4 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠳᠠ | ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 36 ᠳ᠋ᠤᠭᠠᠷ | ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠪᠦᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠬᠠᠢ ᠬᠡᠷᠡᠭᠵᠢᠭᠦᠯᠬᠦ | ᠲᠥᠰᠥᠯ︾᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ︽ᠪᠦᠬᠦ ᠬᠤᠲᠠ ᠶᠢᠨ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ | ᠲᠥᠪᠯᠡᠷᠡᠭᠦᠯᠦᠨ ᠵᠠᠰᠠᠬᠤ ᠲᠤᠬᠠᠢ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠵᠤ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠤᠨ ᠨᠠᠷᠢᠨ | ᠲᠠᠩᠰᠠ ᠶᠢ ᠵᠠᠷᠯᠠᠨ ᠮᠡᠳᠡᠭᠳᠡᠵᠦ᠂ ᠮᠠᠨ ᠤ ᠲᠤᠭᠤᠷᠢᠭ ᠤᠨ ︽ᠪᠦᠬᠦ ᠲᠤᠭᠤᠷᠢᠭ ᠤᠨ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠬᠠᠢ | ᠬᠡᠷᠡᠭᠵᠢᠭᠦᠯᠬᠦ ᠲᠥᠰᠥᠯ ︵ᠬᠦᠷᠭᠡᠨ ᠬᠢᠨᠠᠭᠤᠯᠬᠤ ᠨᠣᠣᠷᠠᠭ︶︾ ᠢ ᠰᠤᠳᠤᠯᠤᠨ ᠬᠢᠨᠠᠨ ᠵᠥᠪᠯᠡᠵᠦ ᠳᠠᠷᠠᠭᠠᠴᠢ ᠶᠢᠨ | ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠶᠠᠨ ᠸᠧᠨ ᠯᠦᠩ ᠴᠢᠬᠤᠯᠠᠴᠢᠯᠠᠭᠰᠠᠨ ᠨᠢ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠶᠢᠨ | ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠥᠪᠯᠡᠷᠡᠭᠦᠯᠦᠨ ᠵᠠᠰᠠᠬᠤ ᠠᠵᠢᠯ ᠢ ᠨᠢᠭᠡ ᠵᠦᠢᠯ ᠤᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ᠲᠥᠪᠯᠡᠷᠡᠭᠦᠯᠦᠨ ᠵᠠᠰᠠᠬᠤ ᠶᠢᠨ ᠬᠠᠷᠠᠯᠲᠠ ᠡᠭᠦᠷᠭᠡ ᠶᠢ ᠣᠨᠣᠪᠴᠢᠲᠠᠢ | ᠡᠵᠡᠮᠳᠡᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠦᠨᠡᠨᠬᠦ ᠵᠢᠷᠤᠮᠵᠢᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠵᠤ᠂ ᠲᠥᠪᠯᠡᠷᠡᠭᠦᠯᠦᠨ | ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ︽ | ᠬᠤᠶᠠᠷ ᠢ ᠲᠣᠭᠲᠠᠭᠠᠬᠤ︾ ᠶᠢ ᠬᠦᠷᠢᠶᠡᠯᠡᠬᠦ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠠᠬᠢᠭᠤᠯᠬᠤ ᠬᠡᠷᠡᠭᠲᠡᠢ᠃ ᠨᠢᠭᠡ ᠳᠤ᠂ ᠠᠷᠭ᠎ᠠ ᠵᠠᠮ ᠢ ᠣᠨᠣᠪᠴᠢᠲᠠᠢ ᠡᠵᠡᠮᠳᠡᠵᠦ᠂ ᠰᠤᠷᠤᠯᠴᠠᠬᠤ᠂ ᠪᠠᠶᠢᠴᠠᠭᠠᠬᠤ᠂ | ᠥᠭᠡᠷᠡᠴᠢᠯᠡᠬᠦ ︽ᠭᠤᠷᠪᠠᠨ ᠵᠠᠩᠭᠢᠯᠠᠭ᠎ᠠ ᠶᠢᠨ ᠭᠤᠭᠴᠤᠭ᠎ᠠ︾ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ | ᠬᠤᠶᠠᠷ ᠲᠤ᠂ ᠪᠦᠬᠦ ᠬᠤᠲᠠ ᠶᠢᠨ ︽ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠬᠥᠭᠵᠢᠯᠲᠡ ᠶᠢ ᠠᠬᠢᠭᠤᠯᠬᠤ︾ ᠰᠤᠷᠲᠠᠯ ᠤᠨ ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠬᠦ ᠬᠠᠮᠢᠶ᠎ᠠ ᠪᠦᠬᠦᠢ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ | ᠨᠠᠢᠮᠠ ᠶᠢ ᠴᠢᠩᠭ᠎ᠠ ᠴᠠᠭᠠᠵᠠᠯᠠᠬᠤ︾᠂ ︽ᠳᠥᠷᠪᠡ ᠶᠢ ᠪᠠᠷᠢᠮᠲᠠᠯᠠᠬᠤ︾ ᠲᠠᠢ ᠬᠠᠷᠢᠴᠠᠭᠤᠯᠵᠤ᠂ ︽ᠳᠦᠷᠪᠡᠨ | ᠵᠦᠢᠯ ᠤᠨ ᠰᠡᠳᠬᠢᠴᠡ︾ ᠶᠢ ᠴᠢᠩᠭ᠎ᠠ ᠴᠡᠭᠡᠷᠯᠡᠵᠦ᠂ 11 ᠲᠠᠯ᠎ᠠ ᠶᠢᠨ ᠠᠰᠠᠭᠤᠳᠠᠯ ᠤᠨ ᠨᠠᠷᠢᠨ ᠳᠠᠩᠰᠠ ᠶᠢ | ᠬᠠᠷᠭᠤᠭᠤᠯᠵᠤ᠂ ᠥᠪᠡᠷ ᠢ ᠪᠠᠨ ᠭᠦᠨᠵᠡᠭᠡᠢ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠠᠰᠠᠭᠤᠳᠠᠯ ᠤᠨ ᠨᠠᠷᠢᠨ | ᠳᠠᠩᠰᠠ ᠶᠢ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠪᠠᠶᠢᠭᠤᠯᠵᠤ᠂ ᠳᠣᠣᠷ᠎ᠠ ᠨᠢ ᠮᠡᠳᠡᠮᠡᠭᠴᠡ | ᠥᠭᠡᠷᠡᠴᠢᠯᠡᠵᠦ᠂ ᠳᠣᠣᠷ᠎ᠠ ᠨᠢ ᠪᠠᠶᠢᠴᠠᠭᠠᠵᠤ ᠳᠣᠣᠷ᠎ᠠ ᠨᠢ ᠥᠭᠡᠷᠡᠴᠢᠯᠡᠵᠦ᠂ ᠦᠨᠡᠨᠬᠦ ᠪᠠᠶᠢᠴᠠᠭᠠᠵᠤ ᠦᠨᠡᠨᠬᠦ | ᠥᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠵᠠᠩᠭᠢᠯᠠᠭ᠎ᠠ ᠶᠢᠨ | ᠬᠥᠮᠥᠨ᠂ ᠵᠠᠩᠭᠢᠯᠠᠭ᠎ᠠ ᠶᠢᠨ ᠶᠠᠪᠤᠳᠠᠯ ᠢ ᠴᠢᠩᠭ᠎ᠠ ᠠᠩᠬᠠᠷᠴᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ | ᠣᠨᠣᠪᠴᠢᠲᠠᠢ ᠡᠵᠡᠮᠳᠡᠨ ᠬᠡᠷᠡᠭᠯᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ | ᠬᠤᠭᠤᠴᠠᠭ᠎ᠠ ᠪᠠᠷ ᠪᠠᠷᠢᠮᠲᠠᠯᠠᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠨᠢᠭᠡ ᠮᠥᠴᠡ ᠴᠦ ᠵᠣᠭᠰᠣᠯ ᠦᠭᠡᠢ | ᠠᠬᠢᠭᠤᠯᠬᠤ ᠬᠡᠷᠡᠭᠲᠡᠢ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠬᠢᠶᠠᠯ ᠬᠦᠷᠲᠡᠬᠦ᠂ ᠳᠡᠭᠡᠭᠰᠢᠯᠡᠯᠲᠡ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠲᠥᠪᠯᠡᠷᠡᠭᠦᠯᠦᠨ ᠵᠠᠰᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠲᠠᠢ ᠤᠶᠠᠯᠳᠤᠭᠤᠯᠵᠤ᠂ ᠪᠦᠬᠦ ᠬᠤᠳᠠ ᠶᠢᠨ | ︽ᠨᠠᠮ ᠤᠨ ᠪᠠᠶᠢᠭᠤᠯᠤᠯᠲᠠ ᠶᠢ ᠢᠯᠡ ᠪᠣᠯᠭᠠᠬᠤ᠂ ᠠᠮᠵᠢᠯᠲᠠ ᠪᠦᠲᠦᠮᠵᠢ ᠶᠢ ᠢᠯᠡ ᠪᠣᠯᠭᠠᠬᠤ︾ ᠠᠵᠢᠯᠯᠠᠭ᠎ᠠ ᠲᠠᠢ | ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠨᠡᠶᠢᠭᠡᠮ ᠤᠨ ᠵᠠᠰᠠᠯᠲᠠ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ︽ᠴᠢᠩᠭ᠎ᠠ︾ ᠶᠢᠨ ᠭᠤᠣᠯ | ᠬᠦᠭ ᠠᠶᠠᠰ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠢ ᠪᠠᠶᠢᠩᠭᠤ ᠰᠠᠨᠠᠭᠤᠯᠬᠤ ᠲᠣᠭᠲᠠᠴᠠ᠂ ᠠᠰᠠᠭᠤᠳᠠᠯ ᠢ | ᠪᠠᠶᠢᠴᠠᠭᠠᠨ ᠰᠢᠢᠳᠪᠦᠷᠢᠯᠡᠬᠦ ᠲᠣᠭᠲᠠᠴᠠ᠂ ᠬᠥᠮᠥᠨ ᠰᠣᠩᠭᠤᠵᠤ ᠬᠥᠮᠥᠨ ᠬᠡᠷᠡᠭᠯᠡᠬᠦ ᠶᠢᠨ ᠪᠣᠭᠤᠮᠲᠠ ᠶᠢ ᠡᠵᠡᠮᠳᠡᠬᠦ | ᠲᠣᠭᠲᠠᠴᠠ ᠪᠠ ᠰᠦᠪᠡᠭᠴᠢ ᠶᠢ ᠢᠯᠡᠷᠡᠭᠦᠯᠬᠦ ᠲᠣᠭᠲᠠᠴᠠ ᠵᠡᠷᠭᠡ 4 ᠵᠦᠢᠯ ᠤᠨ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠶᠢ | ᠪᠠᠶᠢᠩᠭᠤ ᠠᠳᠬᠤᠵᠤ᠂ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠬᠤ ᠬᠡᠷᠡᠭᠲᠡᠢ᠃ ᠵᠥᠪ ᠲᠠᠯ᠎ᠠ ᠶᠢᠨ | ᠬᠥᠮᠦᠵᠢᠯ ᠪᠣᠯᠣᠨ ᠰᠡᠷᠡᠮᠵᠢᠯᠡᠭᠦᠯᠬᠦ ᠬᠥᠮᠦᠵᠢᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠲᠡᠯᠢᠭ ᠠᠷᠭ᠎ᠠ | ᠬᠢᠳᠡᠯ ᠪᠣᠯᠣᠨ ᠲᠤᠷᠰᠢᠯᠭ᠎ᠠ ᠶᠢ ᠠᠭᠤᠳᠠᠯᠤᠨ ᠤᠬᠠᠭᠤᠯᠬᠤ ᠶᠢ ᠴᠢᠬᠤᠯᠠᠴᠢᠯᠠᠵᠤ᠂ ᠨᠠᠵᠠᠭᠠᠢ ᠲᠠᠯ᠎ᠠ ᠶᠢᠨ ᠨᠡᠶᠢᠲᠡᠯᠢᠭ | ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ ᠢᠯᠡᠴᠢᠯᠡᠵᠦ᠂ ᠲᠥᠪᠯᠡᠷᠡᠭᠦᠯᠦᠨ ᠵᠠᠰᠠᠬᠤ | ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ | ᠪᠤᠢ ᠪᠣᠯᠭᠠᠵᠤ ᠥᠭᠬᠦ ᠬᠡᠷᠡᠭᠲᠡᠢ᠃ | | |