︵2022 ᠣᠨ ᠤ 2 ᠰᠠᠷ᠎ᠠ ᠶᠢᠨ 23 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ | ᠬᠤᠳᠠ ᠶᠢᠨ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠤᠶᠠᠳᠤᠭᠠᠷ ᠪᠦᠬᠦᠳᠡ ᠬᠤᠷᠠᠯ ᠠᠴᠠ ᠪᠠᠲᠤᠯᠠᠪᠠ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ | ᠬᠤᠳᠠ ᠶᠢᠨ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠤᠶᠠᠳᠤᠭᠠᠷ ᠪᠦᠬᠦᠳᠡ ᠬᠤᠷᠠᠯ 2022 ᠣᠨ ᠤ 2 ᠰᠠᠷ᠎ᠠ ᠶᠢᠨ 23 ᠤ ᠡᠳᠦᠷ ᠬᠤᠷᠠᠯᠳᠤᠪᠠ᠃ ᠲᠤᠰ | ᠤᠳᠠᠭᠠᠨ ᠤ ᠪᠦᠭᠦᠳᠡ ᠬᠤᠷᠠᠯ ᠳᠤ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 12 | ᠬᠥᠮᠥᠨ ᠣᠷᠣᠯᠴᠠᠵᠤ᠂ 81 ᠬᠥᠮᠥᠨ ᠰᠤᠯᠠ ᠣᠷᠣᠯᠴᠠᠪᠠ᠃ | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠵᠢᠴᠢ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠳ ᠤᠨ | ᠪᠠᠶᠢᠴᠠᠭᠠᠬᠤ ᠬᠤᠷᠢᠶᠠᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠪᠥᠬᠦᠳᠡ ᠬᠤᠷᠠᠯ ᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠠᠴᠠ ᠡᠷᠬᠢᠯᠡᠪᠡ᠃ ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭᠠᠨ ᠤ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ | ᠪᠣᠯᠣᠨ ᠬᠤᠳᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ᠂ ᠬᠤᠳᠠ ᠶᠢᠨ ᠨᠠᠮ ᠤᠨ | ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ | ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ | ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ᠂ ᠲᠤᠭᠤᠷᠢᠭ ᠤᠨ ᠶᠢᠰᠦᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ | ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ 2022 ᠣᠨ ᠤ ᠪᠦᠬᠦ | ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠪᠦᠬᠦᠳᠡ ᠬᠤᠷᠠᠯ ᠠᠴᠠ ᠶᠠᠨ ᠸᠧᠨ ᠵᠢᠶᠦ᠋ᠨ ᠨᠥᠬᠦᠷ ᠤᠨ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠬᠢᠭᠰᠡᠨ ︽ᠰᠢᠨ᠎ᠡ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠨ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ ᠤᠳᠠ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠨ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ | ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠥᠬᠦᠳᠡ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷᠡᠬᠢ | ᠴᠢᠬᠤᠯᠠ ᠶᠠᠷᠢᠶ᠎ᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ | ᠰᠠᠨᠠᠭ᠎ᠠ᠂ ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ ᠪᠣᠯᠣᠨ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ | ᠂ ᠲᠠᠩ ᠢ ᠨᠥᠬᠦᠷ ᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ | ᠬᠤᠶᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ ᠪᠣᠯᠣᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠭᠦᠨᠵᠡᠭᠡᠢ ᠣᠶᠢᠯᠭᠠᠪᠠ᠃ ᠪᠦᠬᠦ | ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠯᠭ᠎ᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠡᠭᠦᠷᠢᠳᠡ ᠵᠣᠭᠰᠣᠰᠢ ᠦᠭᠡᠢ | ᠪᠠᠶᠢᠬᠤ ᠤᠯᠤᠰ ᠲᠦᠷᠦ ᠶᠢᠨ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠠ ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ | ᠵᠣᠷᠢᠭ ᠢᠶᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠨᠡ ᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠨ᠂ ᠤᠳᠠᠭᠠᠨ ᠳᠠᠭᠠᠭᠠᠮᠠᠭᠠᠢ | ᠳᠠᠶᠢᠨ ᠢ ᠦᠷᠭᠦᠯᠵᠢᠯᠡᠨ ᠰᠠᠶᠢᠲᠤᠷ ᠬᠢᠨ᠎ᠡ᠃ | ᠪᠥᠬᠦᠳᠡ ᠬᠤᠷᠠᠯ ᠠᠴᠠ ᠶᠠᠨ ᠸᠧᠨ ᠯᠦᠩ ᠨᠥᠬᠦᠷ ᠤᠨ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ | ᠶᠠᠷᠢᠶ᠎ᠠ ᠨᠢ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠵᠢᠷᠭᠤᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠮᠠᠨ ᠤ ᠲᠤᠭᠤᠷᠢᠭ ᠤᠨ ᠨᠠᠮ ᠢ ᠬᠠᠮᠢᠶᠠᠷᠴᠤ ᠨᠠᠮ ᠢ ᠵᠠᠰᠠᠭᠰᠠᠨ ᠦᠷ᠎ᠡ ᠪᠦᠲᠦᠮᠵᠢ | ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠠᠨ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠭᠡᠳᠦ ᠱᠠᠲᠤ ᠨᠢ | ᠳᠣᠣᠷᠠᠳᠤ ᠱᠠᠲᠤ ᠪᠠᠨ ᠳᠠᠶᠢᠴᠢᠯᠠᠨ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ | ᠲᠤᠭᠤᠷᠢᠭ ᠤᠨ ᠨᠠᠮ ᠤᠨ ᠬᠤᠷᠢᠶᠠᠨ ᠤ ᠤᠳᠠ ᠲᠣᠭᠤᠷᠢᠭ ᠤᠨ ᠰᠠᠶᠢᠨ ᠰᠠᠶᠢᠬᠠᠨ ᠤᠯᠤᠰ ᠲᠥᠷᠥ ᠶᠢᠨ ᠠᠮᠢ | ᠠᠬᠤᠢ ᠶᠢ ᠦᠷᠭᠦᠯᠵᠢᠯᠡᠨ ᠪᠠᠬᠢᠵᠢᠭᠦᠯᠦᠨ ᠰᠠᠶᠢᠵᠢᠷᠠᠭᠤᠯᠬᠤ ᠡᠷᠡᠰ ᠵᠣᠷᠢᠭ ᠢ ᠭᠦᠢᠴᠡᠳ ᠢᠯᠡᠷᠡᠭᠦᠯᠵᠦ᠂ ᠣᠨᠣᠯ ᠤᠨ | ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠢᠶᠠᠷ ᠮᠠᠰᠢ ᠴᠢᠩᠭ᠎ᠠ ᠪᠠᠶᠢᠵᠤ᠂ ᠪᠥᠬᠦ ᠲᠤᠭᠤᠷᠢᠭ ᠤᠨ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ | ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠭᠡᠵᠦ ᠰᠠᠨᠠᠯ ᠨᠢᠭᠡᠲᠡᠢ ᠦᠵᠡᠭᠰᠡᠨ | ᠪᠠᠶᠢᠨ᠎ᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ 2022 ᠣᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ | ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ | ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠪᠠ ᠶᠢᠰᠦᠳᠦᠭᠡᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ | ᠬᠤᠷᠠᠯ ᠪᠠ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ | ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ | ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ | ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠲᠤᠭᠤᠷᠢᠭ ᠤᠨ ᠶᠢᠰᠦᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ | ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ | ᠲᠤᠷᠰᠢᠯᠭ᠎ᠠ ᠶᠢ ᠤᠬᠠᠮᠰᠠᠷ ᠠᠴᠠ ᠪᠠᠨ ᠡᠵᠡᠮᠰᠢᠨ ᠬᠡᠷᠡᠭᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠬᠠᠳᠠᠭᠠᠯᠠᠵᠤ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠬᠢᠵᠦ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠳᠡᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ᠂ | ᠵᠠᠯᠬᠠᠭᠠᠨ ᠰᠢᠢᠳᠬᠡᠵᠦ ᠰᠦᠷᠳᠡᠭᠦᠯᠬᠦ᠂ ᠳᠦᠷᠢᠮ ᠢᠶᠠᠷ ᠬᠢᠵᠠᠭᠠᠷᠯᠠᠬᠤ᠂ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠢᠭᠡ | ᠴᠣᠭᠴᠠᠵᠢᠭᠤᠯᠤᠨ ᠬᠦᠴᠦᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ ᠳᠦᠷᠢᠮ ᠤᠨ ᠴᠢᠨᠠᠷᠲᠠᠢ ᠦᠷ᠎ᠡ | ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠶᠢ ᠴᠢᠷᠮᠠᠶᠢᠨ ᠣᠯᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢ | ᠴᠢᠩᠭᠠᠳᠬᠠᠵᠤ᠂ ᠬᠢᠨᠠᠯᠲᠠ ᠲᠠᠯᠪᠢᠵᠤ ᠭᠦᠢᠴᠡᠳᠬᠡᠬᠦ ᠶᠢ ᠪᠠᠲᠤᠯᠠᠬᠤ᠂ ᠲᠡᠭᠦᠯᠳᠡᠷᠵᠢᠭᠦᠯᠦᠨ ᠬᠥᠭᠵᠢᠭᠦᠯᠬᠦ ᠶᠢ | ᠠᠬᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ | ᠨᠢᠭᠡᠳᠦᠭᠡᠷ ᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠪᠠ᠃ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠷᠢᠯᠠᠭᠤᠯᠤᠯᠲᠠ ᠰᠢᠨ᠎ᠡ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠬᠢᠨᠠᠯᠲᠠ | ᠪᠠᠶᠢᠴᠠᠭᠠᠯᠲᠠ ᠶᠢ ᠰᠠᠶᠢᠲᠤᠷ ᠠᠳᠬᠤᠬᠤ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠭᠰᠠᠨ ᠠᠰᠠᠭᠤᠳᠠᠯ ᠢ | ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠢᠨᠠᠯᠲᠠ ᠶᠢ ᠦᠷᠭᠦᠯᠵᠢᠯᠡᠨ ᠳᠠᠭᠠᠪᠠ᠃ | ᠠᠭᠤᠷᠬᠠᠢ ᠶᠢᠨ ᠣᠷᠣᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠤᠯᠤᠰ | ᠲᠥᠷᠥ ᠶᠢᠨ ᠬᠢᠨᠠᠯᠲᠠ ᠶᠢᠨ ᠡᠬᠡ ᠲᠠᠩᠰᠠ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠤᠯᠤᠰ ᠲᠥᠷᠥ ᠶᠢᠨ | ᠬᠢᠨᠠᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠪᠥᠭᠡᠳ ᠪᠣᠳᠠᠲᠠᠶᠢᠵᠢᠭᠤᠯᠤᠨ᠎ᠠ᠃ ︽ᠨᠢᠭᠡᠳᠦᠭᠡᠷ ᠬᠠᠷᠢᠭᠤᠴᠠᠯᠭᠠᠲᠠᠨ︾ | ᠪᠣᠯᠣᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠵᠡᠷᠭᠡᠪᠡᠷ ᠬᠦᠴᠦᠯᠡᠬᠦ ᠶᠢ ᠠᠬᠢᠭᠤᠯᠵᠤ᠂ ᠪᠥᠬᠦ | ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠡᠨᠬᠦ ᠠᠳᠬᠤᠨ ᠪᠣᠳᠠᠲᠠᠢ ᠪᠠᠷ | ᠠᠵᠢᠯᠯᠠᠵᠤ ᠳᠤᠲᠠᠭᠤᠳᠠᠯ ᠢᠶᠠᠨ ᠨᠥᠬᠦᠪᠦᠷᠢᠯᠡᠬᠦ ᠶᠢ ᠰᠢᠮᠳᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠶᠠᠳᠤᠭᠠᠷ ᠲᠤ᠂ ᠢᠯᠵᠠᠷᠠᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠳᠬᠡᠨ᠎ᠡ᠃ ︽ ᠬᠤᠶᠠᠷ | ᠥᠴᠥᠬᠡᠨ ᠴᠦ ᠠᠭᠤᠴᠢᠯᠠᠬᠤ ᠦᠭᠡᠢ︾ ᠶᠢ ᠪᠠᠷᠢᠮᠲᠠᠯᠠᠵᠤ᠂ ᠤᠯᠤᠰ ᠲᠥᠷᠥ ᠶᠢᠨ ᠵᠠᠪᠰᠢᠬᠤ᠂ ᠤᠯᠤᠰ ᠲᠥᠷᠥ ᠶᠢᠨ | ᠰᠣᠯᠢᠯᠴᠠᠭ᠎ᠠ ᠬᠢᠬᠦ᠂ ᠤᠯᠤᠰ ᠲᠥᠷᠥ ᠶᠢᠨ ᠳᠠᠭᠠᠯᠲᠠ ᠬᠢᠬᠦ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠵᠠᠯᠬᠠᠭᠠᠨ | ᠰᠢᠳᠭᠡᠵᠦ᠂ ︽ᠬᠦᠷᠢᠶ᠎ᠡ ᠴᠠᠷᠠᠭ᠎ᠠ ᠶᠢᠨ ᠰᠣᠶᠣᠯ︾᠂ ︽ᠠᠷᠢᠬᠢᠨ ᠰᠢᠷᠡᠭᠡᠨ ᠤ ᠰᠣᠶᠣᠯ︾᠂ ︽ᠬᠤᠭᠤᠯᠠᠨ | ᠭᠡᠷ ᠤᠨ ᠰᠣᠶᠣᠯ︾ ᠵᠡᠷᠭᠡ ᠦᠵᠡᠭᠳᠡᠯ ᠢ ᠶᠡᠬᠡᠪᠡᠷ ᠴᠡᠭᠴᠡᠯᠡᠨ ᠵᠠᠰᠠᠨ᠎ᠠ᠃ ᠤᠯᠤᠰ ᠲᠦᠷᠦ ᠶᠢᠨ ᠠᠰᠠᠭᠤᠳᠠᠯ ᠪᠠ | ᠠᠵᠤ ᠠᠬᠤᠢ ᠶᠢᠨ ᠠᠰᠠᠭᠤᠳᠠᠯ ᠤᠨ ᠰᠣᠯᠪᠢᠴᠠᠯᠳᠤᠭᠰᠠᠨ᠂ ᠡᠷᠬᠡ ᠪᠠ ᠬᠥᠷᠥᠩᠭᠡ ᠶᠢᠨ ᠬᠤᠯᠪᠣᠯᠳᠤᠯ ᠵᠡᠷᠭᠡ ᠵᠠᠰᠠᠭ | ᠬᠤᠳᠠᠯᠳᠤᠭᠠᠨ ᠤ ᠬᠠᠷᠢᠴᠠᠭ᠎ᠠ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠤᠬᠢᠷᠠᠭᠤᠯᠤᠭᠰᠠᠨ | ᠢᠯᠵᠢᠷᠡᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠳᠭᠡᠨ᠎ᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠵᠦᠢᠯᠡᠰ ᠢ ᠬᠢᠨᠠᠨ ᠵᠥᠪᠰᠢᠶᠡᠷᠡᠬᠦ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ | ᠨᠡᠭᠡᠭᠡᠨ ᠬᠥᠭᠵᠢᠭᠦᠯᠬᠦ ᠣᠷᠣᠨ ᠵᠡᠷᠭᠡ ᠬᠦᠷᠢᠶᠡᠨ ᠳᠠᠬᠢ ᠡᠷᠬᠡ ᠮᠥᠩᠭᠦᠨ ᠤ ᠠᠷᠠᠯᠵᠢᠶ᠎ᠠ᠂ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢ ᠢᠯᠵᠠᠷᠠᠭᠤᠯᠬᠤ ᠵᠡᠷᠭᠡ ᠢᠯᠵᠠᠷᠠᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠳᠬᠡᠨ᠎ᠡ᠂ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠢᠯᠵᠠᠷᠠᠯ ᠤᠨ ᠠᠰᠠᠭᠤᠳᠠᠯ ᠢ ᠴᠢᠩᠭ᠎ᠠ ᠵᠠᠯᠬᠠᠭᠠᠨ | ᠰᠢᠳᠬᠡᠨ᠎ᠡ᠃ ᠬᠡᠭᠡᠯᠢ ᠲᠦᠯᠬᠢᠭᠴᠢ ᠶᠢᠨ ︽ᠨᠡᠷ᠎ᠡ ᠶᠢᠨ ᠬᠠᠷ᠎ᠠ ᠲᠠᠩᠰᠠ︾ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ | ᠬᠡᠷᠡᠭ ᠰᠢᠢᠳᠪᠦᠷᠢᠯᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠡᠷᠡᠭ ᠰᠢᠢᠳᠪᠦᠷᠢᠯᠡᠬᠦ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠯᠤᠰ ᠲᠦᠷᠦ ᠬᠠᠤᠯᠢ | ᠴᠠᠭᠠᠵᠠ᠂ ᠡᠮ ᠡᠮᠨᠡᠯᠭᠡ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠬᠦᠷᠢᠶᠡᠨ ᠳᠠᠬᠢ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠠᠪᠤᠳᠠᠯ ᠢ ᠭᠦᠨᠵᠡᠭᠡᠢ ᠲᠦᠯᠬᠢᠨ ᠠᠬᠢᠭᠤᠯᠤᠨ᠎ᠠ᠃ ︽ᠳᠦᠷᠪᠡᠨ | ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣ ᠤᠴᠢᠷ ᠢ | ᠨᠡᠪᠳᠡᠷᠡᠳᠡᠯ᠎ᠠ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ | ᠭᠤᠷᠪᠠᠳᠤᠭᠠᠷ ᠲᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠪᠦᠬᠦ | ᠬᠤᠳᠠ ᠶᠢᠨ ᠰᠤᠷᠲᠠᠯ ᠤᠨ ᠪᠠᠶᠢᠭᠤᠯᠤᠯᠲᠠ ᠶᠢᠨ ︽ᠨᠠᠢᠮᠠ ᠶᠢ ᠴᠢᠩᠭ᠎ᠠ ᠴᠠᠭᠠᠵᠠᠯᠠᠬᠤ︾ ᠪᠠ ︽ᠳᠥᠷᠪᠡ ᠶᠢ | ᠪᠠᠷᠢᠮᠲᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠬᠢᠬᠦ ᠦᠭᠡᠢ ︽ᠬᠡᠪᠲᠡᠭᠰᠡᠨ ᠮᠠᠶ᠋ᠢᠭ︾ | ᠤᠨ ᠺᠠᠳ᠋ᠷ᠂ ᠠᠵᠢᠯ ᠢᠶᠠᠨ ᠤᠳᠠᠭᠠᠨ ᠬᠢᠳᠡᠭ ︽ᠪᠦᠷᠡᠭᠡ ᠬᠤᠷᠣᠬᠠᠢ ᠮᠠᠶ᠋ᠢᠭ ᠤᠨ︾ ᠤᠨ ᠺᠠᠳ᠋ᠷ᠂ ᠳᠤᠷ᠎ᠠ ᠪᠠᠷ ᠢᠶᠠᠨ | ᠬᠢᠳᠡᠭ ︽ᠳᠤᠷ᠎ᠠ ᠵᠣᠷᠢᠭ ᠤᠨ︾ ᠺᠠᠳ᠋ᠷ ᠢ ᠡᠷᠡᠰ ᠪᠠᠶᠢᠴᠠᠭᠠᠨ ᠰᠢᠢᠳᠪᠦᠷᠢᠯᠡᠵᠦ᠂ ᠬᠡᠯᠪᠡᠷᠢ ᠶᠢᠨ ᠦᠵᠡᠯ᠂ ᠨᠣᠶᠠᠨᠴᠢ | ᠰᠤᠷᠲᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠯᠪᠠᠨ ᠶᠠᠪᠤᠳᠠᠯ ᠤᠨ ᠵᠣᠴᠢᠯᠠᠯᠭ᠎ᠠ ᠳᠤ ︽ | ᠠᠯᠪᠠᠨ ᠵᠠᠬᠢᠳᠠᠯ ᠢᠳᠡᠬᠦ︾᠂ ᠪᠣᠯᠪᠠᠰᠤᠷᠠᠯ ᠤᠨ ᠨᠡᠷ᠎ᠡ ᠪᠠᠷ ᠠᠯᠪᠠᠨ ᠤ ᠵᠣᠭᠤᠰ ᠢᠶᠠᠷ ᠵᠢᠭᠤᠯᠴᠢᠯᠠᠬᠤ᠂ ᠲᠣᠭᠲᠠᠭᠠᠯ ᠢ | ᠵᠥᠷᠢᠴᠡᠨ ᠪᠡᠯᠡᠭ ᠤᠨ ᠵᠣᠭᠤᠰ ᠭᠥᠯᠢᠶᠡᠨ ᠠᠪᠬᠤ ᠵᠡᠷᠭᠡ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ | ᠵᠠᠯᠠᠷᠠᠭᠤᠯᠬᠤ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠬᠢᠵᠦ ᠦᠢᠯᠡᠰ ᠪᠣᠰᠬᠠᠬᠤ | ᠳᠣᠲᠣᠭᠠᠳᠤ ᠬᠥᠳᠡᠯᠭᠡᠭᠦ ᠬᠦᠴᠦᠨ ᠢ ᠬᠥᠭᠵᠢᠭᠡᠨ᠎ᠡ᠃ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ | ᠰᠤᠷᠲᠠᠯ ᠢ ᠴᠡᠭᠴᠡᠯᠡᠨ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾ ᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠨ᠎ᠠ᠃ ︽ᠣᠯᠠᠨ ᠲᠦᠮᠡᠨ ᠰᠡᠳᠦᠪ ᠳᠤᠷᠠᠳᠬᠤ᠂ ᠰᠠᠯᠠᠭ᠎ᠠ ᠮᠥᠴᠢᠷ ᠰᠡᠳᠦᠪ ᠬᠠᠷᠢᠭᠤᠯᠬᠤ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠬᠤ᠂ ᠨᠡᠶᠢᠭᠡᠮ ᠤᠨ ᠦᠨᠡᠯᠡᠯᠲᠡ ᠬᠢᠬᠦ︾ ᠠᠵᠢᠯ ᠤᠨ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠠᠨ ᠤ ᠲᠤᠭᠤᠷᠢᠭ ᠤᠨ ︽ᠵᠠᠬᠢᠳᠠᠯ ᠰᠣᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠠᠷᠢᠯᠭᠠᠬᠤ ᠣᠨ︾ ᠤ ᠰᠢᠪᠲᠤᠯᠤᠯᠲᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ︽ᠶᠡᠭᠡ | ᠵᠠᠬᠢᠳᠠᠯ ᠰᠣᠷᠪᠤᠯᠵᠢᠯᠠᠭ᠎ᠠ︾ ᠶᠢᠨ ᠬᠤᠯᠪᠤᠭᠠᠯᠠᠨ ᠬᠥᠳᠡᠯᠦᠯᠴᠡᠬᠦ ᠪᠠᠶᠢᠷᠢᠰᠢᠯ ᠢ ᠪᠠᠶᠢᠭᠤᠯᠤᠨ᠎ᠠ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃ | ᠠᠷᠢᠭᠤᠨ ᠴᠢᠬᠡᠴᠢ ᠰᠣᠶᠣᠯ ᠤᠨ ᠬᠥᠮᠦᠵᠢᠯ ᠢ ᠴᠢᠩᠭᠠᠳᠬᠠᠵᠤ᠂ ︽ᠠᠷᠢᠭᠤᠨ ᠴᠢᠬᠡᠴᠢ ᠺᠠᠳ᠋ᠷ︾ ᠤᠨ ᠰᠢᠷᠢᠰ | ᠰᠢᠯᠭᠠᠷᠠᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠵᠠᠯᠠᠭᠤ ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢ | ᠴᠢᠩᠭᠠᠳᠬᠠᠨ᠎ᠠ᠃ | ᠳᠥᠷᠪᠡᠳᠦᠭᠡᠷ ᠲᠤ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠢᠯᠡᠷᠡᠭᠦᠯᠬᠦ | ᠬᠡᠷᠡᠭᠲᠡᠢ᠃ ᠪᠥᠬᠦ ᠲᠤᠭᠤᠷᠢᠭ ᠤᠨ ᠲᠣᠭᠤᠷᠢᠨ ᠪᠠᠶᠢᠴᠠᠭᠠᠬᠤ ᠠᠵᠢᠯ ᠤᠨ ᠲᠠᠪᠤᠨ ᠵᠢᠯ ᠤᠨ ᠲᠥᠯᠦᠪᠵᠢᠭᠦᠯᠭᠡ ᠶᠢ | ᠰᠤᠳᠤᠯᠤᠨ ᠲᠣᠭᠲᠠᠭᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠲᠣᠭᠤᠷᠢᠨ | ᠪᠠᠶᠢᠴᠠᠭᠠᠬᠤ ᠪᠦᠬᠦᠯᠢ ᠴᠣᠭᠴᠠ ᠶᠢᠨ ᠲᠥᠯᠦᠪᠵᠢᠭᠦᠯᠭᠡ ᠳᠤ ᠣᠷᠣᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠤᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠭᠠᠵᠤ᠂ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠦᠬᠦᠨ ᠢ ᠬᠠᠮᠤᠷᠬᠤ ᠶᠢ ᠡᠮᠬᠢ ᠵᠢᠷᠤᠮ ᠲᠠᠢ ᠠᠬᠢᠭᠤᠯᠤᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠬᠢᠨᠠᠨ ᠪᠤᠳᠤᠬᠤ᠂ ᠵᠠᠬᠢᠳᠠᠯ | ᠰᠣᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠨ ᠬᠠᠮᠵᠢᠯᠴᠠᠬᠤ ᠶᠢ ᠴᠢᠬᠤᠯᠠᠴᠢᠯᠠᠵᠤ᠂ ᠴᠠᠭᠳᠠᠨ | ᠪᠠᠶᠢᠴᠠᠭᠠᠬᠤ ᠶᠢᠨ ᠰᠢᠰᠲ᠋ᠧᠮ ᠤᠨ ᠳᠠᠪᠠᠭᠤᠯᠢᠭ ᠪᠠ ᠪᠦᠬᠦᠯᠢ ᠴᠣᠭᠴᠠ ᠶᠢᠨ ᠬᠢᠨᠠᠯᠲᠠ ᠲᠠᠯᠪᠢᠬᠤ ᠦᠢᠯᠡᠳᠦᠯ ᠢ | ᠪᠦᠲᠦᠮᠵᠢᠲᠡᠶ ᠪᠠᠳᠠᠷᠠᠭᠤᠯᠤᠨ᠎ᠠ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠶᠢ ᠦᠨᠡᠯᠡᠨ ᠵᠢᠱᠢᠵᠦ ᠰᠢᠯᠭᠠᠨ ᠪᠠᠶᠢᠴᠠᠭᠠᠵᠤ᠂ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠺᠠᠳ᠋ᠷ ᠤᠨ | ᠬᠡᠷᠡᠭᠯᠡᠯᠲᠡ᠂ ᠣᠨ ᠤ ᠬᠢᠨᠠᠨ ᠰᠢᠯᠭᠠᠯᠲᠠ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠡᠯ᠎ᠡ | ᠭᠤᠭᠴᠤᠭ᠎ᠠ ᠳᠤ ᠬᠡᠷᠡᠭᠯᠡᠬᠦ ᠶᠢ ᠠᠬᠢᠭᠤᠯᠤᠨ᠎ᠠ᠃ | ᠲᠠᠪᠤᠳᠤᠭᠠᠷ ᠲᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ | ᠨᠢᠭᠡᠨ ᠡᠭᠡᠯᠵᠢ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠢᠯᠭᠠᠷᠠᠭᠤᠯᠤᠨ ᠲᠢᠭᠯᠡᠬᠦ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠰᠢᠭᠤᠳ ᠬᠠᠮᠢᠶᠠᠷᠬᠤ ᠨᠢᠭᠡᠴᠢ ᠪᠠ ᠬᠡᠰᠡᠭ ᠳᠡᠭᠡᠳᠦ ᠱᠠᠲᠤᠨ ᠤ ᠬᠠᠮᠢᠶᠠᠷᠤᠯᠲᠠ ᠪᠠᠷ | ᠭᠤᠣᠯ ᠪᠣᠯᠭᠠᠭᠰᠠᠨ ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ︽ᠨᠢᠭᠡ ᠳᠠᠰᠤᠭ᠂ ᠨᠢᠭᠡ | ᠲᠤᠭᠤᠶᠢᠯᠠᠩ᠂ ᠨᠢᠭᠡ ᠭᠠᠵᠠᠷ︾ ᠬᠠᠮᠲᠤᠷᠠᠨ ᠬᠡᠷᠡᠭ ᠰᠢᠢᠳᠪᠦᠷᠢᠯᠡᠬᠦ᠂ ᠬᠢᠨᠠᠨ ᠪᠠᠶᠢᠴᠠᠭᠠᠵᠤ ᠪᠠᠶᠢᠴᠠᠭᠠᠵᠤ ᠬᠢᠨᠠᠨ | ᠰᠢᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠵᠤ | ᠂ ᠡᠳᠦᠷ ᠲᠤᠳᠤᠮ ᠤᠨ ᠬᠢᠨᠠᠯᠲᠠ ᠶᠢ ᠨᠠᠷᠢᠯᠢᠭᠵᠢᠭᠤᠯᠵᠤ᠂ ᠬᠢᠨᠠᠯᠲᠠ ᠶᠢᠨ ᠪᠦᠬᠦᠨ ᠢ ᠬᠠᠮᠤᠷᠬᠤ ᠦᠷ᠎ᠡ ᠪᠦᠲᠦᠮᠵᠢ ᠶᠢ | ᠦᠷᠭᠦᠯᠵᠢᠯᠡᠨ ᠶᠡᠬᠡᠰᠬᠡᠪᠡ᠃ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠲᠠᠰᠤᠭ ᠤᠨ ︽ | ᠬᠢᠨᠠᠯᠲᠠ ᠲᠠᠯᠪᠢᠬᠤ ᠶᠡᠭᠡ ᠬᠠᠮᠢᠶᠠᠷᠤᠭᠴᠢ︾ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠵᠤ᠂ ︽ᠲᠠᠰᠤᠭ ᠳᠤᠭᠤᠶᠢᠯᠠᠩ | ︾ ᠤᠨ ᠬᠤᠯᠪᠤᠭᠠᠯᠠᠨ ᠬᠥᠳᠡᠯᠦᠯᠴᠡᠬᠦ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ︽ᠲᠣᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ + ᠪᠠᠯᠭᠠᠰᠤ ︵ᠵᠡᠭᠡᠯᠢ ᠭᠤᠳᠤᠮᠵᠢ︶ ᠶᠢᠨ | ᠰᠠᠬᠢᠯᠭ᠎ᠠ ᠪᠠᠲᠤ ︵ᠠᠵᠤ ᠦᠢᠯᠡᠳᠪᠦᠷᠢ︶ ᠶᠢᠨ ᠵᠥᠪᠯᠡᠯ + ᠰᠠᠭᠤᠭᠠᠯᠢ ᠠᠷᠠᠳ ᠤᠨ ᠶᠠᠪᠤᠳᠠᠯ ᠳᠤ ᠬᠢᠨᠠᠯᠲᠠ | ᠲᠠᠯᠪᠢᠬᠤ ᠵᠥᠪᠯᠡᠯ︾ ᠤᠨ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠬᠢᠨᠠᠯᠲᠠ ᠲᠠᠯᠪᠢᠬᠤ ᠰᠢᠰᠲ᠋ᠧᠮᠵᠢ ᠶᠢ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠬᠤᠲᠠ ᠶᠢᠨ ᠬᠡᠪᠴᠢᠶᠡᠨ ᠤ ᠵᠠᠰᠠᠯᠲᠠ ᠶᠢᠨ ᠡᠴᠦᠰ ᠤᠨ | ᠦᠵᠦᠭᠦᠷ ᠤᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠬᠠᠤᠯᠢ ᠪᠠᠷᠢᠬᠤ ᠪᠠᠶᠢᠭᠤᠯᠭ᠎ᠠ ᠲᠠᠢ | ᠵᠣᠯᠭᠠᠯᠳᠤᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠤᠶᠠᠷ ᠢ | ᠬᠡᠷᠡᠭᠵᠢᠭᠦᠯᠵᠦ ᠬᠤᠶᠠᠷ ᠢ ᠰᠠᠬᠢᠬᠤ ᠶᠢ ᠪᠣᠳᠠᠲᠠᠶᠢᠵᠢᠭᠤᠯᠤᠨ᠎ᠠ᠃ | ᠵᠢᠷᠭᠤᠳᠤᠭᠠᠷ ᠲᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠡᠩᠨᠡᠭᠡᠨ ᠤ ᠤᠯᠤᠰ ᠲᠦᠷᠦ ᠶᠢᠨ ᠬᠡᠪ ᠴᠢᠨᠠᠷ ᠪᠠ ᠴᠢᠳᠠᠪᠤᠷᠢ ᠬᠡᠪ ᠴᠢᠨᠠᠷ ᠢ ᠲᠠᠰᠤᠷᠠᠯᠲᠠ ᠦᠭᠡᠢ ᠴᠢᠩᠭᠠᠳᠬᠠᠪᠠ᠃ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠪᠠᠷᠢᠮᠵᠢᠶ᠎ᠠ ᠪᠠ ᠤᠯᠤᠰ | ᠲᠦᠷᠦ ᠶᠢᠨ ᠱᠠᠭᠠᠷᠳᠠᠯᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠡᠯ᠎ᠡ ᠲᠠᠯ᠎ᠠ ᠶᠢᠨ | ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ | ᠭᠦᠨᠵᠡᠭᠡᠢ ᠠᠭᠤᠰᠤᠯᠴᠠᠯ ᠢ ᠠᠬᠢᠭᠤᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡᠨ ᠤ | ᠱᠠᠲᠤᠯᠵᠢᠨ ᠡᠩᠨᠡᠭᠡ ᠶᠢᠨ ᠬᠥᠮᠦᠵᠢᠯ ᠢ ᠴᠢᠩᠭᠠᠳᠬᠠᠨ᠎ᠠ᠃ ᠬᠠᠮᠤᠭ ᠤᠨ ᠴᠢᠩᠭ᠎ᠠ ᠬᠢᠵᠠᠭᠠᠷᠯᠠᠯ ᠪᠠ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ︽ᠥᠴᠥᠬᠡᠨ ᠴᠦ ᠢᠯᠳᠠᠷ ᠬᠠᠶᠠᠬᠤ ᠦᠭᠡᠢ︾ ᠣᠪᠣᠷ ᠢᠶᠠᠷ ᠴᠢᠮᠡᠭᠡ | ᠵᠠᠳᠠᠷᠠᠭᠤᠯᠬᠤ᠂ ᠨᠠᠶᠢᠷ ᠲᠠᠯ᠎ᠠ ᠬᠡᠯᠡᠵᠦ ᠭᠠᠷ ᠲᠦᠷᠦᠭᠦ᠂ ᠲᠣᠭᠲᠠᠭᠠᠯ ᠢ ᠵᠥᠷᠢᠴᠡᠨ ᠬᠡᠷᠡᠭ ᠢ ᠬᠠᠮᠢᠶᠠᠷᠬᠤ ᠵᠡᠷᠭᠡ | ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ︽ᠳ᠋ᠧᠩ ᠤᠨ ᠳᠣᠣᠷ᠎ᠠ ᠬᠠᠷᠠᠩᠭᠤᠢ ᠪᠣᠯᠬᠤ︾ ᠶᠢ | ᠡᠷᠡᠰ ᠰᠡᠷᠭᠡᠶᠢᠯᠡᠨ᠎ᠡ᠃ | ᠪᠥᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠤᠷᠢᠶᠠᠯᠠᠪᠠ᠃ | | |