︽ᠬᠤᠶᠠᠷ ᠢ ᠢᠯᠠ ᠪᠣᠯᠭᠠᠬᠤ︾ ᠠᠵᠢᠯᠯᠠᠭ᠎ᠠ ᠶᠢ ᠤᠯᠠᠮ ᠨᠢᠭᠡ ᠠᠯᠬᠤᠮ ᠤᠬᠠᠭᠤᠯᠵᠤ᠂ ᠰᠠᠭᠤᠭᠠᠯᠢ | ᠠᠷᠠᠳ ᠤᠨ ᠣᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠣᠷᠤᠯᠴᠠᠬᠤ ᠬᠠᠯᠠᠭᠤᠨ ᠰᠡᠳᠬᠢᠯᠭᠡ ᠶᠢ | ᠳᠡᠭᠡᠭᠰᠢᠯᠡᠭᠦᠯᠬᠦ ᠶᠢᠨ ᠲᠥᠯᠥᠭᠡ᠂ ᠪᠢᠨᠬᠠᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠵᠣᠬᠢᠶᠠᠨ | ᠪᠠᠶᠢᠭᠤᠯᠬᠤ ᠪᠠᠶᠢᠭᠤᠯᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠪᠠᠨ ᠡᠯ᠎ᠡ ᠲᠥᠷᠥᠯ ᠤᠨ | ᠲᠠᠯᠠᠪᠤᠷ ᠲᠤ ᠬᠦᠷᠴᠦ ︽ᠬᠤᠶᠠᠷ ᠢ ᠢᠯᠠ ᠪᠣᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ | ᠠᠷᠠᠳ ᠤᠨ ᠮᠡᠳᠡᠬᠦ ᠨᠣᠷᠮ᠎ᠠ ᠶᠢ ᠳᠡᠭᠡᠭᠰᠢᠯᠡᠭᠦᠯᠵᠦ᠂ ︽ᠬᠤᠶᠠᠷ ᠢ ᠢᠯᠠ ᠪᠣᠯᠭᠠᠬᠤ︾ ᠶᠢ ᠥᠨᠳᠥᠷ | ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ | | ᠡᠯ᠎ᠡ ᠨᠡᠶᠢᠭᠡᠮ ᠲᠣᠭᠤᠷᠢᠭ ᠤᠨ LED ᠲᠣᠮᠣ ᠳᠡᠯᠭᠡᠴᠡ ᠳᠤ ᠤᠬᠠᠭᠤᠯᠭ᠎ᠠ ᠶᠢᠨ ᠸᠢᠳᠢᠤ᠋ ᠶᠢ ᠡᠷᠭᠢᠯᠳᠦᠭᠦᠯᠦᠨ | ᠨᠡᠪᠲᠡᠷᠡᠭᠦᠯᠬᠦ ᠶᠢᠨ ᠬᠠᠮᠲᠤ ᠡᠯ᠎ᠡ ᠵᠦᠢᠯ ᠤᠨ QQ ᠪᠦᠯᠦᠭ᠂ ᠸᠢᠴᠠᠲ ᠤᠨ ᠪᠦᠯᠦᠭ᠂ ᠸᠢᠴᠠᠲ ᠤᠨ ᠨᠡᠶᠢᠲᠡ ᠶᠢᠨ | ᠳ᠋ᠤᠭᠠᠷ ᠵᠡᠷᠭᠡ ᠨᠡᠶᠢᠭᠡᠮ ᠤᠨ ᠬᠠᠷᠢᠯᠴᠠᠭᠠᠨ ᠤ ᠲᠠᠪᠴᠠᠩ ᠢ ᠭᠦᠢᠴᠡᠳ ᠠᠰᠢᠭᠯᠠᠨ ᠥᠷᠭᠡᠨ ᠢᠶᠠᠷ ᠤᠬᠠᠭᠤᠯᠵᠤ | ᠬᠥᠲᠥᠯᠥᠨ ᠵᠢᠯᠤᠭᠤᠳᠴᠤ᠂ ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠳᠤ ᠬᠦᠴᠦ ᠨᠡᠮᠡᠷᠢᠯᠡᠪᠡ᠃ | | ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠢᠶᠠᠨ ᠠᠪᠴᠤ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ | ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠠᠰᠠᠷ ᠬᠦᠷᠢᠶᠡᠨ ᠳᠤ | ᠣᠷᠣᠬᠤ ᠪᠠ ᠰᠠᠭᠤᠭᠠᠯᠢ ᠠᠷᠠᠳ ᠤᠨ ᠭᠡᠷ ᠲᠤ ᠣᠷᠣᠬᠤ ᠬᠡᠯᠪᠡᠷᠢ ᠪᠠᠷ ᠤᠬᠠᠭᠤᠯᠭ᠎ᠠ ᠥᠷᠨᠢᠭᠦᠯᠵᠦ᠂ ᠣᠯᠠᠨ ᠤ | ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠠᠩᠬᠠᠷᠬᠤ ᠠᠵᠢᠯᠯᠠᠭ᠎ᠠ ᠶᠢ ᠰᠠᠨᠠᠭᠠᠴᠢᠯᠠᠵᠤ᠂ | ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠶᠢᠨ ᠵᠢᠩᠬᠢᠨᠢ ᠪᠠᠷ ᠡᠬᠢᠯᠡᠬᠦ ᠳᠤ ᠪᠡᠯᠡᠳᠬᠡᠯ ᠬᠢᠪᠡ᠃ | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 200 ᠭᠠᠷᠤᠢ ᠬᠤᠪᠢ ︽ᠬᠤᠶᠠᠷ ᠢ ᠢᠯᠠ | ᠪᠣᠯᠭᠠᠬᠤ︾ ᠤᠬᠠᠭᠤᠯᠭ᠎ᠠ ᠶᠢᠨ ᠬᠠᠭᠤᠳᠠᠰᠤ ᠨᠠᠭᠠᠵᠤ᠂ 6 ᠤᠬᠠᠭᠤᠯᠭ᠎ᠠ ᠶᠢᠨ ᠰᠠᠮᠪᠠᠷ᠎ᠠ ᠦᠢᠯᠡᠳᠴᠦ᠂ ︽ᠬᠤᠶᠠᠷ ᠢ | ᠢᠯᠠ ᠪᠣᠯᠭᠠᠬᠤ︾ ᠠᠵᠢᠯᠯᠠᠭ᠎ᠠ ᠶᠢᠨ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠶᠢ ᠭᠦᠢᠴᠡᠳ ᠳᠡᠭᠡᠭᠰᠢᠯᠡᠭᠦᠯᠵᠦ᠂ | ᠣᠯᠠᠨ ᠲᠦᠮᠡᠨ ᠤ ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠶᠢᠨ ᠲᠤᠬᠠᠢ ᠣᠶᠢᠯᠠᠭᠠᠬᠤ ᠨᠣᠷᠮ᠎ᠠ ᠶᠢ ᠦᠨᠡᠨ ᠬᠦ | ᠨᠡᠮᠡᠭᠳᠡᠭᠦᠯᠪᠡ᠃ | |