︽ᠤᠳᠠ ᠲᠣᠭᠤᠷᠢᠭ ᠤᠨ 2022 ᠣᠨ ᠤ ᠡᠳ᠋ ᠤᠨ ᠵᠠᠰᠠᠭ ᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/2/14
ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠳᠤ᠄︽ᠤᠳᠠ ᠲᠣᠭᠤᠷᠢᠭ ᠤᠨ 2022 ᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ︾ ᠢ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                                                      2022 ᠣᠨ ᠤ 2 ᠰᠠᠷ᠎ᠠ ᠶᠢᠨ 14ᠤᠳᠠ ᠲᠣᠭᠤᠷᠢᠭ ᠤᠨ 2022 ᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠦᠬᠠᠢ ᠬᠤᠲᠠ ᠶᠢᠨ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠵᠢᠴᠢ ︽ᠤᠳᠠ ᠲᠣᠭᠤᠷᠢᠭ ᠤᠨ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠪ ᠭᠤᠥᠯᠴᠢ᠂ ᠵᠦᠢ ᠵᠣᠬᠢᠰᠲᠠᠢ᠂ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠤᠳᠠ ᠲᠤᠭᠤᠷᠢᠭ ᠤᠨ ᠲᠠᠷᠢᠶᠠᠯᠠᠬᠤ ᠣᠷᠣᠨ ᠤ ᠬᠥᠮᠥᠨ ᠠᠮᠠ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠪᠠ᠃ᠨᠢᠭᠡ᠂ ᠪᠡᠯᠡ ᠮᠥᠩᠭᠦ ᠶᠢᠨ ᠢᠷᠡᠯᠲᠡ2022 ᠣᠨ ᠳᠤ᠂ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠡᠶᠢᠲᠡ 1296 ᠲᠦᠮᠡᠨ ᠲᠥᠭᠦᠷᠢᠭ ᠤᠨ ᠨᠥᠬᠦᠪᠦᠷᠢ ᠮᠥᠩᠭᠦ ᠣᠷᠣᠭᠤᠯᠪᠠ᠃ ᠡᠭᠦᠨ ᠳᠤ᠂ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ 105 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 891 ᠲᠦᠮᠡᠨ ᠲᠥᠭᠦᠷᠢᠭ ᠂ ᠤᠳᠠ ᠲᠤᠭᠤᠷᠢᠭ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 300 ᠲᠦᠮᠡᠨ ᠲᠥᠭᠦᠷᠢᠭ ᠪᠠᠶᠢᠨ᠎ᠠ᠃ᠬᠤᠶᠠᠷ᠂ ᠪᠡᠯᠡ ᠮᠥᠩᠭᠦ ᠶᠢᠨ ᠬᠤᠪᠢᠶᠠᠷᠢᠯᠠᠯᠲᠠ ᠬᠢᠭᠡᠳ ᠬᠡᠷᠡᠭᠴᠡᠭᠡ︵ᠨᠢᠭᠡ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢ ᠵᠣᠯᠭᠠᠭᠤᠯᠬᠤ1. ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠪᠡᠯᠡ ᠮᠥᠩᠭᠦᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 0.1 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠭᠡᠷ ᠪᠦᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠰᠤᠷᠭᠠᠨ ᠬᠥᠮᠦᠵᠢᠯ ᠤᠨ ᠱᠠᠲᠤᠨ ᠤ ᠨᠥᠬᠦᠪᠦᠷᠢ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ2. ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠪᠡᠯᠡ ᠮᠥᠩᠭᠦᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 0.046 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠦᠷᠢ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ3. ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢᠨ ᠨᠥᠬᠦᠪᠦᠷᠢᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 2 ᠲᠦᠮᠡᠨ ᠲᠥᠭᠦᠷᠢᠭ᠃ᠪᠡᠯᠡ ᠮᠥᠩᠭᠦ ᠶᠢᠨ ᠬᠡᠷᠡᠭᠴᠡᠭᠡ᠄ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠣᠷᠣᠭᠤᠯᠬᠤ ᠨᠥᠬᠦᠪᠦᠷᠢ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠨᠥᠬᠦᠪᠦᠷᠢ᠂ ᠮᠠᠯ ᠵᠢᠭᠦᠷᠲᠡᠨ ᠢ ᠬᠤᠳᠠᠯᠳᠤᠨ ᠣᠷᠣᠭᠤᠯᠬᠤ ᠨᠥᠬᠦᠪᠦᠷᠢ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ4. ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠨᠥᠬᠦᠪᠦᠷᠢ ᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 0.03 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ ᠶᠠᠳᠠᠭᠤ ᠠᠴᠠ ᠠᠩᠭᠢᠵᠢᠷᠠᠭᠤᠯᠬᠤ ᠡᠷᠦᠬᠡ ᠵᠢᠴᠢ ᠬᠢᠨᠠᠨ ᠰᠢᠯᠭᠠᠬᠤ ᠡᠷᠦᠬᠡ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠨᠥᠬᠦᠪᠦᠷᠢ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨᠴᠠᠯᠢᠭᠲᠤ ᠠᠵᠤ ᠦᠢᠯᠡᠰ ᠵᠢᠴᠢ ᠰᠠᠭᠤᠷᠢ ᠪᠡᠯᠡᠳᠬᠡᠮᠵᠢ ᠶᠢᠨ ᠲᠥᠷᠥᠯ ᠵᠦᠢᠯ1. ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠣᠲᠣ ᠦᠶ᠎ᠡ ᠶᠢᠨ ᠪᠡᠯᠡᠳᠬᠡᠮᠵᠢᠳᠦ ᠲᠠᠷᠢᠶᠠᠯᠠᠩ ᠤᠨ ᠰᠤᠳᠤᠯᠤᠨ ᠨᠡᠭᠡᠭᠡᠬᠦ ᠰᠠᠭᠤᠷᠢᠨ ᠭᠠᠵᠠᠷ ᠤᠨ ᠲᠥᠷᠥᠯ ᠵᠦᠢᠯᠪᠡᠯᠡ ᠮᠥᠩᠭᠦ ᠶᠢᠨ ᠪᠦᠷᠢᠯᠳᠦᠯ᠄ ᠲᠥᠷᠥᠯ ᠵᠦᠢᠯ ᠤᠨ ᠪᠡᠯᠡ ᠮᠥᠩᠭᠦ ᠶᠢ ᠨᠡᠶᠢᠲᠡ 200 ᠲᠦᠮᠡᠨ ᠲᠥᠭᠦᠷᠢᠭ ᠬᠡᠷᠡᠭᠯᠡᠨ᠎ᠡ᠃ ᠡᠭᠦᠨ ᠳᠤ᠂ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ 105 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 95 ᠲᠦᠮᠡᠨ ᠲᠥᠭᠦᠷᠢᠭ᠂  ᠲᠤᠭᠤᠷᠢᠭ ᠤᠨ ᠱᠠᠲᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 15 ᠲᠦᠮᠡᠨ ᠲᠥᠭᠦᠷᠢᠭ ᠪᠠᠶᠢᠨ᠎ᠠ᠃ᠪᠡᠯᠡ ᠮᠥᠩᠭᠦ ᠶᠢᠨ ᠬᠡᠷᠡᠭᠴᠡᠭᠡ᠄ ᠲᠤᠷᠰᠢᠯᠲᠠ ᠶᠢᠨ ᠬᠦᠯᠡᠮᠵᠢ ᠶᠢᠨ ᠲᠣᠮᠣ ᠫᠧᠩ ᠢ ᠥᠭᠡᠷᠡᠴᠢᠯᠡᠨ ᠳᠡᠭᠡᠭᠰᠢᠯᠡᠭᠦᠯᠵᠦ᠂ ᠬᠠᠮᠢᠶ᠎ᠠ ᠪᠦᠬᠦᠢ ᠪᠡᠯᠡᠳᠬᠡᠮᠵᠢ᠂ ᠲᠥᠬᠦᠭᠡᠷᠦᠮᠵᠢ ᠵᠡᠷᠭᠡ ᠶᠢ ᠨᠡᠮᠡᠵᠦ ᠲᠣᠬᠢᠷᠠᠭᠤᠯᠬᠤ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ2. ᠤᠯᠠᠭᠠᠨᠨᠠᠭᠤᠷ ᠪᠠᠯᠭᠠᠰᠤ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠥᠪᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠶᠢᠨ ᠪᠡᠯᠡ ᠮᠥᠩᠭᠦ 83 ᠲᠦᠮᠡᠨ ᠲᠥᠭᠦᠷᠢᠭ᠂ ᠲᠤᠭᠤᠷᠢᠭ ᠤᠨ ᠱᠠᠲᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 5 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠤᠯᠠᠭᠠᠨᠨᠠᠭᠤᠷ ᠪᠠᠯᠭᠠᠰᠤ3. ᠤᠯᠠᠭᠠᠨᠨᠠᠭᠤᠷ ᠪᠠᠯᠭᠠᠰᠤᠨ ᠤ ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠲᠥᠷᠥᠯ ᠵᠦᠢᠯᠪᠡᠯᠡ ᠮᠥᠩᠭᠦ ᠶᠢᠨ ᠪᠦᠷᠢᠯᠳᠦᠯ᠄ ᠲᠥᠷᠥᠯ ᠵᠦᠢᠯ ᠤᠨ ᠪᠡᠯᠡ ᠮᠥᠩᠭᠦ ᠳᠤ ᠨᠡᠶᠢᠲᠡ 253.6 ᠲᠦᠮᠡᠨ ᠲᠥᠭᠦᠷᠢᠭ ᠬᠡᠷᠡᠭᠯᠡᠵᠦ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ   ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 163.6 ᠲᠦᠮᠡᠨ ᠲᠥᠭᠦᠷᠢᠭ᠂  ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 90 ᠲᠦᠮᠡᠨ ᠲᠥᠭᠦᠷᠢᠭ᠂ ᠲᠤᠭᠤᠷᠢᠭ ᠤᠨ ᠱᠠᠲᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 20 ᠲᠦᠮᠡᠨ ᠲᠥᠭᠦᠷᠢᠭ ᠪᠠᠶᠢᠨ᠎ᠠ᠃ᠪᠡᠯᠡ ᠮᠥᠩᠭᠦ ᠶᠢᠨ ᠬᠡᠷᠡᠭᠴᠡᠭᠡ᠄ ᠽᠧ ᠶᠤᠸᠠᠨ ᠨᠡᠶᠢᠭᠡᠮ ᠲᠣᠭᠤᠷᠢᠭ ᠤᠨ ᠨᠢᠭᠡᠳᠦᠭᠡᠷ ᠰᠠᠭᠤᠭᠠᠯᠢ ᠠᠷᠠᠳ ᠤᠨ ᠳᠤᠭᠤᠶᠢᠯᠠᠩ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠳᠤ ᠬᠡᠷᠡᠭᠯᠡᠵᠦ᠂ ᠠᠷᠠᠳ ᠤᠨ ᠵᠠᠩ ᠦᠶᠯᠡ ᠶᠢᠨ ᠵᠡᠭᠡᠯᠢ ᠪᠠᠶᠢᠭᠤᠯᠤᠨ᠎ᠠ᠃ᠬᠠᠷᠢᠭᠤᠴᠠᠯᠭᠠᠲᠤ ᠨᠢᠭᠡᠴᠡ᠄ ᠤᠯᠠᠭᠠᠨᠨᠠᠭᠤᠷ ᠪᠠᠯᠭᠠᠰᠤ4. ᠤᠯᠠᠭᠠᠨᠨᠠᠭᠤᠷ ᠪᠠᠯᠭᠠᠰᠤᠨ ᠤ ᠽᠧ ᠶᠤᠸᠠᠨ ᠨᠡᠶᠢᠭᠡᠮ ᠲᠣᠭᠤᠷᠢᠭ ᠤᠨ ᠣᠶᠤᠨᠲᠤ ᠲᠠᠷᠢᠶᠠᠯᠠᠩ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯᠪᠡᠯᠡ ᠮᠥᠩᠭᠦ ᠶᠢᠨ ᠪᠦᠷᠢᠯᠳᠦᠯ᠄ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 240 ᠲᠦᠮᠡᠨ ᠲᠥᠭᠦᠷᠢᠭ᠂ ᠲᠤᠭᠤᠷᠢᠭ ᠤᠨ ᠱᠠᠲᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 13 ᠲᠦᠮᠡᠨ ᠲᠥᠭᠦᠷᠢᠭ᠃ᠪᠡᠯᠡ ᠮᠥᠩᠭᠦ ᠶᠢᠨ ᠬᠡᠷᠡᠭᠴᠡᠭᠡ᠄ ᠣᠶᠤᠨᠴᠢ ᠪᠠᠷ ᠡᠵᠡᠮᠳᠡᠵᠦ ᠪᠣᠯᠬᠤ ᠭᠠᠭᠴᠠ ᠣᠶᠤᠨᠴᠢ ᠦᠵᠡᠮᠦᠷᠢ ᠶᠢᠨ ᠰᠢᠯ ᠤᠨ ᠬᠦᠯᠡᠮᠵᠢ ᠪᠠᠶᠢᠭᠤᠯᠵᠤ᠂ ᠬᠦᠯᠡᠮᠵᠢ ᠶᠢᠨ ᠳᠣᠲᠣᠭᠠᠳᠤ ᠳᠤ ᠣᠷᠣᠨ ᠵᠠᠢ ᠶᠢᠨ ᠪᠠᠶᠢᠷᠢᠰᠢᠭᠤᠯᠤᠯᠲᠠ ᠶᠢᠨ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠬᠦᠯᠡᠮᠵᠢ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠪᠠ ᠲᠡᠭᠦᠯᠳᠡᠷᠵᠢᠭᠦᠯᠬᠦ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠤᠯᠠᠭᠠᠨᠨᠠᠭᠤᠷ ᠪᠠᠯᠭᠠᠰᠤ5. ᠤᠯᠠᠭᠠᠨᠨᠠᠭᠤᠷ ᠪᠠᠯᠭᠠᠰᠤ ᠶᠢᠨ 300 ᠮᠦ ᠪᠡᠯᠡᠳᠬᠡᠮᠵᠢ ᠶᠢᠨ ᠣᠷᠭᠠᠨᠢᠭ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯᠪᠡᠯᠡ ᠮᠥᠩᠭᠦ ᠶᠢᠨ ᠪᠦᠷᠢᠯᠳᠦᠯ᠄ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 290 ᠲᠦᠮᠡᠨ ᠲᠥᠭᠦᠷᠢᠭ᠂ ᠲᠤᠭᠤᠷᠢᠭ ᠤᠨ ᠱᠠᠲᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 9 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ 100 ᠮᠦ ᠬᠦᠯᠡᠮᠵᠢ ᠶᠢᠨ ᠣᠷᠭᠠᠨᠢᠭ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ᠂ 200 ᠮᠦ ᠭᠤᠯᠳᠤᠩ ᠫᠧᠩ ᠤᠨ ᠣᠷᠭᠠᠨᠢᠭ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠤᠯᠠᠭᠠᠨᠨᠠᠭᠤᠷ ᠪᠠᠯᠭᠠᠰᠤ6. ᠰᠠᠨ ᠳ᠋ᠣᠣ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠵᠦᠮ ᠤᠨ ᠲᠠᠷᠢᠮᠠᠯ ᠤᠨ ᠳᠡᠰ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠵᠢᠴᠢ ᠪᠠᠷᠢᠮᠵᠢᠶᠠᠵᠢᠭᠤᠯᠤᠭᠰᠠᠨ ᠲᠠᠷᠢᠮᠠᠯ ᠤᠨ ᠲᠦᠷᠦᠯ ᠵᠦᠢᠯᠪᠡᠯᠡ ᠮᠥᠩᠭᠦ ᠶᠢᠨ ᠪᠦᠷᠢᠯᠳᠦᠯ᠄ ᠲᠥᠷᠥᠯ ᠵᠦᠢᠯ ᠤᠨ ᠪᠡᠯᠡ ᠮᠥᠩᠭᠦ ᠶᠢ ᠨᠡᠶᠢᠲᠡ 100.504 ᠲᠦᠮᠡᠨ ᠲᠥᠭᠦᠷᠢᠭ ᠬᠡᠷᠡᠭᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ   ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 94.4 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 8 ᠲᠦᠮᠡᠨ ᠲᠥᠭᠦᠷᠢᠭ᠂ ᠲᠤᠭᠤᠷᠢᠭ ᠤᠨ ᠱᠠᠲᠤᠨ ᠤ ᠡᠳ᠋ ᠤᠨ ᠵᠠᠰᠠᠭ   ᠠᠴᠠ ᠬᠥᠳᠡᠭᠡ ᠲᠣᠰᠬᠤᠨ   ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 6.104 ᠲᠦᠮᠡᠨ ᠲᠥᠭᠦᠷᠢᠭ ᠪᠠᠶᠢᠨ᠎ᠠ᠃ᠪᠡᠯᠡ ᠮᠥᠩᠭᠦ ᠶᠢᠨ ᠬᠡᠷᠡᠭᠴᠡᠭᠡ᠄ ᠰᠠᠨ ᠳ᠋ᠣᠣ ᠺᠠᠨ ᠬᠡᠷᠡᠭ ᠡᠷᠬᠢᠯᠡᠬᠦ ᠭᠠᠵᠠᠷ ᠤᠨ ᠰᠢᠨ᠎ᠡ ᠡᠭᠦᠯᠳᠡᠷ ᠤᠨ ᠦᠵᠦᠮ ᠣᠷᠣᠭᠤᠯᠤᠨ ᠠᠪᠴᠢᠷᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ᠂ ᠪᠠᠷᠢᠮᠵᠢᠶᠠᠵᠢᠭᠤᠯᠤᠭᠰᠠᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠵᠡᠷᠭᠡ ᠲᠠᠯ᠎ᠠ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠰᠠᠨ ᠳ᠋ᠣᠣ ᠺᠠᠨ ᠬᠡᠷᠡᠭ ᠡᠷᠬᠢᠯᠡᠬᠦ ᠭᠠᠵᠠᠷ︵ᠭᠤᠷᠪᠠ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠬᠠᠮᠢᠶᠠᠷᠤᠯᠲᠠ1. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠵᠠᠷᠤᠳᠠᠯᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 12 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ ᠤᠯᠠᠭᠠᠨᠨᠠᠭᠤᠷ ᠪᠠᠯᠭᠠᠰᠤ ᠶᠢᠨ 5 ᠲᠦᠮᠡᠨ ᠲᠥᠭᠦᠷᠢᠭ᠂ ᠰᠠᠨ ᠳ᠋ᠣᠣ ᠺᠠᠨ ᠬᠡᠷᠡᠭ ᠡᠷᠬᠢᠯᠡᠬᠦ ᠭᠠᠵᠠᠷ ᠤᠨ 3 ᠲᠦᠮᠡᠨ ᠲᠥᠭᠦᠷᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 4 ᠲᠦᠮᠡᠨ ᠲᠥᠭᠦᠷᠢᠭ᠂ ᠭᠤᠣᠯᠳᠠᠭᠤ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ᠂ ᠪᠣᠯᠪᠠᠰᠤᠷᠠᠭᠤᠯᠤᠯ ᠰᠤᠷᠤᠯᠴᠠᠯᠭ᠎ᠠ᠂ ᠳᠡᠩᠰᠡᠯᠡᠨ ᠺᠠᠷᠲᠯᠠᠬᠤ᠂ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠠᠯᠪᠠᠯᠠᠬᠤ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠲᠠᠯ᠎ᠠ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠤᠯᠠᠭᠠᠨᠨᠠᠭᠤᠷ ᠪᠠᠯᠭᠠᠰᠤ᠂ ᠰᠠᠨ ᠳ᠋ᠣᠣ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ2. ᠲᠣᠰᠬᠤᠨ ᠳᠤ ᠰᠠᠭᠤᠬᠤ ᠠᠵᠢᠯ ᠤᠨ ᠶᠡᠷᠦᠩᠬᠡᠶᠢᠯᠡᠭᠰᠡᠨ ᠬᠠᠮᠢᠶᠠᠷᠤᠯᠲᠠᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 9 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ ᠽᠧ ᠶᠤᠸᠠᠨ ᠨᠡᠶᠢᠭᠡᠮ ᠲᠣᠭᠤᠷᠢᠭ ᠤᠨ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠠᠷᠠᠳ ᠢ ᠪᠠᠶᠠᠵᠢᠭᠤᠯᠬᠤ ᠨᠡᠶᠢᠭᠡᠮ ᠲᠣᠭᠤᠷᠢᠭ ᠤᠨ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠬᠤ᠋ ᠶᠠᠩ ᠨᠡᠶᠢᠭᠡᠮ ᠲᠣᠭᠤᠷᠢᠭ ᠤᠨ ᠲᠣᠰᠬᠤᠨ ᠳᠤ ᠰᠠᠭᠤᠬᠤ ᠠᠵᠢᠯᠯᠠᠬᠤ ᠠᠩᠭᠢ ᠲᠣᠰ ᠲᠣᠰ 3 ᠲᠦᠮᠡᠨ ᠲᠥᠭᠦᠷᠢᠭ ᠪᠠᠶᠢᠵᠤ᠂ ᠭᠤᠣᠯᠳᠠᠭᠤ ᠲᠣᠰᠬᠤᠨ ᠳᠤ ᠰᠠᠭᠤᠬᠤ ᠺᠠᠳ᠋ᠷᠴᠤᠳ ᠤᠨ ᠲᠣᠰᠬᠤᠨ ᠳᠤ ᠰᠠᠭᠤᠬᠤ ᠬᠤᠭᠤᠴᠠᠭᠠᠨ ᠳᠠᠬᠢ ᠴᠢᠬᠤᠯᠠ ᠪᠦᠬᠦᠢ ᠰᠤᠷᠤᠯᠴᠠᠬᠤ ᠮᠠᠲ᠋ᠧᠷᠢᠶᠠᠯ᠂ ᠠᠯᠪᠠᠨ ᠭᠡᠷ ᠤᠨ ᠬᠡᠷᠡᠭᠰᠡᠯ ᠬᠤᠳᠠᠯᠳᠤᠨ ᠠᠪᠬᠤ᠂ ᠭᠠᠳᠠᠭᠰᠢ ᠭᠠᠷᠴᠤ ᠰᠤᠷᠤᠯᠴᠠᠵᠤ ᠪᠣᠯᠪᠠᠰᠤᠷᠠᠭᠤᠯᠬᠤ ᠵᠡᠷᠭᠡ ᠳᠤ ᠬᠡᠷᠡᠭᠯᠡᠬᠦ ᠶᠢᠨ ᠬᠠᠮᠲᠤ ᠪᠠᠰᠠ ᠶᠠᠳᠠᠭᠤ   ᠠᠴᠠ ᠠᠩᠭᠢᠵᠢᠷᠠᠭᠰᠠᠨ ᠡᠷᠦᠬᠡ ᠶᠢᠨ ᠭᠡᠷ ᠪᠦᠯᠢ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠢ ᠬᠠᠪᠰᠤᠷᠬᠤ᠂ ᠭᠡᠷ ᠪᠦᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠠᠯ᠎ᠠ ᠳᠤ ᠬᠡᠷᠡᠭᠯᠡᠵᠦ ᠪᠣᠯᠣᠨ᠎ᠠ᠃ᠬᠠᠷᠢᠭᠤᠴᠠᠯᠭᠠᠲᠤ ᠨᠢᠭᠡᠴᠡ᠄ ᠽᠧ ᠶᠤᠸᠠᠨ ᠨᠡᠶᠢᠭᠡᠮ ᠲᠣᠭᠤᠷᠢᠭ ᠤᠨ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠠᠷᠠᠳ ᠢ ᠪᠠᠶᠠᠵᠢᠭᠤᠯᠬᠤ ᠨᠡᠶᠢᠭᠡᠮ ᠲᠣᠭᠤᠷᠢᠭ ᠤᠨ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠬᠤ ᠶᠠᠩ ᠨᠡᠶᠢᠭᠡᠮ ᠲᠣᠭᠤᠷᠢᠭ ᠤᠨ ᠲᠣᠰᠬᠤᠨ ᠳᠤ ᠰᠠᠭᠤᠬᠤ ᠠᠵᠢᠯᠯᠠᠬᠤ ᠠᠩᠭᠢ3. ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠥᠮᠥᠰ ᠤᠨ ᠨᠥᠬᠦᠪᠦᠷᠢᠪᠡᠯᠡ ᠮᠥᠩᠭᠦ ᠶᠢᠨ ᠪᠦᠷᠢᠯᠳᠦᠯ᠄ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ 23.72 ᠲᠦᠮᠡᠨ ᠲᠥᠭᠦᠷᠢᠭ ᠤᠨ ᠨᠥᠬᠦᠪᠦᠷᠢᠪᠡᠯᠡ ᠮᠥᠩᠭᠦ ᠶᠢᠨ ᠬᠡᠷᠡᠭᠴᠡᠭᠡ᠄ ᠭᠤᠣᠯᠳᠠᠭᠤ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠶᠢᠨ ᠬᠥᠮᠥᠰ ᠲᠤ ᠨᠥᠬᠦᠪᠦᠷᠢ ᠥᠭᠬᠦ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ4. ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠᠪᠡᠯᠡ ᠮᠥᠩᠭᠦ ᠶᠢᠨ ᠪᠦᠷᠢᠯᠳᠦᠯ᠄  ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 12 ᠲᠦᠮᠡᠨ ᠲᠥᠭᠦᠷᠢᠭ ᠪᠣᠯᠣᠨ᠎ᠠ᠃ᠪᠡᠯᠡ ᠮᠥᠩᠭᠦ ᠶᠢᠨ ᠬᠡᠷᠡᠭᠴᠡᠭᠡ᠄ ᠭᠤᠣᠯᠳᠠᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠠᠶᠢᠭᠤᠯᠤᠭᠰᠠᠨ ᠦᠨ᠎ᠡ ᠶᠢ ᠦᠨᠡᠯᠡᠨ ᠵᠢᠱᠢᠬᠦ᠂ ᠲᠥᠷᠥᠯ ᠵᠦᠢᠯ ᠤᠨ ᠠᠮᠵᠢᠯᠲᠠ ᠪᠦᠲᠦᠮᠵᠢ᠂ ᠬᠢᠨᠠᠨ ᠬᠠᠮᠢᠶᠠᠷᠬᠤ᠂ ᠮᠥᠷᠳᠡᠬᠦ ᠪᠠ ᠭᠤᠷᠪᠠᠳᠠᠭᠢ ᠡᠲᠡᠭᠡᠳ ᠢ ᠤᠷᠢᠳᠴᠢᠯᠠᠨ ᠤᠷᠢᠵᠤ ᠠᠵᠢᠯ ᠤᠨ ᠠᠮᠵᠢᠯᠲᠠ ᠪᠦᠲᠦᠮᠵᠢ ᠶᠢ ᠰᠢᠭᠰᠢᠨ ᠪᠠᠶᠢᠴᠠᠭᠠᠬᠤ ᠵᠢᠴᠢ ᠳᠡᠭᠡᠳᠦ ᠱᠠᠲᠤᠨ ᠤ ᠪᠠᠶᠢᠴᠠᠭᠠᠵᠤ ᠰᠢᠯᠭᠠᠨ ᠠᠪᠬᠤ ᠵᠡᠷᠭᠡ ᠬᠠᠮᠢᠶ᠎ᠠ ᠪᠦᠬᠦᠢ ᠵᠠᠷᠤᠯᠭ᠎ᠠ ᠳᠤ ᠬᠡᠷᠡᠭᠯᠡᠨ᠎ᠡ᠃ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠᠭᠤᠷᠪᠠ᠂ ᠪᠡᠯᠡ ᠮᠥᠩᠭᠦ ᠶᠢᠨ ᠬᠡᠷᠡᠭᠯᠡᠯᠲᠡ ᠬᠢᠭᠡᠳ ᠬᠢᠨᠠᠯᠲᠠ ᠬᠠᠮᠢᠶᠠᠷᠤᠯᠲᠠ︵ᠨᠢᠭᠡ︶ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠪᠡᠯᠡ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠡᠯᠡ ᠮᠥᠩᠭᠦ ᠬᠡᠷᠡᠭᠯᠡᠬᠦ ᠨᠢᠭᠡᠴᠡ ᠨᠢ ᠲᠤᠰᠬᠠᠢ ᠬᠥᠮᠥᠨ ᠢᠶᠠᠷ ᠬᠠᠮᠢᠶᠠᠷᠤᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠬᠡᠷᠡᠭᠵᠢᠭᠦᠯᠬᠦ ᠶᠢᠨ ᠬᠠᠮᠲᠤ ᠂ ᠪᠡᠯᠡ ᠮᠥᠩᠭᠦ ᠶᠢ ᠬᠡᠷᠡᠭᠯᠡᠬᠦ ᠶᠠᠪᠤᠴᠠ ᠳᠤ ᠲᠣᠭᠤᠷᠢᠭ ᠤᠨ ᠰᠢᠶᠠᠩ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠳᠠᠭᠤᠰᠤᠭᠰᠠᠨ ᠪᠣᠯᠪᠠᠴᠤ ᠮᠥᠨ ᠬᠦ ᠪᠡᠯᠡ ᠮᠥᠩᠭᠦ ᠶᠢᠨ ᠦᠯᠡᠳᠡᠪᠦᠷᠢ ᠲᠠᠢ ᠪᠤᠶᠤ ᠲᠥᠷᠥᠯ ᠵᠦᠢᠯ ᠢ ᠳᠠᠭᠤᠰᠬᠠᠭᠠᠳ ᠦᠯᠡᠳᠡᠭᠰᠡᠨ ᠪᠡᠯᠡ ᠮᠥᠩᠭᠦ ᠶᠢ ᠵᠣᠯᠭᠠᠭᠤᠯᠬᠤ ᠲᠤᠰᠬᠠᠢ ᠲᠠᠩᠰᠠᠨ ᠡᠷᠦᠬᠡ ︵ᠤᠤᠯ ᠤᠨ ᠶᠠᠳᠠᠭᠤ ᠶᠢ ᠲᠡᠳᠬᠦᠬᠦ ᠲᠠᠩᠰᠠᠨ ᠡᠷᠦᠬᠡ︶ ᠶᠢ ᠴᠠᠭ ᠲᠤᠬᠠᠢ ᠳᠤᠨᠢ ᠪᠤᠴᠠᠭᠠᠨ ᠥᠭᠴᠦ᠂ ᠣᠷᠣᠨ ᠤ ᠵᠠᠰᠠᠭ ᠤᠨ ᠣᠷᠳᠣᠨ   ᠠᠴᠠ ᠨᠢᠭᠡᠳᠦᠯᠲᠡᠢ ᠲᠣᠬᠢᠷᠠᠭᠤᠯᠬᠤ ᠬᠡᠷᠡᠭᠲᠡᠢ᠃︵ᠬᠤᠶᠠᠷ︶ ᠪᠡᠯᠡ ᠮᠥᠩᠭᠦ ᠶᠢ ᠵᠠᠷᠯᠠᠨ ᠨᠡᠶᠢᠲᠡᠯᠡᠬᠦ ᠶᠢ ᠴᠢᠩᠭᠠᠳᠬᠠᠨ᠎ᠠ᠃ ᠬᠠᠮᠢᠶ᠎ᠠ ᠪᠦᠬᠦᠢ ᠪᠠᠯᠭᠠᠰᠤ ︵ᠠᠯᠪᠠᠨ ᠭᠡᠷ ︶᠂ ᠨᠡᠶᠢᠭᠡᠮ ᠲᠣᠭᠤᠷᠢᠭ᠂ ᠡᠯ᠎ᠡ ᠰᠠᠯᠠᠭ᠎ᠠ ᠮᠥᠴᠢᠷ ᠤᠳ ︽ᠲᠥᠪ ᠤᠨ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢ ᠲᠥᠷᠥᠯ ᠵᠦᠢᠯ᠂ ᠨᠡᠶᠢᠭᠡᠮ ᠲᠣᠭᠤᠷᠢᠭ᠂ ᠡᠷᠦᠬᠡ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃- ᠡᠭᠦᠨ ᠤ ᠬᠠᠮᠲᠤ ᠪᠡᠯᠡ ᠮᠥᠩᠭᠦᠨ ᠤ ᠲᠦᠷᠦᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠶᠡᠷᠦᠩᠬᠡᠶᠢᠯᠡᠨ ᠦᠨᠡᠯᠡᠬᠦ ᠶᠢ ᠴᠢᠩᠭᠠᠳᠬᠠᠵᠤ᠂ ᠪᠡᠯᠡ ᠮᠥᠩᠭᠦ ᠬᠡᠷᠡᠭᠯᠡᠭᠴᠢ ᠶᠢᠨ ᠠᠮᠵᠢᠯᠲᠠ ᠪᠦᠲᠦᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃︵ᠭᠤᠷᠪᠠ︶ ᠪᠡᠯᠡ ᠮᠥᠩᠭᠦ ᠶᠢ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠴᠢᠩᠭᠠᠳᠬᠠᠨ᠎ᠠ᠃ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠳᠥᠯᠥᠬᠦ ᠠᠬᠢᠴᠠ ᠶᠢ ᠴᠠᠭ ᠲᠤᠬᠠᠢ ᠳᠤᠨᠢ ᠰᠢᠮᠳᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠪᠡᠯᠡ ᠮᠥᠩᠭᠦ ᠶᠢᠨ ᠲᠥᠷᠥᠯ ᠵᠦᠢᠯ ᠢ ᠳᠠᠭᠠᠵᠤ ᠶᠠᠪᠤᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠪᠡᠷ᠂ ᠪᠡᠯᠡ ᠮᠥᠩᠭᠦ ᠬᠡᠷᠡᠭᠯᠡᠬᠦ   ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠪᠡᠯᠡ ᠮᠥᠩᠭᠦ  ᠶᠢᠨ ᠬᠡᠷᠡᠭᠴᠡᠭᠡ ᠶᠢ ᠳᠤᠷ᠎ᠠ ᠪᠠᠷ  ᠢᠶᠠᠨ ᠬᠤᠪᠢᠷᠠᠭᠤᠯᠵᠤ ᠪᠣᠯᠬᠤ ᠦᠭᠡᠢ᠂ ᠪᠡᠯᠡ ᠮᠥᠩᠭᠦ ᠶᠢ ᠰᠢᠯᠵᠢᠭᠦᠯᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠃ ᠪᠡᠯᠡ ᠮᠥᠩᠭᠦ ᠬᠡᠷᠡᠭᠯᠡᠬᠦ ᠨᠢᠭᠡᠴᠡ ᠪᠣᠯᠣᠨ ᠬᠤᠪᠢ ᠬᠥᠮᠥᠨ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠳᠤᠮᠳᠠ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ᠂ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠪᠡᠯᠡ ᠮᠥᠩᠭᠦ ᠶᠢ ᠵᠠᠷᠯᠢᠭᠳᠠᠵᠤ ᠪᠠᠶᠢᠭᠠᠳ ᠤᠤᠯ ᠤᠨ ᠠᠷᠭ᠎ᠠ ᠵᠠᠮ  ᠳᠤᠨᠢ ᠪᠤᠴᠠᠭᠠᠯᠭᠠᠬᠤ ᠪᠤᠶᠤ ᠡᠳ᠋ ᠤᠨ ᠵᠠᠰᠠᠭ ᠢ ᠪᠤᠴᠠᠭᠠᠨ ᠠᠪᠬᠤ ᠠᠴᠠ ᠭᠠᠳᠠᠨ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠡ ᠶᠢ ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号