ᠤᠳᠠ ᠲᠣᠭᠤᠷᠢᠭ ᠤᠨ ᠡᠨᠧᠷᠭᠢ ᠶᠢᠨ ᠲᠣᠪᠴᠢᠶ᠎ᠠ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠭᠤᠯᠵᠠᠢ
ᠨᠡᠶᠢᠲᠡᠯᠡᠭᠰᠡᠨ ᠴᠠᠭ᠄
2022/4/19
    ᠺᠠᠳ᠋ᠷ ᠠᠵᠢᠯᠲᠠᠨ ᠠᠵᠢᠯᠴᠢᠨ ᠢ ᠤᠯᠠᠮ ᠴᠢᠨᠠᠭᠰᠢᠳᠠ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤᠳᠬᠠᠵᠤ᠂ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠠᠮᠵᠢᠯᠲᠠ ᠶᠢ ᠣᠶᠢᠯᠠᠭᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠦᠯᠦᠭᠡ᠂ 4 ᠰᠠᠷ᠎ᠠ ᠶᠢᠨ 14  ᠤ ᠦᠳᠡ ᠶᠢᠨ ᠡᠮᠦᠨ᠎ᠡ᠂ ᠤᠳᠠ ᠲᠣᠭᠤᠷᠢᠭ ᠤᠨ ᠡᠨᠧᠷᠭᠢ ᠶᠢᠨ ᠲᠣᠪᠴᠢᠶ᠎ᠠ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠭᠤᠯᠪᠠ᠃      ᠲᠣᠰ ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ ᠳᠤ ᠸᠢᠳᠢᠤ᠋ ᠶᠢ ᠦᠵᠡᠬᠦ ᠠᠷᠭ᠎ᠠ ᠮᠠᠶ᠋ᠢᠭ ᠢ ᠠᠪᠴᠤ᠂ ᠴᠦᠨ ᠰᠢᠶᠣᠣ ᠹᠠᠨ ᠤ ᠣᠨᠣᠯ ᠤᠨ ᠰᠤᠷᠭᠠᠭᠤᠯᠢ ᠶᠢ ᠠᠰᠢᠭᠯᠠᠨ᠂ ᠺᠠᠳ᠋ᠷ ᠠᠵᠢᠯᠲᠠᠨ ᠠᠵᠢᠯᠴᠢᠨ ᠤ ᠨᠢᠭᠤᠴᠠ ᠶᠢ ᠬᠠᠮᠠᠭᠠᠯᠠᠬᠤ ᠠᠵᠢᠯ ᠵᠢᠴᠢ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠪᠠ ᠬᠦᠨᠳᠦ ᠨᠣᠴᠢᠲᠠᠢ ᠴᠢᠨᠠᠷ ᠤᠨ ᠲᠤᠬᠠᠢ ᠭᠦᠨᠵᠡᠭᠡᠢ ᠲᠠᠨᠢᠯᠲᠠ ᠲᠠᠢ ᠪᠣᠯᠵᠠᠢ᠃ ᠤᠯᠠᠨ ᠢᠶᠠᠷ ᠢᠶᠠᠨ᠄ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠤ ᠬᠤᠪᠢᠰᠤᠩᠭᠤᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠴᠢᠳᠠᠮᠠᠭᠠᠢ ᠪᠠᠷ ᠠᠰᠢᠭᠯᠠᠨ ᠤᠯᠤᠰ ᠤᠨ ᠠᠮᠤᠷ ᠲᠦᠪᠰᠢᠨ ᠤ ᠪᠣᠳᠠᠲᠤ ᠬᠦᠴᠦᠨ ᠤ ᠰᠠᠭᠤᠷᠢ ᠶᠢ ᠪᠠᠬᠢᠵᠢᠭᠦᠯᠵᠦ᠂ ᠨᠡᠩ ᠥᠨᠳᠥᠷ ᠠᠮᠤᠷ ᠲᠦᠪᠰᠢᠨ ᠤ ᠲᠦᠪᠰᠢᠨ ᠢᠶᠠᠷ ᠡᠨᠧᠷᠭᠢ ᠶᠢᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃      ᠬᠤᠶᠢᠰᠢᠳᠠ ᠤᠳᠠ ᠲᠤᠭᠤᠷᠢᠭ ᠤᠨ ᠡᠨᠧᠷᠭᠢ ᠶᠢᠨ ᠲᠣᠪᠴᠢᠶ᠎ᠠ ᠺᠠᠳ᠋ᠷ ᠠᠵᠢᠯᠲᠠᠨ ᠠᠵᠢᠯᠴᠢᠨ ᠳᠤ ᠬᠢᠬᠦ ᠤᠯᠤᠰ ᠤᠨ ᠠᠮᠤᠷ ᠲᠦᠪᠰᠢᠨ ᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠢᠳᠡᠪᠬᠢᠲᠡᠢ ᠣᠷᠣᠯᠴᠠᠭᠤᠯᠵᠤ᠂ ᠪᠦᠬᠦ ᠲᠤᠭᠤᠷᠢᠭ ᠤᠨ ᠤᠯᠤᠰ ᠤᠨ ᠠᠮᠤᠷ ᠲᠦᠪᠰᠢᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号