| ︽ᠤᠳᠠ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠤᠳᠠ ᠵᠠᠰᠠᠭ ᠠᠯᠪᠠᠨ ᠲᠠᠷᠬᠠᠭᠠᠭᠰᠠᠨ 〔2022〕 26 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ | ︽ᠤᠳᠠ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2022 ᠣᠨ ᠤ 7 ᠰᠠᠷ᠎ᠠ ᠶᠢᠨ 4 ᠤ ᠡᠳᠦᠷ | ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ | ᠵᠠᠰᠠᠬᠤ ᠠᠵᠢᠯ ᠤᠨ ᠲᠥᠰᠥᠯ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ | ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ | ᠪᠦᠬᠦ ᠤᠯᠤᠰ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ | ᠰᠠᠨᠠᠭ᠎ᠠ ᠵᠢᠴᠢ ᠪᠥᠬᠦ ᠤᠯᠤᠰ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠢᠩᠬᠢᠮ ᠤᠨ ᠢᠯᠠ ᠲᠡᠮᠳᠡᠭ ᠤᠨ ᠴᠠᠬᠢᠯᠭᠠᠨ | ᠮᠡᠳᠡᠭᠡ ﹇2022﹈ 10 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ | ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 36 | ᠳ᠋ᠤᠭᠠᠷ ᠲᠣᠭᠠᠲᠤ︶᠂ ︽ᠦᠬᠠᠢ ᠬᠤᠲᠠ ᠶᠢᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠦᠬᠠᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠦᠬᠠᠢ ᠵᠠᠰᠠᠭ ᠠᠯᠪᠠᠨ | ᠲᠠᠷᠬᠠᠭᠠᠭᠰᠠᠨ ﹇2022﹈ 16 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ᠂ ᠬᠤᠨᠠᠨ ᠤ | ᠴᠠᠩᠱᠠ ᠶᠢᠨ ︽4 · 29︾ ᠤ ᠰᠠᠭᠤᠭᠠᠯᠢ ᠠᠷᠠᠳ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠨᠤᠷᠠᠭᠰᠠᠨ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠡᠶᠢᠮᠦᠷᠬᠦ ᠠᠳᠡᠯ ᠮᠠᠨ ᠤ ᠲᠤᠭᠤᠷᠢᠭ ᠲᠤ ᠭᠠᠷᠬᠤ ᠶᠢ ᠴᠢᠩᠭ᠎ᠠ | ᠰᠡᠷᠭᠡᠶᠢᠯᠡᠨ᠂ ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠤᠳᠠ ᠲᠣᠭᠤᠷᠢᠭ ᠤᠨ ᠬᠡᠪᠴᠢᠶᠡᠨ ᠳᠤ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠠᠷ ᠲᠣᠭᠲᠠᠵᠤ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠠᠶᠤᠯᠭᠦᠢ | ᠦᠢᠯᠡᠳᠪᠦᠷᠢᠯᠡᠯ ᠤᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ | ᠪᠤᠶ ᠪᠣᠯᠭᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠯᠠᠭᠠᠨ ᠱᠤᠭᠤᠮ ᠤᠨ ᠦᠵᠡᠯ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠷᠠᠭᠤᠯᠤᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠤᠶᠠᠷ ᠠᠴᠠ ᠵᠥᠷᠢᠴᠡᠭᠰᠡᠨ︾ ᠢ ᠢᠯᠭᠠᠷᠠᠭᠤᠯᠤᠨ ᠪᠠᠶᠢᠴᠠᠭᠠᠬᠤ ᠪᠠ | ᠪᠠᠶᠢᠭᠠᠯᠢ ᠶᠢᠨ ᠭᠠᠮᠰᠢᠭ ᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢᠶᠠᠷ ᠰᠠᠭᠤᠷᠢ ᠪᠣᠯᠭᠠᠨ᠂ ᠥᠪᠡᠰᠦᠪᠡᠨ ᠭᠡᠷ | ᠪᠠᠷᠢᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠭᠤᠣᠯᠳᠠᠯᠭ᠎ᠠ | ᠪᠣᠯᠭᠠᠵᠤ᠂ ᠤᠳᠠ ᠲᠣᠭᠤᠷᠢᠭ ᠤᠨ ᠬᠡᠪᠴᠢᠶᠡᠨ ᠳᠤ ᠥᠪᠡᠰᠦᠪᠡᠨ ᠭᠡᠷ ᠪᠠᠷᠢᠬᠤ ᠠᠮᠤᠷ ᠲᠦᠪᠰᠢᠨ ᠤ ᠬᠡᠮ ᠰᠣᠭᠤᠭ ᠢ | ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠶᠢ ᠳᠠᠷᠤᠶᠢᠬᠠᠨ ᠥᠷᠨᠢᠭᠦᠯᠦᠨ᠎ᠡ᠃ ︽ᠵᠠᠭᠤᠨ | ᠡᠳᠦᠷ ᠤᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠳᠤ | ᠠᠶᠤᠯ ᠬᠥᠨᠥᠭᠡᠯ ᠤᠴᠠᠷᠠᠭᠤᠯᠬᠤ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠲᠦᠷᠭᠡᠨ | ᠪᠠᠶᠢᠴᠠᠭᠠᠵᠤ ᠲᠦᠷᠭᠡᠨ ᠥᠭᠡᠷᠡᠴᠢᠯᠡᠵᠦ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠥᠭᠡᠷᠡᠴᠢᠯᠡᠵᠦ᠂ | ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ | ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | ︵ᠬᠤᠶᠠᠷ︶ ᠠᠵᠢᠯ ᠤᠨ ᠬᠠᠷᠠᠯᠲᠠ | ᠤᠳᠠ ᠲᠣᠭᠤᠷᠢᠭ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠬᠡᠮ ᠰᠣᠭᠤᠭ ᠢ ᠠᠷᠢᠯᠭᠠᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠥᠪᠡᠷ ᠢᠶᠠᠨ ᠪᠠᠷᠢᠭᠰᠠᠨ ᠭᠡᠷ | ᠪᠠᠶᠢᠰᠢᠩ ᠤᠨ ᠪᠠᠶᠢᠩᠭᠤᠵᠢᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ᠃ | ︵ᠭᠤᠷᠪᠠ︶ ᠦᠨᠳᠦᠰᠦᠨ ᠵᠠᠷᠴᠢᠮ | 1. ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ᠠᠷᠠᠳ ᠲᠦᠮᠡᠨ ᠤ ᠠᠮᠢ ᠨᠠᠰᠤ | ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠥᠪᠡᠷ ᠢᠶᠠᠨ ᠭᠡᠷ ᠪᠠᠶᠢᠰᠢᠩ ᠪᠠᠷᠢᠬᠤ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠣᠷᠣᠨ ᠤ ᠵᠠᠰᠠᠭ ᠤᠨ ᠣᠷᠳᠣᠨ ᠤ ᠣᠨ ᠤ ᠭᠤᠣᠯᠳᠠᠯᠭ᠎ᠠ ᠲᠠᠢ | ᠠᠵᠢᠯ ᠤᠨ ᠠᠭᠤᠯᠭ᠎ᠠ ᠳᠤ ᠣᠷᠣᠭᠤᠯᠤᠨ᠎ᠠ᠃ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠠᠲᠠᠭᠤ | ᠴᠢᠩᠭ᠎ᠠ ᠰᠤᠷᠲᠠᠯ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ | ᠳᠠᠶᠢᠴᠢᠯᠠᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠯᠵᠤ ᠮᠡᠳᠡᠭᠰᠡᠨ ᠠᠮᠤᠷ | ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ ᠰᠢᠢᠳᠪᠦᠷᠢᠯᠡᠨ᠂ | ᠥᠪᠡᠷ ᠢᠶᠠᠨ ᠭᠡᠷ ᠪᠠᠷᠢᠭᠰᠠᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠦᠨᠡᠨᠬᠦ | ᠰᠡᠷᠭᠡᠶᠢᠯᠡᠨ ᠠᠷᠢᠯᠭᠠᠬᠤ ᠬᠡᠷᠡᠭᠲᠡᠢ᠃ | 2. ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠬᠠᠷᠢᠶ᠎ᠠ ᠭᠠᠵᠠᠷ ᠲᠤᠨᠢ ᠬᠠᠷᠢᠭᠤᠴᠠᠭᠤᠯᠬᠤ ᠶᠢ | ᠪᠠᠷᠢᠮᠲᠠᠯᠠᠨ᠎ᠠ᠃ ᠪᠠᠯᠭᠠᠰᠤ᠂ ᠬᠡᠷᠡᠭ ᠡᠷᠬᠢᠯᠡᠬᠦ ᠭᠠᠵᠠᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠥᠪᠡᠷ ᠲᠡᠭᠡᠨ ᠭᠡᠷ ᠪᠠᠷᠢᠬᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠪᠣᠳᠠᠲᠠᠢ ᠬᠠᠷᠢᠭᠤᠴᠠᠵᠤ᠂ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠪᠥᠬᠦ ᠲᠠᠯ᠎ᠠ ᠪᠠᠷ ᠨᠢᠭᠡᠳᠦᠯᠲᠡᠢ ᠲᠥᠯᠥᠪᠯᠡᠨ ᠶᠡᠷᠦᠩᠬᠡᠶᠢᠯᠡᠨ ᠠᠳᠬᠤᠵᠤ᠂ ᠬᠠᠷᠢᠶ᠎ᠠ ᠭᠠᠵᠠᠷ ᠤᠨ | ᠨᠡᠶᠢᠭᠡᠮ ᠲᠣᠭᠤᠷᠢᠭ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠤᠰᠬᠠᠢ | ᠴᠡᠭᠴᠡᠯᠡᠨ ᠵᠠᠰᠠᠬᠤ ᠠᠵᠢᠯ ᠢ ᠬᠠᠮᠲᠤᠪᠠᠷ ᠲᠦᠯᠬᠢᠨ ᠠᠬᠢᠭᠤᠯᠵᠤ᠂ ᠲᠥᠷᠥᠯ ᠬᠤᠪᠢᠶᠠᠨ᠂ ᠠᠯᠬᠤᠮ ᠬᠤᠪᠢᠶᠠᠨ | ᠠᠬᠢᠭᠤᠯᠤᠨ᠎ᠠ᠃ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠪᠢᠳᠠᠨ | ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠵᠤ᠂ ᠪᠣᠳᠠᠲᠠᠢ | ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠃ | 3. ᠰᠠᠯᠠᠭ᠎ᠠ ᠮᠥᠴᠢᠷ ᠤᠳ ᠬᠠᠮᠵᠢᠯᠴᠠᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ | ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠪᠠ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ | ︾ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠳᠤ | ᠰᠠᠭᠤᠷᠢᠯᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠴᠤᠭᠭᠠᠷ ᠠᠳᠬᠤᠨ | ᠬᠠᠮᠲᠤᠪᠠᠷ ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠵᠡᠩᠨᠡᠯᠲᠡ ᠶᠢᠨ ᠴᠢᠨᠠᠷᠲᠠᠢ ᠥᠪᠡᠷ ᠲᠡᠭᠡᠨ ᠭᠡᠷ | ᠪᠠᠶᠢᠰᠢᠩ ᠪᠠᠷᠢᠬᠤ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ | 4. ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠨ᠎ᠠ᠃ | ᠥᠪᠡᠷᠲᠡᠭᠡᠨ ᠭᠡᠷ ᠪᠠᠶᠢᠰᠢᠩ ᠪᠠᠷᠢᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ | ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠤᠷᠢᠳᠠᠪᠠᠷ ᠪᠠᠴᠢᠮ ᠰᠡᠭᠦᠯ ᠳᠤᠨᠢ ᠬᠤᠶᠢᠰᠢᠯᠠᠭᠤᠯᠬᠤ᠂ ᠤᠷᠢᠳᠠᠪᠠᠷ ᠶᠡᠭᠡ | ᠰᠡᠭᠦᠯ ᠳᠤᠨᠢ ᠪᠠᠭ᠎ᠠ ᠪᠠᠶᠢᠯᠭᠠᠬᠤ᠂ ᠤᠷᠢᠳᠠᠪᠠᠷ ᠡᠵᠡᠩᠨᠡᠯᠲᠡ ᠶᠢᠨ ᠴᠢᠨᠠᠷᠲᠠᠢ ᠰᠡᠭᠦᠯ ᠳᠤᠨᠢ ᠪᠦᠬᠦᠨ ᠢ ᠬᠠᠮᠤᠷᠬᠤ︾ | ᠵᠠᠷᠴᠢᠮ ᠶᠣᠰᠣᠭᠠᠷ᠂ ᠡᠵᠡᠩᠨᠡᠯᠲᠡ ᠶᠢᠨ ᠴᠢᠨᠠᠷᠲᠠᠢ ᠥᠪᠡᠷᠲᠡᠭᠡᠨ ᠭᠡᠷ ᠪᠠᠶᠢᠰᠢᠩ ᠪᠠᠷᠢᠬᠤ ᠶᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ᠂ ᠴᠢᠩᠭ᠎ᠠ ᠪᠠᠶᠢᠴᠠᠭᠠᠵᠤ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ ᠵᠢᠴᠢ ᠬᠡᠷᠡᠭᠯᠡᠬᠦ ᠵᠡᠷᠭᠡ | ᠡᠯ᠎ᠡ ᠭᠤᠭᠴᠤᠭ᠎ᠠ ᠶᠢ ᠤᠷᠢᠳᠠᠪᠠᠷ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠲᠤᠰᠬᠠᠢ | ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ | 5. ᠥᠮᠴᠢᠯᠡᠯ ᠤᠨ ᠡᠷᠬᠡᠲᠦ ᠬᠥᠮᠥᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠷᠢᠮᠲᠠᠯᠠᠵᠤ᠂ ᠬᠠᠤᠯᠢ | ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠤᠨ᠎ᠠ᠃ ︽ᠬᠡᠨ ᠥᠮᠴᠢᠯᠡᠪᠡᠯ ᠬᠡᠨ ᠬᠠᠷᠢᠭᠤᠴᠠᠬᠤ᠂ ᠬᠡᠨ | ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠥᠪᠡᠷ ᠢᠶᠠᠨ ᠭᠡᠷ ᠪᠠᠷᠢᠬᠤ ᠥᠮᠴᠢᠯᠡᠯ ᠤᠨ ᠡᠷᠬᠡᠲᠦ | ᠬᠥᠮᠥᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠮᠴᠢᠯᠡᠯ ᠤᠨ ᠡᠷᠬᠡᠲᠦ | ᠬᠥᠮᠥᠨ ᠪᠠ ᠬᠡᠷᠡᠭᠯᠡᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠨᠢ ᠵᠢᠷᠤᠵᠤ ᠲᠥᠯᠥᠪᠯᠡᠭᠰᠡᠨ ᠬᠡᠷᠡᠭᠴᠡᠭᠡ ᠶᠣᠰᠣᠭᠠᠷ ᠭᠡᠷ | ᠪᠠᠶᠢᠰᠢᠩ ᠢ ᠬᠡᠷᠡᠭᠯᠡᠬᠦ ᠬᠡᠷᠡᠭᠲᠡᠢ᠂ ᠭᠡᠷ ᠪᠠᠶᠢᠰᠢᠩ ᠤᠨ ᠬᠡᠷᠡᠭᠯᠡᠬᠦ ᠴᠢᠳᠠᠮᠵᠢ ᠪᠠ ᠭᠤᠣᠯ ᠴᠣᠭᠴᠠ ᠶᠢᠨ ᠪᠦᠲᠦᠴᠡ ᠶᠢ | ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠣᠯᠵᠤ ᠮᠡᠳᠡᠭᠰᠡᠨ ᠭᠡᠷ ᠪᠠᠶᠢᠰᠢᠩ ᠤᠨ ᠠᠮᠤᠷ | ᠲᠦᠪᠰᠢᠨ ᠤ ᠬᠡᠮ ᠰᠣᠭᠤᠭ ᠲᠤ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠵᠦ ᠪᠠᠶᠢᠭ᠎ᠠ ᠬᠥᠮᠥᠨ ᠪᠦᠷᠢ ᠴᠥᠮ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠭᠤᠣᠯ ᠡᠭᠦᠷᠭᠡ | ︵ᠨᠢᠭᠡ︶ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ | 1. ᠵᠢᠭᠰᠠᠭᠠᠨ ᠪᠠᠶᠢᠴᠠᠭᠠᠬᠤ ᠬᠡᠪᠴᠢᠶ᠎ᠡ᠃ ᠤᠳᠠ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ | ᠬᠤᠲᠠ ᠬᠥᠳᠡᠭᠡ ᠶᠢᠨ ᠪᠣᠶ ᠪᠦᠬᠦᠢ ᠥᠪᠡᠰᠦᠪᠡᠨ ᠪᠠᠷᠢᠭᠰᠠᠨ ᠭᠡᠷ ᠪᠠᠶᠢᠰᠢᠩ᠂ ᠲᠠᠷᠢᠶᠠᠯᠠᠩ ᠳᠤ ᠬᠤᠯᠪᠣᠭᠳᠠᠬᠤ | ᠨᠡᠶᠢᠭᠡᠮ ᠲᠣᠭᠤᠷᠢᠭ ᠤᠨ ᠭᠡᠷ ᠪᠠᠶᠢᠰᠢᠩ ︵ᠵᠢᠭᠤᠯᠴᠢᠯᠠᠯ ᠤᠨ ᠦᠵᠡᠮᠵᠢ ᠶᠢᠨ ᠴᠡᠭ ᠪᠠᠭᠲᠠᠨ᠎ᠠ︶ ᠤᠨ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠂ ᠥᠨᠴᠥᠭ ᠪᠤᠯᠤᠩ ᠦᠯᠡᠳᠡᠭᠡᠬᠦ | ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠲᠠ ᠬᠥᠳᠡᠭᠡ ᠶᠢᠨ | ᠠᠭᠤᠯᠵᠠᠷ ᠬᠡᠰᠡᠭ᠂ ᠬᠤᠲᠠ ᠶᠢᠨ ᠳᠤᠮᠳᠠᠬᠢ ᠲᠣᠰᠬᠤᠨ᠂ ᠨᠤᠷᠠᠭᠠᠵᠤ ᠨᠡᠭᠦᠯᠭᠡᠵᠦ ᠲᠥᠪᠬᠢᠨᠡᠭᠦᠯᠬᠦ ᠲᠣᠭᠤᠷᠢᠭ᠂ | ᠰᠤᠷᠭᠠᠭᠤᠯᠢ ᠡᠮᠨᠡᠯᠭᠡ ᠶᠢᠨ ᠬᠤᠷᠢᠶ᠎ᠠ ᠶᠢᠨ ᠡᠷᠬᠢᠨ ᠲᠣᠭᠤᠷᠢᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠵᠡᠷᠭᠡ ᠣᠷᠣᠨ ᠪᠦᠰᠡ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠪᠠᠭᠤᠳᠠᠯ᠂ ᠵᠣᠴᠢᠳ ᠤᠨ ᠪᠠᠭᠤᠳᠠᠯ᠂ | ᠪᠠᠭᠤᠳᠠᠯ᠂ ᠲᠠᠷᠢᠶᠠᠴᠢᠨ ᠠᠶᠢᠯ ᠤᠨ ᠵᠤᠭᠠᠴᠠᠯ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠨᠠᠰᠤᠲᠠᠨ ᠢ ᠠᠰᠠᠷᠠᠬᠤ | ᠬᠦᠷᠢᠶᠡᠯᠡᠩ᠂ ᠵᠢᠵᠢᠭ ᠬᠤᠭᠤᠯᠠᠨ ᠰᠢᠷᠡᠭᠡ᠂ ᠬᠡᠦᠬᠡᠳ ᠤᠨ ᠴᠡᠴᠡᠷᠯᠢᠭ᠂ ᠬᠤᠪᠢ ᠬᠥᠮᠥᠨ ᠤ ᠺᠢᠨᠣ᠋ ᠶᠢᠨ ᠣᠷᠳᠣᠨ | ᠵᠡᠷᠭᠡ ᠬᠥᠮᠥᠨ ᠣᠯᠠᠨ ᠴᠤᠭᠯᠠᠷᠠᠬᠤ ᠶᠢ ᠲᠣᠪᠤᠶᠢᠯᠭᠠᠨ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ | ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠷᠢᠨ᠎ᠠ᠃ ᠡᠭᠦᠨ ᠤ ᠬᠠᠮᠲᠤ ᠪᠠᠰᠠ ᠦᠢᠯᠡᠳᠪᠦᠷᠢᠯᠡᠯ | ᠡᠵᠡᠩᠨᠡᠯᠲᠡ ᠳᠤ ᠬᠡᠷᠡᠭᠯᠡᠬᠦ ᠲᠦᠷ ᠴᠠᠭ ᠤᠨ ᠴᠢᠨᠠᠷᠲᠠᠢ ᠪᠠᠷᠢᠯᠭ᠎ᠠ ᠳᠤ ᠠᠶᠤᠯᠭᠦᠢ ᠶᠢᠨ ᠲᠠᠯᠳᠠ ᠭᠡᠮ ᠤᠨ ᠲᠤᠰᠬᠠᠢ | ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ | 2. ᠵᠢᠭᠰᠠᠭᠠᠨ ᠪᠠᠶᠢᠴᠠᠭᠠᠬᠤ ᠠᠭᠤᠯᠭ᠎ᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠥᠪᠡᠷ ᠲᠡᠭᠡᠨ ᠭᠡᠷ ᠪᠠᠷᠢᠭᠰᠠᠨ | ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠴᠢᠨᠠᠷ ︵ᠭᠠᠵᠠᠷ ᠰᠢᠷᠣᠢ᠂ ᠲᠥᠯᠦᠪᠵᠢᠭᠦᠯᠭᠡ᠂ ᠪᠦᠲᠦᠭᠡᠨ | ᠪᠠᠶᠢᠭᠤᠯᠤᠯᠲᠠ ᠵᠡᠷᠭᠡ︶᠂ ᠪᠦᠲᠦᠴᠡ ᠶᠢᠨ ᠠᠮᠤᠷ ᠲᠦᠪᠰᠢᠨ ᠤ ᠴᠢᠨᠠᠷ ︵ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ | ᠂ ᠬᠡᠷᠡᠭᠯᠡᠬᠦ ᠵᠡᠷᠭᠡ︶᠂ ᠡᠵᠡᠩᠨᠡᠯᠲᠡ ᠶᠢᠨ ᠠᠮᠤᠷ ᠲᠦᠪᠰᠢᠨ ᠤ ᠴᠢᠨᠠᠷ ︵ᠡᠯ᠎ᠡ ᠲᠥᠷᠥᠯ ᠤᠨ ᠡᠵᠡᠩᠨᠡᠯᠲᠡ ᠶᠢᠨ | ᠵᠥᠪᠰᠢᠶᠡᠷᠡᠯ᠂ ᠲᠠᠯᠠᠪᠤᠷ ᠭᠠᠵᠠᠷ ᠤᠨ ᠠᠮᠤᠷ ᠲᠦᠪᠰᠢᠨ ᠤ ᠱᠠᠭᠠᠷᠳᠠᠯᠭ᠎ᠠ ᠵᠡᠷᠭᠡ︶᠂ ᠭᠠᠯ ᠤᠨᠲᠠᠷᠠᠭᠠᠬᠤ ᠠᠮᠤᠷ | ᠲᠦᠪᠰᠢᠨ ᠤ ᠴᠢᠨᠠᠷ ︵ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠠᠪᠬᠤ᠂ ᠬᠠᠮᠠᠭᠠᠯᠠᠬᠤ᠂ ᠬᠡᠷᠡᠭᠯᠡᠬᠦ | ᠵᠡᠷᠭᠡ︶ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ᠃ | 3. ᠵᠢᠭᠰᠠᠭᠠᠨ ᠪᠠᠶᠢᠴᠠᠭᠠᠬᠤ ᠠᠷᠭ᠎ᠠ ᠮᠠᠶ᠋ᠢᠭ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ︽ᠬᠥᠨᠳᠡᠯᠡᠨ | ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠶᠠᠪᠤᠭᠤᠯᠬᠤ︾᠂ ︽ | ᠡᠷᠦᠬᠡ ᠪᠦᠷᠢ ᠶᠢᠨ ᠳᠡᠰ ᠳᠠᠷᠠᠭᠠᠯᠠᠯ ᠢ ᠳᠠᠷᠠᠭᠠᠯᠠᠨ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ︾ ᠪᠠᠶᠢᠬᠤ | ᠱᠠᠭᠠᠷᠳᠠᠯᠭ᠎ᠠ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯ | ᠲᠥᠷᠥᠯ ᠤᠨ ᠳᠣᠲᠣᠷᠠᠬᠢ ᠪᠤᠶ ᠪᠦᠬᠦᠢ ᠥᠪᠡᠷ ᠢᠶᠠᠨ ᠪᠠᠷᠢᠭᠰᠠᠨ ᠭᠡᠷ ᠪᠠᠶᠢᠰᠢᠩ ᠳᠤ ᠲᠣᠣᠷ ᠲᠠᠲᠠᠬᠤ ᠮᠠᠶ᠋ᠢᠭ ᠤᠨ᠂ | ᠬᠡᠪᠢᠰ ᠤᠨ ᠮᠠᠶ᠋ᠢᠭ ᠤᠨ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ | ᠥᠮᠴᠢᠯᠡᠯ ᠤᠨ ᠡᠷᠬᠡᠲᠦ ᠬᠥᠮᠥᠨ ᠨᠢᠭᠡᠪᠦᠷᠢ ᠶᠢᠨ ᠥᠪᠡᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠤᠰᠬᠠᠢ | ᠮᠡᠷᠭᠡᠵᠢᠯ ᠤᠨ ᠠᠵᠢᠯᠲᠠᠨ ᠤ ᠬᠦᠴᠦᠨ ᠣᠷᠣᠯᠴᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠳᠤ | ᠠᠩᠬ᠎ᠠ ᠠᠯᠬᠤᠮ ᠤᠨ ᠮᠠᠭᠠᠳᠯᠠᠯᠲᠠ ᠬᠢᠵᠦ᠂ ᠭᠡᠷ ᠪᠠᠶᠢᠰᠢᠩ ᠪᠠᠷᠢᠬᠤ ᠴᠠᠭ᠂ ᠪᠦᠲᠦᠴᠡ ᠶᠢᠨ ᠲᠥᠷᠥᠯ ᠬᠡᠯᠪᠡᠷᠢ᠂ | ᠪᠠᠷᠢᠬᠤ ᠠᠷᠭ᠎ᠠ ᠬᠡᠯᠪᠡᠷᠢ᠂ ᠠᠮᠤᠷ ᠲᠦᠪᠰᠢᠨ ᠤ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠡᠵᠡᠮᠰᠢᠵᠦ᠂ ᠪᠥᠬᠦ | ᠤᠯᠤᠰ ᠤᠨ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠪᠠᠶᠢᠴᠠᠭᠠᠯᠲᠠ ᠶᠢᠨ | ᠰᠢᠰᠲ᠋ᠧᠮ ︱ ᠬᠤᠲᠠ ᠬᠥᠳᠡᠭᠡ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ | ᠴᠢᠳᠠᠮᠵᠢ ᠶᠢᠨ ᠬᠡᠰᠡᠭ ᠲᠤ ᠣᠷᠣᠭᠤᠯᠬᠤ ᠶᠢᠨ ᠬᠠᠮᠲᠤ ︽ᠳᠥᠷᠪᠡᠨ ᠡᠬᠡ ᠲᠠᠩᠰᠠ︾ ᠶᠢ ᠡᠮᠬᠢᠯᠡᠵᠦ ᠪᠣᠶ ᠪᠣᠯᠭᠠᠨ᠎ᠠ᠂ | ᠲᠤᠬᠠᠶᠢᠯᠠᠪᠠᠯ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠰᠠᠭᠤᠷᠢ ᠮᠡᠳᠡᠭᠡ ᠵᠠᠩᠭᠢ ᠶᠢᠨ ᠡᠬᠡ ᠲᠠᠩᠰᠠ᠂ ᠠᠶᠤᠯ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠬᠡ ᠲᠠᠩᠰᠠ᠂ ᠭᠤᠣᠯᠳᠠᠯᠭ᠎ᠠ ᠲᠠᠢ ᠭᠡᠷ ᠪᠠᠶᠢᠰᠢᠩ ᠤᠨ | ᠬᠢᠨᠠᠨ ᠡᠵᠡᠮᠳᠡᠬᠦ ᠡᠬᠡ ᠲᠠᠩᠰᠠ ᠪᠠ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠡᠬᠡ ᠲᠠᠩᠰᠠ ᠶᠢ | ᠡᠮᠬᠢᠯᠡᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠤᠳᠠ ᠲᠣᠭᠤᠷᠢᠭ ᠤᠨ ᠭᠡᠷ | ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠶᠢᠨ ᠨᠠᠷᠠᠲᠤ ᠬᠥᠮᠥᠷᠭᠡ ᠪᠠ ᠲᠤᠰᠬᠠᠢ | ᠮᠡᠷᠭᠡᠵᠢᠯᠲᠡᠨ ᠤ ᠨᠡᠷᠡᠰ ᠢ ᠨᠡᠶᠢᠲᠡᠯᠡᠵᠦ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠤᠰᠬᠠᠢ ᠮᠡᠷᠭᠡᠵᠢᠯ ᠤᠨ ᠬᠦᠴᠦᠨ ᠳᠤ | ᠭᠦᠢᠴᠡᠳ ᠲᠦᠰᠢᠭᠯᠡᠨ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠪᠠ ᠳᠠᠯᠳᠠ ᠬᠡᠮ ᠢ ᠠᠩᠬ᠎ᠠ ᠠᠯᠬᠤᠮ ᠮᠠᠭᠠᠳᠯᠠᠨ ᠲᠣᠭᠲᠠᠭᠠᠬᠤ ᠶᠢ ᠥᠷᠨᠢᠭᠦᠯᠵᠦ᠂ | ᠪᠠᠶᠢᠴᠠᠭᠠᠨ ᠭᠠᠷᠭᠠᠬᠤ᠂ ᠠᠩᠬ᠎ᠠ ᠠᠯᠬᠤᠮ ᠮᠠᠭᠠᠳᠯᠠᠨ ᠲᠣᠭᠲᠠᠭᠠᠬᠤ ᠠᠵᠢᠯ ᠤᠨ ᠶᠠᠰᠤ ᠴᠢᠨᠠᠷ ᠢ ᠤᠯᠠᠮ ᠨᠢᠭᠡ | ᠠᠯᠬᠤᠮ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠪᠠᠶᠢᠴᠠᠭᠠᠯᠲᠠ ᠬᠢᠬᠦ ᠪᠤᠶᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ︽ᠬᠤᠣᠰ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ︾ ᠶᠢ ᠥᠷᠨᠢᠭᠦᠯᠵᠦ᠂ ᠬᠢᠨᠠᠨ | ᠲᠣᠭᠲᠠᠭᠠᠬᠤ ᠪᠠᠶᠢᠭᠤᠯᠤᠮᠵᠢ ᠶᠢ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ | ᠬᠢᠨᠠᠨ ᠲᠣᠭᠲᠠᠭᠠᠬᠤ ᠶᠠᠰᠤ ᠴᠢᠨᠠᠷ ᠤᠨ ᠡᠵᠡᠮᠳᠡᠯ ᠪᠠ ᠬᠠᠮᠢᠶᠠᠷᠤᠯᠲᠠ ᠶᠢ ᠴᠢᠩᠳᠠᠯᠠᠵᠤ᠂ ᠬᠢᠨᠠᠨ ᠲᠣᠭᠲᠠᠭᠠᠬᠤ | ᠪᠠᠶᠢᠭᠤᠯᠤᠮᠵᠢ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ | ᠬᠠᠭᠤᠷᠮᠠᠭ ᠢᠶᠠᠷ ᠵᠣᠬᠢᠶᠠᠬᠤ ᠶᠢ ᠡᠷᠡᠰ ᠬᠤᠷᠢᠭᠯᠠᠬᠤ ᠬᠡᠷᠡᠭᠲᠡᠢ᠃ | ︵ᠬᠤᠶᠠᠷ︶ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠨ᠎ᠡ | ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠬᠠᠷᠢᠶ᠎ᠠ ᠣᠷᠣᠨ ᠪᠠ ᠬᠢᠨᠠᠨ ᠬᠠᠮᠢᠶᠠᠷᠬᠤ ᠬᠦᠷᠢᠶ᠎ᠡ ᠴᠠᠷᠠᠭ᠎ᠠ ᠶᠢᠨ ᠪᠣᠶ | ᠪᠦᠬᠦᠢ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠶᠢᠰᠢᠩ ᠪᠠᠷᠢᠬᠤ ᠳᠤ ︽ᠵᠠᠭᠤᠨ ᠡᠳᠦᠷ ᠤᠨ ᠠᠵᠢᠯᠯᠠᠭ᠎ᠠ︾ | ᠶᠢ ᠲᠥᠪᠯᠡᠷᠡᠭᠦᠯᠦᠨ ᠥᠷᠨᠢᠭᠦᠯᠵᠦ᠂ ᠠᠵᠢᠯᠲᠠᠨ ᠨᠢᠭᠲᠠᠷᠠᠭᠰᠠᠨ᠂ ᠲᠣᠭᠲᠠᠭᠠᠯ ᠠᠴᠠ ᠵᠥᠷᠢᠴᠡᠨ ᠥᠭᠡᠷᠡᠴᠢᠯᠡᠵᠦ | ᠥᠷᠭᠡᠳᠬᠡᠨ ᠪᠠᠶᠢᠭᠤᠯᠤᠭᠰᠠᠨ ᠵᠡᠷᠭᠡ ᠬᠦᠨᠳᠦ ᠶᠡᠭᠡ ᠠᠮᠤᠷ ᠲᠦᠪᠰᠢᠨ ᠤ ᠠᠳᠡᠯ ᠠᠮᠠᠷᠬᠠᠨ ᠪᠣᠶ ᠪᠣᠯᠬᠤ | ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠶᠢᠰᠢᠩ ᠪᠠᠷᠢᠬᠤ ᠲᠦᠭᠰᠢᠭᠦᠷᠢ ᠶᠢᠨ ᠳᠠᠯᠳᠠ ᠬᠡᠮ ᠢ | ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ︽ᠵᠠᠭᠤᠨ ᠡᠳᠦᠷ ᠤᠨ ᠠᠵᠢᠯᠯᠠᠭ᠎ᠠ︾ ᠶᠢ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠵᠤ᠂ | ᠠᠵᠢᠯᠯᠠᠭᠠᠨ ᠤ ᠬᠠᠷᠠᠯᠲᠠ ᠪᠠᠨ ᠲᠣᠳᠣᠷᠬᠠᠶᠢᠯᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ | ᠲᠣᠭᠲᠠᠭᠠᠵᠤ᠂ ᠬᠠᠷᠢᠭᠤᠴᠠᠯᠭ᠎ᠠ ᠪᠠᠨ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠠᠯᠢ ᠲᠦᠷᠭᠡᠨ ᠢᠶᠠᠷ ᠢᠯᠡᠳᠲᠡ | ᠠᠬᠢᠴᠠ ᠲᠠᠢ ᠪᠣᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ | ᠪᠠᠷᠢᠬᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠠᠩᠬ᠎ᠠ ᠠᠯᠬᠤᠮ | ᠮᠠᠭᠠᠳᠯᠠᠨ ᠲᠣᠭᠲᠠᠭᠠᠵᠤ᠂ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠲᠥᠷᠥᠯ ᠬᠤᠪᠢᠶᠠᠨ ᠴᠡᠭᠴᠡᠯᠡᠨ | ᠵᠠᠰᠠᠬᠤ ᠶᠢ ᠬᠡᠷᠡᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠬᠦᠨᠳᠦ ᠨᠣᠴᠢᠲᠠᠢ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ᠂ ᠡᠵᠡᠩᠨᠡᠬᠦ ᠪᠠ ᠬᠡᠷᠡᠭᠯᠡᠬᠦ ᠨᠥᠬᠦᠴᠡᠯ ᠢ | ᠪᠦᠷᠢᠯᠳᠦᠭᠦᠯᠦᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠬᠡᠷᠡᠭᠯᠡᠬᠦ ᠶᠢ ᠨᠢ ᠵᠣᠭᠰᠤᠭᠠᠬᠤ ᠵᠡᠷᠭᠡ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠶᠢᠬᠠᠨ ᠠᠪᠴᠤ᠂ ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ ᠰᠠᠭᠤᠬᠤ | ᠦᠭᠡᠢ᠂ ᠬᠥᠮᠥᠨ ᠨᠤᠷᠠᠬᠤ ᠠᠶᠤᠯᠲᠠᠢ ᠭᠡᠷ ᠪᠠᠶᠢᠰᠢᠩ ᠳᠤ ᠣᠷᠣᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠮᠤᠷ | ᠲᠦᠪᠰᠢᠨ ᠤ ᠳᠠᠯᠳᠠ ᠬᠡᠮ ᠢ ᠲᠤᠶᠢᠯᠪᠤᠷᠢᠲᠠᠢ ᠠᠷᠢᠯᠭᠠᠬᠤ ᠠᠴᠠ ᠡᠮᠦᠨ᠎ᠡ ᠰᠡᠷᠭᠦᠭᠡᠨ ᠬᠡᠷᠡᠭᠯᠡᠵᠦ ᠪᠣᠯᠬᠤ ᠦᠭᠡᠢ᠃ | ︵ᠭᠤᠷᠪᠠ︶ ᠲᠠᠯᠳᠠ ᠭᠡᠮ ᠢ ᠲᠤᠶᠢᠯᠪᠤᠷᠢᠲᠠᠢ ᠴᠡᠭᠴᠡᠯᠡᠨ ᠵᠠᠰᠠᠬᠤ ᠬᠡᠷᠡᠭᠲᠡᠢ | 1. ᠲᠥᠷᠥᠯ ᠬᠤᠪᠢᠶᠠᠨ ᠰᠢᠢᠳᠪᠦᠷᠢᠯᠡᠨ᠎ᠡ᠃ ᠥᠪᠡᠷᠲᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠲᠤᠰᠬᠠᠢ ᠮᠡᠷᠭᠡᠵᠢᠯ ᠤᠨ | ᠬᠦᠴᠦᠨ ᠢ ᠵᠣᠬᠢᠶᠠᠨ ᠪᠠᠶᠢᠭᠤᠯᠵᠤ᠂ ᠠᠩᠬ᠎ᠠ ᠠᠯᠬᠤᠮ ᠤᠨ ᠮᠠᠭᠠᠳᠯᠠᠯᠲᠠ ᠳᠤ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠭ᠎ᠠ ᠥᠪᠡᠷᠲᠡᠭᠡᠨ ᠪᠠᠷᠢᠭᠰᠠᠨ ᠭᠡᠷ ᠪᠠᠶᠢᠰᠢᠩ ᠳᠤ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠵᠦ᠂ | ᠬᠢᠨᠠᠨ ᠲᠣᠭᠲᠠᠭᠠᠯᠲᠠ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠥᠪᠡᠰᠦᠪᠡᠨ ᠪᠠᠷᠢᠭᠰᠠᠨ ᠭᠡᠷ | ᠪᠠᠶᠢᠰᠢᠩ ᠢ ᠪᠦᠬᠦᠨ ᠢ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠲᠤᠰᠬᠠᠢ | ᠴᠡᠭᠴᠡᠯᠡᠨ ᠵᠠᠰᠠᠬᠤ ︽ᠳᠥᠷᠪᠡᠨ ᠨᠠᠷᠢᠨ ᠬᠠᠭᠤᠳᠠᠰᠤ︾ ᠶᠢ ᠨᠢᠭᠡ ᠨᠢᠭᠡ ᠪᠠᠷ ᠪᠠᠶᠢᠭᠤᠯᠵᠤ᠂ ᠠᠰᠠᠭᠤᠳᠠᠯ ᠤᠨ ᠨᠠᠷᠢᠨ | ᠬᠠᠭᠤᠳᠠᠰᠤ᠂ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ | ᠬᠠᠷᠭᠤᠭᠤᠯᠤᠨ ᠪᠠᠶᠢᠴᠠᠭᠠᠵᠤ ᠰᠢᠯᠭᠠᠨ ᠠᠪᠬᠤ ᠨᠠᠷᠢᠨ ᠬᠠᠭᠤᠳᠠᠰᠤ ᠶᠢ ᠨᠢᠭᠡᠳ ᠨᠢᠭᠡ ᠪᠠᠷ ᠪᠠᠶᠢᠭᠤᠯᠵᠤ᠂ ᠳ᠋ᠤᠭᠠᠷ ᠢ | ᠨᠢ ᠬᠠᠰᠤᠬᠤ ᠬᠠᠮᠢᠶᠠᠷᠤᠯᠲᠠ ᠪᠠ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠨᠢᠭᠡ ᠡᠷᠦᠬᠡ᠂ | ᠨᠢᠭᠡ ᠡᠷᠦᠬᠡ ᠶᠢ ᠨᠢ ᠬᠠᠰᠤᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠷᠢᠳ ᠢᠶᠠᠷ ᠪᠠᠴᠢᠮ᠂ ᠳᠠᠷᠠᠭ᠎ᠠ ᠨᠢ ᠠᠯᠭᠤᠷ᠂ | ᠤᠷᠢᠳ ᠢᠶᠠᠷ ᠶᠡᠭᠡ᠂ ᠳᠠᠷᠠᠭ᠎ᠠ ᠨᠢ ᠪᠠᠭ᠎ᠠ᠂ ᠲᠥᠷᠥᠯ ᠬᠤᠪᠢᠶᠠᠨ ᠰᠢᠢᠳᠪᠦᠷᠢᠯᠡᠬᠦ ᠵᠠᠷᠴᠢᠮ ᠢ ᠪᠠᠷᠢᠮᠲᠠᠯᠠᠵᠤ᠂ | ᠪᠦᠲᠦᠴᠡ ᠶᠢᠨ ᠨᠤᠷᠠᠬᠤ ᠠᠶᠤᠯ ᠲᠦᠭᠰᠢᠭᠦᠷᠢ ᠣᠷᠣᠰᠢᠵᠤ᠂ ᠣᠯᠠᠨ ᠨᠡᠶᠢᠲᠡ ᠶᠢᠨ ᠠᠮᠤᠷ ᠲᠦᠪᠰᠢᠨ ᠢ | ᠰᠦᠷᠳᠡᠭᠦᠯᠦᠭᠰᠡᠨ ᠪᠠᠶᠢᠪᠠᠯ᠂ ᠭᠡᠷ ᠪᠠᠶᠢᠰᠢᠩ ᠤᠨ ᠳᠣᠲᠣᠷᠠᠬᠢ ᠪᠠ ᠡᠷᠬᠢᠨ ᠲᠣᠭᠤᠷᠢᠨ ᠤ ᠣᠯᠠᠨ ᠲᠦᠮᠡᠨ ᠢ | ᠳᠠᠷᠤᠶᠢᠬᠠᠨ ᠬᠡᠷᠡᠭᠯᠡᠬᠦ ᠶᠢ ᠨᠢ ᠵᠣᠭᠰᠤᠭᠠᠬᠤ ᠶᠢᠨ ᠬᠠᠮᠲᠤ ᠲᠠᠷᠬᠠᠭᠠᠵᠤ᠂ ᠪᠢᠲᠡᠭᠦᠮᠵᠢᠯᠡᠨ ᠰᠢᠢᠳᠪᠦᠷᠢᠯᠡᠵᠦ᠂ | ᠲᠤᠬᠠᠢ ᠶᠢᠨ ᠲᠠᠯᠠᠪᠤᠷ ᠲᠤᠨᠢ ᠠᠶᠤᠯ ᠲᠦᠭᠰᠢᠭᠦᠷᠢ ᠶᠢ ᠠᠷᠢᠯᠭᠠᠨ᠂ ᠨᠤᠷᠠᠭᠠᠬᠤ ᠶᠣᠰᠣᠲᠠᠢ ᠶᠢ ᠨᠢ ᠬᠠᠤᠯᠢ ᠶᠣᠰᠣᠭᠠᠷ | ᠨᠤᠷᠠᠭᠠᠬᠤ ᠬᠡᠷᠡᠭᠲᠡᠢ︔ ᠵᠢᠷᠤᠭ ᠲᠥᠯᠥᠪᠯᠡᠭᠡ ᠶᠢᠨ ᠪᠠᠷᠢᠯᠭ᠎ᠠ ᠶᠢᠨ ᠠᠵᠢᠯ ᠤᠨ ᠬᠡᠮ ᠰᠣᠭᠤᠭ ᠣᠷᠣᠰᠢᠵᠤ ᠬᠠᠷᠠᠬᠠᠨ | ᠨᠤᠷᠠᠵᠤ ᠶᠡᠭᠦᠷᠡᠬᠦ ᠵᠡᠷᠭᠡ ᠲᠦᠭᠰᠢᠭᠦᠷᠢ ᠦᠭᠡᠢ ᠪᠠᠶᠢᠪᠠᠯ᠂ ᠪᠠᠬᠢᠵᠢᠭᠦᠯᠬᠦ᠂ ᠬᠡᠷᠡᠭᠴᠡᠭᠡ ᠶᠢ ᠨᠢ ᠬᠢᠵᠠᠭᠠᠷᠯᠠᠬᠤ ᠵᠡᠷᠭᠡ | ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ︔ ᠡᠩ ᠤᠨ ᠴᠢᠨᠠᠷᠲᠠᠢ ᠳᠠᠯᠳᠠ ᠬᠡᠮ ᠢ ᠲᠡᠷᠡ ᠳᠠᠷᠤᠢ ᠳᠤᠨᠢ ᠪᠠᠶᠢᠴᠠᠭᠠᠨ | ᠵᠠᠰᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ︔ | ᠭᠡᠷ ᠪᠠᠶᠢᠰᠢᠩ ᠪᠠᠷᠢᠬᠤ ᠠᠴᠠ ᠪᠣᠯᠵᠤ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠳᠠᠯᠳᠠ ᠬᠡᠮ ᠢ ᠪᠣᠶ ᠪᠣᠯᠭᠠᠭᠰᠠᠨ | ᠪᠠᠶᠢᠪᠠᠯ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠢᠨᠵᠧᠨᠧᠷᠢᠩ ᠢ ᠵᠠᠰᠠᠬᠤ᠂ ᠵᠠᠶᠢᠯᠠᠵᠤ ᠨᠡᠭᠦᠯᠭᠡᠬᠦ ᠵᠡᠷᠭᠡ ᠠᠷᠭ᠎ᠠ | ᠬᠡᠮᠵᠢᠶ᠎ᠡ ᠶᠢ ᠠᠪᠴᠤ᠂ ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠠᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠢ᠃ | 2. ᠴᠡᠭᠴᠡᠯᠡᠨ ᠰᠠᠶᠢᠵᠢᠷᠠᠭᠤᠯᠵᠤ ᠳ᠋ᠤᠭᠠᠷᠯᠠᠯ ᠢ ᠬᠦᠴᠦᠨ ᠦᠭᠡᠢ ᠪᠣᠯᠭᠠᠨ᠎ᠠ᠃ ᠴᠡᠭᠴᠡᠯᠡᠨ ᠰᠠᠶᠢᠵᠢᠷᠠᠭᠤᠯᠵᠤ | ᠳᠠᠭᠤᠰᠤᠭᠰᠠᠨ ᠥᠪᠡᠰᠦᠪᠡᠨ ᠪᠠᠷᠢᠭᠰᠠᠨ ᠭᠡᠷ ᠪᠠᠶᠢᠰᠢᠩ ᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ | ᠲᠦᠷᠦᠭᠦᠯᠡᠭᠦᠯᠦᠨ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠵᠢᠴᠢ ᠬᠠᠷᠢᠶ᠎ᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠵᠡᠷᠭᠡ ᠰᠠᠯᠠᠭ᠎ᠠ | ᠮᠥᠴᠢᠷ ᠤᠳ ᠣᠷᠣᠯᠴᠠᠵᠤ᠂ ᠬᠠᠮᠲᠤᠪᠠᠷ ᠰᠢᠯᠭᠠᠨ ᠠᠪᠴᠤ ᠪᠠᠷᠢᠮᠵᠢᠶ᠎ᠠ ᠳᠤ ᠬᠦᠷᠦᠭᠦᠯᠦᠭᠰᠡᠨ ᠤ ᠳᠠᠷᠠᠭ᠎ᠠ ᠳ᠋ᠤᠭᠠᠷ ᠢ | ᠨᠢ ᠬᠠᠰᠤᠬᠤ ᠬᠡᠷᠡᠭᠲᠡᠢ᠃ | ︵ᠳᠥᠷᠪᠡ︶ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ | ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠬᠦᠴᠦ ᠪᠠᠨ ᠬᠠᠮᠲᠤᠳᠬᠠᠨ ᠠᠬᠢᠭᠤᠯᠬᠤ | ᠬᠡᠷᠡᠭᠲᠡᠢ᠃ | ᠲᠤᠭᠤᠷᠢᠭ ᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ ᠨᠢ ᠱᠠᠰᠢᠨ ᠰᠤᠷᠲᠠᠬᠤᠨ ᠤ | ᠠᠵᠢᠯᠯᠠᠭ᠎ᠠ ᠶᠢᠨ ᠲᠠᠯᠠᠪᠤᠷ ᠭᠠᠵᠠᠷ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ | ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | ᠤᠯᠠᠭᠠᠨᠨᠠᠭᠤᠷ ᠪᠠᠯᠭᠠᠰᠤ ᠳᠤ᠂ ᠡᠯ᠎ᠡ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠡᠯ᠎ᠡ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠠᠴᠠ ᠭᠠᠳᠠᠨᠠᠬᠢ ᠥᠪᠡᠷ ᠲᠡᠭᠡᠨ ᠪᠠᠷᠢᠭᠰᠠᠨ ᠭᠡᠷ | ᠪᠠᠶᠢᠰᠢᠩ ᠢ ᠪᠦᠬᠦ ᠲᠠᠯ᠎ᠠ ᠪᠠᠷ ᠣᠶᠢᠯᠠᠭᠠᠵᠤ ᠵᠢᠭᠰᠠᠭᠠᠨ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠠᠷᠢᠭᠤᠴᠠᠵᠤ᠂ | ᠲᠤᠰᠬᠠᠢ ᠲᠦᠷᠦᠯ ᠤᠨ ᠣᠶᠢᠯᠠᠭᠠᠵᠤ ᠵᠢᠭᠰᠠᠭᠠᠨ ᠴᠡᠭᠴᠡᠯᠡᠨ ᠵᠠᠰᠠᠬᠤ ᠠᠵᠢᠯᠲᠠᠨ ᠢ ᠲᠣᠬᠢᠷᠠᠭᠤᠯᠵᠤ᠂ ᠡᠯ᠎ᠡ ᠰᠠᠯᠠᠭ᠎ᠠ | ᠮᠥᠴᠢᠷ ᠯᠦᠭᠡ ᠢᠳᠡᠪᠬᠢᠲᠡᠢ ᠬᠠᠮᠵᠢᠯᠴᠠᠵᠤ᠂ ᠨᠡᠶᠢᠭᠡᠮ ᠲᠣᠭᠤᠷᠢᠭ᠂ ᠠᠳᠠᠯ ᠠᠬᠤᠢ ᠶᠢᠨ ᠺᠣᠮᠫᠠᠨᠢ ᠶᠢᠨ ᠬᠦᠴᠦᠨ ᠢ | ᠳᠠᠶᠢᠴᠢᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠵᠠᠷᠤᠳᠠᠯ ᠳᠤ ᠳᠡᠮᠵᠢᠯᠭᠡ ᠦᠵᠡᠭᠦᠯᠬᠦ ᠶᠢ ᠬᠠᠷᠢᠭᠤᠴᠠᠨ᠎ᠠ᠃ | ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠨᠢ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ | ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ ᠲᠤ ᠬᠡᠷᠡᠭᠯᠡᠬᠦ ᠭᠡᠷ ᠪᠠᠶᠢᠰᠢᠩ ᠤᠨ ᠠᠮᠤᠷ ᠲᠦᠪᠰᠢᠨ ᠤ ᠬᠠᠷᠢᠭᠤᠴᠠᠯᠭᠠᠲᠠᠨ ᠳᠤ ᠲᠤᠰᠬᠠᠢ ᠴᠡᠭᠴᠡᠯᠡᠨ ᠵᠠᠰᠠᠬᠤ | ᠠᠵᠢᠯ ᠥᠷᠨᠢᠭᠦᠯᠦᠨ᠎ᠡ᠃ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠡᠯ᠎ᠡ ᠲᠥᠷᠥᠯ ᠤᠨ ᠰᠤᠷᠭᠠᠭᠤᠯᠢ ︵ᠬᠡᠦᠬᠡᠳ ᠤᠨ | ᠴᠡᠴᠡᠷᠯᠢᠭ︶ ᠶᠢᠨ ᠵᠢᠭᠠᠨ ᠰᠤᠷᠭᠠᠯᠲᠠ ᠵᠢᠴᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠰᠤᠷᠭᠠᠨ | ᠬᠥᠮᠦᠵᠢᠯ ᠤᠨ ᠪᠠᠶᠢᠭᠤᠯᠤᠮᠵᠢ ᠶᠢᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ | ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠰᠢᠮᠳᠠᠭᠤᠯᠤᠨ ᠵᠢᠯᠤᠭᠤᠳᠤᠨ᠎ᠠ᠃ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠲᠠᠨ ᠢ ᠠᠰᠠᠷᠠᠬᠤ ᠬᠦᠷᠢᠶᠡᠯᠡᠩ ᠪᠣᠯᠣᠨ | ᠠᠰᠠᠷᠠᠮᠵᠢ ᠶᠢᠨ ᠬᠦᠷᠢᠶᠡᠯᠡᠩ ᠵᠡᠷᠭᠡ ᠪᠠᠶᠢᠭᠤᠯᠤᠮᠵᠢ ᠶᠢᠨ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ | ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠠᠷᠢᠭᠤᠴᠠᠨ᠎ᠠ | ᠃ | ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ | ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠪᠠ᠃ | ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠵᠢᠭᠤᠯᠴᠢᠯᠠᠯ ᠤᠨ | ᠦᠵᠡᠮᠵᠢ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠰᠣᠶᠣᠯ ᠤᠨ | ᠲᠠᠯᠠᠪᠤᠷ ᠣᠷᠳᠣᠨ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠺᠢᠨᠣ᠋ ᠶᠢᠨ ᠣᠷᠳᠣᠨ ᠵᠡᠷᠭᠡ ᠬᠦᠷᠢᠶ᠎ᠡ | ᠬᠡᠪᠴᠢᠶᠡᠨ ᠳᠠᠬᠢ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ | ᠠᠵᠢᠯ ᠥᠷᠨᠢᠭᠦᠯᠬᠦ ᠶᠢ ᠬᠢᠨᠠᠨ ᠵᠢᠯᠤᠭᠤᠳᠣᠨ᠎ᠠ᠃ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠯ᠎ᠡ ᠲᠥᠷᠥᠯ ᠤᠨ ᠡᠮᠨᠡᠯᠭᠡ ᠶᠢᠨ | ᠬᠤᠷᠢᠶ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠲᠠᠯᠠᠪᠤᠷ ᠭᠠᠵᠠᠷ ᠤᠨ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ | ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠨ᠎ᠠ | ᠃ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ | ᠭᠠᠵᠠᠷ ᠲᠤ ᠬᠡᠷᠡᠭᠯᠡᠬᠦ ᠭᠡᠷ ᠪᠠᠶᠢᠰᠢᠩ ᠤᠨ ᠠᠮᠤᠷ ᠲᠦᠪᠰᠢᠨ ᠤ ᠬᠠᠷᠢᠭᠤᠴᠠᠯᠭᠠᠲᠠᠨ ᠳᠤ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ᠨᠢ ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠪᠠᠶᠢᠭᠤᠯᠤᠮᠵᠢ ᠶᠢᠨ ᠭᠡᠷ ᠪᠠᠶᠢᠰᠢᠩ ᠤᠨ ᠬᠡᠷᠡᠭᠯᠡᠯᠲᠡ ᠶᠢᠨ | ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ | ᠵᠢᠯᠤᠭᠤᠳᠴᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠠᠵᠢᠯ ᠢ ᠬᠠᠷᠢᠭᠤᠴᠠᠨ᠎ᠠ᠃ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠨᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ | ᠵᠣᠬᠢᠴᠠᠭᠤᠯᠵᠤ ᠪᠠᠶᠢᠭᠠᠳ ᠤᠳᠠ ᠲᠣᠭᠤᠷᠢᠭ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠬᠤ ᠠᠵᠢᠯ ᠢ ᠵᠢᠯᠤᠭᠤᠳᠴᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠤᠭᠰᠠᠨ ᠰᠠᠨᠠᠯ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠪᠠ ᠪᠠᠷᠢᠯᠭ᠎ᠠ | ᠳᠠᠭᠤᠰᠤᠭᠰᠠᠨ ᠢ ᠰᠢᠯᠭᠠᠨ ᠬᠤᠷᠢᠶᠠᠵᠤ ᠳᠡᠩᠰᠡᠯᠡᠨ ᠲᠡᠮᠳᠡᠭᠯᠡᠭᠦᠯᠦᠭᠰᠡᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ | ᠬᠠᠷᠢᠭᠤᠴᠠᠨ᠎ᠠ᠃ | ᠲᠤᠭᠤᠷᠢᠭ ᠤᠨ ᠡᠨᠧᠷᠭᠢ ᠶᠢᠨ ᠲᠣᠪᠴᠢᠶ᠎ᠠ ᠨᠢ ᠨᠡᠭᠦᠷᠡᠰᠦ᠂ ᠴᠠᠬᠢᠯᠭᠠᠨ ᠬᠦᠴᠦᠨ᠂ ᠰᠢᠨ᠎ᠡ ᠡᠨᠧᠷᠭᠢ ᠵᠡᠷᠭᠡ | ᠡᠨᠧᠷᠭᠢ ᠶᠢᠨ ᠠᠵᠢᠯ ᠲᠥᠷᠥᠯ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ | ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠨ᠎ᠠ᠃ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ | ᠥᠪᠡᠷ ᠢᠶᠠᠨ ᠭᠡᠷ ᠪᠠᠶᠢᠰᠢᠩ ᠪᠠᠷᠢᠬᠤ ᠳᠠᠭᠠᠨ ᠬᠠᠤᠯᠢ ᠲᠣᠭᠲᠠᠭᠠᠯ ᠠᠴᠠ ᠵᠥᠷᠢᠴᠡᠨ ᠥᠭᠡᠷᠡᠴᠢᠯᠡᠵᠦ ᠥᠷᠭᠡᠳᠬᠡᠨ | ᠪᠠᠶᠢᠭᠤᠯᠬᠤ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ ᠤ ᠦᠢᠯᠡᠰ᠂ ᠬᠤᠨᠤᠭ ᠤᠨ ᠦᠢᠯᠡᠰ ᠪᠠᠭᠲᠠᠨ᠎ᠠ︶᠂ ᠲᠣᠮᠣ | ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠤ ᠲᠠᠯᠠᠪᠤᠷ ᠭᠠᠵᠠᠷ ︵ᠬᠤᠳᠠᠯᠳᠤᠭᠠᠨ ᠤ ᠲᠠᠯᠠᠪᠤᠷ᠂ ᠬᠡᠲᠦ | ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ︶ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ | ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠤᠨ᠎ᠠ᠃ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠨ ᠭᠦᠢᠴᠡᠳᠬᠡᠭᠰᠡᠨ ᠪᠠᠶᠢᠳᠠᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ | ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠴᠢᠨᠠᠷᠲᠠᠢ ᠲᠠᠯᠠᠪᠤᠷ | ᠭᠠᠵᠠᠷ ᠤᠨ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠲᠤᠰᠬᠠᠢ ᠴᠡᠭᠴᠡᠯᠡᠨ | ᠵᠠᠰᠠᠬᠤ ᠠᠵᠢᠯ ᠥᠷᠨᠢᠭᠦᠯᠬᠦ ᠶᠢ ᠰᠢᠮᠳᠠᠭᠤᠯᠤᠨ ᠵᠢᠯᠤᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢᠨ ᠳᠣᠲᠣᠷ᠎ᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ | ᠬᠢᠵᠦ ᠪᠠᠶᠢᠪᠠᠯ ᠡᠵᠡᠩᠨᠡᠯᠲᠡ ᠶᠢ ᠨᠢ ᠵᠠᠷᠯᠢᠭᠳᠠᠨ ᠵᠣᠭᠰᠣᠭᠠᠵᠤ᠂ ᠡᠵᠡᠩᠨᠡᠯᠲᠡ ᠶᠢᠨ ᠦᠨᠡᠮᠯᠡᠯ ᠢ ᠨᠢ ᠬᠦᠴᠦᠨ ᠦᠭᠡᠢ | ᠪᠣᠯᠭᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠥᠪᠡᠰᠦᠪᠡᠨ ᠭᠡᠷ ᠪᠠᠷᠢᠬᠤ ᠬᠠᠮᠢᠶ᠎ᠠ | ᠪᠦᠬᠦᠢ ᠡᠵᠡᠩᠨᠡᠯᠲᠡ ᠶᠢᠨ ᠵᠥᠪᠰᠢᠶᠡᠷᠡᠯ ᠢ ᠭᠦᠢᠴᠡᠳᠬᠡᠬᠦ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢᠨ ᠤᠷᠢᠲᠠᠯ | ᠨᠥᠬᠦᠴᠡᠯ ᠪᠣᠯᠭᠠᠬᠤ ᠶᠢ ᠠᠬᠢᠭᠤᠯᠬᠤ ᠬᠡᠷᠡᠭᠲᠡᠢ᠃ | ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ | ᠬᠠᠷᠢᠭᠤᠴᠠᠯᠭᠠᠲᠠᠨ ᠤ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠬᠤ ᠶᠢ ᠬᠠᠷᠢᠭᠤᠴᠠᠨ᠎ᠠ | ᠃ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠭᠠᠵᠠᠷ ᠰᠢᠷᠣᠢ ᠬᠡᠷᠡᠭᠯᠡᠬᠦ ᠦᠨᠡᠮᠯᠡᠯ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠥᠯᠥ | ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢᠨ ᠳᠠᠩᠰᠠᠯᠠᠯᠲᠠ ᠶᠢᠨ ᠦᠨᠡᠮᠯᠡᠯ ᠢ ᠭᠦᠢᠴᠡᠳᠬᠡᠭᠰᠡᠨ ᠪᠠᠶᠢᠳᠠᠯ ᠢ | ᠬᠢᠨᠠᠨ ᠪᠠᠶᠢᠴᠠᠭᠠᠵᠤ᠂ ᠭᠠᠵᠠᠷ ᠤᠨ ᠭᠠᠢ ᠭᠠᠮᠰᠢᠭ ᠤᠨ ᠲᠦᠭᠰᠢᠭᠦᠷᠢ ᠶᠢ ᠵᠢᠭᠰᠠᠭᠠᠨᠲ᠋ᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠭᠡᠷ ᠪᠠᠶᠢᠰᠢᠩ | ᠬᠡᠷᠡᠭᠯᠡᠭᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠳᠤ | ᠲᠣᠭᠲᠠᠭᠠᠭᠰᠠᠨ ᠭᠡᠷ ᠪᠠᠶᠢᠰᠢᠩ ᠤᠨ ᠬᠡᠷᠡᠭᠴᠡᠭᠡ ᠶᠢ ᠲᠤᠷ᠎ᠠ ᠪᠠᠷ ᠢᠶᠠᠨ ᠬᠤᠪᠢᠷᠠᠭᠤᠯᠬᠤ ᠦᠶᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠠᠶᠠᠨᠴᠢᠳ ᠤᠨ ᠪᠠᠭᠤᠳᠠᠯ ᠵᠡᠷᠭᠡ | ᠣᠨᠴᠠ ᠲᠥᠷᠥᠯ ᠤᠨ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠭᠰᠡᠨ ᠲᠤᠰᠬᠠᠢ ᠴᠡᠭᠴᠡᠯᠡᠨ | ᠵᠠᠰᠠᠬᠤ ᠠᠵᠢᠯ ᠤᠨ ᠳᠤᠮᠳᠠᠬᠢ ᠠᠯᠪᠠᠨ ᠶᠠᠪᠤᠳᠠᠯ ᠢ ᠬᠠᠷᠰᠢᠯᠠᠭᠰᠠᠨ ᠪᠤᠶᠤ ᠬᠠᠷᠰᠢᠯᠠᠭᠰᠠᠨ ᠦᠶᠯᠡ ᠠᠵᠢᠯᠯᠠᠭ᠎ᠠ ᠵᠢᠴᠢ | ᠣᠯᠠᠨ ᠨᠡᠶᠢᠲᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠠᠶᠤᠯ ᠲᠦᠭᠰᠢᠭᠦᠷᠢ ᠤᠴᠠᠷᠠᠭᠤᠯᠤᠭᠰᠠᠨ ᠪᠤᠶᠤ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠᠷ ᠬᠠᠤᠯᠢ ᠠᠴᠠ | ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠣᠯᠠᠨ ᠨᠡᠶᠢᠲᠡ ᠶᠢᠨ ᠬᠤᠷᠠᠵᠤ | ᠴᠤᠭᠯᠠᠷᠠᠬᠤ ᠭᠠᠵᠠᠷ ᠲᠠᠯᠠᠪᠤᠷ ᠤᠨ ᠡᠵᠡᠩᠨᠡᠯᠲᠡ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠶᠢᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠬᠥᠮᠥᠨ | ᠬᠤᠷᠠᠵᠤ ᠴᠤᠭᠯᠠᠷᠠᠬᠤ ᠭᠠᠵᠠᠷ ᠲᠠᠯᠠᠪᠤᠷ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠶᠢᠭᠤᠯᠤᠭᠰᠠᠨ ᠭᠡᠷ | ᠪᠠᠶᠢᠰᠢᠩ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃ | ︵ᠲᠠᠪᠤ︶ ᠭᠡᠷ ᠪᠠᠶᠢᠰᠢᠩ ᠤᠨ ᠠᠶᠤᠯ ᠦᠭᠡᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | 1. ᠨᠡᠮᠡᠭᠳᠡᠯ ᠤᠨ ᠲᠦᠭᠰᠢᠭᠦᠷᠢ ᠶᠢ ᠴᠢᠩᠭ᠎ᠠ ᠡᠵᠡᠮᠳᠡᠨ᠎ᠡ᠃ ᠬᠤᠲᠠ ᠬᠥᠳᠡᠭᠡ ᠶᠢᠨ ᠰᠢᠨ᠎ᠡ ᠪᠠᠷ ᠪᠠᠶᠢᠭᠤᠯᠤᠭᠰᠠᠨ ᠭᠡᠷ | ᠪᠠᠶᠢᠰᠢᠩ ᠵᠢᠴᠢ ᠡᠵᠡᠩᠨᠡᠯᠲᠡ ᠶᠢᠨ ᠴᠢᠨᠠᠷᠲᠠᠢ ᠥᠪᠡᠷ ᠲᠡᠭᠡᠨ ᠭᠡᠷ ᠪᠠᠶᠢᠰᠢᠩ ᠪᠠᠷᠢᠬᠤ ᠳᠤ ᠡᠷᠬᠡᠪᠰᠢ ᠬᠠᠤᠯᠢ | ᠲᠣᠭᠲᠠᠭᠠᠯ ᠶᠣᠰᠣᠭᠠᠷ ᠲᠤᠰᠬᠠᠢ ᠵᠢᠷᠤᠭ ᠲᠥᠯᠥᠪᠯᠡᠭᠡ ᠪᠠ ᠲᠤᠰᠬᠠᠢ ᠪᠠᠷᠢᠯᠭ᠎ᠠ ᠶᠢᠨ ᠠᠵᠢᠯ ᠢᠶᠠᠷ ᠳᠡᠮᠵᠢᠵᠦ᠂ ᠭᠡᠷ | ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠣᠳ ᠥᠪᠡᠷ ᠲᠡᠭᠡᠨ ᠪᠠᠷᠢᠭᠰᠠᠨ ᠭᠡᠷ | ᠪᠠᠶᠢᠰᠢᠩ ᠤᠨ ᠡᠵᠡᠩᠨᠡᠯᠲᠡ ᠳᠤ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠪᠠᠨ ᠴᠢᠩᠳᠠᠯᠠᠵᠤ᠂ ᠭᠡᠷ | ᠪᠠᠶᠢᠰᠢᠩ ᠤᠨ ᠥᠮᠴᠢᠯᠡᠬᠦ ᠡᠷᠬᠡᠲᠦ ᠬᠥᠮᠥᠨ ᠪᠤᠶᠤ ᠬᠡᠷᠡᠭᠯᠡᠭᠴᠢ ᠨᠢ ᠡᠵᠡᠩᠨᠡᠯᠲᠡ ᠶᠢᠨ ᠬᠠᠮᠢᠶ᠎ᠠ ᠪᠦᠬᠦᠢ ᠵᠥᠪᠰᠢᠶᠡᠷᠡᠯ | ᠢ ᠭᠦᠢᠴᠡᠳᠬᠡᠬᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠠᠴᠠ ᠡᠮᠦᠨ᠎ᠡ᠂ ᠭᠡᠷ ᠪᠠᠶᠢᠰᠢᠩ ᠤᠨ ᠠᠶᠤᠯ | ᠦᠭᠡᠢ ᠶᠢᠨ ᠬᠢᠨᠠᠨ ᠲᠣᠭᠲᠠᠭᠠᠯᠲᠠ ᠶᠢᠨ ᠬᠢᠷᠢ ᠲᠡᠩᠴᠡᠭᠰᠡᠨ ᠭᠡᠷᠡᠴᠢ ᠶᠢ ᠬᠠᠤᠯᠢ ᠲᠣᠭᠲᠠᠭᠠᠯ ᠶᠣᠰᠣᠭᠠᠷ ᠣᠯᠣᠭᠰᠠᠨ | ᠪᠠᠶᠢᠬᠤ ᠬᠡᠷᠡᠭᠲᠡᠢ᠃ | 2. ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ | ᠪᠤᠶᠤ ᠬᠡᠷᠡᠭᠯᠡᠭᠴᠢ ᠨᠢ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠬᠡᠪ ᠤᠨ | ᠪᠤᠰᠤ ᠪᠠᠶᠢᠳᠠᠯ ᠢ ᠣᠯᠵᠤ ᠮᠡᠳᠡᠪᠡᠯ ᠳᠠᠷᠤᠢ ᠲᠦᠷᠭᠡᠨ ᠠᠵᠢᠯᠲᠠᠨ ᠢᠶᠠᠨ ᠵᠣᠬᠢᠶᠠᠨ ᠪᠠᠶᠢᠭᠤᠯᠤᠨ ᠵᠠᠶᠢᠯᠠᠭᠤᠯᠬᠤ | ᠬᠡᠷᠡᠭᠲᠡᠢ᠃ ᠪᠠᠯᠭᠠᠰᠤ᠂ ᠬᠡᠷᠡᠭ ᠡᠷᠬᠢᠯᠡᠬᠦ ᠭᠠᠵᠠᠷ ᠵᠡᠷᠭᠡ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠤᠲᠠ ᠶᠢᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠠᠳᠠᠯ | ᠠᠬᠤᠢ ᠶᠢᠨ ᠡᠮᠦᠨ᠎ᠡ ᠬᠠᠷᠠᠭᠤᠯ ᠪᠠ ᠬᠠᠶᠢᠭᠤᠷ ᠤᠨ ᠦᠢᠯᠡᠳᠦᠯ ᠢ ᠪᠠᠳᠠᠷᠠᠭᠤᠯᠵᠤ᠂ ᠭᠡᠷ ᠪᠠᠶᠢᠰᠢᠩ ᠤᠨ ᠠᠮᠤᠷ | ᠲᠦᠪᠰᠢᠨ ᠤ ᠬᠠᠮᠢᠶᠠᠷᠤᠭᠴᠢ ᠶᠢᠨ ᠳᠦᠷᠢᠮ ᠪᠠ ᠲᠣᠥᠷᠵᠢᠭᠤᠯᠤᠭᠰᠠᠨ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠩᠭᠤᠵᠢᠭᠤᠯᠤᠨ | ᠲᠣᠭᠤᠷᠢᠨ ᠪᠠᠶᠢᠴᠠᠭᠠᠵᠤ ᠢᠯᠡᠷᠡᠭᠦᠯᠬᠦ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠰᠠᠭᠤᠳᠠᠯ ᠪᠠᠶᠢᠬᠤ ᠶᠢ ᠣᠯᠵᠤ | ᠮᠡᠳᠡᠪᠡᠯ ᠥᠮᠴᠢᠯᠡᠬᠦ ᠡᠷᠬᠡᠲᠦ ᠬᠥᠮᠥᠨ ᠪᠤᠶᠤ ᠬᠡᠷᠡᠭᠯᠡᠭᠴᠢ ᠶᠢ ᠴᠠᠭ ᠲᠤᠬᠠᠢ ᠳᠤᠨᠢ ᠰᠢᠮᠳᠠᠭᠤᠯᠵᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠲᠣᠭᠤᠷᠢᠭ ᠤᠨ ᠬᠠᠷᠢᠶ᠎ᠠ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠬᠢᠳᠠᠯ ᠢᠶᠠᠷ ᠮᠡᠳᠡᠭᠳᠡᠵᠦ ᠬᠠᠮᠲᠤᠪᠠᠷ ᠰᠢᠮᠳᠠᠭᠤᠯᠵᠤ᠂ ᠴᠢᠬᠤᠯᠠ ᠲᠠᠢ | ᠦᠶ᠎ᠡ ᠳᠤ ᠲᠣᠭᠤᠷᠢᠭ ᠤᠨ ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠨ ᠰᠢᠢᠳᠪᠦᠷᠢᠯᠡᠭᠦᠯᠵᠦ ᠪᠣᠯᠣᠨ᠎ᠠ᠃ | 3. ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠨ᠎ᠠ᠃ | ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠤᠯᠢ ᠠᠴᠠ ᠵᠥᠷᠢᠴᠡᠨ ᠪᠦᠲᠦᠭᠡᠨ | ᠪᠠᠶᠢᠭᠤᠯᠤᠭᠰᠠᠨ ᠪᠠ ᠬᠠᠤᠯᠢ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠭᠰᠡᠨ ᠭᠡᠷ ᠪᠠᠶᠢᠰᠢᠩ ᠢ | ᠢᠯᠭᠠᠷᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠵᠠᠷ ᠰᠢᠷᠣᠢ᠂ ᠲᠥᠯᠦᠪᠵᠢᠭᠦᠯᠭᠡ ᠪᠠ ᠪᠦᠲᠦᠭᠡᠨ | ᠪᠠᠶᠢᠭᠤᠯᠤᠯᠲᠠ ᠵᠡᠷᠭᠡ ᠭᠠᠷᠳᠠᠮ ᠢ ᠣᠯᠣᠭᠰᠠᠨ ᠦᠭᠡᠢ ᠵᠢᠴᠢ ᠳᠤᠷ᠎ᠠ ᠪᠠᠷ ᠢᠶᠠᠨ ᠥᠭᠡᠷᠡᠴᠢᠯᠡᠨ ᠪᠠᠶᠢᠭᠤᠯᠵᠤ ᠲᠠᠰ | ᠨᠡᠮᠡᠬᠦ᠂ ᠭᠠᠵᠠᠷ ᠳᠣᠣᠷᠠᠬᠢ ᠣᠷᠣᠨ ᠵᠠᠢ ᠶᠢ ᠬᠠᠤᠯᠢ ᠪᠤᠰᠤ ᠪᠠᠷ ᠨᠡᠭᠡᠭᠡᠨ ᠮᠠᠯᠲᠠᠬᠤ ᠵᠡᠷᠭᠡ ᠦᠶᠯᠡ ᠠᠵᠢᠯᠯᠠᠭ᠎ᠠ ᠶᠢ | ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠳᠤ | ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠡᠳ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠬᠠᠤᠯᠢ | ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠢᠯᠡᠴᠢᠯᠡᠬᠦ ᠬᠡᠷᠡᠭᠲᠡᠢ᠃ ᠬᠠᠤᠯᠢ ᠶᠢ ᠵᠥᠷᠢᠴᠡᠨ | ᠪᠦᠲᠦᠭᠡᠨ ᠪᠠᠶᠢᠭᠤᠯᠤᠭᠰᠠᠨ᠂ ᠬᠠᠤᠯᠢ ᠶᠢ ᠵᠥᠷᠢᠴᠡᠵᠦ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠰᠡᠨ | ᠠᠰᠠᠭᠤᠳᠠᠯ ᠣᠷᠣᠰᠢᠵᠤ ᠪᠠᠶᠢᠭ᠎ᠠ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠡᠵᠡᠩᠨᠡᠯᠲᠡ ᠶᠢᠨ ᠠᠵᠢᠯᠯᠠᠭ᠎ᠠ ᠳᠤ | ᠬᠡᠷᠡᠭᠯᠡᠵᠦ ᠪᠣᠯᠬᠤ ᠦᠭᠡᠢ᠃ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠲᠣᠭᠲᠠᠴᠠ ᠶᠢ | ᠪᠠᠶᠢᠭᠤᠯᠵᠤ᠂ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ | ᠢᠯᠡᠴᠢᠯᠡᠨ ᠮᠡᠳᠡᠭᠦᠯᠦᠭᠰᠡᠨ ᠢ ᠪᠠᠶᠢᠴᠠᠭᠠᠨ ᠲᠣᠳᠣᠯᠠᠮᠠᠭᠴᠠ ᠱᠠᠩᠨᠠᠨ ᠬᠥᠬᠢᠭᠦᠯᠬᠦ ᠬᠡᠷᠡᠭᠲᠡᠢ᠃ ᠭᠡᠷ ᠪᠠᠶᠢᠰᠢᠩ ᠤᠨ | ᠠᠮᠤᠷ ᠲᠦᠪᠰᠢᠨ ᠤ ᠪᠠᠶᠢᠳᠠᠯ ᠢ ᠵᠣᠷᠢᠭᠤᠳᠠ ᠨᠢᠭᠤᠨ ᠳᠠᠯᠳᠠᠯᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ | ᠡᠵᠡᠩᠨᠡᠯᠲᠡ ᠶᠢᠨ ᠲᠠᠯᠠᠪᠤᠷ ᠭᠠᠵᠠᠷ ᠪᠣᠯᠭᠠᠭᠠᠳ ᠬᠦᠨᠳᠦ ᠶᠡᠭᠡ ᠡ᠊ᠨᠳᠡᠯ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 4. ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠭᠡᠷ ᠪᠠᠶᠢᠰᠢᠩ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠠᠭᠠᠴᠢ ᠶᠢᠨ ᠠᠯᠬᠤᠮ ᠳᠤ | ᠭᠡᠷ ᠪᠠᠶᠢᠰᠢᠩ ᠤᠨ ᠠᠮᠤᠷ ᠲᠦᠪᠰᠢᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠶᠢ | ᠰᠤᠳᠤᠯᠤᠨ ᠲᠣᠬᠢᠷᠠᠭᠤᠯᠬᠤ ᠶᠢᠨ ᠬᠠᠮᠲᠤ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠲᠠᠰ ᠳᠠᠪᠬᠤᠷᠭ᠎ᠠ ᠳᠤ ᠨᠢᠭᠡᠨᠲᠡ | ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠨᠢᠭᠡᠳᠦᠯᠲᠡᠢ ᠬᠠᠷᠢᠭᠤᠴᠠᠭᠤᠯᠵᠤ᠂ ᠦᠨᠳᠦᠰᠦᠨ | ᠱᠠᠲᠤᠨ ᠤ ᠬᠢᠨᠠᠨ ᠬᠠᠮᠢᠶᠠᠷᠬᠤ ᠬᠦᠴᠦᠨ ᠢ ᠲᠡᠭᠦᠯᠳᠡᠷᠵᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ︽ᠬᠡᠨ ᠬᠢᠨᠠᠨ | ᠵᠥᠪᠰᠢᠶᠡᠷᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠦᠲᠦᠭᠡᠨ | ᠪᠠᠶᠢᠭᠤᠯᠬᠤ᠂ ᠡᠵᠡᠩᠨᠡᠬᠦ ᠵᠡᠷᠭᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠭᠰᠡᠨ ᠤ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢ ᠰᠢᠮᠳᠠᠭᠤᠯᠵᠤ ᠪᠠᠶᠢᠭᠠᠳ | ᠭᠡᠷ ᠪᠠᠶᠢᠰᠢᠩ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠪᠠᠯᠭᠠᠰᠤ᠂ ᠬᠡᠷᠡᠭ ᠡᠷᠬᠢᠯᠡᠬᠦ ᠭᠠᠵᠠᠷ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠤᠭᠠᠯᠠᠨ | ᠬᠥᠳᠡᠯᠦᠯᠴᠡᠬᠦ ᠪᠠᠷ ᠳᠠᠮᠵᠢᠭᠤᠯᠤᠨ ᠭᠡᠷ ᠪᠠᠶᠢᠰᠢᠩ ᠤᠨ ᠠᠮᠤᠷ ᠲᠦᠪᠰᠢᠨ ᠤ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠪᠡᠶᠡᠯᠡᠭᠦᠯᠦᠨ᠎ᠡ᠃ ᠭᠡᠷ ᠪᠠᠶᠢᠰᠢᠩ ᠤᠨ ᠠᠶᠤᠯ ᠦᠭᠡᠢ ᠶᠢ ᠬᠢᠨᠠᠨ ᠲᠣᠭᠲᠠᠭᠠᠬᠤ ᠪᠠᠶᠢᠭᠤᠯᠤᠮᠵᠢ | ᠪᠣᠯᠣᠨ ᠠᠵᠢᠯᠯᠠᠭᠰᠠᠳ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠲᠣᠭᠲᠠᠭᠠᠬᠤ ᠪᠠᠶᠢᠭᠤᠯᠤᠮᠵᠢ ᠨᠢ | ᠮᠡᠳᠡᠭᠦᠯᠦᠯᠲᠡ ᠶᠢᠨ ᠦᠨᠡᠨ ᠪᠣᠳᠠᠲᠤ ᠴᠢᠨᠠᠷ ᠪᠣᠯᠣᠨ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠢ᠃ | ᠪᠠᠶᠢᠩᠭᠤᠵᠢᠭᠰᠠᠨ ᠭᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ ᠶᠢᠨ ᠳᠦᠷᠢᠮ ᠢ ᠪᠠᠶᠢᠭᠤᠯᠵᠤ᠂ ᠭᠡᠷ ᠪᠠᠶᠢᠰᠢᠩ ᠤᠨ | ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ | ᠭᠤᠷᠪᠠ᠂ ᠠᠵᠢᠯ ᠤᠨ ᠠᠯᠬᠤᠮ ᠳᠠᠷᠠᠭ᠎ᠠ | ᠥᠪᠡᠷ ᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠥᠪᠡᠷ ᠲᠡᠭᠡᠨ ᠪᠠᠶᠢᠭᠤᠯᠤᠭᠰᠠᠨ ᠭᠡᠷ ᠪᠠᠶᠢᠰᠢᠩ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠶᠠᠭ ᠥᠷᠨᠢᠭᠦᠯᠵᠦ ᠪᠠᠶᠢᠭ᠎ᠠ ᠬᠠᠤᠯᠢ ᠠᠴᠠ ᠵᠥᠷᠢᠴᠡᠨ ᠪᠦᠲᠦᠭᠡᠨ | ᠪᠠᠶᠢᠭᠤᠯᠬᠤ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠢᠨᠠᠨ ᠵᠥᠪᠰᠢᠶᠡᠷᠡᠯ ᠤᠨ ᠲᠤᠰᠬᠠᠢ ᠵᠦᠢᠯ ᠢᠶᠠᠷ | ᠢᠯᠭᠠᠷᠠᠭᠤᠯᠤᠨ ᠪᠠᠶᠢᠴᠠᠭᠠᠬᠤ ᠠᠵᠢᠯ ᠯᠤᠭ᠎ᠠ ᠬᠠᠷᠢᠯᠴᠠᠨ ᠤᠶᠠᠯᠳᠤᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ | ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ︵ᠨᠢᠭᠡ︶ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠎ᠠ ︵2022 ᠣᠨ ᠤ 6 ᠰᠠᠷ᠎ᠠ ᠠᠴᠠ 2023 ᠣᠨ ᠤ | 6 ᠰᠠᠷ᠎ᠠ ᠪᠣᠯᠲᠠᠯ᠎ᠠ︶᠃ ᠲᠣᠰ ᠡᠳᠦᠷ ᠠᠴᠠ ᠡᠬᠢᠯᠡᠨ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠤᠳᠠ ᠲᠣᠭᠤᠷᠢᠭ ᠤᠨ ᠪᠣᠶ ᠪᠦᠬᠦᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ | ᠪᠠᠶᠢᠳᠠᠯ ᠢ ᠣᠶᠢᠯᠠᠭᠠᠬᠤ ᠠᠵᠢᠯ ᠢ ᠳᠠᠭᠤᠰᠬᠠᠨ᠎ᠠ᠃ ᠡᠭᠦᠨ ᠳᠤ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ | ᠪᠠᠶᠢᠰᠢᠩ ᠪᠠᠷᠢᠬᠤ ᠳᠤ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠢᠭᠰᠠᠭᠠᠨ ᠪᠠᠶᠢᠴᠠᠭᠠᠵᠤ | ᠪᠠᠶᠢᠳᠠᠯ ᠢ ᠣᠶᠢᠯᠠᠭᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠷᠦᠬᠡ ᠳᠠᠷᠠᠭᠠᠯᠠᠨ ᠡᠬᠡ ᠲᠠᠩᠰᠠ ᠪᠠᠶᠢᠭᠤᠯᠵᠤ᠂ | 2022 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠵᠠᠭᠤᠨ ᠡᠳᠦᠷ ᠤᠨ ᠠᠵᠢᠯᠯᠠᠭ᠎ᠠ︾ ᠶᠢᠨ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠬᠥᠮᠥᠨ ᠦᠬᠦᠵᠦ ᠣᠯᠠᠨ ᠬᠥᠮᠥᠨ | ᠰᠢᠷᠬᠠᠲᠤᠬᠤ ᠠᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠨ᠎ᠠ ︵2023 ᠣᠨ ᠤ 6 ᠰᠠᠷ᠎ᠠ ᠠᠴᠠ 2025 ᠣᠨ ᠤ 6 | ᠰᠠᠷ᠎ᠠ ᠪᠣᠯᠲᠠᠯ᠎ᠠ︶᠃ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠪᠦᠲᠦᠴᠡ ᠶᠢᠨ ᠴᠢᠨᠠᠷᠲᠠᠢ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠭ᠎ᠠ ᠥᠪᠡᠰᠦᠪᠡᠨ ᠭᠡᠷ ᠪᠠᠶᠢᠰᠢᠩ ᠪᠠᠷᠢᠬᠤ ᠪᠠᠷ ᠭᠤᠣᠯᠳᠠᠯᠭ᠎ᠠ ᠪᠣᠯᠭᠠᠨ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 2025 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠥᠪᠡᠰᠦᠪᠡᠨ ᠭᠡᠷ ᠪᠠᠶᠢᠰᠢᠩ ᠪᠠᠷᠢᠬᠤ ᠠᠮᠤᠷ ᠲᠦᠪᠰᠢᠨ ᠤ ᠳᠠᠯᠳᠠ ᠬᠡᠮ ᠢ ᠪᠦᠬᠦᠨ ᠢ ᠴᠡᠭᠴᠡᠯᠡᠨ ᠵᠠᠰᠠᠬᠤ ᠶᠢ | ᠪᠡᠶᠡᠯᠡᠭᠦᠯᠦᠨ᠎ᠡ᠃ | ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠦᠨ᠎ᠡ ︵ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶᠃ ᠬᠤᠯᠠ | ᠣᠶᠢᠷ᠎ᠠ ᠶᠢ ᠤᠶᠠᠯᠳᠤᠭᠤᠯᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ | ᠂ ᠭᠡᠷ ᠪᠠᠶᠢᠰᠢᠩ ᠤᠨ ᠠᠶᠤᠯᠭᠦᠢ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠡᠷ ᠪᠠᠶᠢᠰᠢᠩ ᠤᠨ ᠠᠶᠤᠯᠭᠦᠢ ᠶᠢᠨ ᠲᠠᠯᠳᠠ ᠭᠡᠮ ᠢ ᠪᠦᠲᠦᠮᠵᠢᠲᠡᠶ ᠠᠷᠢᠯᠭᠠᠨ᠂ ᠨᠡᠮᠡᠭᠳᠡᠯ ᠤᠨ | ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠩᠭᠡᠭᠡᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ | ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ | ᠲᠣᠭᠤᠷᠢᠭ ᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠢᠶᠠᠷ ᠪᠦᠷᠢᠯᠳᠦᠭᠦᠨ ᠨᠢᠭᠡᠴᠡ ᠪᠣᠯᠭᠠᠭᠰᠠᠨ ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠷᠦᠩ ᠲᠤᠸ ᠨᠥᠬᠦᠷ ᠡᠭᠦᠷᠭᠡᠯᠡᠵᠦ᠂ ᠡᠯ᠎ᠡ | ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯ ᠲᠣᠰ ᠲᠣᠰ ᠤᠨ ᠬᠠᠷᠢᠭᠤᠴᠠᠬᠤ | ᠬᠦᠷᠢᠶᠡᠨ ᠳᠠᠬᠢ ᠨᠢᠭᠡᠳᠦᠭᠡᠷ ᠬᠠᠷᠢᠭᠤᠴᠠᠯᠭᠠᠲᠠᠨ ᠮᠥᠨ ᠪᠣᠯᠬᠤᠷ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠩᠭ᠎ᠠ | ᠠᠳᠬᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠤᠳᠠ ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠠ | ᠲᠣᠭᠤᠷᠢᠭ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯ ᠢ ᠵᠢᠯᠤᠭᠤᠳᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ | ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠯᠭᠠᠰᠤ᠂ ᠬᠡᠷᠡᠭ ᠡᠷᠬᠢᠯᠡᠬᠦ ᠭᠠᠵᠠᠷ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠲᠤᠪᠠᠷ | ᠣᠷᠣᠯᠴᠠᠭᠰᠠᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠢᠭᠡᠳᠦᠯᠲᠡᠢ ᠲᠥᠯᠥᠪᠯᠡᠨ ᠪᠠᠶᠢᠭᠤᠯᠵᠤ᠂ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠴᠤᠪᠤᠷᠠᠯ ᠪᠣᠯᠣᠨ ᠬᠠᠷᠢᠭᠤᠴᠠᠯᠭᠠᠲᠤ ᠨᠢᠭᠡᠴᠡ ᠶᠢ ᠤᠯᠠᠮ | ᠨᠢᠭᠡ ᠠᠯᠬᠤᠮ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠠᠵᠢᠯ᠂ ᠠᠵᠢᠯᠲᠠᠨ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠳᠤᠷᠢᠳᠬᠤ ᠳᠤᠭᠤᠶᠢᠯᠠᠩ ᠵᠢᠴᠢ ᠪᠦᠷᠢᠯᠳᠦᠭᠦᠨ ᠨᠢ | ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠯᠢᠦ ᠬᠤ᠋ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠲᠢᠶᠠᠨ ᠶᠦᠩ ᠰᠢᠶᠠᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠵᠤᠤ ᠬᠠᠢ ᠪᠥᠸᠧ᠄ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠭᠦᠨ᠄ ᠵᠢᠶᠠ ᠢᠦᠢ ᠹᠠᠩ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠳᠡᠳ᠋ ᠳᠠᠷᠤᠭ᠎ᠠ᠂ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ | ᠰᠢᠶᠠ ᠱᠢ ᠶᠠᠩ ᠤᠯᠠᠭᠠᠨᠨᠠᠭᠤᠷ ᠪᠠᠯᠭᠠᠰᠤᠨ ᠤ ᠳᠠᠷᠤᠭ᠎ᠠ | ᠺᠠᠩ ᠨᠥᠸᠧ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦ ᠶᠤᠸᠠᠨ ᠶᠤᠸᠠᠨ ᠰᠢᠨ ᠳ᠋ᠡ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠪᠠᠢ ᠯᠦᠩ ᠪᠢᠨᠬᠠᠢ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠴᠧᠨ ᠴᠢᠦ ᠰᠢᠶᠠ᠂ ᠦ᠋ ᠬᠤ᠋ ᠱᠠᠨ ᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠠᠨ ᠬᠠᠢ ᠬᠤᠸᠠ ᠯᠢᠶᠠᠩ ᠵᠢᠶᠠ ᠭᠧᠦ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢᠦ ᠵᠢᠩ ᠶᠣᠣ ᠰᠤᠬᠠᠶᠢᠲᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦ ᠶᠠᠨ ᠫᠢᠩ ᠰᠠᠨ ᠳ᠋ᠣᠣ ᠺᠠᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠢᠦᠢ ᠵᠢᠶᠧ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠵᠠᠩ ᠰᠦᠩ ᠯᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠬᠤ᠋ ᠲᠢᠶᠠᠨ ᠸᠧᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠶᠠᠨ ᠽᠧ ᠬᠤᠤ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠷᠧᠨ ᠶᠦᠩ ᠴᠠᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠦ᠋ ᠶᠦᠩ ᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠰᠦᠩ ᠢᠦᠢ ᠴᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠶᠠᠩ ᠱᠧᠩ ᠯᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠯᠢ ᠷᠦᠩ ᠸᠧᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠶᠠᠩ ᠪᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ | ᠸᠠᠩ ᠵᠢᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ᠶᠢᠨ | ᠳᠠᠷᠤᠭ᠎ᠠ | ᠸᠠᠩ ᠷᠦᠩ ᠲᠤᠤ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠳᠠᠷᠤᠭ᠎ᠠ | ᠰᠢᠦᠢ ᠢ ᠱᠦ ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ | ᠯᠢ ᠸᠧᠨ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ | ᠰᠢᠦᠢ ᠷᠦᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠳᠠᠷᠤᠭ᠎ᠠ | ᠵᠤᠤ ᠸᠧᠨ ᠯᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠵᠢᠶᠠᠩ ᠰᠢᠩ ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ | ᠡᠷᠬᠢᠯᠡᠭᠴᠢ | ᠮᠧᠩ ᠸᠧᠨ ᠪᠢᠨ ᠪᠠᠶᠢᠭᠠᠯᠢ ᠶᠢᠨ ᠬᠥᠷᠥᠩᠭᠡ ᠶᠢᠨ ᠬᠤᠪᠢᠶᠠᠷᠢ ᠲᠣᠪᠴᠢᠶᠠᠨ ᠤ ᠳᠠᠷᠤᠭ᠎ᠠ | ᠬᠤᠸᠠᠩ ᠶᠦᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠢᠦᠢ ᠶᠢᠨ ᠵᠧ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠡᠳ᠋ ᠳᠠᠷᠤᠭ᠎ᠠ | ᠶᠠᠩ ᡁᠢ ᠴᠢᠶᠠᠩ ᠤᠳᠠ ᠲᠣᠭᠤᠷᠢᠭ ᠤᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠤᠨ | ᠡᠷᠬᠢᠯᠡᠭᠴᠢ | ︵ᠬᠤᠶᠠᠷ︶ ᠲᠤᠯᠭᠠᠭᠤᠷᠢᠯᠠᠨ ᠪᠠᠲᠤᠯᠠᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠪᠠᠶᠢᠭᠤᠯᠤᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ | ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ᠂ ᠬᠢᠨᠠᠨ ᠲᠣᠭᠲᠠᠭᠠᠬᠤ | ᠵᠡᠷᠭᠡ ᠲᠤᠰᠬᠠᠢ ᠪᠠᠶᠢᠭᠤᠯᠤᠮᠵᠢ᠂ ᠠᠵᠢᠯ ᠲᠥᠷᠥᠯ ᠤᠨ ᠠᠵᠤ ᠠᠬᠤᠶᠢᠯᠠᠯ ᠤᠨ ᠮᠡᠷᠭᠡᠵᠢᠯ ᠤᠨ ᠠᠵᠢᠯᠲᠠᠨ ᠪᠠ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠢ ᠵᠣᠬᠢᠶᠠᠨ ᠪᠠᠶᠢᠭᠤᠯᠤᠨ ᠳᠠᠶᠢᠴᠢᠯᠠᠵᠤ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠥᠷᠭᠡᠨ ᠢᠶᠠᠷ ᠣᠷᠣᠯᠴᠠᠭᠤᠯᠵᠤ᠂ ᠮᠡᠷᠭᠡᠵᠢᠯ ᠤᠨ | ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ︔ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠬᠦᠴᠦᠨ ᠢ ᠨᠢᠭᠡᠳᠦᠯᠲᠡᠢ | ᠲᠥᠯᠥᠪᠯᠡᠨ ᠵᠣᠬᠢᠴᠠᠭᠤᠯᠵᠤ᠂ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠡᠯ᠎ᠡ ᠬᠠᠮᠢᠶ᠎ᠠ ᠪᠦᠬᠦᠢ ᠨᠢᠭᠡᠴᠡ ᠶᠢᠨ | ᠰᠣᠩᠭᠤᠨ ᠤᠷᠢᠬᠤ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠣᠷᠤᠯᠴᠠᠬᠤ ᠶᠢ ᠴᠠᠭ ᠲᠤᠬᠠᠢ | ᠳᠤᠨᠢ ᠬᠠᠩᠭᠠᠵᠤ᠂ ᠪᠠᠯᠭᠠᠰᠤ᠂ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠪᠠ ᠠᠵᠢᠯ ᠤᠨ ᠶᠠᠰᠤ ᠴᠢᠨᠠᠷ ᠢ ᠠᠩᠬ᠎ᠠ ᠠᠯᠬᠤᠮ ᠮᠠᠭᠠᠳᠯᠠᠨ ᠲᠣᠭᠲᠠᠭᠠᠬᠤ ᠶᠢ | ᠪᠠᠲᠤᠯᠠᠬᠤ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ | ︵ᠭᠤᠷᠪᠠ︶ ᠪᠠᠶᠢᠴᠠᠭᠠᠵᠤ ᠬᠢᠨᠠᠨ ᠵᠢᠯᠤᠭᠤᠳᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠪᠠᠶᠢᠭᠤᠯᠤᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠠᠯᠪᠠᠨ ᠭᠡᠷ ᠨᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ | ᠳᠤᠭᠤᠶᠢᠯᠠᠩ ᠢ ᠵᠣᠬᠢᠶᠠᠨ ᠪᠠᠶᠢᠭᠤᠯᠤᠨ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠡᠯ᠎ᠡ ᠬᠠᠮᠢᠶ᠎ᠠ ᠪᠦᠬᠦᠢ | ᠨᠢᠭᠡᠴᠡ ᠳᠤ ᠣᠴᠢᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠵᠢᠯᠣᠭᠤᠳᠤᠨ᠎ᠠ᠃ | ᠡᠭᠦᠨ ᠤ ᠬᠠᠮᠲᠤ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠷᠣᠨ ᠤ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠲᠠᠰᠤᠭ ᠲᠠᠢ ᠬᠤᠯᠪᠤᠭᠠᠯᠠᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ | ᠭᠡᠨᠡᠳᠲᠡ ᠶᠢᠨ ᠪᠠᠶᠢᠴᠠᠭᠠᠯᠲᠠ ᠬᠢᠬᠦ᠂ ᠡᠷᠭᠢᠵᠦ ᠪᠠᠶᠢᠴᠠᠭᠠᠬᠤ᠂ ᠰᠣᠯᠪᠢᠴᠠᠭᠤᠯᠤᠨ ᠪᠠᠶᠢᠴᠠᠭᠠᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ | ᠡᠭᠦᠨ ᠤ ᠬᠠᠮᠲᠤ ᠵᠣᠬᠢᠴᠠᠩᠭᠤᠢ ᠬᠢᠨᠠᠨ ᠵᠢᠯᠤᠭᠤᠳᠴᠤ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠰᠠᠷ᠎ᠠ ᠪᠦᠷᠢ | ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠰᠣᠨᠢᠨ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ | ᠥᠪᠡᠰᠦᠪᠡᠨ ᠭᠡᠷ ᠪᠠᠶᠢᠰᠢᠩ ᠪᠠᠷᠢᠬᠤ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ | ᠴᠢᠬᠤᠯᠠ ᠴᠢᠨᠠᠷ ᠢ ᠥᠷᠭᠡᠨ ᠢᠶᠠᠷ ᠤᠬᠠᠭᠤᠯᠵᠤ᠂ ᠠᠮᠤᠷ ᠲᠦᠪᠰᠢᠨ ᠪᠠ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ | ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ᠂ ᠥᠮᠴᠢᠯᠡᠬᠦ ᠡᠷᠬᠡᠲᠦ ᠬᠥᠮᠥᠨ ᠪᠠ ᠬᠡᠷᠡᠭᠯᠡᠭᠴᠢ ᠶᠢᠨ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠪᠥᠬᠦ ᠨᠡᠶᠢᠭᠡᠮ ᠤᠨ ᠣᠯᠠᠨ | ᠨᠡᠶᠢᠲᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠥᠪᠡᠷ ᠢᠶᠠᠨ ᠭᠡᠷ ᠪᠠᠷᠢᠬᠤ ᠪᠠ ᠬᠥᠮᠥᠨ ᠣᠯᠠᠨ | ᠴᠤᠭᠯᠠᠷᠠᠬᠤ ᠭᠠᠵᠠᠷ ᠲᠠᠯᠠᠪᠤᠷ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠳᠤᠮᠳᠠᠬᠢ ᠰᠠᠶᠢᠨ | ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠢᠳᠡᠪᠬᠢᠲᠡᠢ ᠪᠠᠷ ᠤᠬᠠᠭᠤᠯᠵᠤ᠂ ᠲᠠᠶᠢᠯᠪᠤᠷᠢᠯᠠᠵᠤ ᠬᠥᠲᠥᠯᠥᠨ ᠵᠢᠯᠤᠭᠤᠳᠬᠤ | ᠠᠵᠢᠯ ᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ | ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠠᠷᠢᠯᠭᠠᠬᠤ ᠬᠡᠷᠡᠭᠲᠡᠢ᠃ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︽ᠤᠳᠠ ᠲᠣᠭᠤᠷᠢᠭ ᠤᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ᠶᠢ ᠳᠠᠷᠤᠮᠠᠯᠯᠠᠨ ᠲᠠᠷᠬᠠᠭᠠᠬᠤ ᠲᠤᠬᠠᠢ ︵2021 ︱ 2030 ᠣᠨ︶ ︽ᠤᠳᠠ | ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠶᠢᠨ ᠮᠡᠳᠡᠭᠳᠡᠯ | ᠤᠳᠠ ᠠᠯᠪᠠᠨ ᠵᠠᠰᠠᠭ ᠲᠠᠷᠬᠠᠭᠠᠭᠰᠠᠨ〔2022〕 36 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠤᠳᠠ ᠲᠣᠭᠤᠷᠢᠭ ᠤᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠤᠳᠠ ᠲᠣᠭᠤᠷᠢᠭ ᠤᠨ ᠬᠡᠦᠬᠡᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠶᠢ ᠳᠠᠷᠤᠮᠠᠯᠯᠠᠨ ᠶᠠᠪᠤᠭᠤᠯᠬᠤ ᠲᠤᠬᠠᠢ | ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ | ᠪᠣᠯᠣᠨ ︽ᠤᠳᠠ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶ | ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | 2022 ᠣᠨ ᠤ 7 ᠰᠠᠷ᠎ᠠ ᠶᠢᠨ 27 ᠤ ᠡᠳᠦᠷ | ᠤᠳᠠ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶ | ᠡᠮᠦᠨᠡᠬᠢ ᠦᠭᠡ | ᠡᠮᠡᠭᠲᠡᠶᠢᠴᠦᠳ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠳᠦᠭᠴᠢ᠂ ᠨᠡᠶᠢᠭᠡᠮ ᠤᠨ ᠳᠠᠪᠰᠢᠯᠲᠠ ᠶᠢᠨ | ᠠᠬᠢᠭᠤᠯᠤᠭᠴᠢ ᠮᠥᠨ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠬᠥᠭᠵᠢᠯᠲᠡ ᠪᠣᠯ | ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠡᠭᠡᠴᠡᠯᠳᠦᠬᠦ ᠡᠷᠬᠢᠮ ᠳᠡᠭᠡᠳᠦ ᠬᠦᠰᠡᠯᠡᠩ ᠮᠥᠨ᠂ ᠨᠡᠶᠢᠭᠡᠮ ᠤᠨ | ᠪᠣᠯᠪᠠᠰᠤᠨ ᠤ ᠳᠠᠪᠰᠢᠯᠲᠠ ᠶᠢᠨ ᠴᠢᠬᠤᠯᠠ ᠬᠡᠮᠵᠢᠭᠦᠷ ᠮᠥᠨ᠂ ᠡᠮᠡᠭᠲᠡᠶᠢᠴᠦᠳ ᠤᠨ ᠬᠥᠭᠵᠢᠯᠲᠡ ᠳᠠᠪᠰᠢᠯᠲᠠ ᠨᠢ | ᠪᠦᠬᠦᠶᠢᠯᠡ ᠤᠯᠤᠰ ᠣᠷᠣᠨ ᠤ ᠬᠥᠭᠵᠢᠯᠲᠡ ᠳᠠᠪᠰᠢᠯᠲᠠ ᠲᠠᠢ ᠨᠢᠭᠲᠠ ᠬᠤᠯᠪᠣᠯᠳᠤᠵᠤ᠂ ᠡᠮᠡᠭᠲᠡᠶᠢᠴᠦᠳ ᠤᠨ | ᠦᠢᠯᠡᠰ ᠪᠣᠯ ᠨᠠᠮ ᠪᠠ ᠤᠯᠤᠰ ᠤᠨ ᠦᠢᠯᠡᠰ ᠤᠨ ᠣᠷᠭᠠᠨᠢᠭ ᠪᠦᠷᠢᠯᠳᠦᠭᠦᠨ ᠬᠡᠰᠡᠭ ᠮᠥᠨ᠂ ᠤᠳᠠ ᠲᠤᠭᠤᠷᠢᠭ ᠤᠨ | ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ | ᠦᠨᠳᠦᠰᠦᠨ ᠪᠣᠳᠣᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠦᠢᠯᠡᠰ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ 20 ᠳ᠋ᠤᠭᠠᠷ ᠵᠠᠭᠤᠨ ᠤ ᠶᠡᠷᠡᠭᠡᠳ ᠣᠨ ᠠᠴᠠ ᠡᠬᠢᠯᠡᠨ᠂ | ᠤᠳᠠ ᠲᠤᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠭᠤᠷᠪᠠᠨ ᠦᠶᠡᠯᠡᠯ ᠤᠨ ᠬᠥᠲᠥᠯᠪᠦᠷᠢ ᠶᠢ ᠤᠷᠢᠳ | ᠬᠤᠵᠢᠳ ᠲᠣᠭᠲᠠᠭᠠᠨ ᠬᠡᠷᠡᠭᠵᠢᠭᠦᠯᠵᠦ᠂ ᠮᠠᠨ ᠤ ᠲᠤᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠴᠢᠬᠤᠯᠠ | ᠪᠠᠲᠤᠯᠠᠭ᠎ᠠ ᠬᠠᠩᠭᠠᠭᠰᠠᠨ ᠪᠠᠶᠢᠨ᠎ᠠ᠃ | ᠰᠢ ᠶᠢᠨ ᠫᠢᠩ ᠶᠡᠷᠦᠩᠬᠡᠢ ᠱᠦᠵᠢ ︽ᠬᠤᠣᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ | ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ | ᠪᠡᠶᠡᠯᠡᠭᠦᠯᠬᠦ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠡᠷᠡᠭᠲᠡᠢ ᠡᠮᠡᠭᠲᠡᠢ ᠡᠷᠬᠡ ᠲᠡᠭᠰᠢ | ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠢᠨ᠎ᠡ | ᠦᠵᠡᠯ ᠰᠠᠨᠠᠭ᠎ᠠ ᠶᠢ ᠳᠤᠷᠠᠳᠴᠤ᠂ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠶᠢ ᠲᠣᠳᠣᠷᠬᠠᠶᠢᠯᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ︾ ᠳᠤ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︾ ︽ | ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ︾ ︽ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︾ ᠵᠡᠷᠭᠡ ᠴᠢᠬᠤᠯᠠ | ᠶᠡᠭᠡ ᠪᠠᠶᠢᠷᠢᠯᠠᠭᠤᠯᠤᠯᠲᠠ ᠶᠢ ᠳᠤᠷᠠᠳᠤᠨ ᠭᠠᠷᠭᠠᠵᠠᠢ᠃ ᠡᠨᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶ᠎ᠠ ᠠᠴᠠ ᠡᠮᠡᠭᠲᠡᠶᠢᠴᠦᠳ ᠵᠢᠴᠢ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ | ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠠᠴᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢᠨ ᠰᠢᠨ᠎ᠡ | ᠠᠬᠤᠢ ᠪᠠᠶᠢᠳᠠᠯ ᠢ ᠤᠯᠠᠮ ᠨᠢᠭᠡ ᠠᠯᠬᠤᠮ ᠨᠡᠭᠡᠭᠡᠨ ᠥᠷᠭᠡᠳᠬᠡᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ | ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠬᠤ ᠳᠤ | ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ ᠤᠳᠠ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠡᠮᠡᠭᠲᠡᠶᠢᠴᠦᠳ ᠪᠣᠯᠣᠨ | ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ | ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠠᠵᠢᠯ ᠤᠨ ᠤᠳᠤᠷᠢᠳᠤᠯᠭ᠎ᠠ ᠪᠠᠨ | ᠦᠨᠡᠨᠬᠦ ᠴᠢᠩᠭᠠᠳᠬᠠᠵᠤ᠂ ᠡᠮᠡᠭᠲᠡᠶᠢᠴᠦᠳ ᠤᠨ ᠬᠥᠭᠵᠢᠯᠲᠡ ᠶᠢ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠪᠠᠶᠢᠷᠢᠰᠢᠯ ᠳᠤ ᠣᠷᠣᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠶ᠎ᠠ ᠤᠳᠤᠷᠢᠳᠬᠤ᠂ | ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ︵ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ︶ ᠤᠨ ᠵᠣᠬᠢᠴᠠᠭᠤᠯᠬᠤ᠂ ᠪᠦᠷᠢᠯᠳᠦᠭᠦᠨ ᠨᠢᠭᠡᠴᠡ ᠵᠡᠷᠭᠡ ᠰᠠᠯᠠᠭ᠎ᠠ | ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠤᠯᠴᠠᠬᠤ | ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯ | ᠦᠢᠯᠡᠰ ᠤᠨ ᠪᠡᠯᠡ ᠮᠥᠩᠭᠦ ᠶᠢᠨ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠬᠥᠲᠥᠯᠪᠦᠷᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ | ᠠᠵᠢᠯ ᠢᠶᠠᠨ ᠪᠠᠶᠢᠷᠢᠯᠠᠭᠤᠯᠬᠤ ᠵᠡᠷᠭᠡ ᠭᠤᠭᠴᠤᠭ᠎ᠠ ᠳᠤ ᠬᠤᠶᠠᠷ ᠬᠦᠢᠰᠦᠲᠡᠨ ᠤ ᠪᠣᠳᠠᠲᠤ ᠵᠥᠷᠢᠶ᠎ᠡ ᠪᠠ | ᠡᠮᠡᠭᠲᠡᠶᠢᠴᠦᠳ ᠤᠨ ᠣᠨᠴᠣᠭᠤᠢ ᠠᠰᠢᠭ ᠲᠤᠰᠠ ᠶᠢ ᠭᠦᠢᠴᠡᠳ ᠪᠣᠳᠣᠯᠬᠢᠯᠠᠨ᠂ ᠡᠮᠡᠭᠲᠡᠶᠢᠴᠦᠳ ᠤᠨ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ | ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠭᠥᠷᠳᠡᠭᠰᠡᠨ ᠬᠢᠷᠢ ᠬᠡᠮᠵᠢᠶ᠎ᠡ ᠶᠢ ᠨᠡᠶᠢᠳᠡᠮ ᠳᠡᠭᠡᠭᠰᠢᠯᠡᠭᠦᠯᠵᠦ᠂ | ᠡᠷᠬᠡ ᠲᠡᠭᠰᠢ ᠠᠵᠢᠯ ᠣᠯᠭᠤᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠡᠮᠡᠭᠲᠡᠶᠢᠴᠦᠳ ᠤᠨ | ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ ᠣᠷᠤᠯᠴᠠᠬᠤ ᠪᠠ ᠠᠵᠤ ᠠᠬᠤᠢ ᠶᠢᠨ ᠬᠥᠭᠵᠢᠯᠲᠡ ᠶᠢᠨ ᠠᠷᠭ᠎ᠠ | ᠵᠠᠮ ᠨᠡᠩ ᠤᠯᠠᠨ ᠡᠰᠢᠵᠢᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠳᠤ ᠦᠵᠡᠭᠦᠯᠬᠦ ᠦᠢᠯᠡᠳᠦᠯ ᠤᠯᠠᠮ ᠨᠢᠭᠡ ᠠᠯᠬᠤᠮ ᠢᠯᠡᠷᠡᠵᠦ᠂ ᠨᠡᠶᠢᠭᠡᠮ ᠤᠨ | ᠪᠠᠲᠤᠯᠠᠭ᠎ᠠ ᠵᠡᠷᠭᠡ ᠬᠠᠤᠯᠢ ᠶᠣᠰᠣᠨ ᠤ ᠡᠷᠬᠡ ᠠᠰᠢᠭ ᠪᠦᠲᠦᠮᠵᠢᠲᠡᠶ ᠪᠠᠲᠤᠯᠠᠭ᠎ᠠ ᠲᠠᠢ ᠪᠣᠯᠵᠤ᠂ ᠡᠮᠡᠭᠲᠡᠶᠢᠴᠦᠳ ᠤᠨ | ᠦᠢᠯᠡᠰ ᠤᠨ ᠬᠥᠭᠵᠢᠯᠲᠡ ᠨᠡᠯᠢᠶᠡᠳ ᠶᠡᠭᠡ ᠲᠠᠪᠰᠢᠯᠳᠠ ᠲᠠᠢ ᠪᠣᠯᠵᠤ᠂ ᠡᠮᠡᠭᠲᠡᠶᠢᠴᠦᠳ ᠤᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠡᠳᠦᠷ ᠢᠷᠡᠬᠦᠶ᠎ᠡ | ᠨᠡᠮᠡᠭᠳᠡᠵᠦ ᠪᠠᠶᠢᠨ᠎ᠠ᠃ | ᠬᠡᠳᠦᠶᠢᠪᠡᠷ ᠮᠠᠨ ᠤ ᠲᠤᠭᠤᠷᠢᠭ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ | ᠡᠳᠦᠢ ᠲᠡᠳᠦᠢ ᠠᠮᠵᠢᠯᠲᠠ ᠣᠯᠣᠭᠰᠠᠨ ᠪᠣᠯᠪᠠᠴᠤ ᠭᠡᠪᠡᠴᠦ ᠴᠠᠭ ᠦᠶ᠎ᠡ ᠶᠢᠨ ᠳᠠᠪᠰᠢᠯᠲᠠ ᠶᠢ ᠳᠠᠭᠠᠯᠳᠤᠨ᠂ | ᠡᠮᠡᠭᠲᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠴᠦ ᠡᠳᠦᠷ ᠢᠷᠡᠬᠦᠶ᠎ᠡ ᠥᠷᠭᠡᠨ ᠳᠡᠯᠭᠡᠷ ᠪᠣᠯᠵᠤ᠂ | ᠡᠮᠡᠭᠲᠡᠶᠢᠴᠦᠳ ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ | ᠣᠷᠣᠰᠢᠭᠰᠠᠭᠠᠷ ᠪᠠᠶᠢᠨ᠎ᠠ᠂ ᠵᠢᠱᠢᠶᠡᠯᠡᠪᠡᠯ ᠡᠮᠡᠭᠲᠡᠶᠢᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ | ᠳᠤᠲᠠᠭᠤᠳᠠᠯ ᠣᠷᠣᠰᠢᠵᠤ᠂ ᠡᠮᠡᠭᠲᠡᠶᠢᠴᠦᠳ ᠤᠨ ᠠᠵᠢᠯ ᠣᠯᠬᠤ᠂ ᠬᠥᠮᠥᠨ ᠤ ᠪᠡᠶ᠎ᠡ ᠡᠳ᠋ ᠬᠥᠷᠥᠩᠭᠡ᠂ ᠣᠷᠤᠭ ᠭᠡᠷ | ᠪᠦᠯᠢ ᠵᠡᠷᠭᠡ ᠲᠠᠯ᠎ᠠ ᠪᠠᠷ ᠬᠢ ᠡᠷᠬᠡ ᠲᠡᠭᠰᠢ ᠡᠷᠬᠡ ᠶᠢᠨ ᠪᠠᠲᠤᠯᠠᠭ᠎ᠠ ᠳᠤ ᠮᠥᠨ ᠬᠦ ᠪᠣᠳᠠᠲᠠᠢ ᠬᠦᠴᠢᠷᠳᠡᠯ ᠲᠤᠯᠭᠠᠷᠠᠵᠤ | ᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠤᠯᠴᠠᠬᠤ | ᠲᠠᠰ ᠳᠠᠪᠬᠤᠷᠭ᠎ᠠ ᠪᠠ ᠬᠢᠷᠢ ᠬᠡᠮᠵᠢᠶ᠎ᠡ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ᠂ ᠡᠮᠡᠭᠲᠡᠶᠢᠴᠦᠳ ᠲᠤ | ᠬᠠᠨᠳᠤᠭᠤᠯᠤᠭᠰᠠᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ | ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠦᠵᠡᠯᠲᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠬᠦ | ᠴᠢᠬᠤᠯᠠᠲᠠᠢ᠂ ᠡᠮᠡᠭᠲᠡᠶᠢᠴᠦᠳ ᠤᠨ ᠬᠥᠭᠵᠢᠯᠲᠡ ᠶᠢᠨ ᠨᠡᠶᠢᠭᠡᠮ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ | ᠣᠳᠣᠬᠠᠨ ᠳᠤ ᠨᠡᠶᠢᠭᠡᠮ ᠵᠢᠷᠤᠮ ᠤᠨ ᠣᠳᠣ ᠦᠶ᠎ᠡ ᠶᠢᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ | ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ᠂ | ᠮᠥᠨ ᠴᠦ ᠮᠠᠨ ᠤ ᠲᠤᠭᠤᠷᠢᠭ ᠤᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠴᠢᠬᠤᠯᠠ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠣᠨ᠎ᠠ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠦ ᠬᠦᠴᠦᠨ ᠪᠣᠯᠭᠠᠵᠤ᠂ ᠠᠷᠠᠳ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠦᠨᠳᠦᠰᠦᠨ ᠬᠠᠷᠠᠯᠲᠠ ᠪᠣᠯᠭᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠲᠠᠯ᠎ᠠ ᠳᠤ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠬᠠᠷᠠᠯᠲᠠ ᠰᠢᠨ᠎ᠡ ᠡᠭᠦᠷᠭᠡ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠡᠷᠡᠭᠲᠡᠢ ᠡᠮᠡᠭᠲᠡᠢ ᠡᠷᠬᠡ ᠲᠡᠭᠰᠢ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠲᠤᠭᠤᠷᠢᠭ ᠤᠨ | ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠤᠨ ᠠᠮᠢᠳᠤᠷᠠᠯ ᠪᠠ ᠭᠡᠷ ᠪᠦᠯᠢ ᠶᠢᠨ | ᠠᠮᠢᠳᠤᠷᠠᠯ ᠳᠤᠮᠳᠠ ᠥᠪᠡᠷᠮᠢᠴᠡ ᠦᠢᠯᠡᠳᠦᠯ ᠢ ᠨᠢ ᠪᠠᠳᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠤᠳᠠ ᠲᠤᠭᠤᠷᠢᠭ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠦᠨᠳᠦᠰᠦᠨ ᠬᠠᠤᠯᠢ ᠪᠠ ᠢᠷᠭᠡᠨ ᠤ ᠬᠠᠤᠯᠢ ᠶᠢᠨ ᠪᠢᠴᠢᠭ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵ | 2021 ︱ 2030 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠦᠬᠠᠢ ᠬᠤᠲᠠ ᠶᠢᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠪᠠ ︽ᠤᠳᠠ ᠲᠤᠭᠤᠷᠢᠭ ᠤᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ᠂ ᠮᠠᠨ ᠤ | ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠬᠥᠲᠥᠯᠪᠦᠷᠢ ᠶᠢ ᠲᠣᠭᠲᠠᠭᠠᠪᠠ᠃ ᠲᠤᠰ ᠬᠥᠲᠥᠯᠪᠦᠷᠢ | ᠨᠢ ︽ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠢ ᠬᠠᠷᠠᠯᠲᠠ︾ ︽ᠬᠥᠭᠵᠢᠭᠦᠯᠦᠯᠲᠡ | ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ︾ ︽ᠵᠣᠬᠢᠶᠠᠨ ᠪᠠᠶᠢᠭᠤᠯᠵᠤ | ᠬᠡᠷᠡᠭᠵᠢᠭᠦᠯᠬᠦ︾ ︽ᠬᠢᠨᠠᠨ ᠬᠡᠮᠵᠢᠵᠦ ᠦᠨᠡᠯᠡᠨ ᠵᠢᠱᠢᠬᠦ︾ ᠳᠥᠷᠪᠡᠨ ᠬᠡᠰᠡᠭ ᠢᠶᠠᠷ ᠪᠦᠷᠢᠯᠳᠦᠵᠡᠢ᠃ ᠡᠮᠡᠭᠲᠡᠶᠢᠴᠦᠳ | ᠬᠢᠭᠡᠳ ᠡᠷᠡᠭᠦᠯ ᠮᠡᠨᠳᠦ᠂ ᠡᠮᠡᠭᠲᠡᠶᠢᠴᠦᠳ ᠬᠢᠭᠡᠳ ᠰᠤᠷᠭᠠᠨ ᠬᠥᠮᠦᠵᠢᠯ᠂ ᠡᠮᠡᠭᠲᠡᠶᠢᠴᠦᠳ ᠬᠢᠭᠡᠳ ᠠᠵᠤ ᠠᠬᠤᠢ᠂ | ᠡᠮᠡᠭᠲᠡᠶᠢᠴᠦᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠬᠤ ᠳᠤ ᠣᠷᠤᠯᠴᠠᠬᠤ᠂ ᠡᠮᠡᠭᠲᠡᠶᠢᠴᠦᠳ ᠬᠢᠭᠡᠳ | ᠨᠡᠶᠢᠭᠡᠮ ᠤᠨ ᠪᠠᠲᠤᠯᠠᠭ᠎ᠠ᠂ ᠡᠮᠡᠭᠲᠡᠶᠢᠴᠦᠳ ᠬᠢᠭᠡᠳ ᠭᠡᠷ ᠪᠦᠯᠢ ᠶᠢᠨ ᠪᠦᠲᠦᠭᠡᠨ ᠪᠠᠶᠢᠭᠤᠯᠤᠯᠲᠠ᠂ ᠡᠮᠡᠭᠲᠡᠶᠢᠴᠦᠳ | ᠬᠢᠭᠡᠳ ᠣᠷᠴᠢᠨ ᠲᠣᠭᠤᠷᠢᠨ᠂ ᠡᠮᠡᠭᠲᠡᠶᠢᠴᠦᠳ ᠬᠢᠭᠡᠳ ᠬᠠᠤᠯᠢ ᠴᠠᠭᠠᠵᠠ ᠵᠡᠷᠭᠡ 8 ᠬᠦᠷᠢᠶ᠎ᠡ ᠴᠠᠷᠠᠭ᠎ᠠ ᠶᠢ | ᠪᠠᠶᠢᠷᠢᠯᠠᠭᠤᠯᠬᠤ ᠪᠣᠯ ᠮᠠᠨ ᠤ ᠲᠤᠭᠤᠷᠢᠭ ᠤᠨ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ | ᠶᠡᠷᠦᠩᠬᠡᠶᠢᠯᠡᠨ ᠵᠠᠬᠢᠷᠬᠤ ᠴᠢᠨᠠᠷᠲᠠᠢ ᠪᠢᠴᠢᠭ ᠮᠠᠲ᠋ᠧᠷᠢᠶᠠᠯ ᠪᠠ ᠴᠢᠬᠤᠯᠠ ᠦᠨᠳᠦᠰᠦᠯᠡᠯ ᠪᠣᠯᠣᠨ᠎ᠠ᠃ | ᠨᠢᠭᠡ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠶᠡᠷᠦᠩᠬᠡᠢ ᠬᠠᠷᠠᠯᠲᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠮᠠᠷᠺᠰ ᠤᠨ ᠦᠵᠡᠯ ᠤᠨ ᠡᠮᠡᠭᠲᠡᠶᠢᠴᠦᠳ ᠤᠨ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ | ᠡᠮᠡᠭᠲᠡᠶᠢᠴᠦᠳ ᠤᠨ ᠠᠵᠢᠯ ᠵᠢᠴᠢ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠦᠬᠠᠢ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠳᠠ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ᠤᠨ ᠨᠠᠮ ᠤᠨ ᠬᠤᠷᠢᠶᠠᠨ ᠤ ᠲᠣᠬᠢᠷᠠᠭᠤᠯᠤᠯᠲᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠡᠮᠡᠭᠲᠡᠶᠢᠴᠦᠳ ᠤᠨ | ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ ︽ᠳᠤᠮᠳᠠᠳᠤ ᠤᠯᠤᠰ ᠤᠨ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ | ᠦᠬᠠᠢ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠶᠢ | ᠪᠥᠬᠦ ᠲᠠᠯ᠎ᠠ ᠪᠠᠷ ᠬᠡᠷᠡᠭᠵᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠳᠠ ᠶᠢᠨ ᠪᠦᠲᠦᠭᠡᠨ ᠪᠠᠶᠢᠭᠤᠯᠤᠯᠲᠠ ᠳᠤ ᠠᠭᠤᠰᠬᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ | ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠳᠦᠷᠢᠮ ᠲᠣᠭᠲᠠᠴᠠ ᠶᠢ ᠲᠠᠰᠤᠷᠠᠯᠲᠠ ᠦᠭᠡᠢ | ᠪᠠᠶᠢᠭᠤᠯᠤᠨ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠡᠷᠬᠡ ᠲᠡᠭᠰᠢ ᠬᠠᠤᠯᠢ ᠶᠣᠰᠣᠭᠠᠷ ᠠᠷᠠᠳᠴᠢᠯᠠᠯ ᠤᠨ | ᠡᠷᠬᠡ ᠪᠠᠨ ᠬᠡᠷᠡᠭᠵᠢᠭᠦᠯᠬᠦ ᠶᠢ ᠠᠬᠢᠭᠤᠯᠵᠤ᠂ ᠡᠮᠡᠭᠲᠡᠶᠢᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠡ | ᠲᠡᠭᠰᠢ ᠣᠷᠤᠯᠴᠠᠬᠤ ᠶᠢ ᠬᠥᠲᠥᠯᠥᠨ ᠳᠠᠭᠠᠭᠤᠯᠵᠤ᠂ ᠡᠮᠡᠭᠲᠡᠶᠢᠴᠦᠳ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠡᠷᠬᠡ ᠲᠡᠭᠰᠢ ᠡᠳ᠋ᠯᠡᠬᠦ ᠶᠢ ᠪᠠᠲᠤᠯᠠᠵᠤ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠮᠡᠭᠲᠡᠶᠢᠴᠦᠳ ᠤᠨ ᠦᠢᠯᠡᠰ ᠢ ᠣᠳᠣᠬᠢᠴᠢᠯᠠᠭᠰᠠᠨ ᠤᠳᠠ ᠲᠤᠭᠤᠷᠢᠭ ᠤᠨ | ᠪᠦᠲᠦᠭᠡᠨ ᠪᠠᠶᠢᠭᠤᠯᠤᠯᠲᠠ ᠳᠤᠮᠳᠠ ᠢᠵᠢᠯ ᠠᠯᠬᠤᠮ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠭᠦᠯᠬᠦ ᠶᠢ | ᠠᠬᠢᠭᠤᠯᠵᠤ᠂ ᠪᠦᠬᠦ ᠲᠤᠭᠤᠷᠢᠭ ᠤᠨ ᠥᠷᠭᠡᠨ ᠣᠯᠠᠨ ᠡᠮᠡᠭᠲᠡᠶᠢᠴᠦᠳ ᠢ ᠨᠡᠩ ᠰᠠᠶᠢᠲᠤᠷ ᠪᠦᠯᠬᠦᠮᠳᠡᠭᠦᠯᠦᠨ | ᠳᠠᠭᠠᠭᠤᠯᠵᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠤᠳᠠ ᠶᠢᠨ ᠴᠢᠨᠠᠷ ᠰᠠᠶᠢᠲᠠᠢ | ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠤᠳᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠰᠢᠨ᠎ᠡ ᠠᠶᠠᠨ ᠵᠠᠮ ᠳᠤ ︽ᠬᠠᠭᠠᠰ ᠲᠡᠭᠷᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ | 1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠤᠯᠤᠰ ᠲᠥᠷᠥ ᠶᠢᠨ ᠦᠵᠡᠯ ᠤᠬᠠᠮᠰᠠᠷ᠂ | ᠶᠡᠭᠡ ᠲᠠᠯ᠎ᠠ ᠶᠢᠨ ᠦᠵᠡᠯ ᠤᠬᠠᠮᠰᠠᠷ᠂ ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶᠢᠬᠤ ᠦᠵᠡᠯ ᠤᠬᠠᠮᠰᠠᠷ ᠢ | ᠪᠠᠲᠤ ᠪᠠᠬᠢ ᠪᠣᠶ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ | ᠬᠤᠷᠢᠶ᠎ᠠ ᠶᠢᠨ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠠᠵᠢᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠡᠮᠡᠭᠲᠡᠶᠢᠴᠦᠳ ᠤᠨ ᠠᠵᠢᠯ ᠦᠢᠯᠡᠰ ᠤᠨ | ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠤᠨ᠂ ᠡᠮᠡᠭᠲᠡᠶᠢᠴᠦᠳ ᠤᠨ ᠠᠵᠢᠯ ᠦᠢᠯᠡᠰ ᠤᠨ | ᠬᠥᠭᠵᠢᠯᠲᠡ ᠶᠢ ᠢᠮᠠᠭᠲᠠ ᠨᠠᠮ ᠤᠨ ᠵᠢᠭᠠᠭᠰᠠᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ | ᠤᠷᠤᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | 2. ᠡᠮᠡᠭᠲᠡᠶᠢᠴᠦᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡ ᠳᠤᠨᠢ ᠵᠣᠬᠢᠴᠠᠩᠭᠤᠢ ᠪᠠᠷ | ᠬᠥᠭᠵᠢᠭᠦᠯᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠠᠷᠠᠯᠲᠠᠲᠤ | ᠡᠭᠦᠷᠭᠡ ᠶᠢ ᠤᠳᠠ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ ᠡᠮᠡᠭᠲᠡᠶᠢᠴᠦᠳ ᠤᠨ ᠠᠵᠢᠯ | ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠵᠢᠷᠤᠭᠯᠠᠨ ᠲᠥᠯᠥᠪᠯᠡᠬᠦ᠂ ᠵᠡᠷᠭᠡᠪᠡᠷ ᠲᠥᠯᠥᠪᠵᠢᠭᠦᠯᠬᠦ᠂ ᠵᠡᠷᠭᠡᠪᠡᠷ | ᠬᠡᠷᠡᠭᠵᠢᠭᠦᠯᠬᠦ᠂ ᠵᠡᠷᠭᠡᠪᠡᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠦᠷ᠎ᠡ ᠪᠦᠲᠦᠭᠡᠯ ᠢ ᠥᠷᠭᠡᠨ ᠣᠯᠠᠨ ᠡᠮᠡᠭᠲᠡᠶᠢᠴᠦᠳ ᠲᠤ ᠨᠠᠩ ᠢᠯᠡᠭᠦᠦ ᠨᠠᠩ ᠭᠤᠥᠯᠴᠢ ᠪᠠᠷ ᠬᠦᠷᠲᠡᠭᠡᠨ᠎ᠡ᠃ | 3. ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠥᠷᠭᠡᠨ ᠣᠯᠠᠨ | ᠡᠮᠡᠭᠲᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ | ᠪᠣᠯᠭᠠᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠡᠮᠡᠭᠲᠡᠶᠢᠴᠦᠳ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠶᠠᠪᠤᠳᠠᠯ ᠢ ᠠᠵᠢᠯ ᠤᠨ ᠢᠶᠠᠨ ᠵᠣᠷᠢᠯᠲᠠ ᠪᠠ ᠦᠷ᠎ᠡ ᠳ᠋ᠦᠩ ᠪᠣᠯᠭᠠᠵᠤ᠂ | ᠡᠮᠡᠭᠲᠡᠶᠢᠴᠦᠳ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠪᠡᠶᠡᠯᠡᠭᠦᠯᠬᠦ ᠶᠢ ᠨᠥᠯᠥᠭᠡᠯᠡᠬᠦ᠂ | ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠳᠤ ᠠᠰᠢᠭ ᠦᠭᠡᠢ ᠬᠠᠷᠰᠢ ᠰᠠᠭᠠᠳ ᠢ ᠢᠳᠡᠪᠬᠢᠲᠡᠢ ᠪᠠᠷ | ᠠᠷᠢᠯᠭᠠᠵᠤ᠂ ᠡᠮᠡᠭᠲᠡᠶᠢᠴᠦᠳ ᠤᠨ ᠵᠡᠷᠭᠡᠪᠡᠷ ᠲᠡᠩᠴᠡᠭᠦᠷᠢᠲᠡᠢ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠡᠮᠡᠭᠲᠡᠶᠢᠴᠦᠳ ᠤᠨ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ ᠵᠡᠷᠭᠡ ᠡᠯ᠎ᠡ ᠬᠦᠷᠢᠶᠡᠨ ᠳᠠᠬᠢ ᠪᠥᠬᠦ | ᠲᠠᠯ᠎ᠠ ᠶᠢᠨ ᠬᠥᠭᠵᠢᠯᠲᠡ ᠶᠢ ᠵᠣᠬᠢᠴᠠᠩᠭᠤᠢ ᠪᠠᠷ ᠠᠬᠢᠭᠤᠯᠤᠨ᠎ᠠ᠃ | 4. ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠡᠷᠬᠡ ᠲᠡᠭᠰᠢ ᠬᠥᠭᠵᠢᠯᠲᠡ ᠶᠢ ᠪᠠᠷᠢᠮᠲᠠᠯᠠᠨ᠎ᠠ᠃ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠶᠢ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ᠂ ᠠᠵᠢᠯ | ᠲᠣᠬᠢᠷᠠᠭᠤᠯᠤᠨ ᠪᠠᠶᠢᠷᠢᠯᠠᠭᠤᠯᠬᠤ ᠵᠡᠷᠭᠡ ᠡᠯ᠎ᠡ ᠭᠤᠭᠴᠤᠭ᠎ᠠ ᠳᠤ ᠭᠦᠢᠴᠡᠳ ᠢᠯᠡᠷᠡᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠠ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠭᠦᠢᠴᠡᠳ | ᠢᠯᠡᠷᠡᠭᠦᠯᠵᠦ᠂ ᠡᠮᠡᠭᠲᠡᠶᠢᠴᠦᠳ ᠤᠨ ᠬᠦᠰᠡᠯ ᠱᠠᠭᠠᠷᠳᠠᠯᠭ᠎ᠠ ᠪᠠ ᠣᠨᠴᠠᠭᠠᠶ ᠠᠰᠢᠭ ᠲᠤᠰᠠ ᠶᠢ ᠨᠢᠭᠲᠠ ᠠᠩᠬᠠᠷᠴᠤ᠂ | ᠨᠡᠩ ᠡᠷᠬᠡ ᠲᠡᠭᠰᠢ᠂ ᠪᠠᠭᠲᠠᠭᠠᠮᠵᠢᠲᠠᠢ᠂ ᠦᠷᠭᠦᠯᠵᠢᠯᠡᠬᠦ ᠬᠤᠶᠠᠷ ᠪᠡᠯᠭᠡ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠪᠤᠢ ᠪᠣᠯᠭᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠦᠨᠡᠨ ᠬᠦ | ᠪᠣᠳᠠᠲᠤ ᠠᠬᠤᠢ ᠳᠠᠬᠢ ᠡᠷᠡᠭᠲᠡᠢ ᠡᠮᠡᠭᠲᠡᠢ ᠡᠷᠬᠡ ᠲᠡᠭᠰᠢ ᠪᠣᠯᠭᠠᠨ ᠬᠤᠪᠢᠷᠠᠭᠤᠯᠤᠨ᠎ᠠ᠃ | 5. ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠠᠵᠤ | ᠠᠬᠤᠢ ᠨᠡᠶᠢᠭᠡᠮ ᠤᠨ ᠬᠥᠭᠵᠢᠯᠲᠡ ᠳᠤ ᠣᠷᠤᠯᠴᠠᠬᠤ ᠡᠷᠬᠡ ᠶᠢ ᠬᠠᠤᠯᠢ ᠶᠣᠰᠣᠭᠠᠷ ᠪᠠᠲᠤᠯᠠᠵᠤ᠂ ᠡᠮᠡᠭᠲᠡᠶᠢᠴᠦᠳ ᠤᠨ | ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠥᠷᠭᠡᠨ ᠣᠯᠠᠨ ᠡᠮᠡᠭᠲᠡᠶᠢᠴᠦᠳ ᠤᠨ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠨ᠂ | ᠡᠮᠡᠭᠲᠡᠶᠢᠴᠦᠳ ᠤᠨ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠬᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠩᠭᠤᠢ ᠪᠠᠷ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ | ᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠲᠣᠰ ᠪᠡᠶ᠎ᠡ ᠶᠢᠨ ᠳᠠᠪᠰᠢᠯᠲᠠ ᠪᠠ | ᠬᠥᠭᠵᠢᠯᠲᠡ ᠪᠠᠨ ᠪᠡᠶᠡᠯᠡᠭᠦᠯᠬᠦ ᠶᠢ ᠬᠥᠲᠥᠯᠥᠨ ᠵᠢᠯᠤᠭᠤᠳᠬᠤ ᠪᠠ ᠳᠡᠮᠵᠢᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ᠃ | ︵ᠭᠤᠷᠪᠠ︶ ᠶᠡᠷᠦᠩᠬᠡᠢ ᠬᠠᠷᠠᠯᠲᠠ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠳᠠ ᠲᠤᠭᠤᠷᠢᠭ ᠢ ᠪᠦᠲᠦᠭᠡᠨ ᠪᠠᠶᠢᠭᠤᠯᠬᠤ ᠶᠠᠪᠤᠴᠠ ᠳᠤ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ | ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠮᠡᠭᠲᠡᠶᠢᠴᠦᠳ ᠤᠨ ᠪᠦᠬᠦ ᠲᠠᠯ᠎ᠠ ᠶᠢᠨ | ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ᠂ ᠰᠤᠷᠭᠠᠨ | ᠬᠥᠮᠦᠵᠢᠯ ᠤᠨ ᠡᠬᠢ ᠪᠠᠶᠠᠯᠢᠭ᠂ ᠠᠵᠤ ᠠᠬᠤᠢ ᠶᠢᠨ ᠡᠷᠬᠡ ᠠᠰᠢᠭ᠂ ᠤᠯᠤᠰ ᠲᠥᠷᠥ ᠶᠢᠨ ᠡᠷᠬᠡ ᠵᠢᠴᠢ ᠣᠯᠠᠨ ᠳᠡᠰ | ᠳᠠᠪᠬᠤᠷᠭ᠎ᠠ ᠶᠢᠨ ᠦᠷᠭᠦᠯᠵᠢᠯᠡᠬᠦ ᠨᠡᠶᠢᠭᠡᠮ ᠤᠨ ᠪᠠᠲᠤᠯᠠᠭ᠎ᠠ ᠶᠢ ᠡᠷᠬᠡ ᠲᠡᠭᠰᠢ ᠡᠳ᠋ᠯᠡᠬᠦ ᠶᠢ ᠡᠮᠡᠭᠲᠡᠶᠢᠴᠦᠳ ᠤᠨ ᠡᠷᠡᠭᠦᠯ | ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠦᠨ᠂ ᠠᠵᠤ ᠠᠬᠤᠢ ᠶᠢᠨ ᠪᠠᠶᠢᠷᠢ ᠰᠠᠭᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠤᠯᠤᠰ | ᠪᠠ ᠠᠵᠤ ᠠᠬᠤᠢ ᠰᠣᠶᠣᠯ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠶᠢᠨ ᠬᠢᠷᠢ ᠬᠡᠮᠵᠢᠶ᠎ᠡ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠬᠥᠭᠵᠢᠯᠲᠡ ᠶᠢ ᠳᠡᠮᠵᠢᠨ ᠪᠠᠲᠤᠯᠠᠬᠤ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠭᠡᠷ ᠪᠦᠯᠢ ᠭᠡᠷ ᠤᠨ ᠰᠤᠷᠭᠠᠯ ᠭᠡᠷ ᠤᠨ | ᠰᠤᠷᠲᠠᠯ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠨᠠᠩ | ᠲᠣᠪᠣᠶᠢᠮ᠎ᠠ ᠪᠣᠯᠭᠠᠵᠤ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠥᠷᠭᠡᠨ ᠢᠶᠠᠷ | ᠪᠠᠳᠠᠷᠠᠭᠤᠯᠤᠨ᠎ᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ | ᠭᠦᠨ ᠬᠠᠳᠠᠩᠰᠢᠭᠤᠯᠵᠤ᠂ ᠡᠮᠡᠭᠲᠡᠶᠢᠴᠦᠳ ᠤᠨ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠬᠤ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ | ᠨᠥᠬᠦᠴᠡᠯ ᠢ ᠨᠡᠩ ᠰᠢᠯᠢᠳᠡᠭᠵᠢᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠨ᠎ᠠ᠃ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢᠯᠡᠳᠲᠡ ᠴᠢᠩᠭᠠᠷᠠᠪᠠ᠃ | ᠤᠳᠠ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶ | ᠡᠮᠦᠨᠡᠬᠢ ᠦᠭᠡ | ᠪᠠᠭᠠᠴᠤᠳ ᠬᠡᠦᠬᠡᠳ ᠢ ᠰᠠᠶᠢᠲᠤᠷ ᠬᠥᠮᠥᠵᠢᠭᠦᠯᠬᠦ ᠪᠣᠯ ᠨᠢᠭᠡᠨ ᠪᠠᠶᠢᠯᠳᠤᠬᠤ ᠪᠣᠳᠣᠯᠭ᠎ᠠ ᠶᠢᠨ ᠡᠭᠦᠷᠭᠡ ᠮᠥᠨ᠂ | ᠠᠯᠤᠰ ᠬᠡᠳᠦ ᠳᠤ ᠬᠤᠯᠪᠣᠭᠳᠠᠬᠤ ᠶᠤᠮ᠃ ᠬᠡᠦᠬᠡᠳ ᠤᠨ ᠠᠮᠢ ᠨᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠬᠡᠦᠬᠡᠳ ᠤᠨ ᠡᠷᠡᠭᠦᠯ ᠢᠶᠠᠷ ᠦᠰᠦᠨ ᠳᠤᠮᠳᠠᠳᠤ ᠶᠢᠨ ᠦᠨᠳᠦᠰᠦᠲᠡᠨ ᠤ ᠬᠡᠪ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠂ ᠲᠡᠷᠡ ᠨᠢ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠵᠤ᠂ ᠬᠥᠮᠥᠨ ᠤ ᠪᠦᠬᠦ | ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠵᠣᠯ ᠵᠢᠷᠭᠠᠯᠲᠤ ᠭᠡᠷ | ᠪᠦᠯᠢ ᠶᠢ ᠪᠦᠲᠦᠭᠡᠨ ᠪᠠᠶᠢᠭᠤᠯᠬᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠤᠳᠠᠲ᠋ᠤᠭᠤᠷᠢᠭ ᠤᠨ ᠨᠠᠮ ᠤᠨ ᠬᠤᠷᠢᠶ᠎ᠠ ᠪᠣᠯᠣᠨ | ᠲᠤᠭᠤᠷᠢᠭ ᠤᠨ ᠵᠠᠰᠠᠭ ᠤᠨ ᠣᠷᠳᠣᠨ ᠶᠡᠷᠦ ᠠᠴᠠ ᠬᠡᠦᠬᠡᠳ ᠤᠨ ᠦᠢᠯᠡᠰ ᠤᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠨᠠᠷᠢᠨ ᠬᠢᠨᠠᠮᠠᠭᠠᠢ | ᠲᠤᠤᠱᠯᠠᠭᠤᠯᠵᠤ᠂ ᠬᠡᠦᠬᠡᠳ ᠤᠨ ᠦᠢᠯᠡᠰ ᠢ ᠶᠡᠬᠡᠪᠡᠷ ᠬᠥᠭᠵᠢᠭᠦᠯᠵᠦ᠂ ᠤᠷᠢᠳ ᠬᠤᠵᠢᠳ ᠭᠤᠷᠪᠠᠨ ᠦᠶᠡᠯᠡᠯ ᠤᠨ | ᠬᠤᠭᠤᠴᠠᠭᠠᠨ ᠤ ᠤᠳᠠ ᠲᠤᠭᠤᠷᠢᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ | ᠬᠡᠷᠡᠭᠵᠢᠭᠦᠯᠵᠦ᠂ ᠬᠡᠦᠬᠡᠳ ᠤᠨ ᠣᠷᠣᠰᠢᠨ ᠠᠮᠢᠳᠤᠷᠠᠬᠤ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ᠂ ᠪᠦᠬᠦ ᠲᠠᠯ᠎ᠠ ᠪᠠᠷ ᠬᠥᠭᠵᠢᠬᠦ ᠳᠤ | ᠬᠦᠴᠦᠲᠡᠢ ᠪᠠᠲᠤᠯᠠᠭ᠎ᠠ ᠬᠠᠩᠭᠠᠵᠠᠢ᠃ | ᠰᠢ ᠶᠢᠨ ᠫᠢᠩ ᠶᠡᠷᠦᠩᠬᠡᠢ ᠱᠦᠵᠢ ᠬᠡᠦᠬᠡᠳ ᠪᠣᠯᠣᠨ ᠬᠡᠦᠬᠡᠳ ᠤᠨ ᠠᠵᠢᠯ ᠤᠨ ᠲᠤᠬᠠᠢ ᠠᠯᠢ ᠣᠯᠠᠨ | ᠴᠢᠬᠤᠯᠠ ᠥᠭᠦᠯᠡᠯᠲᠡ ᠳᠤᠷᠠᠳᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ ︽ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ︾ ︽ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ︾ ︽ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ︾ ᠵᠡᠷᠭᠡ ᠴᠢᠬᠤᠯᠠ ᠶᠡᠭᠡ ᠪᠠᠶᠢᠷᠢᠯᠠᠭᠤᠯᠤᠯᠲᠠ ᠶᠢ ᠳᠤᠷᠠᠳᠤᠨ | ᠭᠠᠷᠭᠠᠪᠠ᠃ ᠡᠨᠡ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠬᠡᠦᠬᠡᠳ | ᠵᠢᠴᠢ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ | ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠡᠦᠬᠡᠳ ᠤᠨ | ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠤᠳᠠ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠵᠢᠴᠢ ᠭᠡᠷ ᠪᠦᠯᠢ ᠭᠡᠷ ᠤᠨ ᠰᠤᠷᠭᠠᠯ | ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠪᠠᠷ ᠵᠣᠭᠰᠣᠴᠠ ᠪᠣᠯᠭᠠᠵᠤ᠂ ᠬᠡᠦᠬᠡᠳ ᠤᠨ | ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠬᠤᠷᠢᠶ᠎ᠠ | ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ︵ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ︶ ᠤᠨ ᠵᠣᠬᠢᠴᠠᠭᠤᠯᠬᠤ᠂ ᠪᠦᠷᠢᠯᠳᠦᠭᠦᠨ ᠨᠢᠭᠡᠴᠡ | ᠵᠡᠷᠭᠡ ᠣᠯᠠᠨ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠣᠷᠤᠯᠴᠠᠬᠤ | ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠲᠤᠭᠤᠷᠢᠭ ᠤᠨ ᠬᠡᠦᠬᠡᠳ ᠲᠤ ᠥᠨᠳᠥᠷ | ᠬᠢᠷᠢ ᠲᠦᠪᠰᠢᠨ ᠪᠦᠬᠦᠢ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠢ | ᠬᠠᠮᠲᠤᠪᠠᠷ ᠡᠳ᠋ᠯᠡᠭᠦᠯᠬᠦ ᠶᠢ ᠠᠬᠢᠭᠤᠯᠵᠤ᠂ ᠬᠡᠦᠬᠡᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠂ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠬᠡᠦᠬᠡᠳ ᠤᠨ ᠠᠰᠠᠷᠠᠮᠵᠢ ᠶᠢᠨ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠮᠢᠳᠤᠷᠠᠯ ᠤᠨ ᠣᠷᠴᠢᠨ | ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ 2020 ᠣᠨ ᠤ | ᠡᠴᠦᠰ ᠪᠣᠯᠲᠠᠯ᠎ᠠ᠂ ᠮᠠᠨ ᠤ ᠲᠤᠭᠤᠷᠢᠭ ᠤᠨ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠬᠦ ᠨᠣᠷᠮ᠎ᠠ᠂ | ᠦᠵᠡᠭᠳᠡᠬᠦ ᠦᠶ᠎ᠡ ᠶᠢᠨ ᠪᠡᠶ᠎ᠡ ᠶᠢᠨ ᠬᠦᠨᠳᠦ ᠨᠢ ᠳᠣᠣᠷ᠎ᠠ ᠪᠠᠶᠢᠬᠤ ᠨᠣᠷᠮ᠎ᠠ ᠨᠢ 4% ᠠᠴᠠ ᠳᠣᠷᠣᠭᠰᠢ ᠪᠠᠶᠢᠨ᠎ᠠ︔ | 5 ᠨᠠᠰᠤᠨ ᠠᠴᠠ ᠳᠣᠷᠣᠭᠰᠢᠬᠢ ᠬᠡᠦᠬᠡᠳ ᠤᠨ ᠥᠰᠦᠯᠲᠡ ᠤᠳᠠᠭᠠᠰᠢᠷᠠᠬᠤ ᠨᠣᠷᠮ᠎ᠠ ᠵᠢᠯ ᠳᠠᠷᠠᠭᠠᠯᠠᠨ 0.34% | ᠪᠣᠯᠵᠤ ᠪᠠᠭᠤᠷᠠᠪᠠ︔ 5 ᠨᠠᠰᠤᠨ ᠠᠴᠠ ᠳᠣᠷᠣᠭᠰᠢᠬᠢ ᠬᠡᠦᠬᠡᠳ ᠤᠨ ᠪᠡᠶ᠎ᠡ ᠶᠢᠨ ᠬᠦᠨᠳᠦ ᠶᠢᠨ ᠳᠣᠣᠷ᠎ᠠ ᠨᠤᠷᠮ᠎ᠠ ᠨᠢ | ᠵᠢᠯ ᠳᠠᠷᠠᠭᠠᠯᠠᠨ ᠪᠠᠭᠤᠷᠠᠭᠠᠳ 0. 31%ᠪᠣᠯᠪᠠ︔ ᠬᠡᠦᠬᠡᠳ ᠤᠨ ᠬᠠᠮᠢᠶᠠᠷᠤᠯᠲᠠ ᠶᠢᠨ ᠨᠣᠷᠮ᠎ᠠ ᠶᠢ 95% ᠠᠴᠠ | ᠳᠡᠭᠡᠭᠰᠢ ᠪᠣᠯᠲᠠᠯ᠎ᠠ᠂ ᠰᠤᠷᠬᠤ ᠨᠠᠰᠤᠨ ᠠᠴᠠ ᠡᠮᠦᠨᠡᠬᠢ 3 ᠵᠢᠯ ᠤᠨ ᠴᠡᠴᠡᠷᠯᠢᠭ ᠲᠤ ᠣᠷᠣᠭᠰᠠᠨ ᠪᠥᠬᠦ ᠨᠣᠷᠮ᠎ᠠ | 97.02% ᠪᠣᠯᠪᠠ︔ ᠪᠠᠭ᠎ᠠ ᠰᠤᠷᠭᠠᠭᠤᠯᠢ ᠶᠢᠨ ᠬᠡᠦᠬᠡᠳ ᠤᠨ ᠰᠤᠷᠭᠠᠭᠤᠯᠢ ᠳᠤ ᠣᠷᠣᠭᠰᠠᠨ ᠴᠡᠪᠡᠷ ᠨᠣᠷᠮ᠎ᠠ | 100%︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠪᠥᠬᠦ | ᠨᠣᠷᠮ᠎ᠠ 128.23% ᠳᠤ ᠬᠦᠷᠴᠦ᠂ ᠬᠡᠦᠬᠡᠳ ᠤᠨ ᠴᠡᠴᠡᠷᠯᠢᠭ ᠤᠨ ᠬᠡᠦᠬᠡᠳ ᠤᠨ ᠴᠡᠴᠡᠷᠯᠢᠭ ᠲᠠᠬᠢ ᠬᠠᠷᠢᠴᠠᠯ | ᠵᠢᠯ ᠳᠠᠷᠠᠭᠠᠯᠠᠨ ᠳᠡᠭᠡᠭᠰᠢᠯᠡᠵᠦ᠂ ᠬᠡᠦᠬᠡᠳ ᠤᠨ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ | ᠣᠳᠣᠬᠠᠨ ᠳᠤ᠂ ᠨᠡᠶᠢᠭᠡᠮ ᠵᠢᠷᠤᠮ ᠤᠨ ᠣᠳᠣ ᠦᠶ᠎ᠡ ᠶᠢᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠵᠠᠩᠭᠢᠯᠠᠭ᠎ᠠ ᠶᠢᠨ ᠴᠠᠭ | ᠦᠶ᠎ᠡ ᠳᠤ᠂ ᠮᠥᠨ ᠴᠦ ᠮᠠᠨ ᠤ ᠲᠤᠭᠤᠷᠢᠭ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠴᠢᠬᠤᠯᠠ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠣᠨ᠎ᠠ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠬᠠᠷᠠᠯᠲᠠ | ᠪᠣᠯᠭᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠬᠠᠷᠠᠯᠲᠠ | ᠰᠢᠨ᠎ᠡ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠥᠨᠳᠥᠷ ᠲᠦᠪᠰᠢᠨ ᠢᠶᠠᠷ ᠬᠡᠦᠬᠡᠳ ᠤᠨ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠢᠷᠡᠭᠡᠳᠦᠢ ᠶᠢᠨ ᠲᠣᠪᠣᠶᠢᠮ᠎ᠠ ᠪᠠ ᠥᠷᠢᠰᠦᠯᠳᠦᠭᠡᠨ ᠤ ᠡᠮᠦᠨ᠎ᠡ᠂ | ᠡᠷᠬᠡᠪᠰᠢ ᠮᠠᠨ ᠤ ᠲᠤᠭᠤᠷᠢᠭ ᠤᠨ ᠬᠡᠦᠬᠡᠳ ᠤᠨ ᠦᠢᠯᠡᠰ ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ | ᠪᠠᠶᠢᠬᠤ ᠠᠰᠠᠭᠤᠳᠠᠯ ᠮᠥᠨ ᠯᠡ ᠲᠣᠪᠣᠶᠢᠮ᠎ᠠ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠂ ᠵᠢᠱᠢᠶᠡᠯᠡᠪᠡᠯ᠄ | ᠬᠡᠦᠬᠡᠳ ᠤᠨ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢᠨ ᠴᠠᠭ ᠦᠶᠡᠴᠢ ᠴᠢᠨᠠᠷ ᠪᠠ ᠪᠣᠳᠠᠲᠤ ᠪᠦᠲᠦᠮᠵᠢᠲᠦ | ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ ᠬᠡᠦᠬᠡᠳ ᠢ ᠤᠷᠢᠳ ᠢᠶᠠᠷ ᠪᠣᠳᠣᠯᠬᠢᠯᠠᠬᠤ | ᠤᠬᠠᠮᠰᠠᠷ ᠵᠢᠴᠢ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ ᠬᠡᠦᠬᠡᠳ ᠤᠨ ᠡᠷᠬᠡ ᠠᠰᠢᠭ ᠢ ᠪᠠᠲᠤᠯᠠᠬᠤ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ ᠴᠢᠬᠤᠯᠠᠲᠠᠢ ᠪᠠᠶᠢᠵᠤ᠂ ᠦᠨᠳᠦᠰᠦᠨ | ᠱᠠᠲᠤᠨ ᠤ ᠬᠡᠦᠬᠡᠳ ᠢ ᠬᠠᠮᠠᠭᠠᠯᠠᠬᠤ ᠪᠠ ᠦᠢᠯᠡᠴᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ | ᠴᠢᠬᠤᠯᠠᠲᠠᠢ ᠪᠠᠶᠢᠨ᠎ᠠ᠃ ᠠᠵᠠ ᠲᠣᠬᠢᠶᠠᠯ ᠪᠣᠯᠣᠨ ᠥᠷᠢᠰᠦᠯᠳᠦᠭᠡᠨ ᠵᠡᠷᠭᠡᠪᠡᠷ ᠣᠷᠣᠰᠢᠵᠤ᠂ ᠬᠡᠦᠬᠡᠳ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠬᠡᠦᠬᠡᠳ ᠤᠨ ᠦᠢᠯᠡᠰ ᠤᠨ | ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠡᠭᠦᠷᠭᠡ ᠬᠦᠨᠳᠦ ᠵᠠᠮ ᠬᠤᠯᠠ᠂ ᠡᠭᠦᠷᠭᠡ ᠥᠩᠭᠡ ᠭᠡᠷᠡᠯᠲᠡᠢ ᠶᠤᠮ᠃ | ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠳᠦᠷᠢᠮ︾ ᠵᠡᠷᠭᠡ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ︽ᠳᠤᠮᠳᠠᠳᠤ ᠤᠯᠤᠰ ᠤᠨ ᠬᠡᠦᠬᠡᠳ ᠤᠨ | ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠦᠬᠠᠢ | ᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ᠤᠳᠠ | ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠂ ᠣᠯᠠᠨ | ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ︽ᠬᠡᠦᠬᠡᠳ ᠤᠨ ᠡᠷᠬᠡ ᠶᠢᠨ ᠨᠡᠶᠢᠲᠡ ᠶᠢᠨ ᠭᠡᠷ᠎ᠡ︾ ᠪᠠ 2030 | ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠪᠠ | ᠪᠢᠴᠢᠭ ᠮᠠᠲ᠋ᠧᠷᠢᠶᠠᠯ ᠤᠨ ᠵᠣᠷᠢᠯᠲᠠ ᠪᠠᠷ ᠯᠠᠪᠯᠠᠯᠲᠠ ᠪᠣᠯᠭᠠᠵᠤ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠬᠥᠲᠥᠯᠪᠦᠷᠢ ᠶᠢ ᠲᠣᠭᠲᠠᠭᠠᠪᠠ᠃ ᠲᠤᠰ ᠬᠥᠲᠥᠯᠪᠦᠷᠢ ᠨᠢ ︽ᠵᠢᠯᠤᠭᠤᠳᠬᠤ ᠦᠵᠡᠯ | ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠢ ᠬᠠᠷᠠᠯᠲᠠ︾ ︽ᠬᠥᠭᠵᠢᠭᠦᠯᠦᠯᠲᠡ ᠶᠢᠨ ᠬᠦᠷᠢᠶ᠎ᠡ᠂ ᠭᠤᠣᠯ | ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ︾ ︽ᠵᠣᠬᠢᠶᠠᠨ ᠪᠠᠶᠢᠭᠤᠯᠵᠤ ᠬᠡᠷᠡᠭᠵᠢᠭᠦᠯᠬᠦ︾ ︽ᠬᠢᠨᠠᠨ | ᠬᠡᠮᠵᠢᠵᠦ ᠦᠨᠡᠯᠡᠨ ᠵᠢᠱᠢᠬᠦ︾ ᠳᠥᠷᠪᠡᠨ ᠬᠡᠰᠡᠭ ᠢᠶᠠᠷ ᠪᠦᠷᠢᠯᠳᠦᠵᠡᠢ᠃ ᠬᠡᠦᠬᠡᠳ ᠬᠢᠭᠡᠳ ᠡᠷᠡᠭᠦᠯ ᠮᠡᠨᠳᠦ᠂ | ᠬᠡᠦᠬᠡᠳ ᠬᠢᠭᠡᠳ ᠠᠮᠤᠷ ᠲᠦᠪᠰᠢᠨ᠂ ᠬᠡᠦᠬᠡᠳ ᠬᠢᠭᠡᠳ ᠰᠤᠷᠭᠠᠨ ᠬᠥᠮᠦᠵᠢᠯ᠂ ᠬᠡᠦᠬᠡᠳ ᠬᠢᠭᠡᠳ ᠠᠰᠠᠷᠠᠮᠵᠢ᠂ | ᠬᠡᠦᠬᠡᠳ ᠬᠢᠭᠡᠳ ᠭᠡᠷ ᠪᠦᠯᠢ᠂ ᠬᠡᠦᠬᠡᠳ ᠬᠢᠭᠡᠳ ᠣᠷᠴᠢᠨ ᠲᠣᠭᠤᠷᠢᠨ᠂ ᠬᠡᠦᠬᠡᠳ ᠬᠢᠭᠡᠳ ᠬᠠᠤᠯᠢ ᠴᠠᠭᠠᠵᠠ ᠶᠢᠨ | ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢ ᠪᠠᠶᠢᠷᠢᠯᠠᠭᠤᠯᠬᠤ ᠪᠣᠯ ᠮᠠᠨ ᠤ ᠲᠤᠭᠤᠷᠢᠭ ᠤᠨ ᠬᠡᠦᠬᠡᠳ ᠤᠨ ᠠᠵᠢᠯ | ᠦᠢᠯᠡᠰ ᠤᠨ ᠬᠥᠭᠵᠢᠯᠲᠡ ᠶᠢᠨ ᠶᠡᠷᠦᠩᠬᠡᠶᠢᠯᠡᠨ ᠵᠠᠬᠢᠷᠬᠤ ᠴᠢᠨᠠᠷᠲᠠᠢ ᠪᠢᠴᠢᠭ ᠮᠠᠲ᠋ᠧᠷᠢᠶᠠᠯ ᠪᠠ ᠴᠢᠬᠤᠯᠠ ᠦᠨᠳᠦᠰᠦᠯᠡᠯ | ᠪᠣᠯᠣᠨ᠎ᠠ᠃ | ᠨᠢᠭᠡ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠶᠡᠷᠦᠩᠬᠡᠢ ᠬᠠᠷᠠᠯᠲᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ᠂ ᠭᠡᠷ ᠪᠦᠯᠢ ᠭᠡᠷ ᠤᠨ | ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠲᠤᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠬᠡᠦᠬᠡᠳ ᠤᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠡᠦᠬᠡᠳ ᠤᠨ ᠬᠥᠭᠵᠢᠯᠲᠡ ᠶᠢᠨ ᠵᠠᠮ ᠢᠶᠠᠷ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠪᠣᠯᠣᠨ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠲᠤᠤᠱᠯᠠᠭᠤᠯᠵᠤ᠂ ︽ | ᠳᠤᠮᠳᠠᠳᠤ ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 | ︱ 2030 ᠣᠨ︶︾ ︽ᠦᠬᠠᠢ ᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 ︱ | 2030 ᠣᠨ︶︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠣᠰᠣ ᠮᠣᠷᠠᠯ ᠢ ᠪᠤᠶ ᠪᠣᠯᠭᠠᠨ ᠬᠥᠮᠥᠨ ᠢ ᠬᠥᠮᠥᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠡᠦᠬᠡᠳ ᠤᠨ ᠦᠢᠯᠡᠰ ᠤᠨ ᠬᠥᠭᠵᠢᠯᠲᠡ ᠶᠢ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠳᠠ ᠶᠢᠨ ᠪᠦᠲᠦᠭᠡᠨ ᠪᠠᠶᠢᠭᠤᠯᠤᠯᠲᠠ ᠳᠤ ᠠᠭᠤᠰᠬᠠᠵᠤ᠂ ᠬᠡᠦᠬᠡᠳ ᠲᠤ ᠬᠠᠮᠤᠭ ᠤᠨ ᠠᠰᠢᠭᠲᠠᠢ | ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠬᠡᠦᠬᠡᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠬᠡᠦᠬᠡᠳ ᠤᠨ ᠣᠷᠣᠰᠢᠨ ᠲᠣᠭᠲᠠᠨᠢᠬᠤ | ᠂ ᠬᠥᠭᠵᠢᠬᠦ᠂ ᠬᠠᠮᠠᠭᠠᠯᠠᠭᠳᠠᠬᠤ ᠪᠠ ᠣᠷᠤᠯᠴᠠᠬᠤ ᠡᠷᠬᠡ ᠶᠢ ᠪᠠᠲᠤᠯᠠᠵᠤ᠂ ᠬᠡᠦᠬᠡᠳ ᠤᠨ ᠶᠡᠷᠦᠩᠬᠡᠶᠢᠯᠡᠭᠰᠡᠨ ᠬᠡᠪ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠦᠬᠡᠳ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠵᠣᠬᠢᠴᠠᠩᠭᠤᠢ ᠪᠠᠷ | ᠬᠥᠭᠵᠢᠭᠦᠯᠬᠦ ᠶᠢ ᠠᠬᠢᠭᠤᠯᠵᠤ᠂ ᠬᠡᠦᠬᠡᠳ ᠵᠢᠴᠢ ᠭᠡᠷ ᠪᠦᠯᠢ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ | ᠬᠦᠰᠡᠯ ᠡᠷᠡᠮᠡᠯᠵᠡᠯ ᠢ ᠬᠠᠩᠭᠠᠵᠤ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠦᠨ ᠪᠣᠶᠢᠵᠢᠭᠤᠯᠵᠤ᠂ ᠤᠳᠠ | ᠬᠡᠦᠬᠡᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠵᠦ᠂ ᠲᠠᠬᠢᠨ ᠰᠢᠨ᠎ᠡ ᠭᠡᠷᠡᠯ | ᠰᠠᠴᠤᠷᠠᠩᠭᠤᠢ ᠠᠮᠵᠢᠯᠲᠠ ᠶᠢ ᠡᠭᠦᠳᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠴᠢᠳᠠᠪᠤᠷᠢᠲᠠᠨ ᠤ | ᠰᠠᠭᠤᠷᠢ ᠶᠢ ᠲᠠᠯᠪᠢᠨ᠎ᠠ᠃ | ︵ᠬᠤᠶᠠᠷ︶ ᠦᠨᠳᠦᠰᠦᠨ ᠵᠠᠷᠴᠢᠮ | 1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠤᠯᠤᠰ ᠲᠥᠷᠥ ᠶᠢᠨ ᠤᠬᠠᠮᠰᠠᠷ᠂ ᠶᠡᠭᠡ | ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠦᠬᠠᠢ ᠬᠤᠲᠠ ᠶᠢᠨ ᠨᠠᠮ ᠤᠨ ᠬᠤᠷᠢᠶ᠎ᠠ᠂ ᠤᠳᠠ ᠲᠣᠭᠤᠷᠢᠭ ᠤᠨ ᠨᠠᠮ ᠤᠨ | ᠬᠤᠷᠢᠶ᠎ᠠ ᠶᠢᠨ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠬᠡᠦᠬᠡᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ | ᠪᠠ ᠡᠯ᠎ᠡ ᠲᠠᠯ᠎ᠠ ᠳᠤ ᠲᠤᠤᠱᠯᠠᠭᠤᠯᠤᠨ᠂ ᠬᠡᠦᠬᠡᠳ ᠤᠨ ᠦᠢᠯᠡᠰ ᠤᠨ ᠬᠥᠭᠵᠢᠯᠲᠡ ᠶᠢ ᠢᠮᠠᠭᠲᠠ ᠨᠠᠮ ᠤᠨ ᠵᠢᠭᠠᠭᠰᠠᠨ | ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | 2. ᠬᠡᠦᠬᠡᠳ ᠢ ᠤᠷᠢᠳᠠᠪᠠᠷ ᠪᠠᠲᠤᠯᠠᠬᠤ ᠶᠢ ᠪᠠᠷᠢᠮᠲᠠᠯᠠᠨ᠎ᠠ᠃ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ | ᠲᠣᠭᠲᠠᠭᠠᠬᠤ᠂ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ᠂ ᠣᠯᠠᠨ ᠨᠡᠶᠢᠲᠡ ᠶᠢᠨ ᠡᠬᠢ | ᠪᠠᠶᠠᠯᠢᠭ ᠢ ᠲᠣᠬᠢᠷᠠᠭᠤᠯᠬᠤ᠂ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠬᠡᠦᠬᠡᠳ ᠤᠨ ᠠᠰᠢᠭ ᠲᠤᠰᠠ ᠪᠠ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠣᠳᠣᠯᠬᠢᠯᠠᠵᠤ᠂ ᠬᠡᠦᠬᠡᠳ ᠯᠦᠭᠡ ᠬᠤᠯᠪᠣᠭᠳᠠᠬᠤ | ᠠᠯᠢᠪᠠ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠨᠠᠰᠤᠨ ᠳᠤ ᠥᠯᠥ ᠭᠦᠷᠦᠭᠰᠡᠳ ᠲᠤ ᠬᠠᠮᠤᠭ ᠤᠨ ᠠᠰᠢᠭᠲᠠᠢ | ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | 3. ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠪᠠᠷᠢᠮᠲᠠᠯᠠᠨ᠎ᠠ᠃ ᠬᠡᠦᠬᠡᠳ ᠤᠨ ᠨᠡᠷ᠎ᠡ ᠬᠦᠨᠳᠦ ᠶᠢ | ᠬᠦᠨᠳᠦᠳᠬᠡᠵᠦ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠪᠠ ᠵᠢᠮ᠎ᠡ ᠶᠣᠰᠣ ᠶᠢ ᠵᠢᠷᠤᠮᠯᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ | ᠪᠣᠯᠭᠠᠵᠤ᠂ ᠴᠠᠭ ᠦᠶ᠎ᠡ ᠶᠢᠨ ᠰᠢᠨ᠎ᠡ ᠬᠥᠮᠥᠨ ᠢ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠰᠢᠷᠭᠠᠭᠤ | ᠬᠠᠲᠠᠭᠤᠵᠢᠯᠲᠠᠢ ᠰᠤᠷᠤᠯᠴᠠᠭᠤᠯᠵᠤ᠂ ᠬᠦᠰᠡᠯᠡᠩ ᠲᠠᠢ ᠪᠣᠯᠭᠠᠨ᠂ ᠵᠠᠩ ᠰᠤᠷᠲᠠᠯ ᠢ ᠨᠢ ᠬᠠᠲᠠᠭᠤᠵᠢᠭᠤᠯᠵᠤ᠂ ᠡᠷᠳᠡᠮ | ᠴᠢᠳᠠᠪᠤᠷᠢ ᠶᠢ ᠨᠢ ᠨᠡᠮᠡᠭᠳᠡᠭᠦᠯᠦᠨ᠂ ᠲᠡᠳᠡᠨ ᠢ ᠬᠠᠷᠠᠬᠠᠨ ᠪᠠᠭ᠎ᠠ ᠠᠴᠠ ᠨᠢ ᠵᠥᠪ ᠣᠨᠣᠪᠴᠢᠲᠠᠶ ᠤᠯᠤᠰ ᠤᠨ | ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠰᠣᠶᠣᠯ ᠤᠨ ᠦᠵᠡᠯᠲᠡ ᠲᠠᠢ ᠪᠣᠯᠭᠠᠨ | ᠬᠥᠮᠥᠵᠢᠭᠦᠯᠵᠦ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ ᠶᠣᠰᠣ ᠮᠣᠷᠠᠯ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠵᠠᠯᠭᠠᠮᠵᠢᠯᠠᠭᠴᠢ | ᠪᠣᠯᠭᠠᠬᠤ ᠬᠡᠷᠡᠭᠲᠡᠢ᠃ | 4. ᠬᠡᠦᠬᠡᠳ ᠤᠨ ᠡᠷᠬᠡ ᠲᠡᠭᠰᠢ ᠪᠠᠷ ᠬᠥᠭᠵᠢᠬᠦ ᠶᠢ ᠪᠠᠷᠢᠮᠲᠠᠯᠠᠨ᠎ᠠ᠃ ᠨᠡᠶᠢᠭᠡᠮ ᠤᠨ ᠲᠥᠪ ᠭᠤᠣᠯᠴᠢ ᠣᠷᠴᠢᠨ | ᠨᠥᠬᠦᠴᠡᠯ ᠢ ᠪᠤᠢ ᠪᠣᠯᠭᠠᠵᠤ᠂ ᠬᠡᠦᠬᠡᠳ ᠤᠨ ᠠᠯᠢᠪᠠ ᠬᠡᠯᠪᠡᠷᠢ ᠶᠢᠨ ᠭᠠᠳᠠᠭᠤᠷᠴᠢᠯᠠᠯ ᠢ ᠠᠷᠢᠯᠭᠠᠵᠤ᠂ ᠪᠤᠢ ᠪᠦᠬᠦᠢ | ᠬᠡᠦᠬᠡᠳ ᠢᠯᠠᠩᠭᠤᠶ᠎ᠠ ᠣᠨᠴᠠᠭᠠᠶ ᠬᠦᠴᠢᠷᠳᠡᠯ ᠲᠠᠢ ᠬᠡᠦᠬᠡᠳ ᠤᠨ ᠬᠥᠭᠵᠢᠯᠲᠡ ᠶᠢᠨ ᠡᠷᠬᠡ ᠪᠠ ᠠᠵᠠ ᠲᠣᠬᠢᠶᠠᠯ ᠢ | ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ | 5. ᠬᠡᠦᠬᠡᠳ ᠤᠨ ᠣᠷᠤᠯᠴᠠᠬᠤ ᠶᠢ ᠵᠣᠷᠢᠭᠵᠢᠭᠤᠯᠬᠤ ᠶᠢ ᠪᠠᠷᠢᠮᠲᠠᠯᠠᠨ᠎ᠠ᠃ ᠬᠡᠦᠬᠡᠳ ᠤᠨ ᠪᠡᠶᠡᠴᠢ ᠴᠣᠭᠴᠠ ᠶᠢᠨ | ᠪᠠᠶᠢᠷᠢ ᠰᠠᠭᠤᠷᠢ ᠶᠢ ᠬᠦᠨᠳᠦᠳᠬᠡᠵᠦ᠂ ᠬᠡᠦᠬᠡᠳ ᠤᠨ ᠭᠡᠷ ᠪᠦᠯᠢ᠂ ᠨᠡᠶᠢᠭᠡᠮ ᠪᠠ ᠰᠣᠶᠣᠯ ᠤᠨ ᠠᠮᠢᠳᠤᠷᠠᠯ ᠳᠤ | ᠣᠷᠤᠯᠴᠠᠬᠤ ᠶᠢ ᠵᠣᠷᠢᠭᠵᠢᠭᠤᠯᠤᠨ ᠲᠡᠮᠵᠢᠵᠤ᠂ ᠬᠡᠦᠬᠡᠳ ᠤᠨ ᠭᠤᠮᠣᠳᠠᠯ ᠲᠣᠭᠠᠴᠢᠬᠤ ᠪᠠ ᠰᠠᠨᠠᠯ ᠢᠶᠠᠨ ᠢᠯᠡᠳᠬᠡᠬᠦ | ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠦᠬᠡᠳ ᠤᠨ ᠰᠠᠨᠠᠯ ᠢ ᠰᠣᠨᠣᠰᠬᠤ ᠶᠢ ᠴᠢᠬᠤᠯᠠᠴᠢᠯᠠᠵᠤ᠂ | ᠬᠡᠦᠬᠡᠳ ᠤᠨ ᠣᠷᠤᠯᠴᠠᠬᠤ ᠳᠤ ᠠᠰᠢᠭᠲᠠᠢ ᠭᠡᠷ ᠪᠦᠯᠢ ᠪᠠ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠭᠤᠷᠪᠠ︶ ᠶᠡᠷᠦᠩᠬᠡᠢ ᠬᠠᠷᠠᠯᠲᠠ | ᠬᠡᠦᠬᠡᠳ ᠤᠨ ᠬᠥᠭᠵᠢᠯᠲᠡ ᠶᠢ ᠤᠳᠠ ᠲᠣᠭᠤᠷᠢᠭ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠪᠠᠶᠢᠯᠳᠤᠬᠤ | ᠪᠣᠳᠣᠯᠭ᠎ᠠ ᠳᠤ ᠠᠭᠤᠰᠬᠠᠵᠤ᠂ ︽ᠬᠡᠦᠬᠡᠳ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠪᠠ ︽ᠬᠡᠦᠬᠡᠳ ᠤᠨ | ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ︾ ᠵᠠᠷᠴᠢᠮ ᠨᠢ ᠬᠥᠮᠥᠰ ᠤᠨ ᠰᠡᠳᠬᠢᠯ ᠳᠤ ᠬᠠᠳᠠᠩᠰᠢᠭᠰᠠᠨ | ᠪᠥᠭᠡᠳ ᠨᠡᠶᠢᠭᠡᠮ ᠤᠨ ᠬᠠᠮᠲᠤ ᠶᠢᠨ ᠲᠠᠨᠢᠯᠲᠠ ᠪᠣᠯᠵᠤ᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠬᠡᠦᠬᠡᠳ ᠤᠨ ᠬᠥᠭᠵᠢᠯᠲᠡ ᠶᠢ | ᠠᠬᠢᠭᠤᠯᠬᠤ ᠠᠵᠢᠯ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠬᠡᠦᠬᠡᠳ ᠤᠨ ᠡᠷᠡᠭᠦᠯ ᠮᠡᠨᠳᠦ᠂ ᠰᠤᠷᠭᠠᠨ | ᠬᠥᠮᠦᠵᠢᠯ᠂ ᠠᠮᠤᠷ ᠲᠦᠪᠰᠢᠨ᠂ ᠠᠰᠠᠷᠠᠮᠵᠢ᠂ ᠭᠡᠷ ᠪᠦᠯᠢ᠂ ᠣᠷᠴᠢᠨ ᠲᠣᠭᠤᠷᠢᠨ ᠵᠡᠷᠭᠡ ᠬᠦᠷᠢᠶᠡᠨ ᠳᠠᠬᠢ ᠡᠷᠬᠡ | ᠠᠰᠢᠭ ᠢ ᠤᠯᠠᠮ ᠨᠢᠭᠡ ᠠᠯᠬᠤᠮ ᠪᠡᠶᠡᠯᠡᠭᠦᠯᠵᠦ᠂ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠡᠪ | ᠪᠣᠯᠪᠠᠰᠤᠷᠠᠯ ᠪᠠ ᠪᠦᠬᠦ ᠲᠠᠯ᠎ᠠ ᠶᠢᠨ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠬᠡᠦᠬᠡᠳ ᠲᠤ ᠨᠡᠩ ᠠᠳᠠᠯᠢ ᠲᠡᠭᠰᠢ ᠪᠥᠭᠡᠳ ᠬᠦᠷᠴᠦ ᠪᠣᠯᠬᠤᠶᠢᠴᠠ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ | ᠂ ᠨᠡᠩ ᠲᠦᠭᠡᠮᠡᠯ ᠬᠠᠷᠠᠭᠠᠯᠵᠠᠯ ᠪᠠ ᠳᠠᠪᠠᠭᠤᠯᠢᠭ ᠠᠰᠠᠷᠠᠮᠵᠢ ᠶᠢᠨ ᠪᠠᠲᠤᠯᠠᠭ᠎ᠠ᠂ ᠨᠡᠩ ᠡᠶ᠎ᠡ ᠵᠣᠬᠢᠴᠠᠯ ᠲᠠᠢ ᠨᠥᠬᠦᠷᠰᠡᠭ | ᠭᠡᠷ ᠪᠦᠯᠢ ᠪᠠ ᠨᠡᠶᠢᠭᠡᠮ ᠤᠨ ᠣᠷᠴᠢᠨ ᠨᠥᠬᠦᠴᠡᠯ ᠢ ᠡᠳ᠋ᠯᠡᠭᠦᠯᠵᠦ᠂ ᠬᠡᠦᠬᠡᠳ ᠤᠨ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠨᠡᠮᠡᠭᠳᠡᠭᠦᠯᠦᠨ᠎ᠡ᠃ 2035 ᠣᠨ ᠢ | ᠪᠠᠷᠠᠯᠠᠬᠤᠶ᠎ᠠ᠂ ᠤᠳᠠ ᠲᠣᠭᠤᠷᠢᠭ ᠤᠨ ᠬᠡᠦᠬᠡᠳ ᠤᠨ ᠬᠥᠭᠵᠢᠯᠲᠡ ᠶᠢ ᠨᠡᠩ ᠲᠡᠩᠴᠡᠭᠦᠷᠢᠲᠡᠢ᠂ ᠪᠦᠬᠦ ᠲᠠᠯ᠎ᠠ ᠶᠢᠨ᠂ | ᠰᠢᠯᠢᠳᠡᠭ ᠰᠠᠶᠢᠨ ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠲᠠᠢ ᠵᠣᠬᠢᠴᠠᠭᠤᠯᠤᠨ᠂ | ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠡᠦᠬᠡᠳ ᠤᠨ ᠪᠦᠬᠦ | ᠲᠠᠯ᠎ᠠ ᠶᠢᠨ ᠬᠥᠭᠵᠢᠯᠲᠡ ᠶᠢ ᠨᠡᠩ ᠢᠯᠡ ᠲᠣᠳᠣ ᠪᠣᠳᠠᠲᠤ ᠠᠬᠢᠴᠠ ᠲᠠᠢ ᠪᠣᠯᠭᠠᠵᠤ᠂ ᠥᠷᠭᠡᠨ ᠤᠯᠠᠨ ᠬᠡᠦᠬᠡᠳ ᠨᠡᠩ | ᠰᠠᠶᠢᠨ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠪᠣᠯᠵᠤ | ᠬᠥᠮᠥᠵᠢᠭᠳᠡᠨ᠎ᠡ᠃ | ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ | ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠠᠵᠢᠯᠲᠠᠨ ᠤ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠳᠦᠭᠡ ᠤᠳᠠ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠲᠣᠬᠢᠷᠠᠭᠤᠯᠤᠶᠠ | ᠄ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ ᠲᠠᠯ᠎ᠠ ᠶᠢᠨ | ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠲᠢᠶᠠᠨ | ᠶᠦᠩ ᠰᠢᠶᠠᠩ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠠᠬᠤᠢ ᠶᠢᠨ ᠪᠠᠶᠢᠭᠤᠯᠤᠯ ᠪᠣᠯᠣᠨ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ᠂ | ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ | ᠬᠠᠷᠢᠭᠤᠴᠠᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ︵ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ︶᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ | ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠤᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ︶᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠪ ᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠳᠠᠷᠤᠭ᠎ᠠ ᠶᠢ ᠬᠠᠪᠰᠤᠷᠤᠨ | ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠨᠠᠮ ᠤᠨ | ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠲᠤᠭᠤᠷᠢᠭ ᠤᠨ ᠨᠠᠮ ᠤᠨ ᠬᠤᠷᠢᠶ᠎ᠠ ᠶᠢᠨ | ᠨᠠᠮ ᠤᠨ ᠰᠤᠷᠭᠠᠭᠤᠯᠢ᠂ ᠲᠤᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠤᠳᠠ ᠲᠣᠭᠤᠷᠢᠭ ᠤᠨ ᠬᠤᠷᠢᠶ᠎ᠠ᠂ ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ | ᠠᠷᠠᠳᠴᠢᠯᠠᠭᠰᠠᠨ ᠨᠠᠮ ᠪᠦᠯᠦᠭ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠦ᠋ | ᠪᠢᠩ ᠶᠦᠨ ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ᠂ ᠬᠤᠳᠠᠯᠳᠤᠭᠠᠴᠢᠨ ᠤᠷᠢᠬᠤ᠂ ᠬᠤᠳᠠᠯᠳᠤᠭᠠᠨ ᠤ ᠶᠠᠪᠤᠳᠠᠯ᠂ ᠴᠠᠬᠢᠯᠭᠠᠨ | ᠬᠦᠴᠦᠨ᠂ ᠡᠨᠧᠷᠭᠢ᠂ ᠠᠮᠢ ᠠᠬᠤᠢ ᠶᠢᠨ ᠣᠷᠴᠢᠨ ᠲᠣᠭᠤᠷᠢᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ | ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ︵ᠠᠵᠤ ᠦᠢᠯᠡᠳᠪᠦᠷᠢ ᠶᠢᠨ ᠲᠠᠯ᠎ᠠ︶᠂ ᠲᠣᠭᠤᠷᠢᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠨᠧᠷᠭᠢ ᠶᠢᠨ ᠲᠣᠪᠴᠢᠶ᠎ᠠ᠂ ᠤᠳᠠ ᠠᠵᠤ ᠦᠢᠯᠡᠰ ᠤᠨ | ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠳᠠ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠬᠤᠪᠢᠳᠠᠨ ᠬᠠᠮᠢᠶᠠᠷᠤᠨ᠎ᠠ᠃ | ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠲᠠᠢ ᠬᠠᠷᠢᠯᠴᠠᠵᠤ᠂ ᠲᠤᠭᠤᠷᠢᠭ ᠤᠨ | ᠠᠷᠠᠯᠵᠢᠶ᠎ᠠ ᠶᠢ ᠠᠬᠢᠭᠤᠯᠬᠤ ᠬᠤᠷᠠᠯ᠂ ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ | ︵ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ︶᠂ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ ︵ᠠᠭᠤᠷᠬᠠᠢ ᠶᠢᠨ ᠡᠬᠢ ᠪᠠᠶᠠᠯᠢᠭ ᠤᠨ ᠲᠠᠯ᠎ᠠ ᠪᠠᠷ︶ ᠠᠭᠤᠷᠬᠠᠢ ᠶᠢᠨ ᠣᠷᠣᠨ ᠤ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ᠂ ᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠦᠬᠠᠢ ᠬᠤᠲᠠ ᠶᠢᠨ | ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠲᠣᠮᠣ ᠬᠡᠷᠡᠭᠯᠡᠭᠴᠢ ᠶᠢᠨ ᠬᠠᠮᠢᠶᠠᠷᠤᠯᠲᠠ ᠶᠢᠨ ᠲᠥᠪ᠂ | ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ︵ᠡᠵᠡᠩᠨᠡᠨ ᠪᠣᠷᠣᠯᠠᠭᠤᠯᠬᠤ ᠬᠡᠯᠲᠡᠰ | ︶᠂ ᠲᠣᠭᠤᠷᠢᠭ ᠤᠨ ᠳᠠᠪᠤᠰᠤᠨ ᠤ ᠦᠢᠯᠡᠰ ᠤᠨ ᠬᠤᠪᠢᠶᠠᠷᠢ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ | ᠦᠬᠠᠢ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ | ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠤᠳᠠ ᠶᠢᠨ ᠬᠤᠪᠢᠶᠠᠷᠢ | ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ | ᠤᠯᠤᠰ ᠤᠨ ᠴᠠᠬᠢᠯᠭᠠᠨ ᠬᠤᠯᠪᠣᠭᠠᠨ ᠤ ᠤᠳᠠ ᠶᠢᠨ ᠡᠵᠡᠩᠨᠡᠯᠲᠡ ᠶᠢᠨ ᠬᠡᠯᠲᠡᠰ ᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠵᠤᠤ ᠬᠠᠢ ᠪᠥᠸᠧ ᠲᠣᠭᠤᠷᠢᠭ ᠤᠨ ᠳᠠᠷᠤᠭ᠎ᠠ ᠶᠢ ᠬᠠᠮᠵᠢᠨ ᠬᠤᠳᠠ ᠶᠢᠨ | ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠣᠶᠤᠨᠲᠤ ᠬᠤᠳᠠ ᠶᠢᠨ ᠪᠦᠲᠦᠭᠡᠨ | ᠪᠠᠶᠢᠭᠤᠯᠤᠯᠲᠠ᠂ ᠵᠠᠮ ᠲᠡᠭᠡᠭᠡᠪᠦᠷᠢ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠲᠥᠯᠦᠪᠵᠢᠭᠦᠯᠭᠡ᠂ ᠭᠠᠵᠠᠷ ᠰᠢᠷᠣᠢ᠂ | ᠤᠢ ᠰᠢᠭᠤᠢ ᠡᠪᠡᠰᠦ ᠪᠡᠯᠴᠢᠭᠡᠷ᠂ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ | ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠲᠥᠪ᠂ | ᠦᠬᠠᠢ ᠬᠤᠲᠠ ᠶᠢᠨ ᠬᠤᠲᠠ ᠶᠢᠨ ᠬᠥᠭᠵᠢᠭᠦᠯᠦᠯᠲᠡ ᠪᠡᠯᠡ ᠲᠣᠬᠢᠷᠠᠭᠤᠯᠭ᠎ᠠ ᠶᠢᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠦᠬᠠᠢ ᠬᠤᠲᠠ ᠶᠢᠨ ᠤᠳᠠ ᠲᠣᠭᠤᠷᠢᠭ ᠤᠨ ᠢᠯᠴᠢ ᠶᠢᠨ ᠬᠦᠴᠦᠨ ᠤ ᠪᠦᠯᠦᠭᠯᠡᠯ ᠤᠨ | ᠬᠢᠵᠠᠭᠠᠷᠲᠤ ᠺᠣᠮᠫᠠᠨᠢ᠂ ᠦᠬᠠᠢ ᠬᠤᠲᠠ ᠶᠢᠨ ᠤᠳᠠ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠬᠤᠪᠢᠳᠠᠨ | ᠬᠠᠮᠢᠶᠠᠷᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠲᠥᠯᠦᠪᠵᠢᠭᠦᠯᠭᠡ᠂ ᠭᠠᠵᠠᠷ ᠰᠢᠷᠣᠢ᠂ ᠣᠶ | ᠰᠢᠭᠤᠢ ᠡᠪᠡᠰᠦ ᠪᠡᠯᠴᠢᠭᠡᠷ ᠤᠨ ᠲᠠᠯ᠎ᠠ︶᠂ ᠦᠬᠠᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠳᠠ ᠶᠢᠨ ᠶᠡᠭᠡ ᠠᠩᠭᠢ᠂ | ᠤᠳᠠ ᠶᠢᠨ ᠵᠠᠰᠠᠮᠠᠯ ᠵᠠᠮ ᠤᠨ ᠬᠡᠰᠡᠭ᠂ ᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠷᠢ ᠺᠣᠮᠫᠠᠨᠢ᠂ | ᠦᠬᠠᠢ ᠶᠢᠨ ᠪᠠᠷᠠᠭᠤᠨ ᠥᠷᠲᠡᠭᠡ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢ ᠵᠢᠶᠠᠨ ᠮᠢᠩ ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ | ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬᠢᠳᠠᠯ | ᠰᠣᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ | ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠵᠠᠬᠢᠳᠠᠯ | ᠰᠣᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ | ᠤᠳᠠ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠨᠠᠷᠠᠨ ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ︶ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠮᠧᠩ ᠲᠣᠭᠤᠷᠢᠭ ᠤᠨ ᠳᠠᠷᠤᠭ᠎ᠠ ᠶᠢ ᠬᠠᠮᠵᠢᠨ ᠲᠠᠷᠢᠶᠠᠯᠠᠩ ᠤᠰᠤᠨ ᠤ | ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠲᠠᠯ᠎ᠠ | ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ | ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠲᠤᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠲᠤᠭᠤᠷᠢᠭ ᠤᠨ | ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠴᠢᠶᠣᠤ ᠬᠠᠢ ᠼᠦᠨ ᠲᠣᠭᠤᠷᠢᠭ ᠤᠨ ᠳᠠᠷᠤᠭ᠎ᠠ ᠶᠢ ᠬᠠᠪᠰᠤᠷᠤᠨ | ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠪᠠᠭᠲᠠᠨ᠎ᠠ︶᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ | ᠬᠡᠯᠡ ᠪᠢᠴᠢᠭ ᠤᠨ ᠠᠵᠢᠯ ᠤᠨ ᠵᠥᠪᠯᠡᠯ︶ ᠢ ᠬᠤᠪᠢᠳᠠᠨ ᠬᠠᠮᠢᠶᠠᠷᠴᠤ᠂ ᠯᠢ ᠵᠢᠶᠠᠨ ᠮᠢᠩ ᠨᠥᠬᠦᠷ ᠢ ᠬᠠᠪᠰᠤᠷᠤᠨ | ᠵᠠᠬᠢᠳᠠᠯ ᠰᠣᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠢ ᠥᠷᠨᠢᠭᠦᠯᠦᠨ᠎ᠡ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠭᠡᠳ ᠢ ᠹᠧᠢ ᠲᠣᠭᠤᠷᠢᠭ ᠤᠨ ᠳᠠᠷᠤᠭ᠎ᠠ ᠶᠢ ᠬᠠᠪᠰᠤᠷᠤᠨ ᠰᠣᠶᠣᠯ | ᠵᠤᠭᠠᠴᠠᠯ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ︵ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ︶᠂ ᠲᠤᠭᠤᠷᠢᠭ ᠤᠨ ᠰᠣᠶᠣᠯ ᠵᠤᠭᠠᠴᠠᠯ | ᠪᠡᠶ᠎ᠡ ᠶᠢᠨ ᠲᠠᠮᠢᠷ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠤᠭᠤᠷᠢᠭ ᠤᠨ | ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠴᠤ᠂ ᠦ᠋ ᠪᠢᠩ ᠶᠦᠨ | ᠨᠥᠬᠦᠷ ᠢ ᠬᠠᠪᠰᠤᠷᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠯ᠎ᠠ ᠶᠢᠨ ᠠᠵᠢᠯ ᠢ ᠥᠷᠨᠢᠭᠦᠯᠵᠦ᠂ | ᠯᠢᠦ ᠮᠧᠩ ᠨᠥᠬᠦᠷ ᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠶᠢᠨ ᠠᠵᠢᠯ ᠢ | ᠥᠷᠨᠢᠭᠦᠯᠦᠨ᠎ᠡ᠃ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠤᠳᠬ᠎ᠠ ᠵᠣᠬᠢᠶᠠᠯ | ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠡᠯ᠎ᠡ ᠮᠥᠩᠭᠦᠨ ᠭᠦᠢᠯᠭᠡᠭᠡᠨ ᠪᠠ ᠳᠠᠭᠠᠳᠬᠠᠯ ᠤᠨ ᠪᠠᠶᠢᠭᠤᠯᠤᠮᠵᠢ᠂ | ᠦᠬᠠᠢ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠤᠳᠠ ᠠᠵᠢᠯᠯᠠᠬᠤ ᠥᠷᠲᠡᠭᠡ᠂ ᠥᠪᠥᠷ ᠮᠣᠩᠭᠤᠯ ᠤᠨ | ᠷᠠᠳᠢᠣ᠋ ᠲᠧᠯᠸᠢᠰ ᠤᠨ ᠲᠣᠣᠷ ᠰᠦᠯᠵᠢᠶ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠳᠠ ᠬᠤᠪᠢᠶᠠᠷᠢ | ᠺᠣᠮᠫᠠᠨᠢ ᠲᠠᠢ ᠬᠠᠷᠢᠯᠴᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠵᠣᠬᠢᠴᠠᠩᠭᠤᠢ ᠪᠥᠭᠡᠳ ᠡᠮᠬᠢ | ᠵᠢᠷᠤᠮ ᠲᠠᠢ᠂ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠭᠦᠨ ᠨᠠᠷ ᠬᠤᠭᠤᠷᠣᠨᠳᠤ ᠪᠠᠨ AB ᠳᠦᠷᠰᠦ ᠪᠠᠶᠢᠷᠢ | ᠨᠥᠬᠦᠪᠦᠷᠢᠯᠡᠬᠦ ᠠᠵᠢᠯ ᠤᠨ ᠳᠦᠷᠢᠮ ᠢ ᠬᠡᠷᠡᠭᠵᠢᠭᠦᠯᠵᠦ᠂ ᠲᠣᠰ ᠲᠣᠰ ᠲᠢᠶᠠᠨ ᠶᠦᠩ ᠰᠢᠶᠠᠩ ᠪᠣᠯᠣᠨ ᠯᠢᠦ ᠨᠠᠷᠠᠨ᠂ | ᠦ᠋ ᠪᠢᠩ ᠶᠦᠨ ᠪᠣᠯᠣᠨ ᠭᠧ ᠢ ᠹᠧᠢ᠂ ᠵᠣᠣ ᠬᠠᠢ ᠪᠥᠸᠧ ᠪᠣᠯᠣᠨ ᠯᠢᠦ ᠮᠧᠩ᠂ ᠯᠢ ᠵᠢᠶᠠᠨ ᠮᠢᠩ ᠪᠣᠯᠣᠨ ᠴᠢᠶᠣᠤ | ᠬᠠᠢ ᠼᠦᠨ ᠬᠠᠷᠢᠯᠴᠠᠨ AB ᠳᠦᠷᠰᠦ ᠪᠣᠯᠭᠠᠪᠠ᠃ ᠬᠠᠷᠢᠯᠴᠠᠨ AB ᠳᠦᠷᠰᠦ ᠪᠣᠯᠬᠤ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠨᠢ ᠪᠠᠶᠢᠷᠢ ᠨᠥᠬᠦᠪᠦᠷᠢᠯᠡᠬᠦ ᠬᠤᠭᠤᠴᠠᠭᠠᠨ ᠳᠤ᠂ ᠳᠡᠭᠡᠳᠦ ᠳᠣᠣᠷᠠᠳᠤ | ᠱᠠᠲᠤᠨ ᠤ ᠢᠷᠡᠭᠦᠯᠦᠭᠰᠡᠨ ᠪᠢᠴᠢᠭ ᠮᠠᠲ᠋ᠧᠷᠢᠶᠠᠯ᠂ ᠪᠢᠴᠢᠭ ᠮᠠᠲ᠋ᠧᠷᠢᠶᠠᠯ ᠲᠠᠷᠬᠠᠭᠠᠬᠤ ᠵᠡᠷᠭᠡ ᠠᠯᠪᠠᠨ ᠪᠢᠴᠢᠭ ᠤᠨ | ᠤᠴᠢᠷ ᠶᠠᠪᠤᠳᠠᠯ ᠢ ᠣᠷᠣᠯᠠᠨ ᠰᠢᠢᠳᠪᠦᠷᠢᠯᠡᠨ᠎ᠡ︔ ᠡᠯ᠎ᠡ ᠲᠥᠷᠥᠯ ᠤᠨ ᠬᠤᠷᠠᠯ ᠳᠤ ᠣᠷᠤᠯᠴᠠᠬᠤ ᠪᠤᠶᠤ ᠬᠤᠷᠠᠯᠳᠤᠵᠤ | ᠂ ᠳᠡᠭᠡᠳᠦ ᠱᠠᠲᠤᠨ ᠤ ᠪᠠᠶᠢᠴᠠᠭᠠᠨ ᠵᠢᠯᠤᠭᠤᠳᠬᠤ ᠪᠤᠶᠤ ᠣᠷᠣᠨ ᠠᠴᠠ ᠢᠷᠡᠭᠰᠡᠨ ᠵᠣᠴᠢᠳ ᠢ ᠭᠥᠯᠢᠶᠡᠨ ᠠᠪᠴᠤ | ᠲᠣᠭᠤᠷᠢᠨ ᠦᠵᠡᠭᠦᠯᠵᠦ ᠪᠠᠶᠢᠴᠠᠭᠠᠨ᠎ᠠ︔ ᠡᠳᠦᠷ ᠲᠤᠲᠤᠮ ᠤᠨ ᠬᠤᠪᠢᠳᠠᠨ ᠬᠠᠮᠢᠶᠠᠷᠴᠤ ᠪᠠᠶᠢᠭ᠎ᠠ ᠵᠢᠴᠢ ᠲᠤᠰᠬᠠᠢ | ᠵᠦᠢᠯ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢ ᠣᠷᠣᠯᠠᠨ ᠭᠦᠢᠴᠡᠳᠬᠡᠨ᠎ᠡ︔ ᠪᠤᠰᠤᠳ ᠲᠦᠷ ᠴᠠᠭ ᠤᠨ | ᠠᠯᠪᠠᠨ ᠶᠠᠪᠤᠳᠠᠯ ᠵᠢᠴᠢ ᠭᠡᠨᠡᠳᠲᠡ ᠶᠢᠨ ᠬᠡᠷᠡᠭ ᠢ ᠣᠷᠣᠯᠠᠨ ᠰᠢᠢᠳᠪᠦᠷᠢᠯᠡᠨ᠎ᠡ᠃ ᠬᠠᠷᠢᠯᠴᠠᠨ AB ᠳᠦᠷᠰᠦ ᠪᠣᠯᠬᠤ | ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠭᠦᠨ ᠨᠢ ᠬᠠᠷᠢᠯᠴᠠᠨ ᠣᠷᠣᠯᠠᠵᠤ ᠳᠡᠶᠢᠯᠬᠦ ᠦᠭᠡᠢ | ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠪᠤᠰᠤᠳ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠭᠦᠨ ᠤ ᠡᠭᠦᠷᠭᠡ ᠲᠤᠰᠢᠶᠠᠯ ᠢᠶᠠᠨ | ᠣᠷᠣᠯᠠᠨ ᠭᠦᠢᠴᠡᠳᠬᠡᠬᠦ ᠶᠢ ᠵᠣᠬᠢᠴᠠᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠡᠯ᠎ᠡ | ᠲᠤᠰᠬᠠᠢ ᠤᠳᠤᠷᠢᠳᠬᠤ ᠪᠠᠶᠢᠭᠤᠯᠤᠮᠵᠢ ᠶᠢ ᠴᠥᠮ ᠲᠤᠰ ᠠᠵᠢᠯ ᠤᠨ ᠬᠤᠪᠢᠶᠠᠷᠢ ᠶᠢᠨ ᠶᠣᠰᠣᠭᠠᠷ ᠥᠪᠡᠷᠰᠡᠳ ᠢᠶᠠᠨ | ᠲᠣᠬᠢᠷᠠᠭᠤᠯᠤᠨ᠎ᠠ᠂ ᠠᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃ | 2022 ᠣᠨ ᠤ 7 ᠰᠠᠷ᠎ᠠ ᠶᠢᠨ 7 ᠤ ᠡᠳᠦᠷ | | | | | | | | | | | |