰᠢ ᠡᠷᠬᠡ ᠶᠢᠨ ᠪᠠᠲᠤᠯᠠᠭ᠎ᠠ ᠳᠤ ᠮᠥᠨ ᠬᠦ ᠪᠣᠳᠠᠲᠠᠢ ᠬᠦᠴᠢᠷᠳᠡᠯ ᠲᠤᠯᠭᠠᠷᠠᠵᠤ | ᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠤᠯᠴᠠᠬᠤ | ᠲᠠᠰ ᠳᠠᠪᠬᠤᠷᠭ᠎ᠠ ᠪᠠ ᠬᠢᠷᠢ ᠬᠡᠮᠵᠢᠶ᠎ᠡ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ᠂ ᠡᠮᠡᠭᠲᠡᠶᠢᠴᠦᠳ ᠲᠤ | ᠬᠠᠨᠳᠤᠭᠤᠯᠤᠭᠰᠠᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ | ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠦᠵᠡᠯᠲᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠬᠦ | ᠴᠢᠬᠤᠯᠠᠲᠠᠢ᠂ ᠡᠮᠡᠭᠲᠡᠶᠢᠴᠦᠳ ᠤᠨ ᠬᠥᠭᠵᠢᠯᠲᠡ ᠶᠢᠨ ᠨᠡᠶᠢᠭᠡᠮ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ | ᠣᠳᠣᠬᠠᠨ ᠳᠤ ᠨᠡᠶᠢᠭᠡᠮ ᠵᠢᠷᠤᠮ ᠤᠨ ᠣᠳᠣ ᠦᠶ᠎ᠡ ᠶᠢᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ | ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ᠂ | ᠮᠥᠨ ᠴᠦ ᠮᠠᠨ ᠤ ᠲᠤᠭᠤᠷᠢᠭ ᠤᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠴᠢᠬᠤᠯᠠ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠣᠨ᠎ᠠ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠦ ᠬᠦᠴᠦᠨ ᠪᠣᠯᠭᠠᠵᠤ᠂ ᠠᠷᠠᠳ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠦᠨᠳᠦᠰᠦᠨ ᠬᠠᠷᠠᠯᠲᠠ ᠪᠣᠯᠭᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠲᠠᠯ᠎ᠠ ᠳᠤ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠬᠠᠷᠠᠯᠲᠠ ᠰᠢᠨ᠎ᠡ ᠡᠭᠦᠷᠭᠡ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠡᠷᠡᠭᠲᠡᠢ ᠡᠮᠡᠭᠲᠡᠢ ᠡᠷᠬᠡ ᠲᠡᠭᠰᠢ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠲᠤᠭᠤᠷᠢᠭ ᠤᠨ | ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠤᠨ ᠠᠮᠢᠳᠤᠷᠠᠯ ᠪᠠ ᠭᠡᠷ ᠪᠦᠯᠢ ᠶᠢᠨ | ᠠᠮᠢᠳᠤᠷᠠᠯ ᠳᠤᠮᠳᠠ ᠥᠪᠡᠷᠮᠢᠴᠡ ᠦᠢᠯᠡᠳᠦᠯ ᠢ ᠨᠢ ᠪᠠᠳᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠤᠳᠠ ᠲᠤᠭᠤᠷᠢᠭ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠦᠨᠳᠦᠰᠦᠨ ᠬᠠᠤᠯᠢ ᠪᠠ ᠢᠷᠭᠡᠨ ᠤ ᠬᠠᠤᠯᠢ ᠶᠢᠨ ᠪᠢᠴᠢᠭ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵ | 2021 ︱ 2030 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠦᠬᠠᠢ ᠬᠤᠲᠠ ᠶᠢᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠪᠠ ︽ᠤᠳᠠ ᠲᠤᠭᠤᠷᠢᠭ ᠤᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ᠂ ᠮᠠᠨ ᠤ | ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠬᠥᠲᠥᠯᠪᠦᠷᠢ ᠶᠢ ᠲᠣᠭᠲᠠᠭᠠᠪᠠ᠃ ᠲᠤᠰ ᠬᠥᠲᠥᠯᠪᠦᠷᠢ | ᠨᠢ ︽ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠢ ᠬᠠᠷᠠᠯᠲᠠ︾ ︽ᠬᠥᠭᠵᠢᠭᠦᠯᠦᠯᠲᠡ | ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ︾ ︽ᠵᠣᠬᠢᠶᠠᠨ ᠪᠠᠶᠢᠭᠤᠯᠵᠤ | ᠬᠡᠷᠡᠭᠵᠢᠭᠦᠯᠬᠦ︾ ︽ᠬᠢᠨᠠᠨ ᠬᠡᠮᠵᠢᠵᠦ ᠦᠨᠡᠯᠡᠨ ᠵᠢᠱᠢᠬᠦ︾ ᠳᠥᠷᠪᠡᠨ ᠬᠡᠰᠡᠭ ᠢᠶᠠᠷ ᠪᠦᠷᠢᠯᠳᠦᠵᠡᠢ᠃ ᠡᠮᠡᠭᠲᠡᠶᠢᠴᠦᠳ | ᠬᠢᠭᠡᠳ ᠡᠷᠡᠭᠦᠯ ᠮᠡᠨᠳᠦ᠂ ᠡᠮᠡᠭᠲᠡᠶᠢᠴᠦᠳ ᠬᠢᠭᠡᠳ ᠰᠤᠷᠭᠠᠨ ᠬᠥᠮᠦᠵᠢᠯ᠂ ᠡᠮᠡᠭᠲᠡᠶᠢᠴᠦᠳ ᠬᠢᠭᠡᠳ ᠠᠵᠤ ᠠᠬᠤᠢ᠂ | ᠡᠮᠡᠭᠲᠡᠶᠢᠴᠦᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠬᠤ ᠳᠤ ᠣᠷᠤᠯᠴᠠᠬᠤ᠂ ᠡᠮᠡᠭᠲᠡᠶᠢᠴᠦᠳ ᠬᠢᠭᠡᠳ | ᠨᠡᠶᠢᠭᠡᠮ ᠤᠨ ᠪᠠᠲᠤᠯᠠᠭ᠎ᠠ᠂ ᠡᠮᠡᠭᠲᠡᠶᠢᠴᠦᠳ ᠬᠢᠭᠡᠳ ᠭᠡᠷ ᠪᠦᠯᠢ ᠶᠢᠨ ᠪᠦᠲᠦᠭᠡᠨ ᠪᠠᠶᠢᠭᠤᠯᠤᠯᠲᠠ᠂ ᠡᠮᠡᠭᠲᠡᠶᠢᠴᠦᠳ | ᠬᠢᠭᠡᠳ ᠣᠷᠴᠢᠨ ᠲᠣᠭᠤᠷᠢᠨ᠂ ᠡᠮᠡᠭᠲᠡᠶᠢᠴᠦᠳ ᠬᠢᠭᠡᠳ ᠬᠠᠤᠯᠢ ᠴᠠᠭᠠᠵᠠ ᠵᠡᠷᠭᠡ 8 ᠬᠦᠷᠢᠶ᠎ᠡ ᠴᠠᠷᠠᠭ᠎ᠠ ᠶᠢ | ᠪᠠᠶᠢᠷᠢᠯᠠᠭᠤᠯᠬᠤ ᠪᠣᠯ ᠮᠠᠨ ᠤ ᠲᠤᠭᠤᠷᠢᠭ ᠤᠨ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ | ᠶᠡᠷᠦᠩᠬᠡᠶᠢᠯᠡᠨ ᠵᠠᠬᠢᠷᠬᠤ ᠴᠢᠨᠠᠷᠲᠠᠢ ᠪᠢᠴᠢᠭ ᠮᠠᠲ᠋ᠧᠷᠢᠶᠠᠯ ᠪᠠ ᠴᠢᠬᠤᠯᠠ ᠦᠨᠳᠦᠰᠦᠯᠡᠯ ᠪᠣᠯᠣᠨ᠎ᠠ᠃ | ᠨᠢᠭᠡ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠶᠡᠷᠦᠩᠬᠡᠢ ᠬᠠᠷᠠᠯᠲᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠮᠠᠷᠺᠰ ᠤᠨ ᠦᠵᠡᠯ ᠤᠨ ᠡᠮᠡᠭᠲᠡᠶᠢᠴᠦᠳ ᠤᠨ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ | ᠡᠮᠡᠭᠲᠡᠶᠢᠴᠦᠳ ᠤᠨ ᠠᠵᠢᠯ ᠵᠢᠴᠢ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠦᠬᠠᠢ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠳᠠ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ᠤᠨ ᠨᠠᠮ ᠤᠨ ᠬᠤᠷᠢᠶᠠᠨ ᠤ ᠲᠣᠬᠢᠷᠠᠭᠤᠯᠤᠯᠲᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠡᠮᠡᠭᠲᠡᠶᠢᠴᠦᠳ ᠤᠨ | ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ ︽ᠳᠤᠮᠳᠠᠳᠤ ᠤᠯᠤᠰ ᠤᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ | ᠦᠬᠠᠢ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠶᠢ | ᠪᠥᠬᠦ ᠲᠠᠯ᠎ᠠ ᠪᠠᠷ ᠬᠡᠷᠡᠭᠵᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠳᠠ ᠶᠢᠨ ᠪᠦᠲᠦᠭᠡᠨ ᠪᠠᠶᠢᠭᠤᠯᠤᠯᠲᠠ ᠳᠤ ᠠᠭᠤᠰᠬᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ | ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠳᠦᠷᠢᠮ ᠲᠣᠭᠲᠠᠴᠠ ᠶᠢ ᠲᠠᠰᠤᠷᠠᠯᠲᠠ ᠦᠭᠡᠢ | ᠪᠠᠶᠢᠭᠤᠯᠤᠨ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠡᠷᠬᠡ ᠲᠡᠭᠰᠢ ᠬᠠᠤᠯᠢ ᠶᠣᠰᠣᠭᠠᠷ ᠠᠷᠠᠳᠴᠢᠯᠠᠯ ᠤᠨ | ᠡᠷᠬᠡ ᠪᠠᠨ ᠬᠡᠷᠡᠭᠵᠢᠭᠦᠯᠬᠦ ᠶᠢ ᠠᠬᠢᠭᠤᠯᠵᠤ᠂ ᠡᠮᠡᠭᠲᠡᠶᠢᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠡ | ᠲᠡᠭᠰᠢ ᠣᠷᠤᠯᠴᠠᠬᠤ ᠶᠢ ᠬᠥᠲᠥᠯᠥᠨ ᠳᠠᠭᠠᠭᠤᠯᠵᠤ᠂ ᠡᠮᠡᠭᠲᠡᠶᠢᠴᠦᠳ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠡᠷᠬᠡ ᠲᠡᠭᠰᠢ ᠡᠳ᠋ᠯᠡᠬᠦ ᠶᠢ ᠪᠠᠲᠤᠯᠠᠵᠤ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠮᠡᠭᠲᠡᠶᠢᠴᠦᠳ ᠤᠨ ᠦᠢᠯᠡᠰ ᠢ ᠣᠳᠣᠬᠢᠴᠢᠯᠠᠭᠰᠠᠨ ᠤᠳᠠ ᠲᠤᠭᠤᠷᠢᠭ ᠤᠨ | ᠪᠦᠲᠦᠭᠡᠨ ᠪᠠᠶᠢᠭᠤᠯᠤᠯᠲᠠ ᠳᠤᠮᠳᠠ ᠢᠵᠢᠯ ᠠᠯᠬᠤᠮ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠭᠦᠯᠬᠦ ᠶᠢ | ᠠᠬᠢᠭᠤᠯᠵᠤ᠂ ᠪᠦᠬᠦ ᠲᠤᠭᠤᠷᠢᠭ ᠤᠨ ᠥᠷᠭᠡᠨ ᠣᠯᠠᠨ ᠡᠮᠡᠭᠲᠡᠶᠢᠴᠦᠳ ᠢ ᠨᠡᠩ ᠰᠠᠶᠢᠲᠤᠷ ᠪᠦᠯᠬᠦᠮᠳᠡᠭᠦᠯᠦᠨ | ᠳᠠᠭᠠᠭᠤᠯᠵᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠤᠳᠠ ᠶᠢᠨ ᠴᠢᠨᠠᠷ ᠰᠠᠶᠢᠲᠠᠢ | ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠤᠳᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠰᠢᠨ᠎ᠡ ᠠᠶᠠᠨ ᠵᠠᠮ ᠳᠤ ︽ᠬᠠᠭᠠᠰ ᠲᠡᠭᠷᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ | 1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠤᠯᠤᠰ ᠲᠥᠷᠥ ᠶᠢᠨ ᠦᠵᠡᠯ ᠤᠬᠠᠮᠰᠠᠷ᠂ | ᠶᠡᠭᠡ ᠲᠠᠯ᠎ᠠ ᠶᠢᠨ ᠦᠵᠡᠯ ᠤᠬᠠᠮᠰᠠᠷ᠂ ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶᠢᠬᠤ ᠦᠵᠡᠯ ᠤᠬᠠᠮᠰᠠᠷ ᠢ | ᠪᠠᠲᠤ ᠪᠠᠬᠢ ᠪᠣᠶ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ | ᠬᠤᠷᠢᠶ᠎ᠠ ᠶᠢᠨ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠠᠵᠢᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠡᠮᠡᠭᠲᠡᠶᠢᠴᠦᠳ ᠤᠨ ᠠᠵᠢᠯ ᠦᠢᠯᠡᠰ ᠤᠨ | ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠤᠨ᠂ ᠡᠮᠡᠭᠲᠡᠶᠢᠴᠦᠳ ᠤᠨ ᠠᠵᠢᠯ ᠦᠢᠯᠡᠰ ᠤᠨ | ᠬᠥᠭᠵᠢᠯᠲᠡ ᠶᠢ ᠢᠮᠠᠭᠲᠠ ᠨᠠᠮ ᠤᠨ ᠵᠢᠭᠠᠭᠰᠠᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ | ᠤᠷᠤᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | 2. ᠡᠮᠡᠭᠲᠡᠶᠢᠴᠦᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡ ᠳᠤᠨᠢ ᠵᠣᠬᠢᠴᠠᠩᠭᠤᠢ ᠪᠠᠷ | ᠬᠥᠭᠵᠢᠭᠦᠯᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠠᠷᠠᠯᠲᠠᠲᠤ | ᠡᠭᠦᠷᠭᠡ ᠶᠢ ᠤᠳᠠ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ ᠡᠮᠡᠭᠲᠡᠶᠢᠴᠦᠳ ᠤᠨ ᠠᠵᠢᠯ | ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠵᠢᠷᠤᠭᠯᠠᠨ ᠲᠥᠯᠥᠪᠯᠡᠬᠦ᠂ ᠵᠡᠷᠭᠡᠪᠡᠷ ᠲᠥᠯᠥᠪᠵᠢᠭᠦᠯᠬᠦ᠂ ᠵᠡᠷᠭᠡᠪᠡᠷ | ᠬᠡᠷᠡᠭᠵᠢᠭᠦᠯᠬᠦ᠂ ᠵᠡᠷᠭᠡᠪᠡᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠦᠷ᠎ᠡ ᠪᠦᠲᠦᠭᠡᠯ ᠢ ᠥᠷᠭᠡᠨ ᠣᠯᠠᠨ ᠡᠮᠡᠭᠲᠡᠶᠢᠴᠦᠳ ᠲᠤ ᠨᠠᠩ ᠢᠯᠡᠭᠦᠦ ᠨᠠᠩ ᠭᠤᠥᠯᠴᠢ ᠪᠠᠷ ᠬᠦᠷᠲᠡᠭᠡᠨ᠎ᠡ᠃ | 3. ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠥᠷᠭᠡᠨ ᠣᠯᠠᠨ | ᠡᠮᠡᠭᠲᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ | ᠪᠣᠯᠭᠠᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠡᠮᠡᠭᠲᠡᠶᠢᠴᠦᠳ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠶᠠᠪᠤᠳᠠᠯ ᠢ ᠠᠵᠢᠯ ᠤᠨ ᠢᠶᠠᠨ ᠵᠣᠷᠢᠯᠲᠠ ᠪᠠ ᠦᠷ᠎ᠡ ᠳ᠋ᠦᠩ ᠪᠣᠯᠭᠠᠵᠤ᠂ | ᠡᠮᠡᠭᠲᠡᠶᠢᠴᠦᠳ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠪᠡᠶᠡᠯᠡᠭᠦᠯᠬᠦ ᠶᠢ ᠨᠥᠯᠥᠭᠡᠯᠡᠬᠦ᠂ | ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠳᠤ ᠠᠰᠢᠭ ᠦᠭᠡᠢ ᠬᠠᠷᠰᠢ ᠰᠠᠭᠠᠳ ᠢ ᠢᠳᠡᠪᠬᠢᠲᠡᠢ ᠪᠠᠷ | ᠠᠷᠢᠯᠭᠠᠵᠤ᠂ ᠡᠮᠡᠭᠲᠡᠶᠢᠴᠦᠳ ᠤᠨ ᠵᠡᠷᠭᠡᠪᠡᠷ ᠲᠡᠩᠴᠡᠭᠦᠷᠢᠲᠡᠢ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠡᠮᠡᠭᠲᠡᠶᠢᠴᠦᠳ ᠤᠨ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ ᠵᠡᠷᠭᠡ ᠡᠯ᠎ᠡ ᠬᠦᠷᠢᠶᠡᠨ ᠳᠠᠬᠢ ᠪᠥᠬᠦ | ᠲᠠᠯ᠎ᠠ ᠶᠢᠨ ᠬᠥᠭᠵᠢᠯᠲᠡ ᠶᠢ ᠵᠣᠬᠢᠴᠠᠩᠭᠤᠢ ᠪᠠᠷ ᠠᠬᠢᠭᠤᠯᠤᠨ᠎ᠠ᠃ | 4. ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠡᠷᠬᠡ ᠲᠡᠭᠰᠢ ᠬᠥᠭᠵᠢᠯᠲᠡ ᠶᠢ ᠪᠠᠷᠢᠮᠲᠠᠯᠠᠨ᠎ᠠ᠃ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠶᠢ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ᠂ ᠠᠵᠢᠯ | ᠲᠣᠬᠢᠷᠠᠭᠤᠯᠤᠨ ᠪᠠᠶᠢᠷᠢᠯᠠᠭᠤᠯᠬᠤ ᠵᠡᠷᠭᠡ ᠡᠯ᠎ᠡ ᠭᠤᠭᠴᠤᠭ᠎ᠠ ᠳᠤ ᠭᠦᠢᠴᠡᠳ ᠢᠯᠡᠷᠡᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠠ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠭᠦᠢᠴᠡᠳ | ᠢᠯᠡᠷᠡᠭᠦᠯᠵᠦ᠂ ᠡᠮᠡᠭᠲᠡᠶᠢᠴᠦᠳ ᠤᠨ ᠬᠦᠰᠡᠯ ᠱᠠᠭᠠᠷᠳᠠᠯᠭ᠎ᠠ ᠪᠠ ᠣᠨᠴᠠᠭᠠᠶ ᠠᠰᠢᠭ ᠲᠤᠰᠠ ᠶᠢ ᠨᠢᠭᠲᠠ ᠠᠩᠬᠠᠷᠴᠤ᠂ | ᠨᠡᠩ ᠡᠷᠬᠡ ᠲᠡᠭᠰᠢ᠂ ᠪᠠᠭᠲᠠᠭᠠᠮᠵᠢᠲᠠᠢ᠂ ᠦᠷᠭᠦᠯᠵᠢᠯᠡᠬᠦ ᠬᠤᠶᠠᠷ ᠪᠡᠯᠭᠡ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠪᠤᠢ ᠪᠣᠯᠭᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠦᠨᠡᠨ ᠬᠦ | ᠪᠣᠳᠠᠲᠤ ᠠᠬᠤᠢ ᠳᠠᠬᠢ ᠡᠷᠡᠭᠲᠡᠢ ᠡᠮᠡᠭᠲᠡᠢ ᠡᠷᠬᠡ ᠲᠡᠭᠰᠢ ᠪᠣᠯᠭᠠᠨ ᠬᠤᠪᠢᠷᠠᠭᠤᠯᠤᠨ᠎ᠠ᠃ | 5. ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠠᠵᠤ | ᠠᠬᠤᠢ ᠨᠡᠶᠢᠭᠡᠮ ᠤᠨ ᠬᠥᠭᠵᠢᠯᠲᠡ ᠳᠤ ᠣᠷᠤᠯᠴᠠᠬᠤ ᠡᠷᠬᠡ ᠶᠢ ᠬᠠᠤᠯᠢ ᠶᠣᠰᠣᠭᠠᠷ ᠪᠠᠲᠤᠯᠠᠵᠤ᠂ ᠡᠮᠡᠭᠲᠡᠶᠢᠴᠦᠳ ᠤᠨ | ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠥᠷᠭᠡᠨ ᠣᠯᠠᠨ ᠡᠮᠡᠭᠲᠡᠶᠢᠴᠦᠳ ᠤᠨ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠨ᠂ | ᠡᠮᠡᠭᠲᠡᠶᠢᠴᠦᠳ ᠤᠨ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠬᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠩᠭᠤᠢ ᠪᠠᠷ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ | ᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠲᠣᠰ ᠪᠡᠶ᠎ᠡ ᠶᠢᠨ ᠳᠠᠪᠰᠢᠯᠲᠠ ᠪᠠ | ᠬᠥᠭᠵᠢᠯᠲᠡ ᠪᠠᠨ ᠪᠡᠶᠡᠯᠡᠭᠦᠯᠬᠦ ᠶᠢ ᠬᠥᠲᠥᠯᠥᠨ ᠵᠢᠯᠤᠭᠤᠳᠬᠤ ᠪᠠ ᠳᠡᠮᠵᠢᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ᠃ | ︵ᠭᠤᠷᠪᠠ︶ ᠶᠡᠷᠦᠩᠬᠡᠢ ᠬᠠᠷᠠᠯᠲᠠ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠳᠠ ᠲᠤᠭᠤᠷᠢᠭ ᠢ ᠪᠦᠲᠦᠭᠡᠨ ᠪᠠᠶᠢᠭᠤᠯᠬᠤ ᠶᠠᠪᠤᠴᠠ ᠳᠤ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ | ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠮᠡᠭᠲᠡᠶᠢᠴᠦᠳ ᠤᠨ ᠪᠦᠬᠦ ᠲᠠᠯ᠎ᠠ ᠶᠢᠨ | ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ᠂ ᠰᠤᠷᠭᠠᠨ | ᠬᠥᠮᠦᠵᠢᠯ ᠤᠨ ᠡᠬᠢ ᠪᠠᠶᠠᠯᠢᠭ᠂ ᠠᠵᠤ ᠠᠬᠤᠢ ᠶᠢᠨ ᠡᠷᠬᠡ ᠠᠰᠢᠭ᠂ ᠤᠯᠤᠰ ᠲᠥᠷᠥ ᠶᠢᠨ ᠡᠷᠬᠡ ᠵᠢᠴᠢ ᠣᠯᠠᠨ ᠳᠡᠰ | ᠳᠠᠪᠬᠤᠷᠭ᠎ᠠ ᠶᠢᠨ ᠦᠷᠭᠦᠯᠵᠢᠯᠡᠬᠦ ᠨᠡᠶᠢᠭᠡᠮ ᠤᠨ ᠪᠠᠲᠤᠯᠠᠭ᠎ᠠ ᠶᠢ ᠡᠷᠬᠡ ᠲᠡᠭᠰᠢ ᠡᠳ᠋ᠯᠡᠬᠦ ᠶᠢ ᠡᠮᠡᠭᠲᠡᠶᠢᠴᠦᠳ ᠤᠨ ᠡᠷᠡᠭᠦᠯ | ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠦᠨ᠂ ᠠᠵᠤ ᠠᠬᠤᠢ ᠶᠢᠨ ᠪᠠᠶᠢᠷᠢ ᠰᠠᠭᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠤᠯᠤᠰ | ᠪᠠ ᠠᠵᠤ ᠠᠬᠤᠢ ᠰᠣᠶᠣᠯ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠶᠢᠨ ᠬᠢᠷᠢ ᠬᠡᠮᠵᠢᠶ᠎ᠡ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠬᠥᠭᠵᠢᠯᠲᠡ ᠶᠢ ᠳᠡᠮᠵᠢᠨ ᠪᠠᠲᠤᠯᠠᠬᠤ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠭᠡᠷ ᠪᠦᠯᠢ ᠭᠡᠷ ᠤᠨ ᠰᠤᠷᠭᠠᠯ ᠭᠡᠷ ᠤᠨ | ᠰᠤᠷᠲᠠᠯ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠨᠠᠩ | ᠲᠣᠪᠣᠶᠢᠮ᠎ᠠ ᠪᠣᠯᠭᠠᠵᠤ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠥᠷᠭᠡᠨ ᠢᠶᠠᠷ | ᠪᠠᠳᠠᠷᠠᠭᠤᠯᠤᠨ᠎ᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ | ᠭᠦᠨ ᠬᠠᠳᠠᠩᠰᠢᠭᠤᠯᠵᠤ᠂ ᠡᠮᠡᠭᠲᠡᠶᠢᠴᠦᠳ ᠤᠨ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠬᠤ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ | ᠨᠥᠬᠦᠴᠡᠯ ᠢ ᠨᠡᠩ ᠰᠢᠯᠢᠳᠡᠭᠵᠢᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠨ᠎ᠠ᠃ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢᠯᠡᠳᠲᠡ ᠴᠢᠩᠭᠠᠷᠠᠪᠠ᠃ | ᠤᠳᠠ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶ | ᠡᠮᠦᠨᠡᠬᠢ ᠦᠭᠡ | ᠪᠠᠭᠠᠴᠤᠳ ᠬᠡᠦᠬᠡᠳ ᠢ ᠰᠠᠶᠢᠲᠤᠷ ᠬᠥᠮᠥᠵᠢᠭᠦᠯᠬᠦ ᠪᠣᠯ ᠨᠢᠭᠡᠨ ᠪᠠᠶᠢᠯᠳᠤᠬᠤ ᠪᠣᠳᠣᠯᠭ᠎ᠠ ᠶᠢᠨ ᠡᠭᠦᠷᠭᠡ ᠮᠥᠨ᠂ | ᠠᠯᠤᠰ ᠬᠡᠳᠦ ᠳᠤ ᠬᠤᠯᠪᠣᠭᠳᠠᠬᠤ ᠶᠤᠮ᠃ ᠬᠡᠦᠬᠡᠳ ᠤᠨ ᠠᠮᠢ ᠨᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠬᠡᠦᠬᠡᠳ ᠤᠨ ᠡᠷᠡᠭᠦᠯ ᠢᠶᠠᠷ ᠦᠰᠦᠨ ᠳᠤᠮᠳᠠᠳᠤ ᠶᠢᠨ ᠦᠨᠳᠦᠰᠦᠲᠡᠨ ᠤ ᠬᠡᠪ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠂ ᠲᠡᠷᠡ ᠨᠢ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠵᠤ᠂ ᠬᠥᠮᠥᠨ ᠤ ᠪᠦᠬᠦ | ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠵᠣᠯ ᠵᠢᠷᠭᠠᠯᠲᠤ ᠭᠡᠷ | ᠪᠦᠯᠢ ᠶᠢ ᠪᠦᠲᠦᠭᠡᠨ ᠪᠠᠶᠢᠭᠤᠯᠬᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠤᠳᠠᠲ᠋ᠤᠭᠤᠷᠢᠭ ᠤᠨ ᠨᠠᠮ ᠤᠨ ᠬᠤᠷᠢᠶ᠎ᠠ ᠪᠣᠯᠣᠨ | ᠲᠤᠭᠤᠷᠢᠭ ᠤᠨ ᠵᠠᠰᠠᠭ ᠤᠨ ᠣᠷᠳᠣᠨ ᠶᠡᠷᠦ ᠠᠴᠠ ᠬᠡᠦᠬᠡᠳ ᠤᠨ ᠦᠢᠯᠡᠰ ᠤᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠨᠠᠷᠢᠨ ᠬᠢᠨᠠᠮᠠᠭᠠᠢ | ᠲᠤᠤᠱᠯᠠᠭᠤᠯᠵᠤ᠂ ᠬᠡᠦᠬᠡᠳ ᠤᠨ ᠦᠢᠯᠡᠰ ᠢ ᠶᠡᠬᠡᠪᠡᠷ ᠬᠥᠭᠵᠢᠭᠦᠯᠵᠦ᠂ ᠤᠷᠢᠳ ᠬᠤᠵᠢᠳ ᠭᠤᠷᠪᠠᠨ ᠦᠶᠡᠯᠡᠯ ᠤᠨ | ᠬᠤᠭᠤᠴᠠᠭᠠᠨ ᠤ ᠤᠳᠠ ᠲᠤᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ | ᠬᠡᠷᠡᠭᠵᠢᠭᠦᠯᠵᠦ᠂ ᠬᠡᠦᠬᠡᠳ ᠤᠨ ᠣᠷᠣᠰᠢᠨ ᠠᠮᠢᠳᠤᠷᠠᠬᠤ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ᠂ ᠪᠦᠬᠦ ᠲᠠᠯ᠎ᠠ ᠪᠠᠷ ᠬᠥᠭᠵᠢᠬᠦ ᠳᠤ | ᠬᠦᠴᠦᠲᠡᠢ ᠪᠠᠲᠤᠯᠠᠭ᠎ᠠ ᠬᠠᠩᠭᠠᠵᠠᠢ᠃ | ᠰᠢ ᠶᠢᠨ ᠫᠢᠩ ᠶᠡᠷᠦᠩᠬᠡᠢ ᠱᠦᠵᠢ ᠬᠡᠦᠬᠡᠳ ᠪᠣᠯᠣᠨ ᠬᠡᠦᠬᠡᠳ ᠤᠨ ᠠᠵᠢᠯ ᠤᠨ ᠲᠤᠬᠠᠢ ᠠᠯᠢ ᠣᠯᠠᠨ | ᠴᠢᠬᠤᠯᠠ ᠥᠭᠦᠯᠡᠯᠲᠡ ᠳᠤᠷᠠᠳᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ ︽ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ︾ ︽ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ︾ ︽ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ︾ ᠵᠡᠷᠭᠡ ᠴᠢᠬᠤᠯᠠ ᠶᠡᠭᠡ ᠪᠠᠶᠢᠷᠢᠯᠠᠭᠤᠯᠤᠯᠲᠠ ᠶᠢ ᠳᠤᠷᠠᠳᠤᠨ | ᠭᠠᠷᠭᠠᠪᠠ᠃ ᠡᠨᠡ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠬᠡᠦᠬᠡᠳ | ᠵᠢᠴᠢ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ | ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠡᠦᠬᠡᠳ ᠤᠨ | ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠤᠳᠠ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠵᠢᠴᠢ ᠭᠡᠷ ᠪᠦᠯᠢ ᠭᠡᠷ ᠤᠨ ᠰᠤᠷᠭᠠᠯ | ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠪᠠᠷ ᠵᠣᠭᠰᠣᠴᠠ ᠪᠣᠯᠭᠠᠵᠤ᠂ ᠬᠡᠦᠬᠡᠳ ᠤᠨ | ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠬᠤᠷᠢᠶ᠎ᠠ | ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ︵ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ︶ ᠤᠨ ᠵᠣᠬᠢᠴᠠᠭᠤᠯᠬᠤ᠂ ᠪᠦᠷᠢᠯᠳᠦᠭᠦᠨ ᠨᠢᠭᠡᠴᠡ | ᠵᠡᠷᠭᠡ ᠣᠯᠠᠨ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠣᠷᠤᠯᠴᠠᠬᠤ | ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠲᠤᠭᠤᠷᠢᠭ ᠤᠨ ᠬᠡᠦᠬᠡᠳ ᠲᠤ ᠥᠨᠳᠥᠷ | ᠬᠢᠷᠢ ᠲᠦᠪᠰᠢᠨ ᠪᠦᠬᠦᠢ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠢ | ᠬᠠᠮᠲᠤᠪᠠᠷ ᠡᠳ᠋ᠯᠡᠭᠦᠯᠬᠦ ᠶᠢ ᠠᠬᠢᠭᠤᠯᠵᠤ᠂ ᠬᠡᠦᠬᠡᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠂ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠬᠡᠦᠬᠡᠳ ᠤᠨ ᠠᠰᠠᠷᠠᠮᠵᠢ ᠶᠢᠨ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠮᠢᠳᠤᠷᠠᠯ ᠤᠨ ᠣᠷᠴᠢᠨ | ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ 2020 ᠣᠨ ᠤ | ᠡᠴᠦᠰ ᠪᠣᠯᠲᠠᠯ᠎ᠠ᠂ ᠮᠠᠨ ᠤ ᠲᠤᠭᠤᠷᠢᠭ ᠤᠨ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠬᠦ ᠨᠣᠷᠮ᠎ᠠ᠂ | ᠦᠵᠡᠭᠳᠡᠬᠦ ᠦᠶ᠎ᠡ ᠶᠢᠨ ᠪᠡᠶ᠎ᠡ ᠶᠢᠨ ᠬᠦᠨᠳᠦ ᠨᠢ ᠳᠣᠣᠷ᠎ᠠ ᠪᠠᠶᠢᠬᠤ ᠨᠣᠷᠮ᠎ᠠ ᠨᠢ 4% ᠠᠴᠠ ᠳᠣᠷᠣᠭᠰᠢ ᠪᠠᠶᠢᠨ᠎ᠠ︔ | 5 ᠨᠠᠰᠤᠨ ᠠᠴᠠ ᠳᠣᠷᠣᠭᠰᠢᠬᠢ ᠬᠡᠦᠬᠡᠳ ᠤᠨ ᠥᠰᠦᠯᠲᠡ ᠤᠳᠠᠭᠠᠰᠢᠷᠠᠬᠤ ᠨᠣᠷᠮ᠎ᠠ ᠵᠢᠯ ᠳᠠᠷᠠᠭᠠᠯᠠᠨ 0.34% | ᠪᠣᠯᠵᠤ ᠪᠠᠭᠤᠷᠠᠪᠠ︔ 5 ᠨᠠᠰᠤᠨ ᠠᠴᠠ ᠳᠣᠷᠣᠭᠰᠢᠬᠢ ᠬᠡᠦᠬᠡᠳ ᠤᠨ ᠪᠡᠶ᠎ᠡ ᠶᠢᠨ ᠬᠦᠨᠳᠦ ᠶᠢᠨ ᠳᠣᠣᠷ᠎ᠠ ᠨᠤᠷᠮ᠎ᠠ ᠨᠢ | ᠵᠢᠯ ᠳᠠᠷᠠᠭᠠᠯᠠᠨ ᠪᠠᠭᠤᠷᠠᠭᠠᠳ 0. 31%ᠪᠣᠯᠪᠠ︔ ᠬᠡᠦᠬᠡᠳ ᠤᠨ ᠬᠠᠮᠢᠶᠠᠷᠤᠯᠲᠠ ᠶᠢᠨ ᠨᠣᠷᠮ᠎ᠠ ᠶᠢ 95% ᠠᠴᠠ | ᠳᠡᠭᠡᠭᠰᠢ ᠪᠣᠯᠲᠠᠯ᠎ᠠ᠂ ᠰᠤᠷᠬᠤ ᠨᠠᠰᠤᠨ ᠠᠴᠠ ᠡᠮᠦᠨᠡᠬᠢ 3 ᠵᠢᠯ ᠤᠨ ᠴᠡᠴᠡᠷᠯᠢᠭ ᠲᠤ ᠣᠷᠣᠭᠰᠠᠨ ᠪᠥᠬᠦ ᠨᠣᠷᠮ᠎ᠠ | 97.02% ᠪᠣᠯᠪᠠ︔ ᠪᠠᠭ᠎ᠠ ᠰᠤᠷᠭᠠᠭᠤᠯᠢ ᠶᠢᠨ ᠬᠡᠦᠬᠡᠳ ᠤᠨ ᠰᠤᠷᠭᠠᠭᠤᠯᠢ ᠳᠤ ᠣᠷᠣᠭᠰᠠᠨ ᠴᠡᠪᠡᠷ ᠨᠣᠷᠮ᠎ᠠ | 100%︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠪᠥᠬᠦ | ᠨᠣᠷᠮ᠎ᠠ 128.23% ᠳᠤ ᠬᠦᠷᠴᠦ᠂ ᠬᠡᠦᠬᠡᠳ ᠤᠨ ᠴᠡᠴᠡᠷᠯᠢᠭ ᠤᠨ ᠬᠡᠦᠬᠡᠳ ᠤᠨ ᠴᠡᠴᠡᠷᠯᠢᠭ ᠲᠠᠬᠢ ᠬᠠᠷᠢᠴᠠᠯ | ᠵᠢᠯ ᠳᠠᠷᠠᠭᠠᠯᠠᠨ ᠳᠡᠭᠡᠭᠰᠢᠯᠡᠵᠦ᠂ ᠬᠡᠦᠬᠡᠳ ᠤᠨ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ | ᠣᠳᠣᠬᠠᠨ ᠳᠤ᠂ ᠨᠡᠶᠢᠭᠡᠮ ᠵᠢᠷᠤᠮ ᠤᠨ ᠣᠳᠣ ᠦᠶ᠎ᠡ ᠶᠢᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠵᠠᠩᠭᠢᠯᠠᠭ᠎ᠠ ᠶᠢᠨ ᠴᠠᠭ | ᠦᠶ᠎ᠡ ᠳᠤ᠂ ᠮᠥᠨ ᠴᠦ ᠮᠠᠨ ᠤ ᠲᠤᠭᠤᠷᠢᠭ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠴᠢᠬᠤᠯᠠ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠣᠨ᠎ᠠ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠬᠠᠷᠠᠯᠲᠠ | ᠪᠣᠯᠭᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠬᠠᠷᠠᠯᠲᠠ | ᠰᠢᠨ᠎ᠡ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠥᠨᠳᠥᠷ ᠲᠦᠪᠰᠢᠨ ᠢᠶᠠᠷ ᠬᠡᠦᠬᠡᠳ ᠤᠨ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠢᠷᠡᠭᠡᠳᠦᠢ ᠶᠢᠨ ᠲᠣᠪᠣᠶᠢᠮ᠎ᠠ ᠪᠠ ᠥᠷᠢᠰᠦᠯᠳᠦᠭᠡᠨ ᠤ ᠡᠮᠦᠨ᠎ᠡ᠂ | ᠡᠷᠬᠡᠪᠰᠢ ᠮᠠᠨ ᠤ ᠲᠤᠭᠤᠷᠢᠭ ᠤᠨ ᠬᠡᠦᠬᠡᠳ ᠤᠨ ᠦᠢᠯᠡᠰ ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ | ᠪᠠᠶᠢᠬᠤ ᠠᠰᠠᠭᠤᠳᠠᠯ ᠮᠥᠨ ᠯᠡ ᠲᠣᠪᠣᠶᠢᠮ᠎ᠠ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠂ ᠵᠢᠱᠢᠶᠡᠯᠡᠪᠡᠯ᠄ | ᠬᠡᠦᠬᠡᠳ ᠤᠨ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢᠨ ᠴᠠᠭ ᠦᠶᠡᠴᠢ ᠴᠢᠨᠠᠷ ᠪᠠ ᠪᠣᠳᠠᠲᠤ ᠪᠦᠲᠦᠮᠵᠢᠲᠦ | ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ ᠬᠡᠦᠬᠡᠳ ᠢ ᠤᠷᠢᠳ ᠢᠶᠠᠷ ᠪᠣᠳᠣᠯᠬᠢᠯᠠᠬᠤ | ᠤᠬᠠᠮᠰᠠᠷ ᠵᠢᠴᠢ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ ᠬᠡᠦᠬᠡᠳ ᠤᠨ ᠡᠷᠬᠡ ᠠᠰᠢᠭ ᠢ ᠪᠠᠲᠤᠯᠠᠬᠤ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ ᠴᠢᠬᠤᠯᠠᠲᠠᠢ ᠪᠠᠶᠢᠵᠤ᠂ ᠦᠨᠳᠦᠰᠦᠨ | ᠱᠠᠲᠤᠨ ᠤ ᠬᠡᠦᠬᠡᠳ ᠢ ᠬᠠᠮᠠᠭᠠᠯᠠᠬᠤ ᠪᠠ ᠦᠢᠯᠡᠴᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ | ᠴᠢᠬᠤᠯᠠᠲᠠᠢ ᠪᠠᠶᠢᠨ᠎ᠠ᠃ ᠠᠵᠠ ᠲᠣᠬᠢᠶᠠᠯ ᠪᠣᠯᠣᠨ ᠥᠷᠢᠰᠦᠯᠳᠦᠭᠡᠨ ᠵᠡᠷᠭᠡᠪᠡᠷ ᠣᠷᠣᠰᠢᠵᠤ᠂ ᠬᠡᠦᠬᠡᠳ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠬᠡᠦᠬᠡᠳ ᠤᠨ ᠦᠢᠯᠡᠰ ᠤᠨ | ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠡᠭᠦᠷᠭᠡ ᠬᠦᠨᠳᠦ ᠵᠠᠮ ᠬᠤᠯᠠ᠂ ᠡᠭᠦᠷᠭᠡ ᠥᠩᠭᠡ ᠭᠡᠷᠡᠯᠲᠡᠢ ᠶᠤᠮ᠃ | ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠳᠦᠷᠢᠮ︾ ᠵᠡᠷᠭᠡ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ︽ᠳᠤᠮᠳᠠᠳᠤ ᠤᠯᠤᠰ ᠤᠨ ᠬᠡᠦᠬᠡᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠦᠬᠠᠢ | ᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠤᠳᠠ | ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠂ ᠣᠯᠠᠨ | ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ︽ᠬᠡᠦᠬᠡᠳ ᠤᠨ ᠡᠷᠬᠡ ᠶᠢᠨ ᠨᠡᠶᠢᠲᠡ ᠶᠢᠨ ᠭᠡᠷ᠎ᠡ︾ ᠪᠠ 2030 | ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠪᠠ | ᠪᠢᠴᠢᠭ ᠮᠠᠲ᠋ᠧᠷᠢᠶᠠᠯ ᠤᠨ ᠵᠣᠷᠢᠯᠲᠠ ᠪᠠᠷ ᠯᠠᠪᠯᠠᠯᠲᠠ ᠪᠣᠯᠭᠠᠵᠤ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠬᠥᠲᠥᠯᠪᠦᠷᠢ ᠶᠢ ᠲᠣᠭᠲᠠᠭᠠᠪᠠ᠃ ᠲᠤᠰ ᠬᠥᠲᠥᠯᠪᠦᠷᠢ ᠨᠢ ︽ᠵᠢᠯᠤᠭᠤᠳᠬᠤ ᠦᠵᠡᠯ | ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠢ ᠬᠠᠷᠠᠯᠲᠠ︾ ︽ᠬᠥᠭᠵᠢᠭᠦᠯᠦᠯᠲᠡ ᠶᠢᠨ ᠬᠦᠷᠢᠶ᠎ᠡ᠂ ᠭᠤᠣᠯ | ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ︾ ︽ᠵᠣᠬᠢᠶᠠᠨ ᠪᠠᠶᠢᠭᠤᠯᠵᠤ ᠬᠡᠷᠡᠭᠵᠢᠭᠦᠯᠬᠦ︾ ︽ᠬᠢᠨᠠᠨ | ᠬᠡᠮᠵᠢᠵᠦ ᠦᠨᠡᠯᠡᠨ ᠵᠢᠱᠢᠬᠦ︾ ᠳᠥᠷᠪᠡᠨ ᠬᠡᠰᠡᠭ ᠢᠶᠠᠷ ᠪᠦᠷᠢᠯᠳᠦᠵᠡᠢ᠃ ᠬᠡᠦᠬᠡᠳ ᠬᠢᠭᠡᠳ ᠡᠷᠡᠭᠦᠯ ᠮᠡᠨᠳᠦ᠂ | ᠬᠡᠦᠬᠡᠳ ᠬᠢᠭᠡᠳ ᠠᠮᠤᠷ ᠲᠦᠪᠰᠢᠨ᠂ ᠬᠡᠦᠬᠡᠳ ᠬᠢᠭᠡᠳ ᠰᠤᠷᠭᠠᠨ ᠬᠥᠮᠦᠵᠢᠯ᠂ ᠬᠡᠦᠬᠡᠳ ᠬᠢᠭᠡᠳ ᠠᠰᠠᠷᠠᠮᠵᠢ᠂ | ᠬᠡᠦᠬᠡᠳ ᠬᠢᠭᠡᠳ ᠭᠡᠷ ᠪᠦᠯᠢ᠂ ᠬᠡᠦᠬᠡᠳ ᠬᠢᠭᠡᠳ ᠣᠷᠴᠢᠨ ᠲᠣᠭᠤᠷᠢᠨ᠂ ᠬᠡᠦᠬᠡᠳ ᠬᠢᠭᠡᠳ ᠬᠠᠤᠯᠢ ᠴᠠᠭᠠᠵᠠ ᠶᠢᠨ | ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢ ᠪᠠᠶᠢᠷᠢᠯᠠᠭᠤᠯᠬᠤ ᠪᠣᠯ ᠮᠠᠨ ᠤ ᠲᠤᠭᠤᠷᠢᠭ ᠤᠨ ᠬᠡᠦᠬᠡᠳ ᠤᠨ ᠠᠵᠢᠯ | ᠦᠢᠯᠡᠰ ᠤᠨ ᠬᠥᠭᠵᠢᠯᠲᠡ ᠶᠢᠨ ᠶᠡᠷᠦᠩᠬᠡᠶᠢᠯᠡᠨ ᠵᠠᠬᠢᠷᠬᠤ ᠴᠢᠨᠠᠷᠲᠠᠢ ᠪᠢᠴᠢᠭ ᠮᠠᠲ᠋ᠧᠷᠢᠶᠠᠯ ᠪᠠ ᠴᠢᠬᠤᠯᠠ ᠦᠨᠳᠦᠰᠦᠯᠡᠯ | ᠪᠣᠯᠣᠨ᠎ᠠ᠃ | ᠨᠢᠭᠡ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠶᠡᠷᠦᠩᠬᠡᠢ ᠬᠠᠷᠠᠯᠲᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ᠂ ᠭᠡᠷ ᠪᠦᠯᠢ ᠭᠡᠷ ᠤᠨ | ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠲᠤᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠬᠡᠦᠬᠡᠳ ᠤᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠡᠦᠬᠡᠳ ᠤᠨ ᠬᠥᠭᠵᠢᠯᠲᠡ ᠶᠢᠨ ᠵᠠᠮ ᠢᠶᠠᠷ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠪᠣᠯᠣᠨ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠲᠤᠤᠱᠯᠠᠭᠤᠯᠵᠤ᠂ ︽ | ᠳᠤᠮᠳᠠᠳᠤ ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 | ︱ 2030 ᠣᠨ︶︾ ︽ᠦᠬᠠᠢ ᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ | 2030 ᠣᠨ︶︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠣᠰᠣ ᠮᠣᠷᠠᠯ ᠢ ᠪᠤᠶ ᠪᠣᠯᠭᠠᠨ ᠬᠥᠮᠥᠨ ᠢ ᠬᠥᠮᠥᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠡᠦᠬᠡᠳ ᠤᠨ ᠦᠢᠯᠡᠰ ᠤᠨ ᠬᠥᠭᠵᠢᠯᠲᠡ ᠶᠢ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠳᠠ ᠶᠢᠨ ᠪᠦᠲᠦᠭᠡᠨ ᠪᠠᠶᠢᠭᠤᠯᠤᠯᠲᠠ ᠳᠤ ᠠᠭᠤᠰᠬᠠᠵᠤ᠂ ᠬᠡᠦᠬᠡᠳ ᠲᠤ ᠬᠠᠮᠤᠭ ᠤᠨ ᠠᠰᠢᠭᠲᠠᠢ | ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠬᠡᠦᠬᠡᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠬᠡᠦᠬᠡᠳ ᠤᠨ ᠣᠷᠣᠰᠢᠨ ᠲᠣᠭᠲᠠᠨᠢᠬᠤ | ᠂ ᠬᠥᠭᠵᠢᠬᠦ᠂ ᠬᠠᠮᠠᠭᠠᠯᠠᠭᠳᠠᠬᠤ ᠪᠠ ᠣᠷᠤᠯᠴᠠᠬᠤ ᠡᠷᠬᠡ ᠶᠢ ᠪᠠᠲᠤᠯᠠᠵᠤ᠂ ᠬᠡᠦᠬᠡᠳ ᠤᠨ ᠶᠡᠷᠦᠩᠬᠡᠶᠢᠯᠡᠭᠰᠡᠨ ᠬᠡᠪ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠦᠬᠡᠳ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠵᠣᠬᠢᠴᠠᠩᠭᠤᠢ ᠪᠠᠷ | ᠬᠥᠭᠵᠢᠭᠦᠯᠬᠦ ᠶᠢ ᠠᠬᠢᠭᠤᠯᠵᠤ᠂ ᠬᠡᠦᠬᠡᠳ ᠵᠢᠴᠢ ᠭᠡᠷ ᠪᠦᠯᠢ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ | ᠬᠦᠰᠡᠯ ᠡᠷᠡᠮᠡᠯᠵᠡᠯ ᠢ ᠬᠠᠩᠭᠠᠵᠤ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠦᠨ ᠪᠣᠶᠢᠵᠢᠭᠤᠯᠵᠤ᠂ ᠤᠳᠠ | ᠬᠡᠦᠬᠡᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠵᠦ᠂ ᠲᠠᠬᠢᠨ ᠰᠢᠨ᠎ᠡ ᠭᠡᠷᠡᠯ | ᠰᠠᠴᠤᠷᠠᠩᠭᠤᠢ ᠠᠮᠵᠢᠯᠲᠠ ᠶᠢ ᠡᠭᠦᠳᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠴᠢᠳᠠᠪᠤᠷᠢᠲᠠᠨ ᠤ | ᠰᠠᠭᠤᠷᠢ ᠶᠢ ᠲᠠᠯᠪᠢᠨ᠎ᠠ᠃ | ︵ᠬᠤᠶᠠᠷ︶ ᠦᠨᠳᠦᠰᠦᠨ ᠵᠠᠷᠴᠢᠮ | 1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠤᠯᠤᠰ ᠲᠥᠷᠥ ᠶᠢᠨ ᠤᠬᠠᠮᠰᠠᠷ᠂ ᠶᠡᠭᠡ | ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠦᠬᠠᠢ ᠬᠤᠲᠠ ᠶᠢᠨ ᠨᠠᠮ ᠤᠨ ᠬᠤᠷᠢᠶ᠎ᠠ᠂ ᠤᠳᠠ ᠲᠣᠭᠤᠷᠢᠭ ᠤᠨ ᠨᠠᠮ ᠤᠨ | ᠬᠤᠷᠢᠶ᠎ᠠ ᠶᠢᠨ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠬᠡᠦᠬᠡᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ | ᠪᠠ ᠡᠯ᠎ᠡ ᠲᠠᠯ᠎ᠠ ᠳᠤ ᠲᠤᠤᠱᠯᠠᠭᠤᠯᠤᠨ᠂ ᠬᠡᠦᠬᠡᠳ ᠤᠨ ᠦᠢᠯᠡᠰ ᠤᠨ ᠬᠥᠭᠵᠢᠯᠲᠡ ᠶᠢ ᠢᠮᠠᠭᠲᠠ ᠨᠠᠮ ᠤᠨ ᠵᠢᠭᠠᠭᠰᠠᠨ | ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | 2. ᠬᠡᠦᠬᠡᠳ ᠢ ᠤᠷᠢᠳᠠᠪᠠᠷ ᠪᠠᠲᠤᠯᠠᠬᠤ ᠶᠢ ᠪᠠᠷᠢᠮᠲᠠᠯᠠᠨ᠎ᠠ᠃ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ | ᠲᠣᠭᠲᠠᠭᠠᠬᠤ᠂ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ᠂ ᠣᠯᠠᠨ ᠨᠡᠶᠢᠲᠡ ᠶᠢᠨ ᠡᠬᠢ | ᠪᠠᠶᠠᠯᠢᠭ ᠢ ᠲᠣᠬᠢᠷᠠᠭᠤᠯᠬᠤ᠂ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠬᠡᠦᠬᠡᠳ ᠤᠨ ᠠᠰᠢᠭ ᠲᠤᠰᠠ ᠪᠠ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠣᠳᠣᠯᠬᠢᠯᠠᠵᠤ᠂ ᠬᠡᠦᠬᠡᠳ ᠯᠦᠭᠡ ᠬᠤᠯᠪᠣᠭᠳᠠᠬᠤ | ᠠᠯᠢᠪᠠ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠨᠠᠰᠤᠨ ᠳᠤ ᠥᠯᠥ ᠭᠦᠷᠦᠭᠰᠡᠳ ᠲᠤ ᠬᠠᠮᠤᠭ ᠤᠨ ᠠᠰᠢᠭᠲᠠᠢ | ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | 3. ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠪᠠᠷᠢᠮᠲᠠᠯᠠᠨ᠎ᠠ᠃ ᠬᠡᠦᠬᠡᠳ ᠤᠨ ᠨᠡᠷ᠎ᠡ ᠬᠦᠨᠳᠦ ᠶᠢ | ᠬᠦᠨᠳᠦᠳᠬᠡᠵᠦ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠪᠠ ᠵᠢᠮ᠎ᠡ ᠶᠣᠰᠣ ᠶᠢ ᠵᠢᠷᠤᠮᠯᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ | ᠪᠣᠯᠭᠠᠵᠤ᠂ ᠴᠠᠭ ᠦᠶ᠎ᠡ ᠶᠢᠨ ᠰᠢᠨ᠎ᠡ ᠬᠥᠮᠥᠨ ᠢ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠰᠢᠷᠭᠠᠭᠤ | ᠬᠠᠲᠠᠭᠤᠵᠢᠯᠲᠠᠢ ᠰᠤᠷᠤᠯᠴᠠᠭᠤᠯᠵᠤ᠂ ᠬᠦᠰᠡᠯᠡᠩ ᠲᠠᠢ ᠪᠣᠯᠭᠠᠨ᠂ ᠵᠠᠩ ᠰᠤᠷᠲᠠᠯ ᠢ ᠨᠢ ᠬᠠᠲᠠᠭᠤᠵᠢᠭᠤᠯᠵᠤ᠂ ᠡᠷᠳᠡᠮ | ᠴᠢᠳᠠᠪᠤᠷᠢ ᠶᠢ ᠨᠢ ᠨᠡᠮᠡᠭᠳᠡᠭᠦᠯᠦᠨ᠂ ᠲᠡᠳᠡᠨ ᠢ ᠬᠠᠷᠠᠬᠠᠨ ᠪᠠᠭ᠎ᠠ ᠠᠴᠠ ᠨᠢ ᠵᠥᠪ ᠣᠨᠣᠪᠴᠢᠲᠠᠶ ᠤᠯᠤᠰ ᠤᠨ | ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠰᠣᠶᠣᠯ ᠤᠨ ᠦᠵᠡᠯᠲᠡ ᠲᠠᠢ ᠪᠣᠯᠭᠠᠨ | ᠬᠥᠮᠥᠵᠢᠭᠦᠯᠵᠦ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ ᠶᠣᠰᠣ ᠮᠣᠷᠠᠯ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠵᠠᠯᠭᠠᠮᠵᠢᠯᠠᠭᠴᠢ | ᠪᠣᠯᠭᠠᠬᠤ ᠬᠡᠷᠡᠭᠲᠡᠢ᠃ | 4. ᠬᠡᠦᠬᠡᠳ ᠤᠨ ᠡᠷᠬᠡ ᠲᠡᠭᠰᠢ ᠪᠠᠷ ᠬᠥᠭᠵᠢᠬᠦ ᠶᠢ ᠪᠠᠷᠢᠮᠲᠠᠯᠠᠨ᠎ᠠ᠃ ᠨᠡᠶᠢᠭᠡᠮ ᠤᠨ ᠲᠥᠪ ᠭᠤᠣᠯᠴᠢ ᠣᠷᠴᠢᠨ | ᠨᠥᠬᠦᠴᠡᠯ ᠢ ᠪᠤᠢ ᠪᠣᠯᠭᠠᠵᠤ᠂ ᠬᠡᠦᠬᠡᠳ ᠤᠨ ᠠᠯᠢᠪᠠ ᠬᠡᠯᠪᠡᠷᠢ ᠶᠢᠨ ᠭᠠᠳᠠᠭᠤᠷᠴᠢᠯᠠᠯ ᠢ ᠠᠷᠢᠯᠭᠠᠵᠤ᠂ ᠪᠤᠢ ᠪᠦᠬᠦᠢ | ᠬᠡᠦᠬᠡᠳ ᠢᠯᠠᠩᠭᠤᠶ᠎ᠠ ᠣᠨᠴᠠᠭᠠᠶ ᠬᠦᠴᠢᠷᠳᠡᠯ ᠲᠠᠢ ᠬᠡᠦᠬᠡᠳ ᠤᠨ ᠬᠥᠭᠵᠢᠯᠲᠡ ᠶᠢᠨ ᠡᠷᠬᠡ ᠪᠠ ᠠᠵᠠ ᠲᠣᠬᠢᠶᠠᠯ ᠢ | ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ | 5. ᠬᠡᠦᠬᠡᠳ ᠤᠨ ᠣᠷᠤᠯᠴᠠᠬᠤ ᠶᠢ ᠵᠣᠷᠢᠭᠵᠢᠭᠤᠯᠬᠤ ᠶᠢ ᠪᠠᠷᠢᠮᠲᠠᠯᠠᠨ᠎ᠠ᠃ ᠬᠡᠦᠬᠡᠳ ᠤᠨ ᠪᠡᠶᠡᠴᠢ ᠴᠣᠭᠴᠠ ᠶᠢᠨ | ᠪᠠᠶᠢᠷᠢ ᠰᠠᠭᠤᠷᠢ ᠶᠢ ᠬᠦᠨᠳᠦᠳᠬᠡᠵᠦ᠂ ᠬᠡᠦᠬᠡᠳ ᠤᠨ ᠭᠡᠷ ᠪᠦᠯᠢ᠂ ᠨᠡᠶᠢᠭᠡᠮ ᠪᠠ ᠰᠣᠶᠣᠯ ᠤᠨ ᠠᠮᠢᠳᠤᠷᠠᠯ ᠳᠤ | ᠣᠷᠤᠯᠴᠠᠬᠤ ᠶᠢ ᠵᠣᠷᠢᠭᠵᠢᠭᠤᠯᠤᠨ ᠲᠡᠮᠵᠢᠵᠤ᠂ ᠬᠡᠦᠬᠡᠳ ᠤᠨ ᠭᠤᠮᠣᠳᠠᠯ ᠲᠣᠭᠠᠴᠢᠬᠤ ᠪᠠ ᠰᠠᠨᠠᠯ ᠢᠶᠠᠨ ᠢᠯᠡᠳᠬᠡᠬᠦ | ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠦᠬᠡᠳ ᠤᠨ ᠰᠠᠨᠠᠯ ᠢ ᠰᠣᠨᠣᠰᠬᠤ ᠶᠢ ᠴᠢᠬᠤᠯᠠᠴᠢᠯᠠᠵᠤ᠂ | ᠬᠡᠦᠬᠡᠳ ᠤᠨ ᠣᠷᠤᠯᠴᠠᠬᠤ ᠳᠤ ᠠᠰᠢᠭᠲᠠᠢ ᠭᠡᠷ ᠪᠦᠯᠢ ᠪᠠ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠭᠤᠷᠪᠠ︶ ᠶᠡᠷᠦᠩᠬᠡᠢ ᠬᠠᠷᠠᠯᠲᠠ | ᠬᠡᠦᠬᠡᠳ ᠤᠨ ᠬᠥᠭᠵᠢᠯᠲᠡ ᠶᠢ ᠤᠳᠠ ᠲᠣᠭᠤᠷᠢᠭ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠪᠠᠶᠢᠯᠳᠤᠬᠤ | ᠪᠣᠳᠣᠯᠭ᠎ᠠ ᠳᠤ ᠠᠭᠤᠰᠬᠠᠵᠤ᠂ ︽ᠬᠡᠦᠬᠡᠳ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠪᠠ ︽ᠬᠡᠦᠬᠡᠳ ᠤᠨ | ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ︾ ᠵᠠᠷᠴᠢᠮ ᠨᠢ ᠬᠥᠮᠥᠰ ᠤᠨ ᠰᠡᠳᠬᠢᠯ ᠳᠤ ᠬᠠᠳᠠᠩᠰᠢᠭᠰᠠᠨ | ᠪᠥᠭᠡᠳ ᠨᠡᠶᠢᠭᠡᠮ ᠤᠨ ᠬᠠᠮᠲᠤ ᠶᠢᠨ ᠲᠠᠨᠢᠯᠲᠠ ᠪᠣᠯᠵᠤ᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠬᠡᠦᠬᠡᠳ ᠤᠨ ᠬᠥᠭᠵᠢᠯᠲᠡ ᠶᠢ | ᠠᠬᠢᠭᠤᠯᠬᠤ ᠠᠵᠢᠯ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠬᠡᠦᠬᠡᠳ ᠤᠨ ᠡᠷᠡᠭᠦᠯ ᠮᠡᠨᠳᠦ᠂ ᠰᠤᠷᠭᠠᠨ | ᠬᠥᠮᠦᠵᠢᠯ᠂ ᠠᠮᠤᠷ ᠲᠦᠪᠰᠢᠨ᠂ ᠠᠰᠠᠷᠠᠮᠵᠢ᠂ ᠭᠡᠷ ᠪᠦᠯᠢ᠂ ᠣᠷᠴᠢᠨ ᠲᠣᠭᠤᠷᠢᠨ ᠵᠡᠷᠭᠡ ᠬᠦᠷᠢᠶᠡᠨ ᠳᠠᠬᠢ ᠡᠷᠬᠡ | ᠠᠰᠢᠭ ᠢ ᠤᠯᠠᠮ ᠨᠢᠭᠡ ᠠᠯᠬᠤᠮ ᠪᠡᠶᠡᠯᠡᠭᠦᠯᠵᠦ᠂ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠡᠪ | ᠪᠣᠯᠪᠠᠰᠤᠷᠠᠯ ᠪᠠ ᠪᠦᠬᠦ ᠲᠠᠯ᠎ᠠ ᠶᠢᠨ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠬᠡᠦᠬᠡᠳ ᠲᠤ ᠨᠡᠩ ᠠᠳᠠᠯᠢ ᠲᠡᠭᠰᠢ ᠪᠥᠭᠡᠳ ᠬᠦᠷᠴᠦ ᠪᠣᠯᠬᠤᠶᠢᠴᠠ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ | ᠂ ᠨᠡᠩ ᠲᠦᠭᠡᠮᠡᠯ ᠬᠠᠷᠠᠭᠠᠯᠵᠠᠯ ᠪᠠ ᠳᠠᠪᠠᠭᠤᠯᠢᠭ ᠠᠰᠠᠷᠠᠮᠵᠢ ᠶᠢᠨ ᠪᠠᠲᠤᠯᠠᠭ᠎ᠠ᠂ ᠨᠡᠩ ᠡᠶ᠎ᠡ ᠵᠣᠬᠢᠴᠠᠯ ᠲᠠᠢ ᠨᠥᠬᠦᠷᠰᠡᠭ | ᠭᠡᠷ ᠪᠦᠯᠢ ᠪᠠ ᠨᠡᠶᠢᠭᠡᠮ ᠤᠨ ᠣᠷᠴᠢᠨ ᠨᠥᠬᠦᠴᠡᠯ ᠢ ᠡᠳ᠋ᠯᠡᠭᠦᠯᠵᠦ᠂ ᠬᠡᠦᠬᠡᠳ ᠤᠨ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠨᠡᠮᠡᠭᠳᠡᠭᠦᠯᠦᠨ᠎ᠡ᠃ 2035 ᠣᠨ ᠢ | ᠪᠠᠷᠠᠯᠠᠬᠤᠶ᠎ᠠ᠂ ᠤᠳᠠ ᠲᠣᠭᠤᠷᠢᠭ ᠤᠨ ᠬᠡᠦᠬᠡᠳ ᠤᠨ ᠬᠥᠭᠵᠢᠯᠲᠡ ᠶᠢ ᠨᠡᠩ ᠲᠡᠩᠴᠡᠭᠦᠷᠢᠲᠡᠢ᠂ ᠪᠦᠬᠦ ᠲᠠᠯ᠎ᠠ ᠶᠢᠨ᠂ | ᠰᠢᠯᠢᠳᠡᠭ ᠰᠠᠶᠢᠨ ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠲᠠᠢ ᠵᠣᠬᠢᠴᠠᠭᠤᠯᠤᠨ᠂ | ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠡᠦᠬᠡᠳ ᠤᠨ ᠪᠦᠬᠦ | ᠲᠠᠯ᠎ᠠ ᠶᠢᠨ ᠬᠥᠭᠵᠢᠯᠲᠡ ᠶᠢ ᠨᠡᠩ ᠢᠯᠡ ᠲᠣᠳᠣ ᠪᠣᠳᠠᠲᠤ ᠠᠬᠢᠴᠠ ᠲᠠᠢ ᠪᠣᠯᠭᠠᠵᠤ᠂ ᠥᠷᠭᠡᠨ ᠤᠯᠠᠨ ᠬᠡᠦᠬᠡᠳ ᠨᠡᠩ | ᠰᠠᠶᠢᠨ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠪᠣᠯᠵᠤ | ᠬᠥᠮᠥᠵᠢᠭᠳᠡᠨ᠎ᠡ᠃ | | |