ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/21
   
     4 ᠰᠠᠷ᠎ᠠ ᠶᠢᠨ 21  ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠯᠠᠭᠠᠨᠨᠠᠭᠤᠷ ᠪᠠᠯᠭᠠᠰᠤ ᠪᠣᠯᠣᠨ ᠰᠠᠨ ᠳ᠋ᠣᠣ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠯᠢᠦ ᠮᠧᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠲᠠᠷᠢᠶᠠᠨ ᠭᠠᠵᠠᠷ ᠲᠤ ᠬᠦᠷᠴᠦ᠂ ᠶᠠᠨ ᠸᠧᠨ ᠯᠦᠩ ᠬᠠᠪᠤᠷ ᠤᠨ ᠲᠠᠷᠢᠶᠠᠯᠠᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠥᠷᠥᠰᠥᠨ ᠤ ᠴᠢᠭᠢᠭ ᠤᠨ ᠪᠠᠶᠢᠳᠠᠯ᠂ ᠲᠠᠷᠢᠮᠠᠯ ᠤᠨ ᠪᠦᠲᠦᠴᠡ᠂ ᠲᠠᠷᠢᠬᠤ ᠬᠡᠪᠴᠢᠶ᠎ᠡ ᠵᠢᠴᠢ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
ᠶᠠᠨ ᠸᠧᠨ ᠯᠦᠩ ᠴᠢᠬᠤᠯᠠᠴᠢᠯᠠᠭᠰᠠᠨ ᠨᠢ      ᠡᠨᠡ ᠵᠢᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠵᠠᠩᠭᠢᠯᠠᠭ᠎ᠠ ᠶᠢᠨ ᠵᠢᠯ ᠤᠨ ᠵᠠᠩᠭᠢᠯᠠᠭ᠎ᠠ ᠶᠢᠨ ᠲᠠᠷᠢᠶᠠᠯᠠᠩ ᠤᠨ ᠴᠠᠭ ᠲᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠠᠶᠢᠲᠤᠷ ᠠᠳᠬᠤᠬᠤ ᠨᠢ ᠪᠦᠬᠦ ᠵᠢᠯ ᠤᠨ ᠠᠵᠤ ᠠᠬᠤᠢ ᠶᠢᠨ ᠠᠵᠢᠯᠯᠠᠭᠠᠨ ᠤ ᠶᠡᠭᠡ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠦᠨ᠎ᠡ ᠶᠢ ᠲᠣᠭᠲᠠᠪᠤᠷᠢᠵᠢᠭᠤᠯᠬᠤ ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ ᠰᠠᠶᠢᠲᠤᠷ ᠠᠳᠬᠤᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠪᠠᠷ ᠲᠣᠬᠢᠷᠠᠭᠤᠯᠵᠤ᠂ ᠲᠠᠷᠢᠶᠠᠯᠠᠩ ᠢ ᠲᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ ᠠᠮᠤ ᠪᠤᠳᠠᠭ᠎ᠠ ᠪᠠ ᠲᠠᠷᠢᠶᠠᠯᠠᠩ ᠤᠨ ᠡᠯᠪᠡᠭ ᠬᠤᠷᠢᠶᠠᠯᠲᠠ ᠶᠢᠨ ᠰᠠᠭᠤᠷᠢ ᠶᠢ ᠪᠠᠲᠤᠳᠬᠠᠨ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ‌‍ᠬᠥ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠰᠢᠨ᠎ᠡ ᠴᠠᠭ ᠦᠶ᠎ᠡ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠭᠠᠷᠳᠠᠴᠠ ᠪᠣᠯᠣᠨ᠎ᠠ᠃ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠨᠠᠷᠢᠯᠢᠭ ᠣᠨᠣᠴᠠᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠨᠴᠠᠯᠢᠭ ᠢᠶᠠᠨ ᠲᠣᠪᠤᠶᠢᠯᠭᠠᠨ᠂ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠳᠤᠲᠠᠭᠤᠳᠠᠯ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠵᠢ ᠪᠦᠷᠢᠳᠦᠭᠦᠯᠬᠦ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠷᠢᠮᠵᠢᠶᠠᠵᠢᠭᠰᠠᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠨᠢᠭᠡ ᠪᠦᠯᠦᠭ ᠲᠠᠷᠢᠶᠠᠯᠠᠩ ᠤᠨ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠪᠣᠶᠢᠵᠢᠭᠤᠯᠤᠨ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠪᠠᠲᠤᠳᠬᠠᠨ᠂ ᠯᠠᠪᠳᠠᠭᠤᠨ ᠪᠠᠲᠤᠲᠠᠢ ᠪᠠᠷ ᠠᠵᠢᠯᠯᠠᠵᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠡᠪᠴᠢᠶ᠎ᠡ ᠶᠢ ᠴᠢᠷᠮᠠᠶᠢᠨ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号