ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ︽ᠳᠥᠷᠪᠡᠨ ᠦᠭᠡᠢ ᠬᠤᠶᠠᠷ ᠰᠢᠯᠤᠭᠤᠨ︾ ᠠᠷᠭ᠎ᠠ ᠮᠠᠶ᠋ᠢᠭ ᠢᠶᠠᠷ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠢᠭᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/2/21
    2 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ︽ᠳᠥᠷᠪᠡᠨ ᠦᠭᠡᠢ ᠬᠤᠶᠠᠷ ᠰᠢᠯᠤᠭᠤᠨ︾ ᠠᠷᠭ᠎ᠠ ᠮᠠᠶ᠋ᠢᠭ ᠢ ᠠᠪᠴᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠢᠭᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠪᠠ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠪᠠ᠃ ᠲᠤᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠦ᠋ ᠪᠢᠩ ᠶᠦᠨ ᠪᠠᠷ᠎ᠠ ᠪᠣᠯᠵᠤ ᠪᠠᠶᠢᠴᠠᠭᠠᠪᠠ᠃
     ᠶᠠᠨ ᠸᠧᠨ ᠯᠦᠩ ᠴᠢᠬᠤᠯᠠᠴᠢᠯᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠦᠭᠡᠢ ᠪᠠᠷ ᠴᠡᠭᠴᠡᠯᠡᠨ ᠰᠠᠶᠢᠵᠢᠷᠠᠭᠤᠯᠬᠤ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠠᠵᠢᠯᠯᠠᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠡᠯ᠎ᠡ ᠵᠦᠢᠯ ᠤᠨ ᠠᠵᠢᠯ ᠢᠶᠠᠨ ᠨᠠᠷᠢᠯᠢᠭ ᠪᠣᠳᠠᠲᠠᠢ ᠬᠢᠵᠦ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠨᠠᠷᠢᠨ ᠪᠥᠭᠡᠳ ᠲᠦᠷᠭᠡᠨ ᠠᠳᠬᠤᠵᠤ᠂ ᠬᠠᠷᠠᠯᠲᠠ ᠶᠢ ᠠᠳᠬᠤᠬᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ᠂ ᠭᠤᠣᠯᠳᠠᠯᠭ᠎ᠠ ᠶᠢ ᠠᠳᠬᠤᠬᠤ᠂ ᠨᠠᠶᠢᠳᠠᠪᠤᠷᠢᠵᠢᠭᠤᠯᠬᠤ ᠶᠢ ᠠᠳᠬᠤᠬᠤ ᠶᠢ ᠦᠨᠡᠨᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠲᠠᠯ᠎ᠠ ᠪᠠᠷ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠳᠬᠤᠵᠤ᠂ ᠨᠢᠭᠡ ᠲᠠᠯ᠎ᠠ ᠪᠠᠷ ᠬᠡᠪ ᠤᠨ ᠬᠠᠮᠢᠶᠠᠷᠤᠯᠲᠠ ᠶᠢ ᠠᠳᠬᠤᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢ ᠲᠣᠭᠲᠠᠭᠰᠠᠨ ᠴᠠᠭ ᠦᠭᠡᠢ ᠪᠠᠷ ᠥᠷᠨᠢᠭᠦᠯᠵᠦ᠂ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠠᠯᠢ ᠲᠦᠷᠭᠡᠨ ᠢᠶᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠣᠯᠬᠤ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号