ᠤᠳᠠ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 49 ᠳ᠋ᠦ᠋ᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/16
     2 ᠰᠠᠷ᠎ᠠ ᠶᠢᠨ 16 ᠤ ᠡᠳᠦᠷ᠂ ᠤᠳᠠ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 49 ᠳ᠋ᠦ᠋ᠭᠡᠷ ᠤᠳᠠᠭᠠᠨ ᠤ ᠬᠤᠷᠠᠯ ᠬᠤᠷᠠᠯᠳᠤᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠨᠠᠷᠠᠨ᠂ ᠯᠢᠦ ᠮᠧᠩ ᠬᠤᠷᠠᠯ ᠳᠤ ᠣᠷᠣᠯᠴᠠᠵᠠᠢ᠃
     ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠳᠠᠯ ᠪᠣᠯᠣᠨ ᠮᠠᠨᠵᠤᠤᠷ ᠬᠤᠳᠠ᠂ ᠬᠥᠬᠡᠬᠤᠲᠠ ᠶᠢᠨ ᠬᠢᠵᠢᠭ ᠤᠨ ᠪᠠᠶᠢᠳᠠᠯ ᠤᠨ ᠪᠠᠶᠢᠳᠠᠯ ᠢ ᠮᠡᠳᠡᠭᠳᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠳᠠᠶᠢᠨ ᠤ ᠭᠠᠷ ᠳᠡᠪᠲᠡᠷ︾ ᠢ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
ᠬᠤᠷᠠᠯ ᠠᠴᠠ ᠴᠢᠬᠤᠯᠠᠴᠢᠯᠠᠭᠰᠠᠨ ᠨᠢ      ᠣᠳᠣᠬᠠᠨ ᠳᠤ ᠶᠠᠭ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠬᠥᠮᠥᠰ ᠤᠨ ᠨᠡᠭᠦᠳᠡᠯ ᠪᠠ ᠡᠳ᠋ ᠪᠠᠷᠠᠭᠠᠨ ᠤ ᠭᠦᠢᠯᠭᠡᠭᠡᠨ ᠤ ᠣᠷᠭᠢᠯ ᠤᠨ ᠬᠤᠭᠤᠴᠠᠭ᠎ᠠ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ ᠃ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠭᠠᠵᠠᠷ ᠣᠷᠣᠨ ᠠᠴᠠ ᠤᠳᠠ ᠳᠤ ᠪᠣᠴᠠᠵᠦ ᠢᠷᠡᠭᠰᠡᠨ ᠬᠦᠮᠦᠰ ᠢ ᠪᠠᠶᠢᠴᠠᠭᠠᠨ ᠢᠯᠡᠷᠡᠭᠦᠯᠬᠦ ᠡᠷᠴᠢᠮ ᠢ ᠴᠢᠩᠭᠠᠷᠠᠭᠤᠯᠵᠤ᠂ ᠡᠷᠬᠡᠪᠰᠢ ᠬᠥᠮᠥᠷᠭᠡ ᠪᠠᠨ ᠴᠡᠪᠡᠷᠯᠡᠨ ᠪᠦᠬᠦᠨ ᠢ ᠰᠢᠢᠳᠪᠦᠷᠢᠯᠡᠵᠦ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠪᠣᠳᠠᠲᠠᠢ ᠭᠠᠵᠠᠷ ᠲᠤᠨᠢ ᠵᠢᠭᠰᠠᠭᠠᠨ ᠪᠠᠶᠢᠴᠠᠭᠠᠬᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠠ ᠲᠤᠰᠠᠭᠠᠷᠯᠠᠨ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ︽ᠳᠥᠷᠪᠡᠨ  ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠣᠭᠤᠮᠲᠠ ᠨᠢᠭᠡᠪᠦᠷᠢ ᠪᠠ ᠡᠯ᠎ᠡ ᠭᠤᠭᠴᠤᠭ᠎ᠠ ᠶᠢ ᠴᠢᠩᠭ᠎ᠠ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠠᠯᠳᠠᠰᠢ ᠭᠠᠷᠬᠤ ᠶᠢ ᠴᠠᠭ ᠲᠤᠬᠠᠢ ᠳᠤᠨᠢ ᠪᠥᠭᠯᠡᠵᠦ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠣᠨ ᠡᠯ᠎ᠡ ᠰᠤᠷᠭᠠᠭᠤᠯᠢ ᠨᠤᠭᠤᠳ ᠰᠤᠷᠭᠠᠭᠤᠯᠢ ᠡᠬᠢᠯᠡᠬᠦ ᠠᠴᠠ ᠡᠮᠦᠨᠡᠬᠢ ᠣᠷᠴᠢᠨ ᠠᠬᠤᠢ ᠶᠢ ᠤᠰᠠᠳᠬᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠪᠠᠯᠭᠠᠰᠤ᠂ ᠡᠯ᠎ᠡ ᠵᠡᠭᠡᠯᠢ ᠭᠤᠳᠤᠮᠵᠢ ᠠᠷᠭ᠎ᠠ ᠪᠤᠳᠤᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠸᠠᠺᠼᠢᠨ ᠤ ᠲᠠᠷᠢᠯᠭ᠎ᠠ ᠬᠢᠬᠦ ᠪᠠ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠠᠵᠢᠯ ᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号