ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ᠪᠠ ᠬᠠᠴᠢᠨ ᠦᠨᠦᠷ ᠢ ᠵᠠᠰᠠᠬᠤ ᠲᠥᠰᠥᠯ︾ ᠢ ᠲᠣᠭᠤᠷᠢᠭ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2022 ᠣᠨ ᠤ 4 ᠰᠠᠷ᠎ᠠ ᠶᠢᠨ 11 ᠤ ᠡᠳᠦᠷ | ᠤᠳᠠ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ᠪᠠ ᠬᠠᠴᠢᠨ ᠦᠨᠦᠷ ᠢ ᠵᠠᠰᠠᠬᠤ ᠲᠥᠰᠥᠯ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠵᠠᠰᠠᠯᠲᠠ ᠶᠢᠨ ᠬᠢᠷᠢ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠵᠤ᠂ | ᠲᠤᠭᠤᠷᠢᠭ ᠤᠨ ᠪᠠᠶᠢᠳᠠᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠠᠷᠠᠳ ᠢ ᠬᠦᠨᠳᠦ ᠨᠣᠴᠢᠲᠠᠢ ᠦᠢᠮᠡᠭᠦᠯᠦᠭᠰᠡᠨ᠂ | ᠣᠷᠴᠢᠨ ᠲᠣᠭᠤᠷᠢᠨ ᠤ ᠲᠦᠭᠰᠢᠭᠦᠷᠢ ᠪᠠᠷ ᠶᠡᠭᠡ᠂ ᠭᠤᠭᠤᠵᠢᠵᠤ ᠭᠤᠭᠤᠵᠢᠬᠤ ᠦᠵᠡᠭᠳᠡᠯ ᠲᠠᠢ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠠᠵᠢᠯᠯᠠᠭᠠᠨ ᠢᠶᠠᠷ ᠠᠨᠠᠢ ᠬᠢᠮᠢ ᠶᠢᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠪᠠ ᠬᠢᠨᠠᠨ ᠬᠠᠮᠢᠶᠠᠷᠬᠤ ᠡᠲᠡᠭᠡᠳ ᠢᠶᠠᠨ ᠪᠣᠯᠭᠠᠵᠤ᠂ | ᠤᠳᠠ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ᠪᠠ ᠬᠠᠴᠢᠨ ᠦᠨᠦᠷ ᠢ ᠶᠡᠷᠦᠩᠬᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠨᠴᠣᠭᠤᠶᠢᠯᠠᠨ | ᠳᠣᠣᠷᠠᠬᠢ ᠮᠡᠲᠦ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ | ᠰᠢᠯᠢᠳᠡᠭᠵᠢᠭᠦᠯᠦᠨ ᠳᠡᠰ ᠳᠡᠪᠰᠢᠭᠦᠯᠬᠦ᠂ ᠪᠦᠬᠦ ᠶᠠᠪᠤᠴᠠ ᠶᠢ ᠡᠵᠡᠮᠳᠡᠬᠦ ᠰᠡᠳᠬᠢᠴᠡ ᠪᠠᠷ᠂ ᠪᠦᠬᠦ ᠶᠠᠪᠤᠴᠠ ᠶᠢᠨ | ᠭᠠᠳᠠᠭᠰᠢᠯᠠᠭᠤᠯᠤᠯᠲᠠ ᠶᠢᠨ ᠵᠠᠰᠠᠯᠲᠠ ᠶᠢ ᠨᠡᠮᠡᠭᠳᠡᠭᠦᠯᠬᠦ ᠪᠠᠷ ᠬᠠᠳᠠᠭᠠᠯᠠᠬᠤ᠂ ᠬᠦᠷᠭᠡᠬᠦ᠂ ᠮᠠᠲ᠋ᠧᠷᠢᠶᠠᠯ ᠣᠷᠣᠭᠤᠯᠬᠤ᠂ | ᠮᠠᠲ᠋ᠧᠷᠢᠶᠠᠯ ᠪᠠᠭᠤᠯᠭᠠᠬᠤ ᠵᠢᠴᠢ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ᠂ ᠰᠣᠨᠢᠨ ᠦᠨᠦᠷ ᠲᠠᠢ ᠪᠦᠲᠦᠭᠡᠭᠳᠡᠬᠦᠨ ᠢ | ᠰᠠᠯᠭᠠᠨ ᠰᠠᠪᠠᠯᠠᠬᠤ ᠵᠡᠷᠭᠡ ᠶᠠᠪᠤᠴᠠ ᠳᠤ᠂ ᠪᠣᠬᠢᠷ ᠤᠰᠤᠨ ᠤ ᠰᠢᠰᠲ᠋ᠧᠮ ᠤᠨ ᠰᠠᠷᠨᠢᠯ ᠵᠡᠷᠭᠡ ᠵᠠᠩᠭᠢᠯᠠᠭ᠎ᠠ ᠶᠢᠨ | ᠰᠡᠳᠦᠯᠲᠡ ᠶᠢᠨ ᠴᠢᠨᠠᠷᠲᠠᠢ ᠦᠨᠦᠷ ᠤᠷᠪᠠᠯ ᠤᠨ ᠰᠡᠭᠦᠯ ᠤᠨ ᠬᠡᠢ᠂ ᠨᠡᠷᠡᠯᠲᠡ ᠶᠢᠨ ᠲᠣᠨᠣᠭᠯᠠᠯ ᠤᠨ ᠦᠯᠦ ᠴᠠᠷᠴᠠᠬᠤ | ᠰᠡᠭᠦᠯ ᠤᠨ ᠬᠡᠢ ᠵᠡᠷᠭᠡ ᠤᠷᠠᠨ ᠮᠡᠷᠭᠡᠰᠢᠯ ᠤᠨ ᠬᠡᠢ ᠭᠠᠳᠠᠭᠰᠢᠯᠠᠭᠤᠯᠬᠤ᠂ ᠤᠷᠠᠨ ᠮᠡᠷᠭᠡᠰᠢᠯ ᠤᠨ ᠰᠠᠪᠠ ᠶᠢ ᠰᠣᠯᠢᠬᠤ | ᠬᠡᠢ᠂ ᠦᠯᠢᠶᠡᠵᠦ ᠱᠦᠭᠦᠷᠳᠡᠬᠦ᠂ ᠬᠤᠭᠤᠰᠤᠨ ᠢ ᠲᠠᠲᠠᠵᠤ ᠬᠡᠢ ᠭᠠᠳᠠᠭᠰᠢᠯᠠᠭᠤᠯᠬᠤ ᠵᠡᠷᠭᠡ ᠭᠠᠳᠠᠭᠰᠢᠯᠠᠭᠤᠯᠤᠯᠲᠠ ᠶᠢ | ᠵᠠᠰᠠᠬᠤ ᠶᠢ ᠬᠡᠷᠡᠭᠵᠢᠭᠦᠯᠵᠦ᠂ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠨᠦᠷ ᠤᠨ ᠪᠣᠬᠢᠷᠳᠤᠯ ᠢ | ᠬᠢᠵᠠᠭᠠᠷᠯᠠᠬᠤ ᠮᠡᠷᠭᠡᠵᠢᠯ ᠤᠨ ᠲᠣᠨᠣᠭᠯᠠᠯ ᠬᠤᠴᠤᠷᠤᠩᠭᠤᠢ᠂ ᠪᠣᠬᠢᠷᠳᠤᠯ ᠢ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ | ᠦᠷ᠎ᠡ ᠪᠦᠲᠦᠮᠵᠢ ᠳᠣᠣᠷ᠎ᠠ ᠵᠡᠷᠭᠡ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠣᠯᠣᠨ ᠣᠨᠳᠣᠣ ᠦᠨᠦᠷ ᠤᠨ ᠪᠣᠬᠢᠷᠳᠤᠯ ᠢ ᠰᠡᠷᠭᠡᠶᠢᠯᠡᠨ ᠵᠠᠰᠠᠬᠤ | ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ | ᠬᠤᠶᠠᠷ᠂ ᠴᠡᠭᠴᠡᠯᠡᠨ ᠵᠠᠰᠠᠬᠤ ᠬᠡᠪᠴᠢᠶ᠎ᠡ ᠪᠠ ᠭᠤᠣᠯᠳᠠᠯᠭ᠎ᠠ | ︵ᠨᠢᠭᠡ︶ ᠭᠤᠣᠯᠳᠠᠯᠭ᠎ᠠ ᠲᠠᠢ ᠠᠵᠢᠯ ᠲᠥᠷᠥᠯ | ᠤᠳᠠ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠯᠲᠠ ᠶᠢᠨ ᠭᠤᠣᠯᠳᠠᠯᠭ᠎ᠠ | ᠨᠢ ᠬᠢᠮᠢ ᠶᠢᠨ ᠠᠵᠤ ᠦᠢᠯᠡᠳᠪᠦᠷᠢ ︵ᠬᠡᠦᠷᠰᠢᠭᠦᠯᠬᠦ ᠪᠠᠭᠲᠠᠨ᠎ᠠ︶᠂ ᠡᠮ ᠦᠶᠯᠡᠳᠬᠦ᠂ ᠲᠠᠷᠢᠶᠠᠨ ᠡᠮ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠵᠢᠴᠢ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠭᠠᠷᠬᠤ | ᠵᠡᠷᠭᠡ ᠶᠡᠷᠦᠩᠬᠡᠶᠢᠯᠡᠨ ᠵᠠᠰᠠᠬᠤ ᠴᠢᠬᠤᠯᠠᠲᠠᠢ ᠠᠵᠤ ᠠᠬᠤᠶᠢᠯᠠᠯ ᠢ ᠵᠢᠭᠠᠨ᠎ᠠ᠃ ᠮᠠᠨ ᠤ ᠲᠤᠭᠤᠷᠢᠭ ᠤᠨ ᠳᠡᠭᠳᠡᠮᠡᠬᠡᠢ | ᠴᠢᠨᠠᠷᠲᠠᠢ ᠣᠷᠭᠠᠨᠢᠭ ᠪᠣᠳᠠᠰ ᠪᠣᠯᠣᠨ ᠬᠠᠴᠢᠨ ᠦᠨᠦᠷ ᠤᠨ ᠪᠣᠬᠢᠷᠳᠤᠯ ᠢ ᠤᠯᠠᠮ ᠨᠢᠭᠡ ᠠᠯᠬᠤᠮ | ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠭᠤᠣᠯᠳᠠᠯᠭ᠎ᠠ ᠲᠠᠢ ᠠᠵᠢᠯ ᠲᠥᠷᠥᠯ ᠪᠣᠯᠣᠨ ᠭᠤᠣᠯᠳᠠᠯᠭ᠎ᠠ ᠲᠠᠢ ᠪᠣᠬᠢᠷᠳᠤᠯ | ᠪᠣᠳᠠᠰ ᠢᠶᠠᠷ ᠭᠤᠣᠯ ᠡᠵᠡᠮᠳᠡᠬᠦ ᠡᠲᠡᠭᠡᠳ ᠢᠶᠠᠨ ᠪᠣᠯᠭᠠᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠣᠯᠣᠨ | ᠬᠠᠴᠢᠨ ᠦᠨᠦᠷ ᠢ ᠬᠠᠮᠵᠢᠯᠴᠠᠨ ᠭᠠᠳᠠᠭᠰᠢᠯᠠᠭᠤᠯᠬᠤ ᠶᠢ ᠪᠠᠭᠠᠰᠬᠠᠬᠤ ᠶᠢ ᠢᠳᠡᠪᠬᠢᠲᠡᠢ ᠪᠠᠷ ᠠᠬᠢᠭᠤᠯᠵᠤ᠂ ᠰᠢᠨ᠎ᠡ ᠪᠠᠷ | ᠨᠡᠮᠡᠭᠳᠡᠭᠰᠡᠨ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠴᠢᠩᠭᠠᠷᠠᠭᠤᠯᠤᠨ᠂ | ᠭᠤᠣᠯᠳᠠᠯᠭ᠎ᠠ ᠲᠠᠢ ᠠᠵᠤ ᠠᠬᠤᠶᠢᠯᠠᠯ ᠢ ᠵᠠᠰᠠᠬᠤ ᠶᠢ ᠳᠣᠪᠤᠶᠢᠯᠭᠠᠵᠤ᠂ ᠴᠢᠬᠤᠯᠠ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠢ ᠰᠠᠶᠢᠲᠤᠷ ᠠᠳᠬᠤᠨ᠎ᠠ᠃ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠨᠢᠭᠡ ᠠᠵᠤ | ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ᠂ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠬᠤ᠂ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠵᠠᠷᠴᠢᠮ ᠢ ᠪᠠᠷᠢᠮᠲᠠᠯᠠᠨ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ | ᠬᠠᠴᠢᠨ ᠦᠨᠦᠷ ᠢ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠤᠨ ᠪᠣᠬᠢᠷᠳᠤᠯ ᠢ ᠰᠡᠷᠭᠡᠶᠢᠯᠡᠨ ᠵᠠᠰᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠭᠤᠣᠯᠳᠠᠯᠭ᠎ᠠ ᠲᠠᠢ ᠪᠣᠬᠢᠷᠳᠤᠯ ᠪᠣᠳᠠᠰ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠣᠯᠣᠨ ᠣᠨᠳᠣᠣ ᠦᠨᠦᠷ ᠢᠶᠠᠷ ᠭᠤᠣᠯᠳᠠᠯᠭ᠎ᠠ ᠲᠠᠢ ᠪᠣᠬᠢᠷᠳᠤᠯ | ᠪᠣᠳᠠᠰ ᠢ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠾᠯᠣᠷᠲᠤ ᠤᠰᠤᠲᠥ᠋ᠷᠥᠭᠴᠢ᠂ ᠰᠢᠪᠲᠦᠷ᠂ | ᠾᠯᠣᠷᠲᠤ ᠬᠡᠢ᠂ ᠠᠮᠢᠨ ᠤ ᠲᠦᠷᠦᠯ᠂ ᠬᠦᠬᠦᠷᠲᠦ ᠤᠰᠤᠲᠥ᠋ᠷᠥᠭᠴᠢ᠂ ᠫᠢᠷᠢᠳᠢᠨ᠂ ᠪᠧᠨ᠋ᠽᠧᠨ ᠤ ᠲᠦᠷᠦᠯ᠂ | ᠹᠧᠨᠤᠯ ᠤᠨ ᠲᠦᠷᠦᠯ ᠵᠡᠷᠭᠡ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠣᠯᠣᠨ ᠣᠨᠳᠣᠣ ᠦᠨᠦᠷ ᠤᠨ | ᠭᠠᠳᠠᠭᠰᠢᠯᠠᠭᠤᠯᠤᠯᠲᠠ ᠶᠢ ᠡᠵᠡᠮᠳᠡᠬᠦ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠠᠵᠤ ᠠᠬᠤᠶᠢᠯᠠᠯ ᠤᠨ | ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠭᠠᠷ ᠤᠷᠠᠯᠠᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠲᠥᠬᠦᠭᠡᠷᠦᠮᠵᠢ ᠶᠢ ᠲᠠᠰ ᠳᠡᠪᠰᠢᠭᠦᠯᠦᠨ᠂ ᠣᠷᠴᠢᠨ ᠠᠬᠤᠢ ᠶᠢᠨ | ᠬᠠᠮᠠᠭᠠᠯᠠᠯᠲᠠ ᠶᠢᠨ ᠲᠥᠬᠦᠭᠡᠷᠦᠮᠵᠢ ᠶᠢ ᠨᠡᠮᠡᠭᠳᠡᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ | ᠦᠨᠦᠷ ᠲᠠᠢ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ | ᠴᠢᠩᠭᠠᠳᠬᠠᠵᠤ᠂ ᠰᠡᠳᠦᠯᠲᠡ ᠶᠢᠨ ᠴᠢᠨᠠᠷᠲᠠᠢ ᠰᠣᠨᠢᠨ ᠦᠨᠦᠷ ᠲᠠᠢ ᠠᠷᠠᠳ ᠢ ᠦᠶᠮᠡᠭᠦᠯᠬᠦ ᠵᠡᠷᠭᠡ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠨ᠎ᠡ᠃ | ᠭᠤᠷᠪᠠ᠂ ᠭᠤᠣᠯ ᠡᠭᠦᠷᠭᠡ ᠵᠢᠴᠢ ᠠᠵᠢᠯ ᠤᠨ ᠠᠷᠭ᠎ᠠ ᠬᠡᠮᠵᠢᠶ᠎ᠡ | ︵ᠨᠢᠭᠡ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠤᠭᠤᠷᠢᠨ ᠳᠤ ᠵᠥᠪᠰᠢᠶᠡᠷᠡᠨ | ᠣᠷᠣᠭᠤᠯᠬᠤ ᠶᠢ ᠴᠢᠩᠳᠠᠯᠠᠵᠤ᠂ ᠡᠬᠢ ᠡᠭᠦᠰᠦᠯ ᠠᠴᠠ ᠨᠢ ᠡᠵᠡᠮᠳᠡᠬᠦ ᠳᠦᠷᠢᠮ ᠢ ᠪᠠᠶᠢᠭᠤᠯᠬᠤ ᠬᠡᠷᠡᠭᠲᠡᠢ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠢ ᠭᠠᠳᠠᠭᠰᠢᠯᠠᠭᠤᠯᠬᠤ ᠭᠤᠣᠯᠳᠠᠯᠭ᠎ᠠ ᠲᠠᠢ | ᠠᠵᠢᠯ ᠲᠦᠷᠦᠯ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠨ᠎ᠠ᠃ ᠠᠵᠤ | ᠦᠢᠯᠡᠰ ᠤᠨ ᠪᠠᠶᠢᠷᠢᠰᠢᠭᠤᠯᠤᠯ᠂ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠬᠢᠮᠢ ᠶᠢᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠢᠳᠡᠪᠬᠢᠲᠡᠢ ᠪᠠᠷ ᠲᠦᠯᠬᠢᠨ | ᠠᠬᠢᠭᠤᠯᠵᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠪᠠ ᠲᠥᠷᠥᠯ ᠵᠦᠢᠯ ᠤᠨ ᠣᠷᠴᠢᠨ | ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠬᠠᠮᠲᠤᠷᠠᠨ ᠬᠥᠳᠡᠯᠦᠯᠴᠡᠬᠦ ᠶᠢ ᠲᠥᠯᠥᠪᠵᠢᠭᠦᠯᠬᠦ ᠪᠠᠷ | ᠳᠠᠮᠵᠢᠭᠤᠯᠤᠨ᠂ ᠣᠷᠣᠨ ᠪᠦᠰᠡ᠂ ᠠᠵᠢᠯ ᠲᠥᠷᠥᠯ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠬᠡᠪᠴᠢᠶ᠎ᠡ᠂ | ᠪᠠᠶᠢᠷᠢᠰᠢᠭᠤᠯᠤᠯ ᠵᠡᠷᠭᠡ ᠶᠢ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠯᠤᠭ᠎ᠠ ᠵᠤᠬᠢᠴᠠᠵᠦ᠂ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠵᠦᠢᠯᠡᠰ ᠢ ᠵᠢᠷᠤᠵᠤ ᠲᠥᠯᠥᠪᠯᠡᠬᠦ ᠪᠠ | ᠪᠦᠲᠦᠭᠡᠨ ᠪᠠᠶᠢᠭᠤᠯᠬᠤ ᠳᠤᠮᠳᠠ ᠪᠠᠨ ᠲᠡᠷᠢᠭᠦᠨ ᠤ ᠦᠢᠯᠡᠳᠪᠦᠷᠢᠯᠡᠯ ᠤᠨ ᠤᠷᠠᠯᠠᠯ ᠢ ᠰᠣᠩᠭᠤᠨ ᠬᠡᠷᠡᠭᠯᠡᠵᠦ᠂ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠲᠠᠢ ᠠᠵᠤ ᠠᠬᠤᠶᠢᠯᠠᠯ ᠤᠨ ᠪᠣᠬᠢᠷᠳᠤᠯ ᠢ ᠡᠬᠢ | ᠰᠤᠷᠪᠤᠯᠵᠢ ᠠᠴᠠ ᠨᠢ ᠬᠢᠵᠠᠭᠠᠷᠯᠠᠨ᠎ᠠ᠃ ᠲᠠᠷᠢᠶᠠᠨ ᠡᠮ᠂ ᠡᠮ ᠡᠮᠨᠡᠯᠭᠡ᠂ ᠰᠠᠭᠤᠷᠢ ᠬᠢᠮᠢ ᠶᠢᠨ ᠠᠵᠤ ᠦᠢᠯᠡᠳᠪᠦᠷᠢ | ᠵᠡᠷᠭᠡ ᠭᠠᠳᠠᠭᠰᠢᠯᠠᠭᠤᠯᠬᠤ ᠭᠤᠣᠯᠳᠠᠯᠭ᠎ᠠ ᠲᠠᠢ ᠠᠵᠢᠯ ᠲᠥᠷᠥᠯ ᠳᠤ ᠲᠥᠷᠥᠯ ᠵᠦᠢᠯ ᠢ ᠣᠷᠣᠭᠤᠯᠤᠨ ᠠᠪᠴᠢᠷᠠᠬᠤ | ᠠᠴᠠ ᠡᠬᠢᠯᠡᠨ ᠪᠣᠭᠤᠮᠲᠠ ᠶᠢ ᠴᠢᠩᠭ᠎ᠠ ᠠᠳᠬᠤᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ | ᠦᠨᠦᠷ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠦᠨᠡᠯᠡᠨ ᠵᠢᠱᠢᠬᠦ ᠳᠦᠷᠢᠮ ᠢ ᠪᠠᠶᠢᠭᠤᠯᠤᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠲᠣᠳᠣᠷᠬᠠᠢ ᠢᠯᠡᠳᠬᠡᠭᠰᠡᠨ ᠦᠭᠡᠢ᠂ ᠡᠰᠡᠬᠦᠯ᠎ᠡ | ᠦᠢᠯᠡᠳᠪᠦᠷᠢᠯᠡᠯ ᠤᠨ ᠤᠷ᠎ᠠ ᠮᠡᠷᠭᠡᠰᠢᠯ ᠨᠢ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠣᠯᠣᠨ ᠬᠠᠴᠢᠨ ᠦᠨᠦᠷ ᠤᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠳᠤ ᠪᠡᠷᠬᠡᠲᠡᠢ ᠪᠦᠬᠦᠨ ᠢ ᠴᠥᠮ ᠣᠷᠣᠭᠤᠯᠵᠤ ᠢᠷᠡᠬᠦ ᠦᠭᠡᠢ᠂ ᠡᠯ᠎ᠡ | ᠰᠠᠯᠠᠭ᠎ᠠ ᠮᠥᠴᠢᠷ ᠤᠳ ᠴᠥᠮ ᠬᠢᠨᠠᠨ ᠵᠥᠪᠰᠢᠶᠡᠷᠡᠵᠦ ᠪᠣᠯᠬᠤ ᠦᠭᠡᠢ᠃ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ | ᠪᠠ ᠬᠠᠴᠢᠨ ᠦᠨᠦᠷ ᠢ ᠭᠠᠳᠠᠭᠰᠢᠯᠠᠭᠤᠯᠬᠤ ᠲᠥᠷᠥᠯ ᠵᠦᠢᠯ ᠢ ᠰᠢᠨ᠎ᠡ ᠪᠠᠷ᠂ ᠥᠭᠡᠷᠡᠴᠢᠯᠡᠨ᠂ ᠥᠷᠭᠡᠳᠬᠡᠨ | ᠪᠠᠶᠢᠭᠤᠯᠬᠤ ᠳᠤ᠂ ᠡᠬᠢ ᠡᠭᠦᠰᠦᠯ ᠠᠴᠠ ᠨᠢ ᠡᠵᠡᠮᠳᠡᠬᠦ ᠶᠢ ᠴᠢᠩᠭᠠᠳᠬᠠᠵᠤ᠂ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ᠪᠠ ᠬᠠᠴᠢᠨ ᠦᠨᠦᠷ ᠤᠨ ᠠᠭᠤᠯᠤᠭᠳᠠᠴᠠ ᠪᠠᠷ ᠳᠣᠣᠷ᠎ᠠ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ | ᠬᠡᠷᠡᠭᠯᠡᠨ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠶᠢ ᠴᠢᠩᠭᠠᠳᠬᠠᠵᠤ᠂ ᠥᠨᠳᠥᠷ ᠦᠷ᠎ᠡ ᠪᠦᠲᠦᠮᠵᠢᠲᠡᠶ | ᠵᠠᠰᠠᠬᠤ ᠪᠡᠯᠡᠳᠬᠡᠮᠵᠢ ᠶᠢ ᠤᠭᠰᠠᠷᠠᠬᠤ ᠬᠡᠷᠡᠭᠲᠡᠢ᠃ ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ᠂ ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | ︵ᠬᠤᠶᠠᠷ︶ ᠠᠵᠢᠯ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ᠪᠠ ᠬᠠᠴᠢᠨ ᠦᠨᠦᠷ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ | 1. ᠬᠡᠦᠷᠡᠰᠦ ᠪᠣᠯᠪᠠᠰᠤᠷᠠᠭᠤᠯᠬᠤ᠂ ᠡᠮ ᠡᠮᠨᠡᠯᠭᠡ᠂ ᠲᠠᠷᠢᠶᠠᠨ ᠡᠮ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠥᠬᠦ ᠶᠠᠪᠤᠴᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠡᠮ ᠨᠠᠶᠢᠷᠠᠬᠤ᠂ | ᠲᠠᠷᠢᠶᠠᠨ ᠡᠮ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ︵ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠬᠡᠦᠷᠡᠰᠦ ᠪᠣᠯᠪᠠᠰᠤᠷᠠᠭᠤᠯᠬᠤ ᠵᠡᠷᠭᠡ ᠪᠠᠭᠲᠠᠨ᠎ᠠ︶᠂ ᠾᠯᠣᠷ ᠱᠦᠯᠲᠦ ᠵᠡᠷᠭᠡ ᠬᠢᠮᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠣᠨᠳᠣᠣ ᠦᠨᠦᠷ ᠢ ᠵᠠᠰᠠᠬᠤ | ᠡᠷᠴᠢᠮ ᠢ ᠴᠢᠩᠭᠠᠷᠠᠭᠤᠯᠤᠨ᠎ᠠ᠃ ᠨᠢᠭᠡ ᠳᠤ ᠡᠬᠢ ᠡᠭᠦᠰᠦᠯ ᠠᠴᠠ ᠨᠢ ᠡᠵᠡᠮᠳᠡᠬᠦ ᠶᠢ ᠴᠢᠩᠭᠠᠷᠠᠭᠤᠯᠤᠨ᠎ᠠ᠃ ᠳᠡᠭᠳᠡᠮᠡᠬᠡᠢ | ᠴᠢᠨᠠᠷ ᠢᠶᠠᠷ ᠳᠣᠣᠷ᠎ᠠ ︵ᠪᠠᠶᠢᠬᠤ ᠦᠭᠡᠢ︶ ᠣᠷᠭᠠᠨᠢᠭ ᠪᠣᠳᠠᠰ ᠪᠠ ᠬᠠᠴᠢᠨ ᠦᠨᠦᠷ ᠤᠨ ᠠᠭᠤᠯᠤᠭᠳᠠᠴᠠ ᠲᠠᠢ᠂ | ᠬᠠᠷᠢᠭᠤ ᠲᠤᠰᠬᠠᠯ ᠤᠨ ᠢᠳᠡᠪᠬᠢ ᠴᠢᠨᠠᠷ ᠢᠶᠠᠷ ᠳᠣᠣᠷ᠎ᠠ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ | ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠦᠢᠯᠡᠳᠪᠦᠷᠢᠯᠡᠯ ᠤᠨ ᠤᠷᠠᠨ ᠮᠡᠷᠭᠡᠰᠢᠯ ᠤᠨ ᠲᠥᠰᠥᠯ ᠢ ᠪᠥᠬᠦ | ᠲᠠᠯ᠎ᠠ ᠪᠠᠷ ᠰᠢᠯᠢᠳᠡᠭᠵᠢᠭᠦᠯᠦᠨ᠎ᠡ᠃ ᠬᠤᠶᠠᠷ ᠲᠤ ᠶᠠᠪᠤᠴᠠᠴᠢᠯᠠᠭᠰᠠᠨ ᠬᠠᠮᠢᠶᠠᠷᠤᠯᠲᠠ ᠶᠢ ᠴᠢᠩᠳᠠᠯᠠᠨ᠎ᠠ᠃ ︽ | ᠬᠤᠭᠤᠯᠠᠶᠢᠵᠢᠭᠤᠯᠬᠤ᠂ ᠦᠷᠭᠦᠯᠵᠢᠯᠡᠭᠦᠯᠬᠦ᠂ ᠪᠢᠲᠡᠭᠦᠮᠵᠢᠯᠡᠬᠦ᠂ ᠠᠦ᠋ᠲ᠋ᠣᠴᠢᠯᠠᠬᠤ︾ ᠰᠡᠳᠬᠢᠮᠵᠢ ᠶᠣᠰᠣᠭᠠᠷ ᠭᠠᠷ | ᠤᠷᠠᠯᠠᠯ ᠤᠨ ᠲᠣᠨᠣᠭᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠡᠷᠢᠭᠦᠨ ᠤ᠂ ᠠᠦ᠋ᠲ᠋ᠣᠴᠢᠯᠠᠭᠰᠠᠨ | ᠪᠣᠳᠠᠰ ᠤᠨ ᠮᠠᠲ᠋ᠧᠷᠢᠶᠠᠯ ᠢ ᠬᠦᠷᠭᠡᠬᠦ᠂ ᠲᠥᠬᠦᠭᠡᠷᠦᠮᠵᠢ ᠶᠢ ᠰᠠᠯᠭᠠᠬᠤ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠪᠠ | ᠮᠠᠲ᠋ᠧᠷᠢᠶᠠᠯ ᠣᠷᠣᠭᠤᠯᠵᠤ ᠭᠠᠷᠭᠠᠬᠤ ᠠᠷᠭ᠎ᠠ ᠶᠢ ᠬᠡᠷᠡᠭᠯᠡᠵᠦ᠂ ᠬᠠᠮᠢᠶᠠᠷᠤᠯᠲᠠ ᠪᠠ ᠲᠣᠨᠣᠭᠯᠠᠯ ᠤᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠢ ᠴᠢᠩᠭ᠎ᠠ | ᠬᠢᠵᠠᠭᠠᠷᠯᠠᠬᠤ ᠬᠡᠷᠡᠭᠲᠡᠢ᠃ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ ᠦᠨᠦᠷ ᠲᠠᠢ ᠰᠢᠩᠭᠡᠨ ᠪᠡᠶᠡᠲᠦ ᠶᠢ | ᠬᠠᠳᠠᠭᠠᠯᠠᠬᠤ ᠳᠤ ᠳᠠᠷᠤᠯᠲᠠ ᠶᠢᠨ ᠪᠣᠷᠲᠣᠭᠤ᠂ ᠳᠣᠣᠷ᠎ᠠ ᠳᠤᠯᠠᠭᠠᠨ ᠤ ᠪᠣᠷᠲᠣᠭᠤ᠂ ᠥᠨᠳᠥᠷ ᠪᠦᠲᠦᠮᠵᠢᠲᠡᠶ | ᠪᠢᠲᠡᠭᠦᠮᠵᠢᠯᠡᠭᠰᠡᠨ ᠬᠥᠪᠥᠮᠡᠯ ᠣᠷᠣᠢ ᠶᠢᠨ ᠪᠣᠷᠲᠣᠭᠤ ᠬᠡᠷᠡᠭᠯᠡᠵᠦ᠂ ᠲᠣᠭᠲᠠᠮᠠᠯ ᠣᠷᠣᠢ ᠶᠢᠨ ᠪᠣᠷᠲᠣᠭᠤ ᠪᠠᠷ | ᠬᠠᠳᠠᠭᠠᠯᠠᠬᠤ ᠳᠤ ᠨᠢᠭᠲᠠ ᠪᠢᠲᠡᠭᠦᠮᠵᠢᠯᠡᠭᠰᠡᠨ ᠬᠡᠢ ᠭᠠᠷᠭᠠᠬᠤ ᠰᠢᠰᠲ᠋ᠧᠮ ᠠᠴᠠ ᠬᠠᠶᠠᠭᠳᠠᠮᠠᠯ ᠬᠡᠢ ᠶᠢ ᠬᠤᠷᠢᠶᠠᠨ | ᠠᠪᠬᠤ ᠪᠤᠶᠤ ᠰᠢᠢᠳᠪᠦᠷᠢᠯᠡᠬᠦ ᠲᠥᠬᠦᠭᠡᠷᠦᠮᠵᠢ ᠤᠭᠰᠠᠷᠠᠬᠤ ᠬᠡᠷᠡᠭᠲᠡᠢ᠃ ᠲᠡᠭᠡᠭᠡᠵᠦ ᠪᠠᠭᠤᠯᠭᠠᠬᠤ ᠳᠤ ᠨᠢᠭᠲᠠ | ᠪᠢᠲᠡᠭᠦᠮᠵᠢᠯᠡᠭᠰᠡᠨ ᠰᠠᠭᠤᠷᠢ ᠬᠡᠰᠡᠭ ᠲᠤ ᠠᠴᠢᠶᠠᠯᠠᠬᠤ᠂ ᠣᠷᠣᠢ ᠶᠢᠨ ᠬᠡᠰᠡᠭ ᠲᠤ ᠳᠡᠪᠲᠦᠵᠦ ᠠᠴᠢᠶᠠᠯᠠᠬᠤ ᠵᠡᠷᠭᠡ | ᠠᠷᠭ᠎ᠠ ᠬᠡᠯᠪᠡᠷᠢ ᠶᠢ ᠠᠪᠴᠤ᠂ ᠰᠦᠷᠴᠢᠬᠦ ᠮᠠᠶ᠋ᠢᠭ ᠢᠶᠠᠷ ᠠᠴᠢᠶᠠᠯᠠᠬᠤ ᠶᠢ ᠴᠢᠩᠭ᠎ᠠ ᠴᠠᠭᠠᠵᠠᠯᠠᠨ᠎ᠠ᠃ ᠭᠤᠷᠪᠠ ᠳᠤ᠂ | ᠡᠴᠦᠰ ᠤᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠵᠣᠬᠢᠶᠠᠨ ᠪᠠᠶᠢᠭᠤᠯᠤᠯᠲᠠ ᠲᠠᠢ ᠭᠠᠷ ᠤᠷᠠᠯᠠᠯ ᠤᠨ ᠬᠠᠶᠠᠭᠳᠠᠮᠠᠯ | ᠬᠡᠢ ᠶᠢ ᠵᠠᠰᠠᠬᠤ ᠶᠢ ᠴᠢᠩᠭᠠᠳᠬᠠᠨ᠎ᠠ᠃ ᠤᠷᠪᠠᠯ ᠤᠨ ᠰᠡᠬᠦᠯ ᠤᠨ ᠬᠡᠢ ᠶᠢ ᠨᠡᠷᠡᠬᠦ ᠲᠣᠨᠣᠭᠯᠠᠯ ᠤᠶᠢᠯᠦ ᠴᠠᠷᠴᠠᠬᠤ | ᠰᠡᠬᠦᠯ ᠤᠨ ᠬᠡᠢ ᠵᠡᠷᠭᠡ ᠤᠷᠠᠨ ᠮᠡᠷᠭᠡᠰᠢᠯ ᠢᠶᠠᠷ ᠬᠡᠢ ᠭᠠᠷᠭᠠᠬᠤ᠂ ᠤᠷᠠᠨ ᠮᠡᠷᠭᠡᠰᠢᠯ ᠤᠨ ᠰᠠᠪᠠ ᠶᠢ ᠬᠡᠢ ᠰᠣᠯᠢᠬᠤ᠂ | ᠬᠡᠢ ᠦᠯᠢᠶᠡᠵᠦ ᠱᠦᠭᠦᠷᠳᠡᠬᠦ᠂ ᠬᠤᠭᠤᠰᠤᠨ ᠢᠶᠠᠷ ᠬᠡᠢ ᠭᠠᠷᠭᠠᠬᠤ ᠵᠡᠷᠭᠡ ᠶᠢ ᠡᠷᠬᠡᠪᠰᠢ ᠬᠤᠷᠢᠶᠠᠨ ᠴᠤᠭᠯᠠᠭᠤᠯᠵᠤ | ᠵᠠᠰᠠᠬᠤ ᠬᠡᠷᠡᠭᠲᠡᠢ᠃ ᠤᠷ᠎ᠠ ᠮᠡᠷᠭᠡᠰᠢᠯ ᠢᠶᠠᠷ ᠬᠡᠢ ᠲᠠᠯᠪᠢᠬᠤ᠂ ᠬᠦᠴᠢᠯᠯᠢᠭ ᠤᠰᠤᠨ ᠰᠠᠪᠠ ᠶᠢᠨ ᠤᠷ᠎ᠠ ᠮᠡᠷᠭᠡᠰᠢᠯ ᠤᠨ | ᠰᠡᠬᠦᠯ ᠤᠨ ᠬᠡᠢ᠂ ᠢᠰᠦᠯᠳᠦᠭᠰᠡᠨ ᠰᠡᠬᠦᠯ ᠤᠨ ᠬᠡᠢ᠂ ᠲᠠᠬᠢᠨ ᠨᠠᠶᠢᠷᠠᠭᠰᠢᠭᠤᠯᠬᠤ ᠲᠦᠷᠭᠡᠳᠬᠡᠭᠦᠷ ᠤᠨ ᠳᠠᠬᠢᠯᠲᠠ | ᠰᠡᠬᠦᠯ ᠤᠨ ᠬᠡᠢ ᠵᠡᠷᠭᠡ ᠤᠷ᠎ᠠ ᠮᠡᠷᠭᠡᠰᠢᠯ ᠤᠨ ᠬᠠᠶᠠᠭᠳᠠᠮᠠᠯ ᠬᠡᠢ ᠶᠢ ᠤᠷᠢᠳᠠᠪᠠᠷ ᠬᠤᠷᠢᠶᠠᠨ ᠠᠪᠴᠤ ᠠᠰᠢᠭᠯᠠᠨ᠎ᠠ᠂ | ᠠᠰᠢᠭᠯᠠᠬᠤ ᠳᠤ ᠬᠦᠴᠢᠷ ᠲᠠᠢ ᠶᠢ ᠨᠢ ᠰᠣᠷᠣᠨ ᠨᠠᠭᠠᠯᠳᠤᠭᠤᠯᠬᠤ᠂ ᠰᠢᠩᠭᠡᠭᠡᠬᠦ ᠵᠡᠷᠭᠡ ᠣᠷᠴᠢᠨ ᠲᠣᠭᠤᠷᠢᠨ ᠢ | ᠬᠠᠮᠠᠭᠠᠯᠠᠬᠤ ᠲᠥᠬᠦᠭᠡᠷᠦᠮᠵᠢ ᠪᠠᠷ ᠰᠢᠢᠳᠪᠦᠷᠢᠯᠡᠵᠦ᠂ ᠠᠮᠠᠷᠬᠠᠨ ᠰᠢᠲᠠᠬᠤ ᠶᠢ ᠨᠢ ᠲᠦᠷᠭᠡᠳᠬᠡᠨ ᠰᠢᠲᠠᠭᠠᠬᠤ᠂ | ᠢᠯᠴᠢ ᠪᠠᠷ ᠰᠢᠲᠠᠭᠠᠬᠤ ᠵᠡᠷᠭᠡ ᠠᠷᠭ᠎ᠠ ᠬᠡᠮᠵᠢᠶ᠎ᠡ ᠶᠢ ᠠᠪᠤᠨ᠎ᠠ᠃ ᠬᠠᠶᠠᠭᠳᠠᠮᠠᠯ ᠤᠰᠤ ᠶᠢ ᠰᠢᠢᠳᠪᠦᠷᠢᠯᠡᠬᠦ ᠰᠢᠰᠲ᠋ᠧᠮ | ᠵᠡᠷᠭᠡ ᠲᠠᠷᠠᠬᠠᠢ ᠪᠤᠲᠠᠷᠬᠠᠢ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠢ ᠴᠤᠭᠯᠠᠭᠤᠯᠤᠨ | ᠵᠠᠰᠠᠬᠤ ᠶᠢ ᠲᠦᠯᠬᠢᠨ ᠠᠬᠢᠭᠤᠯᠤᠨ᠎ᠠ᠃ ᠬᠠᠶᠠᠭᠳᠠᠮᠠᠯ ᠤᠰᠤ ᠶᠢ ᠲᠥᠪᠯᠡᠷᠡᠭᠦᠯᠦᠨ ᠳᠠᠮᠵᠢᠭᠤᠯᠬᠤ᠂ ᠬᠠᠳᠠᠭᠠᠯᠠᠬᠤ᠂ | ᠰᠢᠢᠳᠪᠦᠷᠢᠯᠡᠵᠦ ᠰᠢᠢᠳᠪᠦᠷᠢᠯᠡᠬᠦ ᠶᠠᠪᠤᠴᠠ ᠳᠠᠬᠢ ᠤᠰᠤ ᠴᠤᠭᠯᠠᠭᠤᠯᠬᠤ ᠬᠤᠳᠳᠤᠭ ︵ᠲᠠᠲᠠᠭᠠᠯ︶᠂ ᠲᠣᠬᠢᠷᠠᠭᠤᠯᠬᠤ | ᠲᠠᠲᠠᠭᠠᠯ᠂ ᠲᠣᠰᠣ ᠲᠤᠰᠠᠭᠠᠷᠯᠠᠬᠤ ᠲᠠᠲᠠᠭᠠᠯ᠂ ᠬᠡᠢ ᠭᠠᠷᠭᠠᠬᠤ ᠲᠠᠲᠠᠭᠠᠯ᠂ ᠬᠡᠢ ᠬᠥᠪᠪᠥᠭᠦᠯᠬᠦ ᠲᠠᠲᠠᠭᠠᠯ᠂ | ᠠᠭᠰᠢᠭᠠᠬᠤ ᠲᠠᠲᠠᠭᠠᠯ ᠵᠡᠷᠭᠡ ᠥᠨᠳᠥᠷ ᠥᠳᠬᠡᠴᠡ ᠲᠠᠢ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ | ᠦᠨᠦᠷ ᠲᠠᠢ ᠰᠠᠷᠨᠢᠬᠤ ᠵᠠᠩᠭᠢᠯᠠᠭ᠎ᠠ ᠳᠤ ᠨᠢᠭᠲᠠ ᠪᠢᠲᠡᠭᠦᠮᠵᠢᠯᠡᠵᠦ ᠬᠤᠷᠢᠶᠠᠨ ᠴᠤᠭᠯᠠᠭᠤᠯᠬᠤ ᠠᠷᠭ᠎ᠠ ᠬᠡᠮᠵᠢᠶ᠎ᠡ | ᠠᠪᠬᠤ ᠶᠢᠨ ᠬᠠᠮᠲᠤ ᠡᠭᠡᠭᠦᠯᠦᠨ ᠬᠤᠷᠢᠶᠠᠵᠤ ᠠᠰᠢᠭᠯᠠᠨ᠎ᠠ᠂ ᠠᠰᠢᠭᠯᠠᠬᠤ ᠳᠤ ᠬᠦᠴᠢᠷᠲᠡᠢ ᠪᠠᠶᠢᠪᠠᠯ ᠥᠨᠳᠥᠷ ᠦᠷ᠎ᠡ | ᠪᠦᠲᠦᠮᠵᠢᠲᠡᠶ ᠵᠠᠰᠠᠬᠤ ᠪᠡᠯᠡᠳᠬᠡᠮᠵᠢ ᠤᠭᠰᠠᠷᠠᠬᠤ ᠬᠡᠷᠡᠭᠲᠡᠢ᠃ ᠬᠠᠶᠠᠭᠳᠠᠮᠠᠯ ᠤᠰᠤ ᠶᠢ ᠰᠢᠢᠳᠪᠦᠷᠢᠯᠡᠬᠦ ᠶᠠᠪᠤᠴᠠ ᠳᠠᠬᠢ | ᠥᠳᠬᠡᠨ ᠤᠰᠤ ᠶᠢ ᠪᠤᠰᠤᠳ ᠪᠣᠳᠠᠰ ᠤᠨ ᠮᠠᠲ᠋ᠧᠷᠢᠶᠠᠯ ᠤᠨ ᠦᠢᠯᠡᠳᠪᠦᠷᠢᠯᠡᠯ ᠵᠡᠷᠭᠡ ᠭᠤᠭᠴᠤᠭ᠎ᠠ ᠳᠤ | ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ ᠳᠥᠷᠪᠡ ᠳᠤ ᠬᠡᠪ ᠤᠨ ᠪᠤᠰᠤ ᠠᠵᠢᠯᠯᠠᠭᠠᠨ ᠤ ᠪᠠᠶᠢᠳᠠᠯ ᠤᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠲᠡᠷᠭᠡ ᠵᠣᠭᠰᠤᠭᠠᠬᠤ᠂ | ᠪᠠᠶᠢᠴᠠᠭᠠᠵᠤ ᠰᠡᠯᠪᠢᠨ ᠵᠠᠰᠠᠬᠤ᠂ ᠬᠡᠪ ᠤᠨ ᠪᠤᠰᠤ ᠦᠢᠯᠡᠳᠪᠦᠷᠢᠯᠡᠬᠦ ᠵᠡᠷᠭᠡ ᠬᠡᠪ ᠤᠨ ᠪᠤᠰᠤ ᠠᠵᠢᠯᠯᠠᠭᠠᠨ ᠤ | ᠪᠠᠶᠢᠳᠠᠯ ᠤᠨ ᠠᠵᠢᠯᠯᠠᠬᠤ ᠳᠦᠷᠢᠮ ᠪᠠ ᠪᠣᠬᠢᠷᠳᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ | ᠠᠬᠤᠶᠢᠯᠠᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢᠨ ᠬᠡᠷᠡᠭᠵᠢᠭᠦᠯᠬᠦ ᠲᠥᠰᠥᠯ ᠳᠤ ᠣᠷᠣᠭᠤᠯᠬᠤ ᠬᠡᠷᠡᠭᠲᠡᠢ᠃ ᠠᠶᠤᠯᠭᠦᠢ ᠪᠠᠶᠢᠬᠤ ᠶᠢ ᠦᠨᠡᠨ ᠬᠦ | ᠪᠠᠲᠤᠯᠠᠭᠰᠠᠨ ᠤᠷᠢᠲᠠᠯ ᠳᠣᠣᠷ᠎ᠠ᠂ ᠬᠡᠪ ᠤᠨ ᠪᠤᠰᠤ ᠠᠵᠢᠯᠯᠠᠭᠠᠨ ᠤ ᠪᠠᠶᠢᠳᠠᠯ ᠳᠤ ᠭᠠᠳᠠᠭᠰᠢᠯᠠᠭᠤᠯᠤᠭᠰᠠᠨ ᠳᠡᠭᠳᠡᠮᠡᠬᠡᠢ | ᠴᠢᠨᠠᠷᠲᠠᠢ ᠣᠷᠭᠠᠨᠢᠭ ᠪᠣᠳᠠᠰ ᠪᠣᠯᠣᠨ ᠬᠠᠴᠢᠨ ᠦᠨᠦᠷ ᠢ ᠰᠢᠭᠤᠳ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠵᠤ᠂ | ᠭᠠᠯ ᠤᠨ ᠮᠣᠮᠧᠨ᠋ᠲ ᠤᠨ ᠰᠢᠰᠲ᠋ᠧᠮ ᠢᠶᠠᠷ ᠰᠢᠢᠳᠪᠦᠷᠢᠯᠡᠬᠦ ᠶᠢ ᠵᠣᠷᠢᠭᠵᠢᠭᠤᠯᠬᠤ ᠪᠤᠶᠤ ᠴᠠᠷᠴᠠᠭᠤᠯᠬᠤ᠂ ᠰᠢᠩᠭᠡᠭᠡᠬᠦ᠂ | ᠰᠣᠷᠣᠨ ᠨᠠᠭᠠᠯᠳᠤᠭᠤᠯᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠭᠠᠳᠠᠭᠰᠢᠯᠠᠭᠤᠯᠤᠯᠲᠠ ᠶᠢ ᠪᠠᠭᠠᠰᠬᠠᠨ᠎ᠠ | ᠃ ᠰᠥᠨᠢ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ ︵ᠡᠳᠦᠷ ᠪᠦᠷᠢ ᠶᠢᠨ ᠣᠷᠣᠢ ᠶᠢᠨ 20 ᠴᠠᠭ | ᠠᠴᠠ ᠳᠠᠷᠠᠭ᠎ᠠ ᠡᠳᠦᠷ ᠤᠨ 8 ᠴᠠᠭ ᠪᠣᠯᠲᠠᠯ᠎ᠠ︶᠂ ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠤᠨ᠎ᠠ ︵ | ᠡᠳᠦᠷ ᠤᠨ ᠦᠢᠯᠡᠳᠪᠦᠷᠢᠯᠡᠬᠦ ᠴᠢᠳᠠᠪᠤᠷᠢ ᠪᠠᠷ ᠦᠢᠯᠡᠳᠪᠦᠷᠢᠯᠡᠯ ᠤᠨ ᠳᠠᠭᠠᠭᠠᠴᠠ ᠶᠢ ᠲᠣᠭᠠᠴᠠᠭ᠎ᠠ ᠬᠢᠨ᠎ᠡ︶᠂ | ᠰᠥᠨᠢ ᠪᠠᠷ ᠰᠡᠯᠪᠢᠨ ᠵᠠᠰᠠᠵᠤ ᠪᠣᠯᠬᠤ ᠦᠭᠡᠢ᠃ᠠᠵᠤ ᠠᠬᠤᠶᠢᠯᠠᠯ ᠤᠨ ᠲᠡᠷᠭᠡ ᠪᠠᠨ ᠪᠠᠴᠢᠮ ᠵᠣᠭᠰᠤᠭᠠᠬᠤ ᠪᠠ | ᠪᠠᠶᠢᠴᠠᠭᠠᠨ ᠰᠡᠯᠪᠢᠬᠦ ᠴᠢᠬᠤᠯᠠ ᠲᠠᠢ ᠪᠣᠯ ᠴᠠᠭ ᠲᠤᠬᠠᠢ ᠳᠤᠨᠢ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ | ᠮᠥᠴᠢᠷ ᠲᠤ ᠮᠡᠳᠡᠭᠦᠯᠵᠦ᠂ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠰᠠᠯᠠᠭ᠎ᠠ ᠮᠥᠴᠢᠷ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ | ᠬᠢᠨᠠᠨ ᠬᠢᠵᠠᠭᠠᠷᠯᠠᠵᠤ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠪᠠᠶᠢᠪᠠᠯ᠂ ᠠᠵᠤ ᠠᠬᠤᠶᠢᠯᠠᠯ ᠨᠢ ᠴᠠᠭ ᠲᠤᠬᠠᠢ | ᠳᠤᠨᠢ ᠨᠡᠶᠢᠭᠡᠮ ᠳᠤ ᠬᠡᠪ ᠤᠨ ᠪᠤᠰᠤ ᠠᠵᠢᠯᠯᠠᠭᠠᠨ ᠤ ᠪᠠᠶᠢᠳᠠᠯ ᠤᠨ ᠬᠠᠮᠢᠶ᠎ᠠ ᠪᠦᠬᠦᠢ ᠣᠷᠴᠢᠨ ᠲᠣᠭᠤᠷᠢᠨ ᠤ ᠮᠡᠳᠡᠭᠡ | ᠵᠠᠩᠭᠢ ᠶᠢ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠲᠠᠪᠤ ᠳᠤ ᠳᠡᠭᠳᠡᠮᠡᠬᠡᠢ ᠴᠢᠨᠠᠷᠲᠠᠢ | ᠣᠷᠭᠠᠨᠢᠭ ᠪᠣᠳᠠᠰ ᠪᠣᠯᠣᠨ ᠬᠠᠴᠢᠨ ᠦᠨᠦᠷ ᠭᠠᠳᠠᠭᠰᠢᠯᠠᠭᠤᠯᠬᠤ ᠠᠵᠤ ᠠᠬᠤᠶᠢᠯᠠᠯ ᠳᠤ ᠬᠢᠮᠢ ᠶᠢᠨ ᠠᠵᠤ | ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠢᠨᠠᠨ ᠬᠡᠮᠵᠢᠵᠦ ᠬᠢᠨᠠᠨ | ᠡᠵᠡᠮᠳᠡᠬᠦ ᠰᠢᠰᠲ᠋ᠧᠮ ᠢ ᠪᠠᠶᠢᠭᠤᠯᠵᠤ᠂ ᠡᠯ᠎ᠡ ᠠᠵᠤ ᠠᠬᠤᠶᠢᠯᠠᠯ ᠤᠨ ᠪᠣᠶ ᠪᠣᠯᠤᠭᠰᠠᠨ ᠣᠨᠴᠠᠯᠢᠭᠲᠤ ᠪᠣᠬᠢᠷᠳᠤᠯ | ᠪᠣᠳᠠᠰ ᠲᠤ ᠴᠢᠭᠯᠡᠭᠦᠯᠦᠨ᠂ ᠠᠵᠤ ᠠᠬᠤᠶᠢᠯᠠᠯ ᠤᠨ ᠭᠠᠳᠠᠭᠰᠢᠯᠠᠭᠤᠯᠬᠤ ᠠᠮᠠᠰᠠᠷ ᠲᠤ ᠰᠦᠯᠵᠢᠶᠡᠨ ᠳᠡᠭᠡᠷᠡᠬᠢ ᠬᠢᠨᠠᠨ | ᠬᠡᠮᠵᠢᠬᠦ ᠪᠡᠯᠡᠳᠬᠡᠮᠵᠢ ᠤᠭᠰᠠᠷᠠᠵᠤ᠂ ᠦᠢᠯᠡᠳᠪᠦᠷᠢ ᠶᠢᠨ ᠲᠠᠰᠤᠭ᠂ ᠦᠢᠯᠡᠳᠪᠦᠷᠢ ᠶᠢᠨ ᠵᠠᠭᠠᠭ ᠵᠡᠷᠭᠡ ᠭᠠᠵᠠᠷ ᠲᠤ | ᠣᠨᠴᠠᠯᠢᠭᠲᠤ ᠪᠣᠬᠢᠷᠳᠤᠯ ᠪᠣᠳᠠᠰ ᠢ ᠬᠢᠨᠠᠨ ᠬᠡᠮᠵᠢᠵᠦ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠨᠡᠮᠡᠵᠦ᠂ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠢ ᠴᠠᠭ ᠲᠤᠬᠠᠢ ᠳᠤᠨᠢ ᠬᠢᠨᠠᠨ ᠬᠡᠮᠵᠢᠬᠦ ᠵᠢᠴᠢ | ᠲᠦᠭᠰᠢᠭᠦᠷᠢ ᠮᠡᠳᠡᠭᠦᠯᠬᠦ᠂ ᠢᠯᠭᠠᠨ ᠲᠣᠳᠣᠯᠠᠬᠤ ᠵᠡᠷᠭᠡ ᠵᠣᠷᠢᠯᠭ᠎ᠠ ᠶᠢ ᠪᠡᠶᠡᠯᠡᠭᠦᠯᠦᠨ᠎ᠡ᠃ | 2. ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠢ ᠡᠵᠡᠮᠳᠡᠬᠦ ᠵᠢᠴᠢ ᠬᠢᠨᠠᠨ | ᠡᠵᠡᠮᠳᠡᠬᠦ ᠶᠢ ᠡᠳᠦᠷ ᠲᠤᠲᠤᠮ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠵᠤ᠂ ᠡᠬᠢ | ᠡᠭᠦᠰᠦᠯ ᠠᠴᠠ ᠨᠢ ᠪᠠᠭᠠᠰᠬᠠᠬᠤ᠂ ᠶᠠᠪᠤᠴᠠ ᠶᠢ ᠡᠵᠡᠮᠳᠡᠬᠦ᠂ ᠡᠴᠦᠰ ᠤᠨ ᠦᠵᠦᠭᠦᠷ ᠢ ᠥᠨᠳᠥᠷ ᠦᠷ᠎ᠡ | ᠪᠦᠲᠦᠮᠵᠢᠲᠡᠶ ᠪᠠᠷ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠳᠡᠭᠳᠡᠮᠡᠬᠡᠢ ᠴᠢᠨᠠᠷ ᠢᠶᠠᠷ ᠳᠣᠣᠷ᠎ᠠ ᠣᠷᠭᠠᠨᠢᠭ | ᠪᠣᠳᠠᠰ ᠪᠠ ᠬᠠᠴᠢᠨ ᠦᠨᠦᠷ ᠤᠨ ᠠᠭᠤᠯᠤᠭᠳᠠᠴᠠ ᠲᠠᠢ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ | ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠨ᠎ᠡ︔ ᠰᠡᠳᠦᠯᠲᠡ ᠶᠢᠨ ᠴᠢᠨᠠᠷᠲᠠᠢ ᠦᠨᠦᠷ ᠤᠨ ᠲᠦᠭᠦᠬᠡᠢ ᠮᠠᠲ᠋ᠧᠷᠢᠶᠠᠯ | ᠲᠤᠰᠠᠯᠠᠬᠤ ᠮᠠᠲ᠋ᠧᠷᠢᠶᠠᠯ ᠪᠠ ᠦᠢᠯᠡᠳᠬᠦᠨ ᠳᠤ ᠬᠤᠯᠪᠣᠭᠳᠠᠬᠤ ᠪᠥᠬᠦ ᠶᠠᠪᠤᠴᠠ ᠶᠢᠨ ᠬᠥᠳᠡᠯᠦᠩᠭᠦᠢ | ᠬᠠᠮᠢᠶᠠᠷᠤᠯᠲᠠ ᠶᠢᠨ ᠲᠠᠩᠰᠠ ᠡᠪᠬᠡᠮᠡᠯ ᠪᠠ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠤᠨ | ᠪᠣᠬᠢᠷᠳᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠡᠬᠡ ᠲᠠᠩᠰᠠ ᠶᠢ ᠪᠠᠶᠢᠭᠤᠯᠵᠤ᠂ ᠬᠠᠮᠢᠶ᠎ᠠ | ᠪᠦᠬᠦᠢ ᠲᠡᠮᠳᠡᠭᠯᠡᠯ ᠢ ᠨᠠᠭᠠᠲᠤ ᠵᠠᠬ᠎ᠠ ᠳᠠᠭᠠᠨ 3 ᠵᠢᠯ ᠠᠴᠠ ᠳᠡᠭᠡᠭᠰᠢ ᠬᠠᠳᠠᠭᠠᠯᠠᠵᠤ᠂ ᠬᠢᠮᠢ ᠶᠢᠨ ᠠᠵᠤ | ᠦᠢᠯᠡᠳᠪᠦᠷᠢ ᠶᠢᠨ ᠤᠯᠠᠷᠢᠯ ᠪᠦᠷᠢ ᠳᠤ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠤᠨ | ᠪᠣᠳᠠᠰ ᠤᠨ ᠨᠠᠷᠢᠨ ᠲᠠᠩᠰᠠ ᠪᠠ ᠭᠠᠳᠠᠭᠰᠢᠯᠠᠭᠤᠯᠬᠤ ᠬᠡᠮᠵᠢᠶ᠎ᠡ ᠶᠢ ᠮᠡᠳᠡᠭᠦᠯᠵᠦ ᠳᠠᠩᠰᠠᠯᠠᠭᠤᠯᠤᠨ᠎ᠠ︔ ᠱᠠᠭᠠᠷᠳᠠᠯᠭ᠎ᠠ | ᠶᠣᠰᠣᠭᠠᠷ ᠬᠢᠮᠢ ᠶᠢᠨ ᠠᠵᠤ ᠦᠢᠯᠡᠳᠪᠦᠷᠢ ︵ᠬᠡᠦᠷᠰᠢᠭᠦᠯᠬᠦ ᠪᠠᠭᠲᠠᠨ᠎ᠠ︶᠂ ᠡᠮ ᠦᠶᠯᠡᠳᠬᠦ ᠵᠡᠷᠭᠡ ᠭᠤᠣᠯᠳᠠᠯᠭ᠎ᠠ ᠲᠠᠢ | ᠠᠵᠢᠯ ᠲᠥᠷᠥᠯ ᠤᠨ ᠠᠵᠤ ᠠᠬᠤᠶᠢᠯᠠᠯ ᠤᠳ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠣᠨᠳᠣᠣ ᠦᠨᠦᠷ ᠤᠨ ︽ | ᠭᠤᠭᠤᠵᠢᠯᠲᠠ ᠶᠢ ᠪᠠᠶᠢᠴᠠᠭᠠᠨ ᠬᠡᠮᠵᠢᠬᠦ ᠪᠠ ᠰᠡᠯᠪᠢᠨ ᠰᠡᠷᠭᠦᠭᠡᠬᠦ︾ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠣᠨᠳᠣᠣ ᠦᠨᠦᠷ ᠤᠨ ︽ᠭᠤᠭᠤᠵᠢᠯᠲᠠ ᠶᠢ ᠪᠠᠶᠢᠴᠠᠭᠠᠨ ᠬᠡᠮᠵᠢᠬᠦ ᠪᠠ | ᠰᠡᠯᠪᠢᠨ ᠰᠡᠷᠭᠦᠭᠡᠬᠦ︾ ᠶᠢ ᠬᠠᠭᠠᠰ ᠵᠢᠯ ᠳᠤ ᠨᠢᠭᠡ ᠤᠳᠠᠭ᠎ᠠ ᠥᠷᠨᠢᠭᠦᠯᠵᠦ᠂ ᠭᠡᠨᠡᠳᠲᠡ ᠶᠢᠨ ᠴᠢᠨᠠᠷᠲᠠᠢ | ᠰᠡᠳᠦᠯᠲᠡ ᠶᠢᠨ ᠴᠢᠨᠠᠷᠲᠠᠢ ᠪᠣᠳᠠᠰ ᠤᠨ ᠭᠤᠭᠤᠵᠢᠯᠲᠠ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠲᠣᠭᠲᠠᠭᠠᠵᠤ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠣᠷᠣᠭᠤᠯᠬᠤ | ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠤᠳᠠ ᠠᠵᠤ ᠦᠢᠯᠡᠰ ᠤᠨ ᠬᠦᠷᠢᠶᠡᠯᠡᠩ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠭᠤᠷᠪᠠ︶ ᠠᠵᠤ ᠠᠬᠤᠶᠢᠯᠠᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ ᠦᠨᠦᠷ ᠲᠤ ᠬᠢᠨᠠᠯᠲᠠ | ᠲᠠᠯᠪᠢᠵᠤ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ᠲᠡᠭᠦᠨ ᠤ ᠭᠤᠣᠯ ᠪᠣᠯᠬᠤ ᠭᠠᠳᠠᠭᠰᠢᠯᠠᠭᠤᠯᠬᠤ ᠠᠮᠠᠰᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢᠶᠠᠨ | ᠬᠢᠨᠠᠨ ᠬᠡᠮᠵᠢᠬᠦ ᠶᠢ ᠥᠷᠨᠢᠭᠦᠯᠦᠨ᠎ᠡ ︵ᠡᠰᠡᠬᠦᠯ᠎ᠡ ᠭᠤᠷᠪᠠᠳᠠᠭᠢ ᠡᠲᠡᠭᠡᠳ ᠲᠤ ᠨᠠᠶᠢᠳᠠᠵᠤ ᠥᠷᠨᠢᠭᠦᠯᠦᠨ᠎ᠡ︶᠃ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ ᠦᠨᠦᠷ ᠲᠠᠢ ᠪᠣᠳᠠᠰ ᠢ ᠬᠠᠳᠠᠭᠠᠯᠠᠬᠤ᠂ ᠬᠡᠷᠡᠭᠯᠡᠬᠦ᠂ | ᠰᠢᠯᠵᠢᠭᠦᠯᠬᠦ᠂ ᠭᠠᠳᠠᠭᠰᠢᠯᠠᠭᠤᠯᠬᠤ᠂ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠵᠢᠴᠢ ᠬᠤᠷᠣᠭᠳᠠᠯ ᠮᠠᠲ᠋ᠧᠷᠢᠶᠠᠯ ᠢ | ᠬᠤᠳᠠᠯᠳᠤᠨ ᠠᠪᠬᠤ᠂ ᠰᠣᠯᠢᠬᠤ᠂ ᠡᠷᠭᠢᠯᠳᠦᠭᠦᠯᠬᠦ ᠵᠡᠷᠭᠡ ᠶᠢ ᠬᠠᠤᠯᠢ ᠬᠡᠷᠡᠭᠵᠢᠭᠦᠯᠬᠦ ᠶᠢᠨ ᠭᠤᠣᠯᠳᠠᠯᠭ᠎ᠠ ᠪᠣᠯᠭᠠᠵᠤ᠂ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ ᠦᠨᠦᠷ ᠲᠠᠢ ᠲᠤᠬᠠᠢ ᠶᠢᠨ ᠲᠠᠯᠠᠪᠤᠷ ᠲᠤ ᠬᠢᠨᠠᠨ ᠪᠠᠶᠢᠴᠠᠭᠠᠵᠤ | ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ | ᠰᠣᠨᠢᠨ ᠦᠨᠦᠷ ᠠᠴᠠ ᠡᠭᠦᠰᠦᠭᠰᠡᠨ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ | ᠠᠰᠠᠭᠤᠳᠠᠯ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠲᠤᠭᠤᠷᠢᠭ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠤᠳᠠ ᠠᠵᠤ | ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠣᠭᠤᠷᠢᠭ ᠤᠨ ᠠᠵᠤ ᠦᠢᠯᠡᠳᠪᠦᠷᠢ | ᠢᠲᠡᠭᠡᠮᠵᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠳᠥᠷᠪᠡ︶ ᠬᠦᠨᠳᠦ ᠪᠣᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ | ᠲᠣᠭᠲᠠᠭᠠᠬᠤ ᠶᠢᠨ ᠬᠠᠮᠲᠤ ᠲᠡᠭᠦᠯᠳᠡᠷᠵᠢᠭᠦᠯᠦᠨ᠎ᠡ | ᠠᠰᠢᠭ ᠦᠭᠡᠢ ᠴᠠᠭ ᠠᠭᠤᠷ ᠤᠨ ᠨᠥᠬᠦᠴᠡᠯ ᠳᠣᠣᠷ᠎ᠠ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ | ᠦᠨᠦᠷ ᠲᠠᠢ ᠠᠵᠤ ᠠᠬᠤᠶᠢᠯᠠᠯ ᠳᠤ ᠴᠢᠭᠯᠡᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ | ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠳᠤ ᠨᠠᠩ ᠴᠢᠩᠭ᠎ᠠ ᠠᠷᠭ᠎ᠠ ᠬᠡᠮᠵᠢᠶ᠎ᠡ ᠠᠪᠬᠤ ᠪᠡᠯᠡᠳᠬᠡᠯ ᠢ | ᠰᠠᠶᠢᠲᠤᠷ ᠬᠢᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠰᠣᠨᠢᠨ ᠦᠨᠦᠷ ᠤᠨ ᠲᠠᠷᠬᠠᠯᠲᠠ ᠶᠢ ᠪᠦᠲᠦᠮᠵᠢᠲᠡᠶ | ᠬᠢᠵᠠᠭᠠᠷᠯᠠᠬᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠬᠦᠨᠳᠦ ᠪᠣᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠦᠮᠡᠭᠴᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠠᠵᠢᠯᠲᠠᠨ ᠢᠶᠠᠨ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠠᠵᠢᠯ ᠢᠶᠠᠨ ᠪᠠᠶᠢᠷᠢᠯᠠᠭᠤᠯᠤᠯᠲᠠ ᠲᠠᠢ᠂ | ᠨᠠᠶᠢᠳᠠᠪᠤᠷᠢᠵᠢᠭᠤᠯᠤᠯᠲᠠ ᠲᠠᠢ᠂ ᠳ᠋ᠦᠩᠨᠡᠯᠲᠡ ᠲᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠲᠦᠷᠦᠭᠦᠯᠡᠬᠦ | ᠰᠠᠯᠠᠭ᠎ᠠ ᠮᠥᠴᠢᠷ᠄ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︔ | ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠲᠠᠪᠤ︶ ᠬᠠᠮᠢᠶᠠᠷᠤᠯᠲᠠ ᠪᠠᠨ ᠴᠢᠩᠭᠠᠷᠠᠭᠤᠯᠵᠤ᠂ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ | ᠬᠢᠨᠠᠨ ᠡᠵᠡᠮᠳᠡᠬᠦ ᠰᠢᠰᠲ᠋ᠧᠮᠵᠢ ᠶᠢ ᠪᠦᠲᠦᠮᠵᠢᠲᠡᠶ ᠪᠠᠶᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠬᠦ ᠲᠥᠷᠥᠯ | ᠵᠦᠢᠯ ᠢ ᠥᠷᠭᠡᠳᠬᠡᠨ᠂ ᠣᠷᠴᠢᠨ ᠲᠣᠭᠤᠷᠢᠨ ᠤ ᠬᠢᠨᠠᠨ ᠬᠡᠮᠵᠢᠬᠦ ᠰᠠᠯᠠᠭ᠎ᠠ ᠮᠥᠴᠢᠷ ᠤᠨ ᠳᠡᠭᠳᠡᠮᠡᠬᠡᠢ ᠴᠢᠨᠠᠷᠲᠠᠢ | ᠣᠷᠭᠠᠨᠢᠭ ᠪᠣᠳᠠᠰ ᠪᠠ ᠰᠣᠨᠢᠨ ᠦᠨᠦᠷ ᠲᠠᠢ ᠪᠣᠳᠠᠰ ᠢ ᠪᠠᠶᠢᠴᠠᠭᠠᠨ ᠰᠢᠨᠵᠢᠵᠦ ᠵᠠᠳᠠᠯᠬᠤ ᠴᠢᠳᠠᠪᠤᠷᠢ ᠶᠢ | ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠵᠢᠯᠲᠠᠨ ᠤ ᠠᠪᠴᠤ ᠶᠠᠪᠤᠬᠤ ᠳᠤ ᠲᠥᠬᠦᠮ | ᠬᠡᠯᠪᠡᠷᠢ ᠶᠢᠨ ᠪᠠᠶᠢᠴᠠᠭᠠᠨ ᠰᠢᠨᠵᠢᠬᠦ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠢᠳᠡᠪᠬᠢᠲᠡᠢ ᠪᠠᠷ | ᠳᠡᠮᠵᠢᠨ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠳᠡᠭᠳᠡᠮᠡᠬᠡᠢ | ᠴᠢᠨᠠᠷᠲᠠᠢ ᠪᠣᠬᠢᠷᠳᠤᠯ ᠪᠣᠳᠠᠰ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠵᠦ ᠬᠢᠨᠠᠨ ᠬᠠᠮᠢᠶᠠᠷᠬᠤ ᠰᠢᠰᠲ᠋ᠧᠮ ᠨᠢ | ᠴᠠᠭ ᠲᠤᠬᠠᠢ ᠳᠤᠨᠢ ᠬᠠᠮᠢᠶ᠎ᠠ ᠪᠦᠬᠦᠢ ᠤᠷᠢᠳᠴᠢᠯᠠᠨ ᠰᠡᠷᠡᠮᠵᠢᠯᠡᠭᠦᠯᠬᠦ ᠮᠡᠳᠡᠭᠳᠡᠯ ᠢ ᠶᠠᠪᠤᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ | ᠤᠷᠢᠳᠴᠢᠯᠠᠨ ᠰᠡᠷᠡᠮᠵᠢᠯᠡᠭᠦᠯᠵᠦ ᠪᠠᠶᠢᠴᠠᠭᠠᠨ ᠰᠢᠢᠳᠪᠦᠷᠢᠯᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ | ᠪᠦᠷᠢᠨ ᠲᠡᠭᠦᠯᠳᠡᠷ ᠬᠢᠨᠠᠨ ᠡᠵᠡᠮᠳᠡᠬᠦ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠢ᠃ ︵ | ᠲᠦᠷᠦᠭᠦᠯᠡᠬᠦ ᠰᠠᠯᠠᠭ᠎ᠠ ᠮᠥᠴᠢᠷ᠄ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ | ︔ ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠤᠳᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠨ᠎ᠠ | ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ ᠠᠰ ᠲᠤᠨᠢ ᠭᠠᠷᠭᠠᠬᠤ ᠪᠠᠨ ᠪᠣᠯᠢᠵᠤ᠂ | ᠲᠤᠭᠤᠷᠢᠭ ᠤᠨ ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠠᠴᠠ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠬᠠᠴᠢᠨ ᠦᠨᠦᠷ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠡᠭᠦᠷᠭᠡᠯᠡᠵᠦ᠂ ᠡᠯ᠎ᠡ ᠰᠠᠯᠠᠭ᠎ᠠ ᠮᠥᠴᠢᠷ ᠤᠨ | ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠤᠳᠠ ᠠᠵᠤ | ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠬᠦᠷᠢᠶᠡᠯᠡᠩ ᠲᠣᠭᠤᠷᠢᠭ ᠤᠨ | ᠪᠦᠬᠦᠯᠢ ᠴᠣᠭᠴᠠ ᠶᠢᠨ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ | ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠲᠣᠭᠲᠠᠭᠠᠬᠤ ᠪᠠ ᠲᠡᠭᠦᠯᠳᠡᠷᠵᠢᠭᠦᠯᠬᠦ ᠶᠢ | ᠬᠠᠷᠢᠭᠤᠴᠠᠵᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ︔ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠣᠭᠤᠮᠲᠠ ᠶᠢ ᠠᠳᠬᠤᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢ ᠬᠠᠷᠢᠭᠤᠴᠠᠨ᠎ᠠ︔ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠵᠢᠴᠢ | ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠣᠷᠣᠭᠤᠯᠤᠨ ᠠᠪᠴᠢᠷᠠᠬᠤ ᠲᠥᠷᠥᠯ ᠢ | ᠬᠠᠷᠢᠭᠤᠴᠠᠨ᠎ᠠ︔ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠠᠴᠠ ᠲᠡᠷᠢᠭᠦᠨ ᠤ ᠵᠠᠰᠠᠬᠤ ᠮᠡᠷᠭᠡᠵᠢᠯ ᠵᠢᠴᠢ ᠵᠠᠰᠠᠬᠤ ᠵᠦᠢᠯᠡᠰ ᠢ ᠰᠤᠳᠤᠯᠬᠤ ᠪᠠ ᠣᠷᠣᠭᠤᠯᠵᠤ | ᠠᠪᠴᠢᠷᠠᠬᠤ ᠶᠢ ᠬᠠᠷᠢᠭᠤᠴᠠᠨ᠎ᠠ︔ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠨᠢ ᠠᠵᠤ ᠠᠬᠤᠶᠢᠯᠠᠯ ᠤᠨ ᠵᠠᠰᠠᠯᠲᠠ ᠬᠢᠬᠦ ᠶᠢ ᠰᠢᠮᠳᠠᠭᠤᠯᠬᠤ ᠶᠢ ᠬᠠᠷᠢᠭᠤᠴᠠᠵᠤ᠂ ᠬᠤᠭᠤᠴᠠᠭ᠎ᠠ | ᠬᠡᠲᠦᠷᠡᠲᠡᠯ᠎ᠡ ᠵᠠᠰᠠᠵᠤ ᠳᠠᠭᠤᠰᠬᠠᠭᠰᠠᠨ ᠦᠭᠡᠢ ᠠᠵᠤ ᠠᠬᠤᠶᠢᠯᠠᠯ ᠢ ᠰᠢᠳᠬᠡᠨ ᠲᠣᠷᠭᠠᠬᠤ ᠶᠢᠨ ᠬᠠᠮᠲᠤ | ᠦᠢᠯᠡᠳᠪᠦᠷᠢᠯᠡᠬᠦ ᠶᠢ ᠬᠢᠵᠠᠭᠠᠷᠯᠠᠬᠤ᠂ ᠦᠢᠯᠡᠳᠪᠦᠷᠢᠯᠡᠬᠦ ᠶᠢ ᠵᠣᠭᠰᠤᠭᠠᠬᠤ ᠱᠠᠭᠠᠷᠳᠠᠯᠭ᠎ᠠ ᠪᠠᠭᠤᠯᠭᠠᠵᠤ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠴᠠᠭ ᠠᠭᠤᠷ ᠤᠨ ᠪᠠᠶᠢᠳᠠᠯ ᠢ ᠦᠨᠳᠦᠰᠦᠯᠡᠨ | ᠠᠵᠤ ᠠᠬᠤᠶᠢᠯᠠᠯ ᠤᠨ ᠦᠢᠯᠡᠳᠪᠦᠷᠢᠯᠡᠬᠦ ᠶᠢ ᠬᠢᠵᠠᠭᠠᠷᠯᠠᠬᠤ ᠨᠡᠷᠡᠰ ᠢ ᠲᠣᠭᠲᠠᠭᠠᠨ᠎ᠠ᠃ᠰᠠᠯᠠᠭ᠎ᠠ ᠮᠥᠴᠢᠷ ᠤᠨ | ᠬᠠᠮᠵᠢᠯᠴᠠᠨ ᠬᠢᠨᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ | ᠰᠣᠨᠢᠨ ᠦᠨᠦᠷ ᠲᠠᠢ ᠠᠵᠤ ᠠᠬᠤᠶᠢᠯᠠᠯ ᠤᠨ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠠᠵᠢᠯ ᠤᠨ ᠬᠤᠪᠢᠶᠠᠷᠢᠯᠠᠯ ᠨᠢ | ᠵᠦᠢ ᠵᠣᠬᠢᠰᠲᠠᠢ᠂ ᠬᠠᠮᠵᠢᠯᠴᠠᠭ᠎ᠠ ᠨᠢ ᠬᠦᠴᠦᠲᠡᠢ᠂ ᠬᠢᠨᠠᠯᠲᠠ ᠲᠠᠯᠪᠢᠯᠲᠠ ᠨᠢ ᠪᠦᠲᠦᠮᠵᠢᠲᠡᠶ᠂ ᠴᠠᠭ ᠲᠤᠬᠠᠢ ᠳᠤᠨᠢ | ᠵᠥᠪᠳᠡᠯᠴᠡᠬᠦ ᠠᠵᠢᠯ ᠤᠨ ᠲᠣᠭᠲᠠᠴᠠ ᠶᠢ ᠪᠣᠶ ᠪᠣᠯᠭᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠠᠮᠲᠤᠪᠠᠷ | ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠲᠤᠭᠤᠷᠢᠭ ᠤᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ | ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠴᠡᠭᠴᠡᠯᠡᠨ ᠵᠠᠰᠠᠬᠤ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ | ︵ᠡᠯ᠎ᠡ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ | ᠡᠯ᠎ᠡ ᠰᠠᠯᠠᠭ᠎ᠠ ᠮᠥᠴᠢᠷ ᠤᠳ ᠲᠣᠰ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠣᠰᠣᠭᠠᠷ᠂ | ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠯᠠᠭ᠎ᠠ ᠮᠥᠴᠢᠷ ᠤᠨ ᠢᠶᠠᠨ ᠠᠵᠢᠯ ᠤᠨ ᠲᠥᠰᠥᠯ ᠢ ᠲᠣᠭᠲᠠᠭᠠᠵᠤ᠂ | ᠬᠠᠷᠠᠯᠲᠠ ᠶᠢᠨ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠵᠠᠳᠠᠯᠤᠨ ᠨᠠᠶᠢᠳᠠᠪᠤᠷᠢᠵᠢᠭᠤᠯᠵᠤ᠂ ᠴᠡᠭᠴᠡᠯᠡᠨ | ᠵᠠᠰᠠᠬᠤ ᠡᠭᠦᠷᠭᠡ ᠪᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠢ︔ ᠰᠦᠯᠵᠢᠶᠡᠨ ᠤ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠴᠢᠩᠳᠠᠯᠠᠵᠤ᠂ | ᠰᠦᠯᠵᠢᠶᠡᠨ ᠤ ᠬᠢᠨᠠᠯᠲᠠ ᠲᠠᠯᠪᠢᠭᠴᠢ ᠶᠢ ᠲᠣᠳᠣᠷᠬᠠᠶᠢᠯᠠᠵᠤ᠂ ᠰᠦᠯᠵᠢᠶᠡᠨ ᠤ ᠳᠣᠲᠣᠷᠠᠬᠢ ᠳᠡᠭᠳᠡᠮᠡᠬᠡᠢ ᠴᠢᠨᠠᠷᠲᠠᠢ | ᠣᠷᠭᠠᠨᠢᠭ ᠪᠣᠳᠠᠰ ᠪᠠ ᠰᠣᠨᠢᠨ ᠦᠨᠦᠷ ᠭᠠᠳᠠᠭᠰᠢᠯᠠᠭᠤᠯᠬᠤ ᠳᠤ ᠬᠤᠯᠪᠣᠭᠳᠠᠭᠰᠠᠨ ᠠᠵᠤ ᠠᠬᠤᠶᠢᠯᠠᠯ ᠤᠨ ᠬᠢᠨᠠᠯᠲᠠ | ᠬᠠᠮᠢᠶᠠᠷᠤᠯᠲᠠ ᠪᠠ ᠵᠢᠭᠰᠠᠭᠠᠨ ᠪᠠᠶᠢᠴᠠᠭᠠᠬᠤ᠂ ᠴᠡᠭᠴᠡᠯᠡᠨ ᠵᠠᠰᠠᠬᠤ ᠵᠡᠷᠭᠡ ᠬᠠᠮᠢᠶ᠎ᠠ ᠪᠦᠬᠦᠢ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠬᠢᠨᠠᠯᠲᠠ | ᠬᠠᠮᠢᠶᠠᠷᠤᠯᠲᠠ ᠳᠤ ᠬᠠᠷᠢᠭᠤᠴᠠᠯᠭ᠎ᠠ ᠪᠠᠨ ᠬᠦᠨᠳᠦ ᠨᠣᠴᠢᠲᠠᠢ ᠠᠯᠳᠠᠭᠰᠠᠨ ᠪᠠᠶᠢᠪᠠᠯ ᠬᠠᠮᠢᠶ᠎ᠠ ᠪᠦᠬᠦᠢ | ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ ︵ᠡᠯ᠎ᠡ ᠣᠷᠣᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠠᠷᠢᠭᠤᠴᠠᠨ ᠨᠠᠶᠢᠳᠠᠪᠤᠷᠢᠵᠢᠭᠤᠯᠤᠨ᠎ᠠ︶ | | ︵ᠭᠤᠷᠪᠠ︶ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠡᠳᠦᠷ ᠲᠤᠲᠤᠮ ᠤᠨ ᠰᠢᠪᠠᠳᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠪᠠᠨ ᠴᠢᠩᠭᠠᠳᠬᠠᠵᠤ᠂ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ᠂ ᠪᠣᠬᠢᠷᠳᠤᠯ ᠭᠠᠳᠠᠭᠰᠢᠯᠠᠭᠤᠯᠬᠤ | ᠵᠥᠪᠰᠢᠶᠡᠷᠡᠯ ᠵᠡᠷᠭᠡ ᠱᠠᠭᠠᠷᠳᠠᠯᠭ᠎ᠠ ᠶᠣᠰᠣᠭᠠᠷ ᠪᠣᠬᠢᠷᠳᠤᠯ ᠢ ᠵᠠᠰᠠᠬᠤ ᠪᠡᠯᠡᠳᠬᠡᠮᠵᠢ᠂ ᠡᠬᠡ ᠲᠠᠩᠰᠠ ᠶᠢᠨ ᠪᠠᠶᠢᠳᠠᠯ ᠢ | ᠲᠡᠮᠳᠡᠭᠯᠡᠬᠦ ᠬᠡᠷᠡᠭᠲᠡᠢ᠃ | | |