ᠠᠶᠢᠯ ᠪᠣᠯᠭᠠᠨ ᠬᠠᠮᠲᠤ ᠪᠠᠷ ᠨᠠᠶᠢᠷᠠᠯᠳᠤᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠵᠦ | ᠪᠠᠶᠢᠭ᠎ᠠ ᠲᠠᠰᠢᠷᠠᠮ ᠳᠤ᠂ 2 ᠰᠠᠷ᠎ᠠ ᠶᠢᠨ 15 ᠤ ᠡᠳᠦᠷ᠂ ᠤᠳᠠ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠯᠢᠶᠠᠩ ᠵᠢᠶᠠ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠴᠠᠭᠠᠨ | ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷᠯᠠᠨ ᠤᠭᠲᠤᠵᠤ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ︾ | ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠵᠡᠢ᠃ ᠱᠧᠦ ᠺᠠᠩ ᠰᠤᠪᠢᠯᠠᠯᠲᠠ ᠶᠢᠨ ᠬᠦᠷᠢᠶᠡᠯᠡᠩ ᠤᠨ | ᠨᠠᠰᠤᠲᠠᠶᠢᠴᠤᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠬᠦᠷᠭᠡᠭᠰᠡᠨ ᠤ ᠬᠠᠮᠲᠤ ᠥᠯᠵᠡᠶᠢᠲᠦ | ᠪᠣᠣᠪᠤ ᠪᠣᠯᠣᠨ ᠪᠠᠶᠠᠷ ᠤᠨ ᠡᠳᠦᠷ ᠤᠨ ᠢᠷᠦᠭᠡᠯ ᠳᠡᠪᠰᠢᠭᠦᠯᠵᠡᠢ᠃ | | ᠱᠧᠦ ᠺᠠᠩ ᠢ ᠰᠤᠪᠢᠯᠠᠯᠲᠠ ᠶᠢᠨ ᠬᠦᠷᠢᠶᠡᠯᠡᠩ ᠳᠤ᠂ ᠴᠢᠩ ᠦ᠋ ᠹᠧᠢ ᠶᠠᠩ ᠪᠥᠵᠢᠭ ᠤᠨ ᠠᠩᠭᠢ᠂ ᠲᠠᠢ | ᠵᠢᠢ ᠨᠡᠶᠢᠭᠡᠮᠯᠢᠭ ᠪᠣᠯᠣᠨ ᠯᠢᠶᠠᠩ ᠵᠢᠶᠠ ᠭᠧᠦ ᠪᠡᠭᠡᠵᠢᠩ ᠵᠦᠴᠦᠭᠡ ᠶᠢᠨ ᠬᠤᠷᠢᠶ᠎ᠠ ᠵᠡᠷᠭᠡ ᠭᠤᠶᠢᠳᠠ ᠰᠠᠶᠢᠬᠠᠨ | ᠲᠣᠭᠯᠠᠯᠲᠠ ᠵᠠᠯᠭᠠᠭ᠎ᠠ ᠪᠠᠷ ᠭᠠᠷᠴᠤ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠮᠠᠰᠢ ᠣᠯᠠᠨ ᠪᠠᠶᠠᠷ ᠤᠨ ᠥᠩᠭᠡ | ᠪᠤᠳᠤᠭ ᠨᠡᠮᠡᠷᠢᠯᠡᠭᠰᠡᠨ ᠪᠠᠶᠢᠨ᠎ᠠ᠃ ᠲᠡᠳᠡᠨ ᠤ ᠰᠡᠳᠬᠢᠯ ᠲᠠᠯᠪᠢᠨ ᠪᠣᠯᠪᠠᠰᠤᠷᠠᠵᠤ ᠪᠠᠶᠢᠭ᠎ᠠ ᠲᠣᠭᠯᠠᠯᠲᠠ᠂ ᠲᠡᠳᠡᠨ ᠤ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠮ᠎ᠠ ᠲᠣᠭᠯᠠᠯᠲᠠ᠂ ᠲᠠᠶᠢᠰᠠᠨ ᠳᠡᠭᠡᠷ᠎ᠡ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠪᠢᠯᠬᠠᠵᠤ᠂ ᠳᠠᠭᠤᠯᠠᠨ ᠪᠥᠵᠢᠭᠯᠡᠵᠦ᠂ ᠲᠠᠶᠢᠰᠠᠨ ᠳᠣᠣᠷ᠎ᠠ ᠪᠠᠶᠠᠷ ᠪᠠᠶᠠᠰᠬᠤᠯᠠᠩ ᠲᠠᠢ ᠪᠠᠷ | ᠲᠣᠭᠯᠠᠯᠲᠠ ᠶᠢᠨ ᠵᠠᠮ ᠳᠤ ᠪᠠᠶᠢᠨ ᠪᠠᠶᠢᠨ ᠠᠯᠠᠭ᠎ᠠ ᠲᠡᠰᠢᠯᠲᠡ ᠶᠢᠨ ᠲᠠᠭᠤᠨ ᠰᠣᠨᠣᠰᠳᠠᠵᠤ᠂ ᠱᠧᠦ ᠺᠠᠩ | ᠰᠣᠪᠢᠯᠠᠯᠲᠠ ᠶᠢᠨ ᠬᠦᠷᠢᠶᠡᠯᠡᠩ ᠤᠨ ᠠᠵᠢᠯᠲᠠᠳ ᠪᠠᠰᠠ ᠨᠠᠰᠤᠲᠠᠶᠢᠴᠤᠳ ᠲᠤ ᠣᠨᠢᠰᠤᠭ᠎ᠠ ᠲᠠᠭᠠᠬᠤ᠂ ᠪᠠᠩᠰᠢ ᠪᠠᠷᠢᠬᠤ | ᠵᠡᠷᠭᠡ ᠬᠦᠳᠡᠯᠭᠡᠭᠡᠨ ᠪᠡᠯᠡᠳᠬᠡᠪᠡ᠃ | ᠲᠣᠰ ᠤᠳᠠᠭᠠᠨ ᠤ ᠠᠵᠢᠯᠯᠠᠭ᠎ᠠ ᠨᠢ ᠲᠤᠬᠠᠢ ᠶᠢᠨ ᠲᠠᠯᠠᠪᠤᠷ ᠲᠤ ᠪᠠᠶᠢᠭ᠎ᠠ ᠬᠥᠮᠥᠰ ᠤᠨ ᠲᠠᠭᠠᠰᠢᠶᠠᠯ ᠢ | ᠣᠯᠣᠭᠰᠠᠨ ᠪᠥᠭᠡᠳ ᠲᠡᠳᠡᠨ ᠤ ᠠᠮᠢᠳᠤᠷᠠᠯ ᠳᠤ ᠥᠩᠭᠡ ᠪᠤᠳᠤᠭ ᠨᠡᠮᠡᠷᠢᠯᠡᠵᠦ᠂ ᠠᠮᠢᠵᠢᠷᠠᠯ ᠤᠨ ᠬᠦᠴᠦᠨ ᠪᠠ ᠪᠠᠶᠠᠷ | ᠪᠠᠶᠠᠰᠤᠯ ᠢ ᠠᠪᠴᠢᠷᠠᠵᠤ᠂ ᠪᠠᠶᠠᠷ ᠬᠥᠷ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ | ᠪᠣᠯᠭᠠᠵᠤ᠂ ᠤᠳᠠ ᠲᠤᠭᠤᠷᠢᠭ ᠤᠨ ᠠᠷᠠᠳ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ | ᠦᠨᠡᠨ ᠬᠦ ᠮᠡᠳᠡᠭᠦᠯᠦᠭᠰᠡᠨ ᠪᠠᠶᠢᠨ᠎ᠠ᠃ |