ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/2/14
     2 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠦ᠋ ᠪᠢᠩ ᠶᠦᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
     ᠯᠢᠦ ᠬᠤ᠋ ᠨᠠᠷ ᠤᠷᠢᠳ ᠬᠤᠵᠢᠳ ᠢ ᠬᠤᠸᠠ᠂ ᠬᠤᠸᠠ ᠳ᠋ᠢᠶᠠᠨ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠮᠧᠢ ᠹᠠᠩ ᠬᠡᠦᠷᠰᠢᠭᠦᠯᠦᠭᠰᠡᠨ᠂ ᠵᠢᠶᠦ᠋ᠨ ᠵᠧᠩ ᠬᠠᠶᠠᠭᠳᠠᠮᠠᠯ ᠤᠰᠤ᠂ ᠬᠠᠶᠠᠭᠳᠠᠮᠠᠯ ᠰᠢᠭᠠᠷᠤ ᠶᠢᠨ ᠭᠠᠳᠠᠭᠰᠢᠯᠠᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠰᠠ ᠦ᠋ ᠬᠤ᠋ ᠱᠠᠨ ᠠᠭᠤᠷᠬᠠᠢ ᠶᠢᠨ ᠬᠤᠳᠳᠤᠭ ᠤᠨ ᠡᠮᠦᠨ᠎ᠡ᠂ ᠵᠢᠶᠠᠨ ᠠᠨ ᠤ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠵᠤ ᠪᠠᠶᠢᠭ᠎ᠠ ᠪᠠᠶᠢᠳᠠᠯ ᠢ ᠣᠶᠢᠯᠠᠭᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
     ᠯᠢᠦ ᠬᠤ᠋ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠣᠷᠣᠯᠴᠠᠵᠤ᠂ ᠡᠮᠦᠨ᠎ᠡ ᠹᠷᠣᠨᠲ ᠲᠤ ᠵᠢᠯᠤᠭᠤᠳᠴᠤ᠂ ᠨᠢᠭᠡᠳᠦᠯᠲᠡᠢ ᠲᠣᠬᠢᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︽ᠳᠤᠯᠤᠭ᠎ᠠ ᠶᠢ ᠵᠠᠰᠠᠬᠤ︾ ᠳᠡᠭᠡᠷ᠎ᠡ ᠦᠷᠭᠦᠯᠵᠢᠯᠡᠨ ᠬᠦᠴᠦᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠬᠢᠯᠪᠠᠷ ᠪᠤᠰᠤ ᠪᠠᠷ ᠣᠯᠣᠭᠰᠠᠨ ᠵᠠᠰᠠᠯᠲᠠ ᠶᠢᠨ ᠦᠷ᠎ᠡ ᠪᠦᠲᠦᠭᠡᠯ ᠢ ᠦᠨᠡᠨᠬᠦ ᠪᠠᠲᠤᠯᠠᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ ᠶᠢ ᠴᠢᠩᠭᠠᠳᠬᠠᠵᠤ ᠂ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠲᠠᠯ᠎ᠠ ᠳᠤ ᠰᠠᠭᠤᠷᠢᠯᠠᠵᠤ᠂ ᠨᠢᠭᠡ ᠣᠷᠣᠨ ᠪᠦᠰᠡ ᠶᠢ ᠲᠥᠯᠥᠪᠵᠢᠭᠦᠯᠵᠦ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠠᠰᠠᠭᠤᠳᠠᠯ ᠢ ᠠᠳᠬᠤᠵᠤ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号