ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠳᠠ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 35 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/13
     4 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠳᠠ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 35 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠮᠤᠵᠢ ᠶᠢᠨ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠲᠠᠬᠢ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 3 ᠳ᠋ᠤᠭᠠᠷ ᠰᠠᠷ᠎ᠠ ᠶᠢᠨ 31 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ  ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ︽ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠣᠯᠠᠮᠵᠢᠯᠠᠨ ᠰᠤᠷᠤᠯᠴᠠᠵᠦ᠂ ᠮᠠᠨ ᠤ ᠲᠤᠭᠤᠷᠢᠭ ᠤᠨ ᠲᠤᠤᠰᠯᠠᠭᠤᠯᠤᠨ ᠨᠠᠶᠢᠳᠠᠪᠦᠷᠢᠵᠢᠭᠤᠯᠬᠤ ᠠᠵᠢᠯ ᠢ ᠲᠤᠬᠢᠷᠠᠭᠤᠯᠪᠠ᠃ᠶᠠᠨ ᠸᠧᠨ ᠯᠦᠩ ᠵᠢᠭᠠᠵᠤ ᠭᠠᠷᠭᠠᠭᠰᠠᠨ ᠨᠢ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ 10 ᠵᠢᠯ ᠳᠠᠷᠠᠭᠠᠯᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠪᠡᠶ᠎ᠡ ᠪᠠᠷ ᠢᠶᠠᠨ ᠦᠢᠯᠡᠳᠦᠯᠭᠡᠵᠢᠭᠦᠯᠵᠦ᠂ ᠮᠠᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠦᠯᠢᠭᠡᠷ ᠳᠠᠭᠤᠷᠢᠶᠠᠯ ᠦᠵᠡᠭᠦᠯᠪᠡ᠃ ᠪᠥᠬᠦ  ᠲᠤᠭᠤᠷᠢᠭ ᠤᠨ ᠡᠯ᠎ᠡ ᠰᠠᠯᠠᠭ᠎ᠠ ᠮᠥᠴᠢᠷ ᠤᠳ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠵᠣᠬᠢᠴᠠᠯᠳᠤᠭᠤᠯᠤᠨ ᠠᠬᠢᠭᠤᠯᠬᠤ ᠶᠢ ᠪᠠᠷᠢᠮᠲᠠᠯᠠᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠳᠠᠷᠢᠵᠤ᠂ ᠨᠣᠭᠤᠭᠠᠷᠠᠭᠤᠯᠤᠯᠲᠠ ᠶᠢ ᠨᠥᠬᠦᠪᠦᠷᠢᠯᠡᠬᠦ ᠠᠵᠢᠯ ᠢ ᠬᠢᠨᠠᠮᠠᠭᠠᠢ᠂ ᠦᠷᠭᠦᠯᠵᠢᠯᠡᠨ᠂ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠳᠤ ᠨᠠᠩ ᠣᠯᠠᠨ ᠪᠣᠬᠢᠷᠳᠤᠯ ᠦᠭᠡᠢ ᠠᠰᠠᠷᠠᠮᠵᠢ ᠪᠠ ᠠᠮᠢ ᠠᠬᠤᠢ ᠶᠢᠨ ᠴᠡᠪᠡᠷ ᠠᠰᠢᠭ ᠢ ᠡᠳ᠋ᠯᠡᠭᠦᠯᠬᠦ ᠬᠡᠷᠡᠭᠲᠡᠢ᠃ᠶᠠᠨ ᠸᠧᠨ ᠯᠦᠩ ᠴᠢᠬᠤᠯᠠᠴᠢᠯᠠᠭᠰᠠᠨ ᠨᠢ      ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ ᠪᠠᠶᠢᠳᠠᠭ᠃ ᠪᠦᠬᠦ  ᠲᠤᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠭᠦᠨᠵᠡᠭᠡᠢ ᠰᠤᠷᠭᠠᠮᠵᠢ ᠠᠪᠴᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠱᠠᠭᠠᠷᠳᠠᠯᠭ᠎ᠠ ᠶᠢ ᠡᠯ᠎ᠡ ᠲᠠᠯ᠎ᠠ ᠪᠠᠷ ᠲᠤᠤᠱᠯᠠᠭᠤᠯᠬᠤ ᠬᠡᠷᠡᠭᠲᠡᠢ᠃ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠡᠬᠢ ᠡᠭᠦᠰᠦᠯ ᠤᠨ ᠪᠣᠭᠤᠮᠲᠠ᠂ ᠬᠢᠨᠠᠨ ᠬᠡᠮᠵᠢᠬᠦ ᠪᠣᠭᠤᠮᠲᠠ᠂ ᠬᠠᠮᠢᠶᠠᠷᠤᠨ ᠡᠵᠡᠮᠳᠡᠬᠦ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠡᠭᠦᠷᠭᠡᠯᠡᠨ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠰᠠᠭᠤᠳᠠᠯ ᠤᠨ ᠬᠡᠮ ᠰᠣᠭᠤᠭ ᠢ ᠭᠦᠨᠵᠡᠭᠡᠢ ᠪᠠᠶᠢᠴᠠᠭᠠᠨ ᠨᠠᠷᠢᠨ ᠪᠠᠶᠢᠴᠠᠭᠠᠵᠤ᠂ ᠡᠷᠲᠡ ᠵᠠᠰᠠᠵᠤ ᠲᠦᠷᠭᠡᠨ ᠵᠠᠰᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠪᠠ ᠪᠠᠶᠢᠴᠠᠭᠠᠬᠤ ᠤᠳᠠᠭ᠎ᠠ ᠪᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠴᠢᠩᠭ᠎ᠠ ᠵᠠᠯᠬᠠᠭᠠᠨ ᠰᠢᠳᠭᠡᠵᠦ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠪᠣᠳᠠᠲᠠᠶᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠭᠯᠠᠨ ᠵᠣᠭᠰᠣᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠬᠤ ᠬᠡᠷᠡᠭᠲᠡᠢ᠃      ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ︽ᠳᠦᠷᠪᠡᠨ ᠪᠠᠶᠢᠭᠤᠯᠤᠯᠭ᠎ᠠ︾ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠣᠨᠣᠪᠴᠢᠲᠠᠢ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠪᠣᠯᠣᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃      ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 28 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠪᠥᠬᠦ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠶᠡᠷᠦᠩᠬᠡᠢ ᠪᠠᠶᠢᠳᠠᠯ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠠᠲᠤᠯᠠᠨ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ  ᠲᠤᠭᠤᠷᠢᠭ ᠤᠨ ᠬᠤᠷᠢᠶᠠᠨ ᠤ ᠠᠵᠢᠯ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ ᠲᠤᠭᠤᠷᠢᠭ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号