| 4 ᠰᠠᠷ᠎ᠠ ᠶᠢᠨ 21 ᠤ ᠡᠳᠦᠷ᠂ ᠰᠠᠨ ᠳ᠋ᠣᠣ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠦᠵᠦᠮ ᠤᠨ ᠲᠠᠷᠢᠮᠠᠯ ᠤᠨ ᠲᠠᠰ ᠳᠡᠪᠰᠢᠭᠦᠯᠬᠦ ᠵᠢᠴᠢ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠦᠢᠯᠡᠰ ᠢ ᠵᠢᠩᠬᠢᠨᠢ ᠪᠠᠷ | ᠪᠠᠶᠢᠭᠤᠯᠵᠤ ᠡᠬᠢᠯᠡᠪᠡ᠃ ᠲᠤᠰ ᠲᠦᠷᠦᠯ ᠵᠦᠢᠯ ᠪᠣᠯ ᠤᠳᠠ ᠲᠣᠭᠤᠷᠢᠭ ᠤᠨ 2022 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠪᠣᠯᠣᠨ᠎ᠠ᠂ ᠮᠥᠨᠴᠦ ᠰᠠᠨ ᠳ᠋ᠣᠣ ᠺᠠᠨ | ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠲᠦᠷᠦᠯ ᠵᠦᠢᠯ ᠪᠣᠯᠣᠨ᠎ᠠ᠃ | | ᠣᠶᠢᠯᠠᠭᠠᠭᠰᠠᠨ ᠢᠶᠠᠷ᠂ ᠰᠠᠨ ᠳ᠋ᠣᠣ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠵᠦᠮ ᠤᠨ | ᠲᠠᠷᠢᠮᠠᠯ ᠤᠨ ᠲᠡᠰ ᠳᠡᠪᠰᠢᠭᠦᠯᠬᠦ ᠵᠢᠴᠢ ᠪᠠᠷᠢᠮᠵᠢᠶᠠᠵᠢᠭᠤᠯᠤᠭᠰᠠᠨ ᠲᠠᠷᠢᠮᠠᠯ ᠤᠨ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ 100.504 ᠲᠦᠮᠡᠨ ᠲᠥᠭᠦᠷᠢᠭ ᠲᠤ ᠬᠦᠷᠴᠦ᠂ 35 ᠮᠦ ᠲᠠᠯᠠᠪᠠᠢ ᠲᠠᠢ᠂ ᠰᠠᠨ ᠳ᠋ᠣᠣ ᠺᠠᠨ | ᠵᠡᠭᠡᠯᠢ ᠭᠤᠳᠤᠮᠵᠢ ᠪᠣᠯᠣᠨ ᠦᠬᠠᠢ ᠬᠤᠳᠠ ᠶᠢᠨ ᠬᠠᠶᠢᠵᠢᠶᠠᠩ ᠲᠠᠷᠢᠶᠠᠴᠢᠨ ᠤ ᠲᠤᠰᠬᠠᠢ ᠬᠤᠷᠰᠢᠶ᠎ᠠ ᠠᠴᠠ | ᠬᠠᠮᠲᠤᠪᠠᠷ ᠪᠠᠶᠢᠭᠤᠯᠤᠭᠰᠠᠨ ᠶᠤᠮ᠃ | | ᠲᠣᠰ ᠲᠥᠷᠥᠯ ᠵᠦᠢᠯ ᠨᠢ ᠦᠬᠠᠢ ᠬᠤᠲᠠ ᠶᠢᠨ ᠥᠨᠳᠥᠷ ᠪᠦᠲᠦᠮᠵᠢᠲᠡᠶ ᠣᠨᠴᠠᠯᠢᠭᠲᠤ ᠠᠵᠤ ᠦᠢᠯᠡᠰ ᠢ | ᠬᠥᠭᠵᠢᠭᠦᠯᠬᠦ᠂ ᠬᠠᠲᠤᠨ ᠭᠤᠣᠯ ᠳᠠᠭᠠᠤ ᠶᠢᠨ ᠦᠵᠦᠮ ᠤᠨ ᠠᠵᠤ ᠠᠬᠤᠢ ᠶᠢᠨ ᠪᠦᠰᠡ ᠶᠢ ᠪᠣᠶ ᠪᠣᠯᠭᠠᠬᠤ | ᠲᠠᠷᠢᠶᠠᠯᠠᠩ ᠤᠨ ᠬᠥᠭᠵᠢᠯᠲᠡ ᠶᠢᠨ ᠰᠡᠳᠬᠢᠮᠵᠢ ᠳᠤ ᠰᠠᠭᠤᠷᠢᠯᠠᠵᠤ᠂ ︽1+1+ ᠬᠤᠷᠰᠢᠶ᠎ᠠ +N︾ ᠶᠢᠨ | ᠬᠤᠯᠪᠤᠭᠠᠯᠠᠨ ᠬᠥᠭᠵᠢᠬᠦ ᠵᠠᠭᠪᠤᠷ ᠢᠶᠠᠷ ᠰᠠᠨ ᠳ᠋ᠣᠣ ᠺᠠᠨ ᠤ ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢᠨ ᠰᠢᠨ᠎ᠡ | ᠪᠡᠯᠭᠡ ᠲᠡᠮᠳᠡᠭ ᠢ ᠪᠣᠶ ᠪᠣᠯᠭᠠᠨ᠎ᠠ᠃ ᠲᠤᠰ ᠲᠦᠷᠦᠯ ᠵᠦᠢᠯ ᠨᠢ ᠰᠤᠯᠠ ᠪᠠᠶᠢᠬᠤ ᠭᠠᠵᠠᠷ ᠰᠢᠷᠣᠢ ᠶᠢ ᠠᠰᠢᠭᠯᠠᠵᠤ᠂ | ᠦᠵᠦᠮ ᠤᠨ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠡᠭᠦᠨ ᠤ ᠤᠯᠠᠮ ᠠᠴᠠ ᠲᠠᠷᠢᠶᠠᠴᠢᠨ ᠡᠷᠦᠬᠡ ᠶᠢᠨ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠵᠦ᠂ ᠠᠷᠠᠳ ᠤᠯᠠᠨ ᠳᠤ ᠪᠤᠶᠠᠨ ᠦᠢᠯᠡᠳᠦᠨ᠎ᠡ᠃ |