ᠤᠳᠠ ᠲᠣᠭᠤᠷᠢᠭ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 5 ᠳ᠋ᠤᠭᠠᠷ ᠤᠳᠠᠭᠠᠨ ᠤ ᠬᠤᠷᠠᠯ ᠵᠢᠴᠢ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 58 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/14
     4 ᠰᠠᠷ᠎ᠠ ᠶᠢᠨ 14 ᠤ ᠡᠳᠦᠷ᠂ ᠤᠳᠠ ᠲᠣᠭᠤᠷᠢᠭ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 5 ᠳ᠋ᠤᠭᠠᠷ ᠤᠳᠠᠭᠠᠨ ᠤ ᠬᠤᠷᠠᠯ ᠵᠢᠴᠢ  ᠲᠤᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 58 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠸᠧᠨ ᠵᠥᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠸ ᠲᠢᠶᠧ ᠨᠠᠨ ᠵᠡᠷᠭᠡ ᠲᠤᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃
     ᠬᠤᠷᠠᠯ ᠠᠴᠠ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠶᠡᠷᠦᠩᠬᠡᠢ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠶᠠᠨ ᠸᠧᠨ ᠯᠦᠩ ᠴᠢᠬᠤᠯᠠᠴᠢᠯᠠᠭᠰᠠᠨ ᠨᠢ      ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠳᠠᠯ ᠢᠶᠠᠨ ᠴᠢᠩᠭᠠᠳᠬᠠᠬᠤ ᠬᠡᠷᠡᠭᠲᠡᠢ ᠂ ᠨᠢᠭᠡ ᠳᠤ᠂ ᠠᠵᠢᠯᠯᠠᠭ᠎ᠠ ᠨᠢ ᠡᠷᠬᠡᠪᠰᠢ ᠲᠦᠷᠭᠡᠨ ᠪᠠᠶᠢᠵᠤ᠂ ᠨᠢᠭᠲᠠ ᠣᠶᠢᠷᠠᠲᠤᠭᠴᠢ᠂ ᠳᠡᠳ᠋ ᠨᠢᠭᠲᠠ ᠣᠶᠢᠷᠠᠲᠤᠭᠴᠢ ᠶᠢ ᠣᠨᠣᠪᠴᠢᠲᠠᠢ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ ᠠᠷᠭ᠎ᠠ ᠬᠡᠮᠵᠢᠶ᠎ᠡ ᠶᠢ ᠡᠷᠬᠡᠪᠰᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠳᠤᠲᠠᠭᠳᠠᠯ ᠬᠡᠮ ᠰᠣᠭᠤᠭ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠᠨ ᠳ᠋ᠦᠩᠨᠡᠨ᠂ ᠰᠢᠨᠵᠢᠯᠡᠬᠦ ᠤᠬᠠᠭᠠᠨᠴᠢ ᠪᠠᠷ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠶᠠᠭᠠᠷᠠᠤ ᠮᠥᠷᠲᠡᠭᠡᠨ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠰᠤᠳᠤᠯᠤᠨ ᠮᠠᠭᠠᠳᠯᠠᠬᠤ ᠳᠤ ᠡᠷᠬᠡᠪᠰᠢ ᠨᠠᠷᠢᠨ ᠨᠢᠮᠪᠠᠢ᠂ ᠨᠠᠷᠢᠨ ᠣᠨᠣᠪᠴᠢᠲᠠᠢ ᠪᠠᠷ ᠣᠷᠣᠨ ᠪᠠᠶᠢᠷᠢ ᠲᠣᠭᠲᠠᠭᠠᠵᠤ᠂ ᠨᠠᠷᠢᠨ ᠣᠨᠣᠪᠴᠢᠲᠠᠢ ᠪᠠᠷ ᠰᠢᠭᠰᠢᠨ ᠪᠠᠶᠢᠴᠠᠭᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠮᠡᠳᠡᠭᠡ ᠵᠠᠩᠭᠢ ᠶᠢ ᠡᠷᠬᠡᠪᠰᠢ ᠴᠠᠭ ᠲᠤᠬᠠᠢ ᠳᠤᠨᠢ ᠬᠢᠵᠦ᠂ ᠳᠡᠭᠡᠳᠦ ᠳᠣᠣᠷᠠᠳᠤ ᠱᠠᠲᠤᠨ ᠤ ᠬᠤᠭᠤᠷᠣᠨᠳᠣᠬᠢ ᠴᠠᠭ ᠲᠤᠬᠠᠢ ᠳᠤᠨᠢ ᠪᠦᠲᠦᠮᠵᠢᠲᠡᠶ ᠨᠡᠪᠲᠡᠷᠡᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠷᠡ ᠳᠠᠷᠤᠢ ᠳᠤᠨᠢ ᠠᠯᠪᠠᠨ ᠤ ᠲᠠᠯ᠎ᠠ ᠶᠢᠨ ᠡᠷᠬᠡ ᠰᠦᠷᠲᠦ ᠮᠡᠳᠡᠭᠡ ᠵᠠᠩᠭᠢ ᠶᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠶᠠᠷᠢᠶ᠎ᠠ ᠬᠡᠯᠡᠯᠴᠡᠭᠡᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠬᠡᠷᠡᠭᠲᠡᠢ᠃ ᠲᠠᠪᠤ ᠳᠤ᠂ ᠡᠷᠬᠡᠪᠰᠢ ᠴᠢᠩᠭ᠎ᠠ ᠬᠠᠮᠢᠶᠠᠷᠤᠨ ᠡᠵᠡᠮᠳᠡᠵᠦ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠣᠷᠣᠨ ᠪᠠᠶᠢᠷᠢ ᠶᠢ ᠰᠢᠭᠰᠢᠨ ᠪᠠᠶᠢᠴᠠᠭᠠᠬᠤ ᠤᠳᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠵᠢᠷᠭᠤᠭ᠎ᠠ ᠳᠤ ᠬᠠᠷᠢᠭᠤᠴᠠᠯᠭ᠎ᠠ ᠶᠢ ᠡᠷᠬᠡᠪᠰᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠵᠢᠯᠤᠭᠤᠳᠬᠤ ᠪᠠ ᠨᠢᠭᠡᠳᠦᠭᠡᠷ ᠹᠷᠣᠨᠲ ᠤᠨ ᠠᠵᠢᠯᠲᠠᠨ ᠪᠠ ᠡᠳ᠋ ᠪᠣᠳᠠᠰ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢ ᠴᠢᠩᠭᠠᠳᠬᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠤᠨ ᠠᠬᠢᠴᠠ ᠶᠢ ᠶᠡᠬᠡᠪᠡᠷ ᠲᠦᠯᠬᠢᠨ ᠠᠬᠢᠭᠤᠯᠵᠤ᠂ ᠡᠭᠡᠯᠢᠯᠡᠭᠡ ᠶᠢᠨ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号