2022 ᠣᠨ ᠤ 1 ᠰᠠᠷ᠎ᠠ ᠶᠢᠨ 4 ᠤ ᠡᠳᠦᠷ ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠯᠢᠦ ᠬᠤ᠋ | ᠲᠥᠯᠥᠭᠡᠯᠡᠭᠴᠢᠳ ᠠ᠋᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠤᠬᠠᠢ | ᠡᠷᠭᠢᠴᠡᠭᠦᠯᠦᠯ | ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠦᠷᠪᠡᠨ | ᠵᠢᠯ ᠪᠣᠯ ᠤᠳᠠ ᠶᠢᠨ ᠬᠥᠭᠵᠢᠯᠲᠡ ᠶᠢᠨ ᠲᠡᠦᠬᠡᠨ ᠳᠡᠭᠡᠷᠡᠬᠢ ᠶᠡᠷᠦ ᠪᠤᠰᠤ ᠶᠢᠨ ᠪᠥᠭᠡᠳ ᠲᠤᠶᠢᠯ ᠤᠨ ᠬᠢᠯᠪᠠᠷ ᠪᠤᠰᠤ | ᠲᠦᠷᠪᠡᠨ ᠵᠢᠯ ᠪᠣᠯᠣᠨ᠎ᠠ᠃ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠬᠦᠴᠦᠨ ᠢᠶᠠᠷ ᠢᠶᠠᠨ | ᠪᠦᠲᠦᠴᠡ ᠶᠢ ᠲᠣᠬᠢᠷᠠᠭᠤᠯᠬᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠠᠵᠤ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ 136.9 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ | 172 ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 5.7% ᠪᠠᠷ ᠨᠡᠮᠡᠭᠳᠡᠨ᠎ᠡ᠂ ᠡᠩ ᠤᠨ ᠤᠯᠠᠨ | ᠨᠡᠶᠢᠲᠡ ᠶᠢᠨ ᠲᠥᠰᠥᠪ ᠤᠨ ᠣᠷᠣᠯᠭ᠎ᠠ 9.2 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 12. 6 | ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 8. 2% ᠢᠶᠠᠷ ᠨᠡᠮᠡᠭᠳᠡᠪᠡ᠂ ᠪᠥᠬᠦ | ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 120. 6 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 6.6% ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠵᠢᠯ ᠪᠦᠷᠢ ᠳᠤᠮᠳᠠᠴᠢ ᠪᠠᠷ 1. 6% ᠨᠡᠮᠡᠭᠳᠡᠪᠡ᠂ ᠬᠤᠲᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 5 . | 1% ᠪᠠᠷ ᠨᠡᠮᠡᠭᠳᠡᠪᠡ᠂ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠢ ᠵᠢᠯ ᠪᠦᠷᠢ ᠳᠤᠮᠳᠠᠴᠢ ᠪᠠᠷ | 4% ᠪᠠᠷ ᠪᠠᠭᠤᠷᠠᠭᠤᠯᠪᠠ᠃ | ︱ ᠲᠦᠷᠪᠡᠨ ᠵᠢᠯ ᠳᠤ ᠤᠨᠢᠨ ᠳᠡᠭᠡᠷ᠎ᠡ ᠨᠢ ᠬᠦᠴᠦ ᠪᠠᠨ ᠬᠠᠮᠲᠤᠳᠬᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠨᠡᠩ | ᠪᠠᠲᠤᠳᠬᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠦᠷ᠎ᠡ ᠪᠦᠲᠦᠭᠡᠯ ᠢ | ᠲᠠᠬᠢᠨ ᠥᠷᠭᠡᠳᠬᠡᠪᠡ᠃ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ | ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠷᠢᠳ ᠬᠤᠵᠢᠳ 296 ᠵᠠᠰᠠᠬᠤ ᠲᠥᠷᠥᠯ ᠵᠦᠢᠯ ᠢ | ᠬᠡᠷᠡᠭᠵᠢᠭᠦᠯᠵᠦ᠂ ᠨᠡᠶᠢᠲᠡ 32 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠲᠥᠪ ᠤᠨ ᠣᠷᠴᠢᠨ | ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠠᠵᠢᠯᠯᠠᠭ᠎ᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠴᠥᠮ ᠴᠠᠭ ᠤᠨ ᠳᠠᠷᠠᠭᠠᠯᠠᠯ ᠢᠶᠠᠷ ᠴᠡᠭᠴᠡᠯᠡᠨ ᠵᠠᠰᠠᠪᠠ᠃ ︽ᠳᠤᠯᠤᠭ᠎ᠠ ᠶᠢ ᠵᠠᠰᠠᠬᠤ︾ | ᠪᠠᠷ ᠬᠦᠴᠦ ᠪᠠᠨ ᠲᠥᠪᠯᠡᠷᠡᠭᠦᠯᠦᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠪᠦᠬᠦ ᠣᠷᠣᠨ ᠪᠦᠰᠡ ᠶᠢᠨ | ᠵᠠᠰᠠᠯᠲᠠ ᠶᠢ ᠠᠬᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠵᠠᠰᠠᠬᠤ᠂ ᠮᠠᠰᠢᠨ ᠲᠡᠷᠭᠡ ᠶᠢ ᠵᠠᠰᠠᠬᠤ᠂ ᠠᠵᠤ | ᠠᠬᠤᠶᠢᠯᠠᠯ ᠢ ᠵᠠᠰᠠᠬᠤ ᠣᠶᠤᠨᠲᠤ ᠲᠠᠪᠴᠠᠩ ᠢ ᠰᠦᠯᠵᠢᠶᠡᠨ ᠳᠤ ᠣᠷᠣᠭᠤᠯᠤᠨ ᠡᠨᠧᠷᠭᠢ ᠣᠯᠭᠤᠵᠤ᠂ ᠨᠡᠭᠦᠷᠡᠰᠦ | ᠵᠥᠭᠡᠭᠡᠪᠦᠷᠢᠯᠡᠬᠦ ᠵᠠᠮ ᠢ ᠪᠦᠬᠦ ᠱᠤᠭᠤᠮ ᠢᠶᠠᠷ ᠨᠡᠪᠲᠡᠷᠡᠭᠦᠯᠦᠨ ᠪᠢᠲᠡᠭᠦᠮᠵᠢᠯᠡᠵᠦ᠂ ᠨᠣᠴᠤᠯᠲᠠ ᠶᠢᠨ ᠴᠡᠭ ᠢ | ᠬᠥᠳᠡᠯᠦᠩᠭᠦᠢ ᠪᠠᠷ ᠴᠡᠪᠡᠷᠯᠡᠵᠦ᠂ 20 ᠲᠡᠭᠰᠢ ᠳᠥᠷᠪᠡᠯᠵᠢᠨ ᠺᠢᠯᠤᠮᠧᠲᠷ ᠠᠭᠤᠷᠬᠠᠢ ᠶᠢ ᠲᠥᠪᠯᠡᠷᠡᠭᠦᠯᠦᠨ | ᠵᠠᠯᠭᠠᠯᠳᠤᠭᠤᠯᠤᠨ ᠰᠡᠯᠪᠢᠨ ᠵᠠᠰᠠᠵᠤ᠂ ᠬᠤᠸᠠᠩ ᠪᠠᠢ ᠽᠢ ᠨᠡᠭᠦᠷᠡᠰᠦᠨ ᠠᠭᠤᠷᠬᠠᠢ ᠶᠢ ᠤᠯᠤᠰ ᠤᠨ ᠠᠩᠬᠠᠳᠠᠭᠴᠢ | ᠪᠦᠯᠦᠭ ᠣᠶᠤᠨᠴᠢᠯᠠᠭᠰᠠᠨ ᠵᠢᠱᠢᠶ᠎ᠡ ᠦᠵᠡᠭᠦᠯᠵᠦ ᠪᠦᠲᠦᠭᠡᠨ ᠪᠠᠶᠢᠭᠤᠯᠬᠤ ᠨᠡᠭᠦᠷᠡᠰᠦᠨ ᠠᠭᠤᠷᠬᠠᠢ ᠪᠣᠯᠭᠠᠪᠠ᠃ | ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠭᠡᠳᠤ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠭᠠᠵᠠᠷ ᠳᠣᠣᠷᠠᠬᠢ ᠤᠰᠤ ᠶᠢ ᠠᠪᠬᠤ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠵᠦ᠂ ᠳᠤᠮᠳᠠ ᠵᠡᠷᠭᠡ ᠶᠢᠨ ᠤᠰᠤ ᠪᠠ ᠰᠡᠶᠢᠷᠡᠭ | ᠬᠠᠭᠤᠷᠠᠢ ᠤᠰᠤᠨ ᠤ ᠠᠰᠢᠭᠯᠠᠯᠲᠠ ᠶᠢᠨ ᠨᠤᠷᠮ᠎ᠠ ᠶᠢ 100% ᠳᠤ ᠬᠦᠷᠭᠡᠵᠦ᠂ ᠪᠦᠬᠦ ᠤᠯᠤᠰ ᠤᠨ ᠠᠩᠬᠠᠳᠠᠭᠴᠢ | ᠪᠦᠯᠦᠭ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ | ᠣᠷᠣᠨ ᠳᠤ ᠠᠮᠵᠢᠯᠲᠠ ᠲᠠᠢ ᠪᠠᠷ ᠰᠣᠩᠭᠤᠭᠳᠠᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠲᠠᠶᠢᠨ ᠲᠡᠭᠦᠰ ᠠᠮᠵᠢᠯᠲᠠ ᠲᠠᠢ ᠪᠠᠷ ᠲᠡᠭᠦᠰᠪᠡ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾ ᠬᠠᠷᠠᠯᠲᠠ ᠶᠢ ᠲᠣᠭᠲᠠᠭᠤᠨ ᠢᠶᠠᠷ ᠪᠡᠶᠡᠯᠡᠭᠦᠯᠵᠦ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠢ | ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ 3 ᠬᠥᠲᠥᠴᠢ ᠠᠵᠤ ᠠᠬᠤᠶᠢᠯᠠᠯ ᠢ | ᠪᠣᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ | ᠦᠨᠳᠦᠰᠦᠨ ᠳᠡᠭᠡᠨ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠭᠰᠡᠨ | ᠨᠣᠷᠮ᠎ᠠ ᠶᠢ 100% ᠳᠤ ᠬᠦᠷᠦᠭᠦᠯᠪᠡ᠃ ᠤᠯᠠᠭᠠᠨᠨᠠᠭᠤᠷ ᠪᠠᠯᠭᠠᠰᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠲᠣᠰᠬᠤᠨ ᠪᠠᠯᠭᠠᠰᠤ ᠪᠠᠷ ᠦᠨᠡᠯᠡᠭᠳᠡᠵᠦ᠂ ᠪᠣᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠪᠥᠬᠦ ᠤᠯᠤᠰ ᠤᠨ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠬᠦᠷᠢᠶᠡᠯᠡᠩ ᠲᠣᠭᠤᠷᠢᠭ ᠲᠤ ᠰᠣᠩᠭᠤᠭᠳᠠᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠪᠡᠷᠬᠡ | ᠰᠡᠳᠦᠪ ᠢ ᠰᠢᠢᠳᠪᠦᠷᠢᠯᠡᠬᠦ ᠲᠠᠶᠢᠨ ᠢ ᠦᠷᠭᠦᠯᠵᠢᠯᠡᠨ ᠬᠦᠴᠦᠯᠡᠨ ᠬᠢᠪᠡ᠃ ︽ᠠᠷᠪᠢᠯᠠᠨ ᠭᠠᠮᠨᠠᠬᠤ︾ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠡᠮᠬᠢ ᠵᠢᠷᠤᠮ ᠲᠠᠢ ᠪᠠᠷ | ᠠᠷᠢᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ 2017 ᠣᠨ ᠤ ᠬᠢ ᠠᠴᠠ 74. | 5% ᠪᠠᠷ ᠪᠠᠭᠤᠷᠠᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠢᠮᠠᠭᠲᠠ ᠪᠠᠲᠤ | ᠰᠠᠬᠢᠵᠤ᠂ ᠸᠠᠺᠼᠢᠨ ᠤ ᠲᠠᠷᠢᠯᠭ᠎ᠠ ᠶᠢᠨ ᠱᠠᠲᠤ ᠦᠶ᠎ᠡ ᠶᠢᠨ ᠴᠢᠨᠠᠷᠲᠠᠢ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ︽ | ᠥᠯᠥ ᠬᠠᠯᠳᠠᠪᠤᠷᠢᠯᠠᠬᠤ︾ ᠬᠢᠵᠢᠭ ᠢ ᠰᠡᠷᠭᠡᠶᠢᠯᠡᠬᠦ ᠦᠷ᠎ᠡ ᠪᠦᠲᠦᠭᠡᠯ ᠢ ᠣᠯᠣᠭᠰᠠᠨ ᠪᠠᠶᠢᠨ᠎ᠠ᠃ | ︱ ᠲᠦᠷᠪᠡᠨ ᠵᠢᠯ ᠦᠷᠭᠦᠯᠵᠢᠯᠡᠨ ᠡᠷᠡᠯᠬᠡᠭᠯᠡᠨ ᠤᠷᠤᠭᠰᠢᠯᠠᠵᠤ᠂ ᠪᠢᠳᠡ ᠰᠢᠨ᠎ᠡ ᠬᠠᠭᠤᠴᠢᠨ ᠬᠥᠳᠡᠯᠭᠡᠭᠦ ᠬᠦᠴᠦᠨ ᠤ | ᠰᠣᠯᠢᠭᠳᠠᠵᠤ ᠲᠡᠰ ᠳᠡᠪᠰᠢᠬᠦ ᠶᠢ ᠲᠦᠷᠭᠡᠳᠬᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠯᠬᠤᠭ᠎ᠠ ᠪᠠᠨ ᠨᠡᠩ | ᠪᠠᠲᠤᠳᠬᠠᠪᠠ᠃ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 188 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠵᠢᠱᠢᠯᠲᠡ ᠪᠠᠷ 423 ᠳ᠋ᠦᠩᠰᠢᠭᠤᠷ ᠲᠥᠭᠦᠷᠢᠭ ᠲᠤ ᠬᠦᠷᠴᠦ᠂ | ᠵᠢᠯ ᠪᠦᠷᠢ ᠳᠤᠮᠳᠠᠴᠢ ᠪᠠᠷ 19.4% ᠪᠠᠷ ᠨᠡᠮᠡᠭᠳᠡᠵᠦ᠂ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠤᠨ ᠵᠢᠯ ᠪᠦᠷᠢ ᠳᠤᠮᠳᠠᠴᠢ ᠪᠠᠷ 11.8% ᠪᠠᠷ ᠨᠡᠮᠡᠭᠳᠡᠬᠦ ᠪᠣᠯᠣᠨ᠎ᠠ᠃ ᠤᠯᠠᠮᠵᠢᠯᠠᠯᠲᠤ ᠳᠠᠪᠠᠭᠤᠯᠢᠭ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠭᠦᠷᠡᠰᠦᠨ | ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠰᠠᠭᠤᠷᠢ ᠶᠢ ᠳᠠᠬᠢᠨ ᠡᠭᠦᠳᠬᠦ ᠶᠢ ᠠᠬᠢᠭᠤᠯᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠤᠨ᠂ 36 ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ | ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠢ 47.8% ᠪᠣᠯᠲᠠᠯ᠎ᠠ ᠳᠡᠭᠡᠭᠰᠢᠯᠡᠭᠦᠯᠵᠦ᠂ ᠮᠦ ᠪᠦᠷᠢ ᠶᠢᠨ | ᠳᠤᠮᠳᠠᠴᠢ ᠭᠠᠶᠢᠯᠢ ᠶᠢᠨ ᠣᠷᠣᠯᠭ᠎ᠠ ᠶᠢ 15 ᠲᠦᠮᠡᠨ ᠲᠥᠭᠦᠷᠢᠭ ᠲᠤ ᠬᠦᠷᠦᠭᠦᠯᠵᠦ᠂ ᠮᠦ ᠪᠦᠷᠢ ᠶᠢᠨ ᠤᠨᠠᠯᠲᠠ ᠶᠢᠨ | ᠬᠦᠴᠦᠯᠡᠴᠡ ᠶᠢ 500 ᠲᠦᠮᠡᠨ ᠲᠥᠭᠦᠷᠢᠭ ᠠᠴᠠ ᠳᠠᠪᠠᠭᠤᠯᠪᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠰᠠᠭᠤᠳᠠᠯ ᠢ ᠰᠢᠢᠳᠪᠦᠷᠢᠯᠡᠪᠡ᠃ ᠰᠢᠨ᠎ᠡ ᠡᠨᠧᠷᠭᠢ ᠶᠢᠨ ᠰᠤᠷᠪᠤᠯᠵᠢ᠂ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠵᠤ᠂ 12 ᠬᠤᠰᠢᠭᠤᠴᠢ | ᠠᠵᠤ ᠠᠬᠤᠶᠢᠯᠠᠯ ᠭᠡᠷ᠎ᠡ ᠲᠣᠭᠲᠠᠨ ᠡᠷᠦᠬᠡ ᠠᠮᠠ ᠣᠷᠣᠪᠠ᠃ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠵᠤ᠂ 5 ᠠᠵᠤ ᠠᠬᠤᠶᠢᠯᠠᠯ ︽ᠮᠠᠰᠢᠨ ᠢᠶᠠᠷ ᠠᠵᠢᠯ ᠰᠣᠯᠢᠬᠤ︾ ᠶᠢ ᠬᠡᠷᠡᠭᠵᠢᠭᠦᠯᠵᠦ᠂ | 52 ᠣᠶᠤᠨᠲᠤ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠹᠧᠢ ᠱᠢ᠂ ᠰᠢ ᠬᠤᠸᠠ ᠰᠦᠯᠵᠢᠶ᠎ᠡ ᠵᠡᠷᠭᠡ | ᠲᠣᠭᠠᠴᠢᠯᠠᠭᠰᠠᠨ ᠲᠠᠪᠴᠠᠩ ᠢᠶᠠᠷ 300 ᠭᠠᠷᠤᠢ ᠠᠵᠤ ᠠᠬᠤᠶᠢᠯᠠᠯ ᠤᠨ ︽ᠡᠭᠦᠯᠡᠨ ᠲᠠᠪᠴᠠᠩ︾ ᠳᠤ ᠭᠠᠷᠬᠤ ᠳᠤ | ᠬᠦᠴᠦᠨ ᠨᠡᠮᠡᠷᠢᠯᠡᠪᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠪᠠ᠃ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 8᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠪᠠᠶᠢᠭᠤᠯᠤᠮᠵᠢ ᠶᠢ 12 ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠪᠠ ᠮᠡᠷᠭᠡᠵᠢᠯ ᠤᠨ ᠰᠢᠨᠡᠴᠢᠯᠡᠯᠲᠡ ᠶᠢ 640 ᠰᠢᠨ᠎ᠡ ᠪᠠᠷ ᠨᠡᠮᠡᠭᠳᠡᠭᠦᠯᠵᠦ᠂ ᠤᠳᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠣᠶᠤᠨᠲᠤ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ ᠣᠷᠣᠭᠤᠯᠪᠠ᠃ ᠡᠵᠡᠩᠨᠡᠯᠲᠡ ᠶᠢᠨ | ᠣᠷᠴᠢᠨ ᠨᠥᠬᠦᠴᠡᠯ ᠰᠠᠶᠢᠵᠢᠷᠠᠨ ᠰᠢᠯᠢᠳᠡᠭᠵᠢᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠠᠪᠤ ᠶᠢ ᠬᠠᠰᠤᠵᠤ ᠭᠤᠷᠪᠠᠨ ᠬᠠᠮᠤᠭ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭ | ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠭᠡᠵᠦ᠂ ᠠᠵᠤ ᠠᠬᠤᠶᠢᠯᠠᠯ ᠢ ᠲᠡᠳᠬᠦᠬᠦ | ᠲᠤᠰᠬᠠᠢ ᠪᠡᠯᠡ ᠮᠥᠩᠭᠦ ᠶᠢ 1.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢᠨ ᠲᠥᠪ ᠢ ᠪᠠᠶᠢᠭᠤᠯᠪᠠ᠃ | ︱ ᠲᠦᠷᠪᠡᠨ ᠵᠢᠯ ᠳᠤ ᠪᠢᠳᠡ ᠪᠣᠳᠠᠲᠠᠢ ᠶᠢ ᠡᠷᠬᠢᠮᠯᠡᠨ ᠦᠨᠡᠨᠴᠢ ᠰᠢᠳᠤᠷᠭᠤ ᠪᠠᠷ ᠠᠵᠢᠯᠯᠠᠵᠤ᠂ ᠬᠤᠳᠠ ᠶᠢᠨ ᠥᠩᠭᠡ | ᠵᠢᠰᠦ ᠶᠢ ᠬᠤᠪᠢᠷᠠᠭᠤᠯᠬᠤ ᠶᠢ ᠪᠦᠬᠦ ᠲᠠᠯ᠎ᠠ ᠪᠠᠷ ᠡᠬᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ | ᠪᠣᠰᠬᠠᠬᠤ ᠳᠤ ᠲᠣᠬᠢᠷᠠᠮᠵᠢᠲᠠᠢ ᠰᠠᠭᠤᠷᠢ ᠥᠩᠭᠡ ᠶᠢ ᠨᠡᠩ ᠵᠤᠵᠠᠭᠠᠳᠬᠠᠪᠠ᠃ ᠬᠤᠳᠠ ᠶᠢᠨ ᠰᠢᠨᠡᠴᠢᠯᠡᠯᠲᠡ ᠶᠢᠨ | ᠬᠤᠷᠳᠤᠴᠠ ᠶᠢ ᠲᠦᠷᠭᠡᠳᠬᠡᠪᠡ᠃ 31 ᠪᠠᠶᠢᠰᠢᠩᠲᠤ ᠲᠣᠭᠤᠷᠢᠭ ᠤᠨ ᠣᠷᠴᠢᠨ ᠠᠬᠤᠢ ᠶᠢ ᠴᠡᠭᠴᠡᠯᠡᠨ ᠵᠠᠰᠠᠬᠤ ᠶᠢ | ᠬᠡᠷᠡᠭᠵᠢᠭᠦᠯᠵᠦ᠂ 19 ᠬᠠᠭᠤᠴᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ | ᠵᠠᠰᠠᠵᠤ᠂ 1976 ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠤᠭᠤᠷᠢᠭ ᠢ ᠥᠭᠡᠷᠴᠢᠯᠡᠭᠰᠡᠨ ᠣᠷᠤᠨ | ᠰᠠᠭᠤᠴᠠ ᠶᠢ ᠲᠤᠰᠢᠶᠠᠨ ᠥᠭᠴᠦ ᠬᠡᠷᠡᠭᠯᠡᠭᠦᠯᠵᠦ᠂ 3600 ᠭᠠᠷᠤᠢ ᠡᠷᠦᠬᠡ ᠰᠠᠭᠤᠭᠠᠯᠢ ᠠᠷᠠᠳ ᠢ ᠰᠢᠨ᠎ᠡ ᠣᠷᠣᠨ | ᠰᠠᠭᠤᠴᠠ ᠳᠤ ᠪᠠᠶᠠᠷ ᠬᠥᠷ ᠲᠠᠢ ᠪᠠᠷ ᠨᠡᠭᠦᠯᠭᠡᠪᠡ᠃ 3 ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢ ᠪᠠᠷᠢᠮᠵᠢᠶ᠎ᠠ ᠶᠢ | ᠳᠡᠭᠡᠭᠰᠢᠯᠡᠭᠦᠯᠦᠨ ᠥᠭᠡᠷᠡᠴᠢᠯᠡᠵᠦ᠂ ᠨᠢᠭᠡ ᠪᠦᠯᠦᠭ ᠬᠠᠷᠮᠠᠨ ᠴᠡᠴᠡᠷᠯᠢᠭ᠂ ᠵᠡᠭᠡᠯᠢ ᠭᠤᠳᠤᠮᠵᠢ ᠶᠢᠨ ᠨᠣᠭᠤᠭᠠᠨ | ᠭᠠᠵᠠᠷ ᠢ ᠪᠠᠶᠢᠭᠤᠯᠤᠨ ᠨᠡᠭᠡᠭᠡᠵᠦ᠂ ︽ᠨᠢᠭᠡ ᠮᠦᠴᠢᠲᠦ ᠠᠷᠠᠳ ᠲᠤ ᠲᠥᠬᠦᠮ ᠦᠵᠡᠭᠦᠯᠬᠦ ᠰᠡᠯᠡᠭᠦᠴᠡᠯ ᠤᠨ | ᠠᠮᠢᠳᠤᠷᠠᠯ ᠤᠨ ᠬᠦᠷᠢᠶ᠎ᠡ︾ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠥᠷᠭᠡᠳᠬᠡᠪᠡ᠃ | ᠬᠤᠳᠠ ᠶᠢᠨ ᠶᠠᠪᠤᠳᠠᠯ ᠤᠨ ᠳᠤᠲᠠᠭᠤᠳᠠᠯ ᠢ ᠲᠦᠷᠭᠡᠪᠴᠢᠯᠡᠨ ᠲᠡᠭᠦᠯᠳᠡᠷᠵᠢᠭᠦᠯᠪᠡ᠃ ᠪᠠᠶᠠᠨᠰᠠᠶᠢᠨ ᠵᠥᠷᠢᠯᠢᠭ ᠬᠥᠭᠦᠷᠭᠡ | ᠂ ᠬᠠᠲᠤᠨ ᠭᠤᠣᠯ ᠤᠨ ᠣᠨᠴᠠ ᠶᠡᠭᠡ ᠬᠥᠭᠦᠷᠭᠡ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ 6 | ᠲᠠᠰᠤᠷᠬᠠᠢ ᠵᠠᠮ ᠪᠥᠬᠦ ᠲᠠᠯ᠎ᠠ ᠪᠠᠷ ᠨᠡᠪᠲᠡᠷᠡᠪᠡ᠃ ︽ᠭᠤᠷᠪᠠᠨ ᠬᠠᠩᠭᠠᠯᠭ᠎ᠠ ᠨᠢᠭᠡ ᠦᠢᠯᠡᠰ︾ ᠢ ᠰᠢᠯᠵᠢᠭᠦᠯᠦᠨ | ᠲᠤᠰᠢᠶᠠᠵᠤ ᠥᠭᠡᠷᠡᠴᠢᠯᠡᠨ ᠪᠠᠶᠢᠭᠤᠯᠬᠤ ᠠᠵᠢᠯ ᠢ ᠤᠷᠤᠭᠰᠢᠲᠠᠢ ᠳᠠᠭᠤᠰᠬᠠᠵᠤ᠂ ᠨᠡᠶᠢᠲᠡ ᠶᠢᠨ ᠵᠣᠷᠯᠣᠩ ᠢ 92 | ᠪᠠᠶᠢᠭᠤᠯᠵᠤ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ 412.6ᠺᠢᠯᠣᠮᠧᠲᠷ ᠳᠡᠪᠢᠰᠴᠦ᠂ ᠢᠯᠴᠢ ᠬᠠᠩᠭᠠᠬᠤ | ᠲᠠᠯᠠᠪᠠᠢ ᠶᠢ 54 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ | ︱ ᠳᠦᠷᠪᠡᠨ ᠵᠢᠯ ᠳᠤ ᠪᠢᠳᠡ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠡᠷᠡᠰ ᠭᠤᠶᠢᠪᠢᠰᠢ | ᠦᠭᠡᠢ ᠪᠠᠷ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠤᠨ ᠪᠠᠲᠤᠯᠠᠭ᠎ᠠ ᠶᠢ ᠨᠡᠩ ᠡᠯᠪᠡᠭ ᠪᠠᠶᠠᠯᠢᠭ ᠪᠣᠯᠭᠠᠪᠠ᠃ ᠨᠡᠶᠢᠭᠡᠮ ᠤᠨ ᠦᠢᠯᠡᠰ ᠯᠠᠪᠳᠠᠭᠤᠨ ᠢᠶᠠᠷ ᠬᠥᠭᠵᠢᠪᠡ᠃ | ᠳᠤᠮᠳᠠᠳᠤ ᠪᠠᠭ᠎ᠠ ᠰᠤᠷᠭᠠᠭᠤᠯᠢ ᠶᠢᠨ ᠭᠡᠷ ᠪᠠᠶᠢᠰᠢᠩ ᠢ ᠪᠠᠷᠢᠮᠵᠢᠶᠠᠵᠢᠭᠤᠯᠤᠨ ᠥᠭᠡᠷᠡᠴᠢᠯᠡᠬᠦ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ | 100% ᠳᠤ ᠬᠦᠷᠭᠡᠵᠦ᠂ ᠥᠨᠳᠦᠷ ᠳᠤᠮᠳᠠᠳᠤ ᠶᠢᠨ ᠰᠢᠯᠭᠠᠯᠲᠠ ᠶᠢᠨ ᠳᠤᠮᠳᠠᠴᠢ ᠬᠢᠷᠢ ᠪᠦᠲᠦᠮᠵᠢ ᠶᠢ ᠪᠥᠬᠦ | ᠬᠤᠲᠠ ᠳᠤ ᠵᠢᠷᠭᠤᠭᠠᠨ ᠵᠢᠯ ᠳᠠᠷᠠᠭᠠᠯᠠᠨ ᠲᠡᠷᠢᠭᠦᠯᠡᠪᠡ᠃ ᠱᠧᠦ ᠺᠠᠩ ᠠᠰᠠᠷᠠᠯᠲᠠ ᠶᠢᠨ ᠬᠦᠷᠢᠶᠡᠯᠡᠩ ᠢ | ᠠᠰᠢᠭᠯᠠᠯᠲᠠ ᠳᠤ ᠣᠷᠣᠭᠤᠯᠵᠤ᠂ 8 ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 5ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠲᠥᠬᠦᠭᠡᠷᠦᠮᠵᠢ ᠶᠢ ᠲᠡᠰ ᠢ ᠨᠢ ᠳᠡᠭᠡᠭᠰᠢᠯᠡᠭᠦᠯᠵᠦ ᠲᠡᠰ ᠢ ᠨᠢ ᠳᠡᠪᠰᠢᠭᠦᠯᠪᠡ᠃ | ᠨᠡᠶᠢᠭᠡᠮ ᠤᠨ ᠪᠠᠲᠤᠯᠠᠭ᠎ᠠ ᠶᠢ ᠥᠷᠭᠡᠨ ᠬᠡᠪᠴᠢᠶ᠎ᠡ ᠪᠠᠷ ᠪᠦᠷᠬᠦᠭᠦᠯᠪᠡ᠃ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠯ | ᠳᠠᠷᠠᠭᠠᠯᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 1.27 ᠳ᠋ᠦᠩᠰᠢᠭᠤᠷ | ᠲᠥᠭᠦᠷᠢᠭ ᠲᠠᠷᠬᠠᠭᠠᠪᠠ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ | ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ | ᠬᠢᠵᠠᠭᠠᠷᠯᠠᠪᠠ᠃ ᠨᠡᠶᠢᠭᠡᠮ ᠤᠨ ᠵᠠᠰᠠᠯᠲᠠ ᠪᠦᠬᠦ ᠲᠠᠯ᠎ᠠ ᠪᠠᠷ ᠳᠡᠭᠡᠭᠰᠢᠯᠡᠪᠡ᠃ ᠠᠮᠤᠷ ᠲᠦᠪᠰᠢᠨ ᠲᠣᠭᠲᠠᠭᠤᠨ ᠤ | ᠬᠤᠷᠢᠭ᠎ᠠ ᠱᠤᠭᠤᠮ ᠢ ᠡᠷᠡᠰ ᠪᠠᠲᠤ ᠪᠠᠶᠢᠭᠤᠯᠵᠤ᠂ ᠨᠢᠭᠡ ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠵᠣᠬᠢᠰᠲᠠᠢ ᠰᠢᠢᠳᠪᠦᠷᠢᠯᠡᠵᠦ᠂ ᠲᠣᠭᠳᠠᠮᠠᠯ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠭᠡᠬᠦ ᠬᠦᠴᠢᠷ | ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠲᠦᠷᠪᠡᠨ ᠵᠢᠯ ᠤᠨ ᠲᠤᠷᠰᠢ ᠬᠦᠨᠳᠦ ᠶᠡᠭᠡ ᠣᠨᠴᠠ ᠶᠡᠭᠡ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠮᠠᠨ ᠤ ᠲᠤᠭᠤᠷᠢᠭ ᠪᠦᠬᠦ ᠤᠯᠤᠰ ᠤᠨ ᠠᠮᠤᠷ ᠠᠮᠤᠭᠤᠯᠠᠩ | ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠲᠤᠭᠤᠷᠢᠭ ᠢᠶᠠᠷ ᠦᠨᠡᠯᠡᠭᠳᠡᠪᠡ᠃ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮ ᠵᠡᠷᠭᠡ ᠶᠢ ᠲᠤᠰᠬᠠᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠣᠭᠤᠷᠢᠨ ᠪᠠᠶᠢᠴᠠᠭᠠᠵᠦ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ | ᠰᠠᠶᠢᠵᠢᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠢ ᠴᠢᠩᠭ᠎ᠠ | ᠵᠠᠯᠬᠠᠭᠠᠨ ᠰᠢᠳᠭᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠳᠠᠭᠠᠯᠠᠪᠠ᠃ | ᠲᠥᠯᠥᠭᠡᠯᠡᠭᠴᠢᠳ ᠠ᠋᠂ ᠰᠠᠶ᠋ᠢᠬᠠᠨ ᠥᠩᠭᠡᠷᠡᠭᠰᠡᠨ 2021 ᠣᠨ ᠪᠣᠯ ᠲᠤᠰ ᠬᠤᠭᠤᠴᠠᠭᠠᠨ ᠤ ᠵᠠᠰᠠᠭ ᠤᠨ | ᠣᠷᠳᠣᠨ ᠤ ᠲᠡᠭᠦᠰᠬᠡᠯ ᠤᠨ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠠᠳ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠯᠲᠠ ᠶᠢᠨ | ᠳᠤᠮᠳᠠ ᠬᠦᠴᠦᠨ ᠢ ᠬᠤᠷᠠᠮᠳᠤᠭᠤᠯᠬᠤ ᠰᠠᠶᠢᠨ ᠪᠠᠶᠢᠳᠠᠯ ᠢᠯᠡᠷᠡᠵᠡᠢ᠃ ᠵᠢᠱᠢᠯᠲᠡ ᠪᠠᠷ ᠪᠥᠬᠦ ᠵᠢᠯ ᠳᠤ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 2% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 5% ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 5% ᠪᠠᠷ | ᠨᠡᠮᠡᠭᠳᠡᠭᠦᠯᠦᠨ᠎ᠡ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠨᠡᠮᠡᠭᠳᠡᠭᠦᠯᠵᠦ | ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 2.6% ᠪᠠᠷ ᠨᠡᠮᠡᠭᠳᠡᠭᠦᠯᠦᠨ᠎ᠡ᠃ | ᠡᠨᠡ ᠨᠢᠭᠡ ᠵᠢᠯ ᠳᠤ᠂ ᠪᠢᠳᠡ ︽ᠥᠨᠳᠥᠷ︾ ᠵᠣᠭᠰᠣᠴᠠ ᠳᠤ ᠬᠠᠨᠳᠤᠵᠤ᠂ ᠭᠤᠣᠯᠳᠠᠯᠭ᠎ᠠ ᠶᠢ ᠠᠳᠬᠤᠵᠤ᠂ | ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠪᠠ᠃ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠤᠨ ᠵᠠᠭᠤᠨ | ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠡᠷᠡᠰ ᠴᠢᠩᠭ᠎ᠠ ᠲᠦᠯᠬᠢᠨ ᠠᠬᠢᠭᠤᠯᠵᠤ᠂ ᠪᠣᠬᠢᠷᠳᠤᠯ ᠢ ᠵᠠᠰᠠᠬᠤ | 74 ᠵᠦᠢᠯᠡᠰ ᠢ ᠪᠡᠶᠡᠯᠡᠭᠦᠯᠵᠦ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ︾ ᠤᠨ 12 ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠴᠠᠭᠠᠵᠠᠯᠠᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | ᠰᠠᠭᠤᠭᠠᠯᠢ ᠠᠷᠠᠳ ᠢ 1000 ᠡᠷᠦᠭᠡ ᠳᠤ ᠬᠡᠷᠡᠭᠵᠢᠭᠦᠯᠵᠦ᠂ 18 ᠪᠣᠳᠠᠰ ᠤᠨ ᠮᠠᠲ᠋ᠧᠷᠢᠶᠠᠯ ᠤᠨ ᠣᠪᠣᠭᠠᠨ ᠤ | ᠲᠠᠯᠠᠪᠠᠢ ᠶᠢ ᠪᠦᠬᠦᠨ ᠢ ᠪᠢᠲᠡᠭᠦᠮᠵᠢᠯᠡᠪᠡ᠃ ︽ᠭᠤᠣᠯ ᠤᠨ ᠳᠠᠷᠤᠭ᠎ᠠ ᠶᠢᠨ ᠳᠦᠷᠢᠮ︾ ︽ᠣᠶ ᠰᠢᠭᠤᠢ ᠶᠢᠨ | ᠳᠠᠷᠤᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠡᠷᠭᠢ ᠬᠠᠮᠠᠭᠠᠯᠠᠬᠤ᠂ ᠦᠷᠲ | ᠭᠤᠤ ᠶᠢ ᠵᠠᠰᠠᠬᠤ ᠵᠡᠷᠭᠡ ᠢᠨᠵᠧᠨᠧᠷᠢᠩ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠬᠤᠲᠠ ᠶᠢᠨ ᠲᠣᠭᠤᠷᠢᠭ᠂ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠭᠤᠯᠵᠤ᠂ ᠯᠠᠨ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠠᠬᠢᠯᠭᠠᠨ | ᠭᠠᠷᠭᠠᠬᠤ ᠲᠥᠷᠥᠯ ᠵᠦᠢᠯ ᠢ ᠲᠣᠥᠷᠵᠢᠭᠤᠯᠤᠨ ᠠᠵᠢᠯᠯᠠᠭᠤᠯᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ | ᠬᠤᠣᠷ ᠦᠭᠡᠢ ᠪᠣᠯᠭᠠᠨ ᠰᠢᠢᠳᠪᠦᠷᠢᠯᠡᠬᠦ ᠶᠢ ᠪᠡᠶᠡᠯᠡᠭᠦᠯᠪᠡ᠃ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠬᠦᠴᠦᠲᠡᠢ ᠲᠦᠯᠬᠢᠨ ᠠᠬᠢᠭᠤᠯᠵᠤ᠂ ︽ᠬᠤᠣᠰ ᠬᠠᠷᠢᠭᠤᠴᠠᠯᠭ᠎ᠠ ᠬᠤᠣᠰ | ᠳᠠᠷᠤᠭ᠎ᠠ ᠶᠢᠨ ᠳᠦᠷᠢᠮ︾ ᠢ ᠪᠠᠶᠢᠭᠤᠯᠤᠨ᠂ ︽ᠲᠤᠯᠤᠭᠠᠨ ᠵᠠᠰᠠᠯᠲᠠ︾ ᠶᠢᠨ ᠬᠠᠮ ᠠᠷᠭ᠎ᠠ ᠪᠠᠷᠢᠯ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠵᠦ᠂ ᠰᠤᠬᠠᠶᠢᠲᠤ ᠵᠢᠵᠢᠭ ᠲᠡᠮᠦᠷ ᠮᠠᠯᠠᠭᠠᠢ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠠᠮᠢ | ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠣᠨ ᠤ ᠡᠭᠦᠷᠭᠡ ᠶᠢ ᠪᠡᠶᠡᠯᠡᠭᠦᠯᠵᠦ᠂ ᠵᠢᠶᠠᠨ ᠠᠨ ᠨᠡᠭᠦᠷᠡᠰᠦᠨ | ᠠᠭᠤᠷᠬᠠᠢ᠂ ᠦ᠋ ᠬᠤ᠋ ᠱᠠᠨ ᠠᠭᠤᠷᠬᠠᠢ ᠵᠡᠷᠭᠡ 9 ᠵᠠᠰᠠᠬᠤ ᠲᠥᠷᠥᠯ ᠵᠦᠢᠯ ᠢ ᠨᠢᠭᠡ ᠴᠣᠭᠴᠠᠵᠢᠭᠤᠯᠤᠨ ᠠᠬᠢᠭᠤᠯᠵᠤ᠂ | 93 ᠲᠦᠮᠡᠨ ᠲᠡᠭᠰᠢ ᠳᠥᠷᠪᠡᠯᠵᠢᠨ ᠮᠧᠲᠷ ᠢ ᠳᠠᠬᠢᠨ ᠬᠠᠭᠠᠯᠪᠤᠷᠢᠯᠠᠨ ᠨᠣᠭᠤᠭᠠᠷᠠᠭᠤᠯᠵᠤ᠂ 480 ᠲᠦᠮᠡᠨ ᠲᠡᠭᠰᠢ | ᠳᠥᠷᠪᠡᠯᠵᠢᠨ ᠮᠧᠲᠷ ᠤᠨ ᠭᠠᠵᠠᠷ ᠰᠢᠨᠵᠢᠯᠡᠭᠡᠨ ᠤ ᠵᠠᠰᠠᠨ ᠰᠡᠷᠭᠦᠭᠡᠪᠡ᠃ | ᠡᠨᠡ ᠨᠢᠭᠡ ᠵᠢᠯ ᠳᠤ᠂ ᠪᠢᠳᠡ ︽ᠲᠣᠭᠲᠠᠭᠤᠨ︾ ᠠᠯᠬᠤᠮ ᠢᠶᠠᠨ ᠪᠠᠲᠤᠳᠬᠠᠵᠤ᠂ ᠲᠦᠷᠦᠯ ᠵᠦᠢᠯ ᠢ | ᠠᠳᠬᠤᠵᠤ᠂ ᠪᠦᠲᠦᠴᠡ ᠶᠢ ᠲᠣᠬᠢᠷᠠᠭᠤᠯᠵᠤ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠦᠷᠭᠦᠯᠵᠢᠯᠡᠨ | ᠬᠤᠷᠠᠮᠳᠤᠭᠤᠯᠵᠠᠢ᠃ ᠠᠯᠢᠪᠠ ᠪᠦᠬᠦᠨ ᠳᠤ ᠲᠦᠷᠦᠯ ᠵᠦᠢᠯ ᠢ ᠲᠣᠭᠤᠷᠢᠨ ᠡᠷᠭᠢᠯᠳᠦᠵᠦ᠂ ᠠᠯᠢᠪᠠ ᠪᠦᠬᠦᠨ ᠳᠤ | ᠲᠦᠷᠦᠯ ᠵᠦᠢᠯ ᠢ ᠠᠩᠬᠠᠷᠴᠤ ᠠᠵᠢᠯᠯᠠᠬᠤ ᠶᠢ ᠪᠠᠷᠢᠮᠲᠠᠯᠠᠵᠤ᠂ ᠬᠤᠳᠠ ᠶᠢᠨ ᠲᠡᠰ ᠤᠨ 25 ᠭᠤᠣᠯᠳᠠᠯᠭ᠎ᠠ ᠲᠠᠢ | ᠲᠦᠷᠦᠯ ᠵᠦᠢᠯ ᠢ ᠬᠡᠷᠡᠭᠵᠢᠭᠦᠯᠵᠦ᠂ ᠠᠵᠢᠯ ᠡᠬᠢᠯᠡᠭᠦᠯᠦᠭᠰᠡᠨ ᠨᠤᠷᠮ᠎ᠠ ᠶᠢ 100% ᠳᠤ ᠬᠦᠷᠭᠡᠪᠡ᠃ ᠠᠵᠤ | ᠦᠢᠯᠡᠰ ᠤᠨ ᠪᠦᠲᠦᠴᠡ ᠡᠳᠦᠷ ᠢᠷᠡᠬᠦᠶ᠎ᠡ ᠰᠢᠯᠢᠳᠡᠭᠵᠢᠵᠦ᠂ ᠤᠯᠠᠮᠵᠢᠯᠠᠯᠲᠤ ᠠᠵᠤ ᠦᠢᠯᠡᠰ ᠴᠢᠨᠠᠷ ᠰᠠᠶᠢᠲᠠᠢ ᠪᠣᠯᠬᠤ | ᠳᠠᠰᠢ ᠤᠷᠤᠭᠰᠢᠯᠠᠵᠤ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠠᠭᠤᠷᠢᠰᠢᠯᠳᠤ ᠡᠪᠡᠰᠦ ᠠᠷᠢᠯᠭᠠᠭᠴᠢ ᠡᠮ᠂ | ᠶᠤᠸᠠᠨ ᠬᠤᠩ ᠬᠤᠣᠰ ᠹᠯᠣᠷᠲᠤ ᠹᠧᠨᠤᠯ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠲᠤᠷᠰᠢᠨ | ᠦᠢᠯᠡᠳᠪᠦᠷᠢᠯᠡᠵᠦ᠂ ᠵᠢᠶᠠᠩ ᠵᠧᠩ᠂ ᠯᠢᠶᠠᠨ ᠴᠢᠶᠦ᠋ᠨ ᠡᠮ ᠡᠮᠨᠡᠯᠭᠡ ᠲᠠᠷᠢᠶᠠᠨ ᠡᠮ ᠤᠨ ᠵᠠᠪᠰᠠᠷ ᠤᠨ ᠴᠣᠭᠴᠠ | ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠢ ᠬᠤᠸᠠ᠂ ᠺᠠᠪᠤᠲ ᠵᠡᠷᠭᠡ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠱᠤᠭᠤᠮ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠪᠡ᠃ ᠰᠢᠨ᠎ᠡ ᠪᠠᠷ ᠬᠥᠭᠵᠢᠭᠰᠡᠨ | ᠠᠵᠤ ᠦᠢᠯᠡᠰ ᠢ ᠬᠡᠪᠴᠢᠶᠡᠵᠢᠭᠦᠯᠦᠨ ᠪᠠᠭᠲᠠᠭᠠᠮᠵᠢ ᠶᠢ ᠥᠷᠭᠡᠳᠬᠡᠬᠦ᠂ ᠬᠠᠢ ᠢ ᠲᠦᠩ ᠰᠢᠨ᠎ᠡ ᠡᠨᠧᠷᠭᠢ ᠶᠢᠨ | ᠰᠤᠷᠪᠤᠯᠵᠢ ᠶᠢᠨ ᠠᠵᠤ ᠦᠢᠯᠡᠰ ᠤᠨ ᠰᠠᠭᠤᠷᠢᠨ ᠭᠠᠵᠠᠷ ᠲᠡᠰᠢ ᠠᠩᠬ᠎ᠠ ᠠᠯᠬᠤᠮ ᠬᠡᠪᠴᠢᠶᠡᠵᠢᠬᠦ᠂ ᠳ᠋ᠦᠩ ᠶᠤᠸᠠᠨ | ᠬᠤᠶᠠᠳᠤᠭᠠᠷ ᠬᠤᠭᠤᠴᠠᠭᠠᠨ ᠤ BDO᠂ ᠰᠢᠩ ᠹᠠ ᠣᠷᠭᠠᠨᠢᠭ ᠴᠠᠬᠢᠭᠤᠷ ᠢ ᠨᠢᠭᠡ ᠴᠣᠭᠴᠠᠵᠢᠭᠤᠯᠬᠤ ᠵᠡᠷᠭᠡ | ᠵᠦᠢᠯᠡᠰ ᠢ ᠤᠷᠤᠭᠰᠢᠲᠠᠢ ᠡᠬᠢᠯᠡᠭᠦᠯᠵᠦ᠂ ᠵᠢᠶᠦ᠋ᠨ ᠵᠧᠩ ᠪᠣᠬᠢᠷᠳᠤᠯ ᠦᠭᠡᠢ ᠣᠷᠴᠢᠨ ᠠᠬᠤᠢ ᠶᠢ ᠬᠠᠮᠠᠭᠠᠯᠠᠬᠤ | ᠣᠷᠴᠢᠯ ᠠᠵᠤ ᠦᠢᠯᠡᠰ ᠤᠨ ᠨᠢᠭᠡᠳᠦᠭᠡᠷ ᠬᠤᠭᠤᠴᠠᠭ᠎ᠠ᠂ ᠳ᠋ᠢ ᠰᠠᠢ ᠨᠥᠸᠧ ᠲᠦᠭᠦᠬᠡᠢ ᠮᠠᠲ᠋ᠧᠷᠢᠶᠠᠯ ᠤᠨ ᠡᠮ ᠵᠡᠷᠭᠡ | ᠵᠦᠢᠯᠡᠰ ᠢ ᠣᠷᠣᠭᠤᠯᠤᠨ ᠠᠪᠴᠢᠷᠠᠬᠤ᠂ ᠤᠯᠤᠰ ᠤᠨ ᠳᠣᠲᠣᠭᠠᠳᠤ ᠶᠢᠨ ᠰᠢᠨ᠎ᠡ ᠡᠨᠧᠷᠭᠢ ᠶᠢᠨ ᠰᠤᠷᠪᠤᠯᠵᠢ ᠶᠢᠨ | ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠰᠢᠶᠧ ᠰᠢᠨ ᠪᠦᠯᠦᠭᠯᠡᠯ ᠲᠠᠢ ᠬᠡᠯᠡᠯᠴᠡᠭᠡᠷ ᠬᠢᠵᠦ ᠭᠡᠷ᠎ᠡ | ᠲᠣᠭᠲᠠᠪᠠ᠃ ᠰᠢᠨ᠎ᠡ ᠶᠢ ᠡᠭᠦᠳᠬᠦ ᠴᠢᠳᠠᠪᠤᠷᠢ ᠡᠳᠦᠷ ᠢᠷᠡᠬᠦᠶ᠎ᠡ ᠴᠢᠩᠭᠠᠷᠠᠵᠤ᠂ ᠲᠤᠰᠬᠠᠢ ᠠᠰᠢᠭ ᠤᠨ ᠡᠷᠬᠡ | ᠣᠯᠭᠤᠯᠲᠠ ᠶᠢ 62 ᠵᠦᠢᠯ ᠰᠢᠨ᠎ᠡ ᠪᠠᠷ ᠨᠡᠮᠡᠭᠳᠡᠭᠦᠯᠵᠦ᠂ 2 ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ | ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠢᠶᠠᠷ | ᠦᠨᠡᠯᠡᠭᠳᠡᠵᠦ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠬᠡᠷᠡᠭᠯᠡᠭᠡᠨ ᠤ ᠰᠤᠳᠤᠯᠤᠨ ᠨᠡᠭᠡᠭᠡᠬᠦ ᠲᠥᠪ ᠢ | ᠲᠦᠷᠭᠡᠳᠬᠡᠨ ᠪᠠᠶᠢᠭᠤᠯᠵᠤ᠂ ᠳᠡᠭᠡᠳᠦ ᠴᠢᠳᠠᠮᠵᠢᠲᠤ ᠰᠢᠷᠬᠡᠭᠯᠢᠭ ᠤᠨ ᠰᠤᠳᠤᠯᠤᠨ ᠨᠡᠭᠡᠭᠡᠬᠦ ᠲᠥᠪ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠪᠠᠷᠠᠭᠤᠨ ᠬᠤᠶᠢᠲᠤ ᠶᠢᠨ ᠬᠢᠮᠢ ᠶᠢᠨ ᠲᠣᠣᠷ ᠨᠢ ᠥᠪᠡᠷᠲᠡᠭᠡᠨ ᠵᠠᠰᠠᠬᠤ ᠣᠷᠣᠨ ᠤ | ᠡᠭᠦᠯᠡᠨ ᠦᠢᠯᠡᠴᠢᠯᠡᠭᠡᠨ ᠤ ᠰᠢᠯᠢᠳᠡᠭ ᠬᠤᠳᠠᠯᠳᠤᠭᠠᠴᠢᠨ ᠢᠶᠠᠷ ᠦᠨᠡᠯᠡᠭᠳᠡᠪᠡ᠃ ᠬᠥᠭᠵᠢᠯᠲᠡ ᠶᠢᠨ ᠣᠷᠴᠢᠨ | ᠨᠥᠬᠦᠴᠡᠯ ᠡᠳᠦᠷ ᠢᠷᠡᠬᠦᠶ᠎ᠡ ᠰᠠᠶᠢᠵᠢᠷᠠᠵᠤ᠂ ᠡᠩ ᠤᠨ ᠪᠠᠷᠠᠭᠠᠨ ᠤ ᠲᠡᠷᠭᠡᠨ ᠵᠣᠭᠰᠣᠭᠠᠯ ᠢ ᠡᠬᠢᠯᠡᠨ ᠪᠦᠲᠦᠭᠡᠨ | ᠪᠠᠶᠢᠭᠤᠯᠵᠤ᠂ ᠣᠶᠤᠨᠲᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠠᠪᠴᠠᠩ ᠢ ᠰᠦᠯᠵᠢᠶᠡᠨ ᠳᠤ | ᠣᠷᠣᠭᠤᠯᠤᠨ ᠠᠵᠢᠯᠯᠠᠭᠤᠯᠵᠤ᠂ ᠦ᠋ ᠬᠤ᠋ ᠱᠠᠨ ᠵᠠᠮ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠠᠷᠢᠯᠭ᠎ᠠ | ᠳᠠᠭᠤᠰᠬᠠᠨ ᠲᠡᠷᠭᠡ ᠨᠠᠪᠲᠠᠷᠡᠭᠦᠯᠵᠦ᠂ 19 ᠺᠢᠯᠣᠮᠧᠲᠷ ᠬᠤᠭᠤᠯᠠᠢ ᠶᠢᠨ ᠲᠣᠣᠷ ᠢ ᠪᠠᠶᠢᠭᠤᠯᠵᠤ᠂ 476 ᠮᠦ ᠭᠠᠵᠠᠷ | ᠰᠢᠷᠣᠢ ᠶᠢ ᠬᠤᠳᠠᠯᠳᠤᠨ ᠠᠪᠴᠤ ᠨᠥᠭᠡᠴᠡᠯᠡᠨ ᠬᠡᠷᠡᠭᠯᠡᠪᠡ᠃ | ᠡᠨᠡ ᠨᠢᠭᠡ ᠵᠢᠯ ᠳᠤ᠂ ᠪᠢᠳᠡ ︽ᠰᠢᠯᠢᠳᠡᠭ︾ ᠤᠨ ᠬᠦᠰᠡᠯ ᠡᠷᠡᠮᠡᠯᠵᠡᠯ ᠳᠤ ᠵᠣᠬᠢᠴᠠᠵᠤ᠂ ᠳᠤᠲᠠᠭᠤᠳᠠᠯ ᠢᠶᠠᠨ | ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠦᠭᠰᠡᠨ ᠢᠶᠠᠷ᠂ ᠤᠯᠠᠨ ᠲᠦᠮᠡᠨ ᠤ ᠵᠣᠯ ᠵᠢᠷᠭᠠᠯ ᠤᠨ | ᠲᠥᠷᠥᠭᠳᠡᠯ ᠦᠷᠭᠦᠯᠵᠢᠯᠡᠨ ᠳᠡᠭᠡᠭᠰᠢᠯᠡᠵᠡᠢ᠃ ᠬᠢᠵᠠᠭᠠᠷᠲᠠᠢ ᠡᠳ᠋ ᠤᠨ ᠬᠦᠴᠦᠨ ᠢᠶᠠᠷ ᠬᠠᠮᠤᠭ ᠤᠨ ᠶᠡᠭᠡ ᠠᠷᠠᠳ ᠤᠨ | ᠠᠮᠢᠳᠤᠷᠠᠯ ᠪᠣᠯᠭᠠᠬᠤ ᠶᠢ ᠪᠠᠷᠢᠮᠲᠠᠯᠠᠵᠤ᠂ 75% ᠠᠴᠠ ᠳᠡᠭᠡᠭᠰᠢᠬᠢ ᠡᠳ᠋ ᠤᠨ ᠵᠠᠰᠠᠭ ᠤᠨ ᠪᠡᠯᠡ ᠮᠥᠩᠭᠦ ᠶᠢ | ᠠᠷᠠᠳ ᠤᠨ ᠠᠮᠢᠳᠤᠷᠠᠯ ᠤᠨ ᠦᠢᠯᠡᠰ ᠲᠤ ᠬᠡᠷᠡᠭᠯᠡᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢ ᠨᠠᠩ | ᠲᠠᠭᠠᠯᠠᠮᠵᠢᠲᠠᠢ ᠪᠣᠯᠭᠠᠵᠤ᠂ 10 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ 22.7 | ᠺᠢᠯᠣᠮᠧᠲᠷ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠳᠡᠪᠢᠰᠴᠦ᠂ 4.2 ᠲᠦᠮᠡᠨ ᠲᠡᠭᠰᠢ ᠳᠥᠷᠪᠡᠯᠵᠢᠨ ᠮᠧᠲᠷ | ᠨᠣᠭᠤᠭᠠᠷᠠᠭᠤᠯᠤᠨ ᠨᠥᠬᠦᠵᠦ ᠳᠠᠷᠢᠵᠤ᠂ 3 ᠬᠥᠭᠦᠷᠭᠡ ᠶᠢᠨ ᠬᠤᠩᠭᠢᠯ ᠤᠨ ᠰᠣᠶᠣᠯ ᠤᠨ ᠪᠢᠴᠢᠯ ᠦᠵᠡᠮᠵᠢ ᠶᠢ ᠪᠣᠶ | ᠪᠣᠯᠭᠠᠵᠤ᠂ ᠬᠤᠲᠠ ᠶᠢᠨ ᠬᠠᠮᠢᠶᠠᠷᠤᠯᠲᠠ ᠶᠢᠨ ︽ᠠᠷᠪᠠᠨ ᠡᠷᠦᠢ ᠬᠤᠷᠤᠢ ᠦᠭᠡᠢ︾ ᠬᠡᠮ ᠠᠷᠬᠠᠭ ᠢ ᠪᠦᠲᠦᠮᠵᠢᠲᠡᠶ | ᠵᠠᠰᠠᠪᠠ᠃ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠳᠣᠲᠣᠨᠣ ᠪᠣᠯᠭᠠᠵᠤ᠂ ᠰᠢᠨ᠎ᠡ ᠨᠢᠭᠡ ᠡᠭᠡᠯᠵᠢ ᠶᠢᠨ | ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠥᠷᠢᠰᠦᠯᠳᠦᠭᠡᠨ ᠤ ᠤᠷᠢᠯᠭ᠎ᠠ ᠶᠢ ᠪᠡᠶᠡᠯᠡᠭᠦᠯᠵᠦ᠂ 3 ᠣᠶᠤᠨᠲᠤ | ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠤ᠂ ᠵᠣᠯ ᠵᠢᠷᠭᠠᠯᠲᠤ ᠵᠡᠭᠡᠯᠢ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ | ᠠᠰᠠᠷ ᠢ ᠪᠠᠷᠢᠯᠭ᠎ᠠ ᠡᠬᠢᠯᠡᠭᠦᠯᠪᠡ᠃ ᠲᠥᠪ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠠᠰᠠᠷ ᠢ ᠡᠬᠢᠯᠡᠨ | ᠬᠡᠷᠡᠭᠯᠡᠵᠦ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠤ ᠰᠠᠯᠠᠭ᠎ᠠ ᠶᠢ ᠰᠢᠨ᠎ᠡ ᠪᠠᠷ ᠪᠠᠶᠢᠭᠤᠯᠪᠠ᠃ ᠪᠠᠲᠤᠯᠠᠪᠤᠷᠢ ᠶᠢᠨ | ᠰᠢᠰᠲ᠋ᠧᠮ ᠢ ᠨᠡᠩ ᠳᠤᠯᠠᠭᠠᠬᠠᠨ ᠪᠣᠯᠭᠠᠵᠤ᠂ 5 ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠢ ᠫᠠᠶᠢᠰᠠ ᠡᠯᠭᠦᠨ | ᠪᠠᠶᠢᠭᠤᠯᠵᠤ᠂ ᠬᠤᠲᠠ ᠪᠠᠯᠭᠠᠰᠤᠨ ᠳᠤ 1888 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠨᠡᠶᠢᠭᠡᠮ ᠤᠨ | ᠠᠪᠤᠷᠠᠨ ᠲᠤᠰᠠᠯᠠᠬᠤ ᠪᠡᠯᠡ ᠮᠥᠩᠭᠦ ᠶᠢ 3900 ᠲᠦᠮᠡᠨ ᠲᠥᠭᠦᠷᠢᠭ ᠲᠠᠷᠬᠠᠭᠠᠵᠤ᠂ ᠤᠯᠠᠨ ᠲᠦᠮᠡᠨ ᠳᠤ 9 | ᠲᠦᠮᠡᠨ ᠬᠥᠮᠥᠨ ᠤᠳᠠᠭ᠎ᠠ ᠠᠰᠢᠭ ᠬᠦᠷᠲᠡᠭᠡᠵᠡᠢ᠃ ᠤᠯᠠᠨ ᠲᠦᠮᠡᠨ ᠤ ᠠᠮᠢᠳᠤᠷᠠᠯ ᠨᠡᠩ ᠰᠠᠨᠠᠭ᠎ᠠ ᠠᠮᠤᠷ ᠪᠣᠯᠵᠤ᠂ | ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠶᠤᠯᠭᠦᠢ | ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠦᠯᠵᠢᠶᠡᠨ ᠳᠤ | ᠣᠷᠣᠭᠤᠯᠤᠨ ᠠᠵᠢᠯᠯᠠᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠶᠤᠯ ᠲᠦᠭᠰᠢᠭᠦᠷᠢ ᠶᠢ ᠲᠡᠰ ᠬᠤᠪᠢᠶᠠᠨ | ᠬᠠᠮᠢᠶᠠᠷᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠪᠠᠶᠢᠩᠭᠤᠵᠢᠭᠤᠯᠤᠨ ᠠᠬᠢᠭᠤᠯᠪᠠ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ | ᠪᠠᠬᠢ ᠪᠤᠢ ᠪᠣᠯᠭᠠᠬᠤ ᠤᠬᠠᠮᠰᠠᠷ ᠤᠨ ᠬᠥᠮᠦᠵᠢᠯ ᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠦᠪᠡᠳᠡᠭᠰᠢ | ᠶᠡᠭᠡ ᠪᠠᠷ ᠡᠷᠬᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠲᠣᠭᠲᠠᠭᠤᠨ ᠢᠶᠠᠷ ᠳᠡᠭᠡᠭᠰᠢᠯᠡᠪᠡ᠃ | ᠡᠨᠡ ᠨᠢᠭᠡ ᠵᠢᠯ ᠳᠤ ᠪᠢᠳᠡ ︽ᠪᠣᠳᠠᠲᠠᠢ︾ ᠪᠠᠶᠢᠬᠤ ᠰᠤᠷᠲᠠᠯ ᠢ ᠦᠢᠯᠡᠳᠦᠯᠭᠡᠵᠢᠭᠦᠯᠵᠦ᠂ ᠵᠠᠰᠠᠭ ᠤᠨ | ᠰᠤᠷᠲᠠᠯ ᠢ ᠴᠢᠩᠳᠠᠯᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠦᠷᠭᠦᠯᠵᠢᠯᠡᠨ ᠴᠢᠩᠭᠠᠳᠬᠠᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ | ᠲᠤᠭᠤᠷᠢᠭ ᠤᠨ ᠱᠠᠲᠤᠨ ᠤ ᠲᠠᠰ ᠳᠠᠪᠬᠤᠷᠭ᠎ᠠ ᠶᠢᠨ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ | ᠶᠢ ᠪᠦᠬᠦᠨ ᠢ ᠪᠡᠶᠡᠯᠡᠭᠦᠯᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠭᠦᠨᠵᠡᠭᠡᠶᠢᠷᠡᠭᠦᠯᠵᠦ᠂ 1006 ᠵᠦᠢᠯ ᠤᠨ ᠦᠢᠯᠡᠴᠢᠯᠡᠭᠡ ᠶᠢ ︽ᠨᠢᠭᠡ ᠯᠡ ᠥᠷᠲᠡᠭᠡ ᠳᠤ ᠭᠦᠢᠴᠡᠳᠬᠡᠬᠦ︾ ᠶᠢ | ᠪᠡᠶᠡᠯᠡᠭᠦᠯᠵᠦ᠂ 721 ᠵᠦᠢᠯ ᠤᠨ ᠦᠢᠯᠡᠴᠢᠯᠡᠭᠡ ᠶᠢ ︽ᠨᠢᠭᠡ ᠴᠣᠩᠬᠤ ᠪᠠᠷ ᠭᠥᠯᠢᠶᠡᠨ ᠠᠪᠴᠤ ᠭᠦᠢᠴᠡᠳᠭᠡᠬᠦ︾ ᠶᠢ | ᠪᠡᠶᠡᠯᠡᠭᠦᠯᠵᠦ᠂ ︽ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠳᠦᠷᠢᠮ ᠢ ᠪᠠᠶᠢᠭᠤᠯᠤᠨ᠂ ︽ | ᠭᠦᠢᠴᠡᠳᠭᠡᠵᠦ ᠳᠡᠶᠢᠯᠬᠦ ᠦᠭᠡᠢ︾ ᠲᠤᠰᠬᠠᠯ ᠤᠨ ᠴᠣᠩᠬᠤ ᠶᠢ ᠡᠬᠢᠯᠡᠨ ᠬᠡᠷᠡᠭᠯᠡᠪᠡ᠃ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ 20 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢ ᠬᠠᠪᠰᠤᠷᠤᠨ᠂ 200 ᠭᠠᠷᠤᠢ ᠢᠵᠢ ᠠᠵᠤ ᠦᠢᠯᠡᠰ ᠤᠨ ᠠᠵᠢᠯᠴᠢᠨ ᠤ | ᠣᠷᠣᠨ ᠰᠠᠭᠤᠴᠠ ᠶᠢ ᠲᠣᠬᠢᠷᠠᠭᠤᠯᠪᠠ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ | ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠤᠨ ᠲᠤᠷᠠᠳᠤᠯᠭ᠎ᠠ ᠶᠢ ᠬᠠᠷᠢᠭᠤᠯᠲᠠ ᠥᠭᠭᠦᠭᠰᠡᠨ ᠨᠣᠷᠮ᠎ᠠ | 100% ᠳᠤ ᠬᠦᠷᠪᠡ᠃ ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ | ᠬᠤᠶᠠᠷ ᠢ ᠬᠦᠷᠢᠶᠡᠯᠡᠬᠦ ᠬᠠᠷᠠᠭᠠᠯᠵᠠᠯ᠂ ᠡᠮᠡᠭᠲᠡᠶᠢᠴᠦᠳ ᠬᠡᠦᠬᠡᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠳᠠᠪᠰᠢᠯᠲᠠ ᠲᠠᠢ ᠪᠣᠯᠪᠠ᠃ | ᠲᠦᠷᠪᠡᠨ ᠵᠢᠯ ᠢ ᠡᠷᠭᠢᠴᠡᠭᠦᠯᠪᠡᠯ᠂ ᠪᠢᠳᠡᠨ ᠳᠤ ᠲᠤᠯᠭᠠᠷᠠᠵᠤ ᠪᠠᠶᠢᠭ᠎ᠠ ᠬᠦᠴᠢᠷᠳᠡᠯ ᠵᠢᠱᠢᠯᠲᠡ ᠠᠴᠠ ᠳᠠᠪᠠᠵᠤ᠂ | ᠣᠯᠣᠭᠰᠠᠨ ᠲᠤᠷᠰᠢᠯᠭ᠎ᠠ ᠲᠤᠶᠢᠯ ᠤᠨ ᠡᠷᠬᠢᠮ ᠨᠠᠨᠳᠢᠨ ᠪᠠᠶᠢᠨ᠎ᠠ᠃ ᠪᠢᠳᠡ ᠡᠷᠬᠡᠪᠰᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠬᠠᠮᠤᠭ ᠤᠨ ᠦᠨᠳᠦᠰᠦᠨ ᠬᠥᠭᠵᠢᠯᠲᠡ ᠶᠢᠨ ᠪᠠᠲᠤᠯᠠᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠠᠵᠢᠯᠯᠠᠭᠠᠨ ᠤ ᠬᠥᠲᠥᠯᠪᠦᠷᠢ ᠶᠢ ᠪᠦᠬᠦ | ᠲᠠᠯ᠎ᠠ ᠪᠠᠷ ᠪᠦᠷᠢᠨ ᠪᠦᠲᠦᠨ ᠣᠨᠣᠪᠴᠢᠲᠠᠢ ᠨᠠᠶᠢᠳᠠᠪᠤᠷᠢᠵᠢᠭᠤᠯᠪᠠᠯ ᠰᠠᠶ᠋ᠢ ᠤᠳᠠ ᠲᠤᠭᠤᠷᠢᠭ ᠤᠨ ᠬᠥᠭᠵᠢᠯᠲᠡ ᠶᠢᠨ | ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ ᠴᠢᠳᠠᠨ᠎ᠠ᠂ | ᠡᠷᠬᠡᠪᠰᠢ ᠬᠥᠬᠡᠮᠳᠦᠭ ᠨᠣᠭᠤᠭᠠᠨ ᠠᠭᠤᠯᠠ ᠤᠰᠤ ᠪᠠᠷ ᠬᠠᠮᠤᠭ ᠤᠨ ᠦᠵᠡᠰᠬᠦᠯᠡᠩᠲᠦ ᠰᠠᠶᠢᠬᠠᠨ ᠬᠥᠭᠵᠢᠯᠲᠡ ᠶᠢᠨ | ᠰᠠᠭᠤᠷᠢ ᠥᠩᠭᠡ ᠪᠠᠨ ᠪᠣᠯᠭᠠᠵᠤ᠂ ︽ᠬᠥᠮᠥᠨ ᠬᠥᠬᠡᠮᠳᠦᠭ ᠠᠭᠤᠯᠠ ᠪᠠᠨ ᠬᠥᠰᠡᠷᠳᠡᠭᠦᠯᠬᠦ ᠦᠭᠡᠢ᠂ ᠬᠥᠬᠡᠮᠳᠦᠭ | ᠠᠭᠤᠯᠠ ᠯᠠᠪᠲᠠᠢ ᠬᠥᠮᠥᠨ ᠢᠶᠠᠨ ᠬᠥᠰᠡᠷᠳᠡᠭᠦᠯᠬᠦ ᠦᠭᠡᠢ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠵᠠᠪᠠᠯ | ᠢᠯᠠᠬᠤ ᠢᠲᠡᠭᠡᠯ ᠵᠣᠷᠢᠭ ᠢᠶᠠᠨ ᠬᠥᠪᠴᠢᠯᠡᠵᠦ᠂ ᠨᠡᠩ ᠶᠡᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ ᠠᠮᠢ | ᠠᠬᠤᠢ ᠶᠢᠨ ᠣᠷᠴᠢᠨ ᠲᠣᠭᠤᠷᠢᠨ ᠭᠡᠬᠦ ᠡᠨᠡᠬᠦ ᠬᠠᠮᠤᠭ ᠤᠨ ᠲᠣᠪᠣᠶᠢᠮ᠎ᠠ ᠳᠤᠲᠠᠭᠤᠳᠠᠯ ᠢ ᠦᠨᠡᠨᠬᠦ ᠨᠥᠬᠦᠪᠦᠷᠢᠯᠡᠪᠡᠯ | ᠰᠠᠶ᠋ᠢ ᠪᠣᠬᠢᠷᠳᠤᠯ ᠢ ᠰᠡᠷᠭᠡᠶᠢᠯᠡᠨ ᠵᠠᠰᠠᠬᠤ ᠶᠡᠭᠡ ᠰᠢᠯᠭᠠᠯᠲᠠ ᠳᠤ ᠰᠢᠯᠭᠠᠷᠠᠭᠰᠠᠨ ᠰᠢᠯᠭᠠᠯᠲᠠ ᠶᠢᠨ ᠬᠠᠭᠤᠳᠠᠰᠤ | ᠲᠤᠰᠢᠶᠠᠵᠤ ᠴᠢᠳᠠᠨ᠎ᠠ᠂ ᠡᠷᠬᠡᠪᠰᠢ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠠᠮᠤᠭ ᠤᠨ ᠢᠯᠡ ᠲᠣᠳᠣ | ᠬᠥᠭᠵᠢᠯᠲᠡ ᠶᠢᠨ ᠠᠷᠭ᠎ᠠ ᠵᠠᠮ ᠪᠣᠯᠭᠠᠵᠤ᠂ ᠬᠤᠷᠳᠤᠴᠠ ᠶᠢᠨ ᠰᠡᠳᠬᠢᠯᠭᠡ᠂ ᠠᠷᠭ᠎ᠠ ᠵᠠᠮ ᠤᠨ ᠲᠦᠰᠢᠭᠯᠡᠯ ᠠᠴᠠ | ᠡᠷᠡᠰ ᠠᠩᠭᠢᠵᠢᠷᠠᠵᠤ᠂ ᠵᠣᠷᠢᠭ ᠰᠢᠭᠤᠳᠤᠨ ᠪᠦᠲᠦᠴᠡ ᠶᠢ ᠲᠣᠬᠢᠷᠠᠭᠤᠯᠵᠤ᠂ ᠴᠢᠳᠠᠪᠬᠢ ᠶᠢ ᠬᠤᠪᠢᠷᠠᠭᠤᠯᠵᠤ᠂ ᠶᠠᠰᠤ | ᠴᠢᠨᠠᠷ ᠢ ᠳᠡᠭᠡᠭᠰᠢᠯᠡᠭᠦᠯᠪᠡᠯ ᠰᠠᠶ᠋ᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠦᠨᠡᠨᠬᠦ ᠡᠭᠦᠳᠴᠦ ᠴᠢᠳᠠᠨ᠎ᠠ᠂ | ᠡᠷᠬᠡᠪᠰᠢ ᠠᠷᠠᠳ ᠤᠨ ᠠᠮᠢᠳᠤᠷᠠᠯ ᠢ ᠳᠡᠭᠡᠳᠦᠯᠡᠬᠦ ᠶᠢ ᠬᠠᠮᠤᠭ ᠤᠨ ᠭᠤᠶᠢᠪᠢᠰᠢ ᠦᠭᠡᠢ ᠬᠥᠭᠵᠢᠯᠲᠡ ᠶᠢᠨ | ᠬᠠᠷᠠᠯᠲᠠ ᠪᠠᠨ ᠪᠣᠯᠭᠠᠵᠤ᠂ ︽ᠲᠦᠷᠦ ᠭᠦᠷᠦᠨ ᠪᠣᠯ ᠳᠠᠷᠤᠢ ᠠᠷᠠᠳ ᠲᠦᠮᠡᠨ᠂ ᠠᠷᠠᠳ ᠲᠦᠮᠡᠨ ᠪᠣᠯ ᠳᠠᠷᠤᠢ | ᠲᠦᠷᠦ ᠭᠦᠷᠦᠨ︾ ᠭᠡᠬᠦ ᠵᠣᠭᠰᠣᠯᠲᠠ ᠶᠢ ᠪᠠᠲᠤ ᠰᠠᠬᠢᠵᠤ᠂ ᠠᠯᠢᠪᠠ ᠪᠦᠬᠦᠨ ᠳᠤ ᠠᠷᠠᠳ ᠲᠦᠮᠡᠨ ᠢ ᠲᠦᠰᠢᠭᠯᠡᠬᠦ᠂ | ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠪᠦᠭᠦ | ᠶᠠᠪᠤᠴᠠ ᠳᠤ ᠲᠤᠤᠱᠯᠠᠭᠤᠯᠪᠠᠯ ᠰᠠᠶ᠋ᠢ ᠨᠡᠩ ᠰᠠᠶᠢᠨ ᠢᠶᠠᠷ ᠠᠷᠠᠳ ᠤᠨ ᠠᠮᠢᠳᠤᠷᠠᠯ ᠢᠶᠠᠷ ᠠᠷᠠᠳ ᠤᠨ ᠰᠡᠳᠬᠢᠯ ᠢ | ᠣᠯᠵᠤ᠂ ᠠᠷᠠᠳ ᠤᠨ ᠰᠡᠳᠬᠢᠯ ᠢᠶᠠᠷ ᠠᠷᠠᠳ ᠤᠨ ᠬᠦᠴᠦᠨ ᠢ ᠨᠢᠭᠲᠠᠷᠠᠭᠤᠯᠵᠤ ᠴᠢᠳᠠᠨ᠎ᠠ᠂ ᠡᠷᠬᠡᠪᠰᠢ ᠪᠣᠳᠠᠲᠠᠢ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠬᠠᠮᠤᠭ ᠤᠨ ᠴᠢᠬᠤᠯᠠ ᠬᠥᠭᠵᠢᠯᠲᠡ ᠶᠢᠨ ᠬᠥᠳᠡᠯᠭᠡᠭᠦ ᠬᠦᠴᠦᠨ | ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠯᠲᠠ ᠪᠠᠨ ᠪᠠᠲᠤ ᠡᠵᠡᠮᠳᠡᠵᠦ᠂ ᠨᠢᠭᠡ ᠰᠡᠳᠬᠢᠯ ᠨᠢᠭᠡ | ᠵᠣᠷᠢᠭ ᠢᠶᠠᠷ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠲᠤᠤᠱᠲᠠᠢ ᠠᠳᠬᠤᠪᠠᠯ ᠰᠠᠶ᠋ᠢ ᠡᠯ᠎ᠡ | ᠵᠦᠢᠯ ᠤᠨ ᠦᠢᠯᠡᠰ ᠢᠶᠠᠨ ᠦᠨᠡᠨᠬᠦ ᠪᠣᠳᠠᠲᠠᠢ᠂ ᠰᠠᠶᠢᠨ ᠬᠢᠵᠦ᠂ ᠠᠮᠵᠢᠯᠲᠠ ᠲᠠᠢ ᠬᠢᠵᠦ ᠴᠢᠳᠠᠨ᠎ᠠ ᠭᠡᠳᠡᠭ ᠢ ᠪᠢᠳᠡ | ᠭᠦᠨᠵᠡᠭᠡᠢ ᠣᠶᠢᠯᠭᠠᠵᠦ ᠪᠠᠶᠢᠨ᠎ᠠ᠃ | ᠲᠦᠷᠪᠡᠨ ᠵᠢᠯ ᠢ ᠡᠷᠬᠢᠴᠡᠭᠦᠯᠪᠡᠯ᠂ ᠪᠢᠳᠡᠨ ᠤ ᠭᠠᠷᠭᠠᠭᠰᠠᠨ ᠬᠦᠴᠢᠷ ᠪᠡᠷᠬᠡᠰᠢᠶᠡᠯ ᠶᠡᠷᠦ ᠪᠤᠰᠤ ᠶᠢᠨ ᠪᠠᠶᠢᠵᠤ᠂ | ᠣᠯᠣᠭᠰᠠᠨ ᠠᠮᠵᠢᠯᠲᠠ ᠪᠦᠲᠦᠮᠵᠢ ᠡᠷᠬᠢᠮ ᠨᠠᠨᠳᠢᠨ ᠪᠠᠶᠢᠨ᠎ᠠ᠃ ᠡᠨᠡ ᠪᠣᠯ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠲᠤᠭᠤᠷᠢᠭ ᠤᠨ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠦᠴᠦᠲᠡᠢ ᠳᠡᠮᠵᠢᠵᠦ᠂ ᠬᠦᠴᠦᠲᠡᠢ ᠬᠢᠨᠠᠯᠲᠠ ᠲᠠᠯᠪᠢᠭᠰᠠᠨ ᠤ ᠦᠷ᠎ᠡ ᠳ᠋ᠦᠩ ᠮᠥᠨ᠂ | ᠥᠩᠭᠡᠷᠡᠭᠰᠡᠨ ᠤ ᠵᠠᠰᠠᠭ ᠤᠨ ᠣᠷᠳᠣᠨ ᠤ ᠡᠷᠡᠮᠡᠬᠡᠶᠢᠯᠡᠨ ᠲᠡᠮᠡᠴᠡᠵᠦ᠂ ᠤᠯᠠᠮᠵᠢᠯᠠᠨ ᠵᠠᠯᠭᠠᠮᠵᠢᠯᠠᠵᠤ ᠪᠤᠤᠬᠢᠶ᠎ᠠ | ᠳᠠᠮᠵᠢᠭᠤᠯᠤᠭᠰᠠᠨ ᠤ ᠠᠴᠢ ᠲᠤᠰᠠ ᠮᠥᠨ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠠᠴᠢ ᠭᠠᠪᠢᠶ᠎ᠠ ᠮᠥᠨ ᠭᠡᠳᠡᠭ ᠢ ᠪᠢᠳᠡ | ᠭᠦᠨᠵᠡᠭᠡᠢ ᠣᠶᠢᠯᠠᠭᠠᠵᠤ ᠪᠠᠶᠢᠨ᠎ᠠ᠃ ᠠᠳᠡ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ ᠰᠠᠯᠵᠤ | ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠲᠤ᠂ | ᠤᠳᠠ ᠲᠤᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠭᠰᠠᠨ᠂ ᠬᠠᠯᠠᠮᠵᠢᠯᠠᠭᠰᠠᠨ᠂ | ᠳᠡᠮᠵᠢᠭᠰᠡᠨ ᠪᠤᠢ ᠪᠦᠬᠦᠢ ᠡᠯ᠎ᠡ ᠡᠲᠡᠭᠡᠳ ᠤᠨ ᠬᠥᠮᠥᠰ᠂ ᠠᠵᠤ ᠠᠬᠤᠶᠢᠯᠠᠯᠲᠠᠨ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠬᠠᠷᠠᠯᠲᠠ ᠡᠭᠦᠷᠭᠡ | ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠃ ︽ᠬᠤᠶᠠᠷ ᠶᠡᠭᠡ ᠲᠠᠯ᠎ᠠ︾ ᠰᠣᠯᠪᠢᠴᠠᠬᠤ᠂ ︽ | ᠬᠤᠶᠠᠷ ᠵᠠᠭᠤᠨ ᠵᠢᠯ︾ ᠰᠣᠯᠪᠢᠴᠠᠬᠤ᠂ ︽ᠬᠤᠶᠠᠷ ᠲᠠᠪᠤᠨ ᠵᠢᠯ︾ ᠰᠣᠯᠪᠢᠴᠠᠬᠤ ᠴᠢᠬᠤᠯᠠ ᠲᠡᠦᠬᠡ ᠶᠢᠨ | ᠵᠠᠩᠭᠢᠯᠠᠭ᠎ᠠ ᠶᠢᠨ ᠴᠡᠭ ᠮᠥᠨ᠂ ᠮᠥᠨ ᠴᠦ ᠤᠳᠠ ᠲᠤᠭᠤᠷᠢᠭ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠰᠠᠶᠢᠲᠤᠷ ᠵᠠᠮᠨᠠᠵᠤ᠂ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠮᠥᠨ | ᠃ | ᠪᠦᠬᠦ ᠲᠠᠯ᠎ᠠ ᠶᠢ ᠠᠵᠢᠭᠯᠠᠪᠠᠯ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ | ᠬᠡᠷᠡᠭᠴᠡᠭᠡ ᠪᠠᠭᠠᠰᠬᠤ᠂ ᠬᠠᠩᠭᠠᠯᠭ᠎ᠠ ᠶᠢᠨ ᠳᠠᠭᠠᠷᠢᠯᠲᠠ ᠳᠤ ᠤᠴᠠᠷᠠᠬᠤ᠂ ᠵᠢᠱᠢᠯᠲᠡ ᠪᠠᠭᠤᠷᠠᠬᠤ ᠭᠤᠷᠪᠠᠨ ᠳᠠᠪᠬᠤᠷ | ᠳᠠᠷᠤᠯᠲᠠ ᠳᠤ ᠲᠤᠯᠭᠠᠷᠠᠵᠤ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠ | ᠲᠣᠭᠲᠠᠭᠠᠯᠲᠤ ᠪᠤᠰᠤ ᠴᠢᠨᠠᠷ ᠲᠠᠢ ᠪᠠᠶᠢᠨ᠎ᠠ᠂ ᠭᠡᠪᠡᠴᠦ ᠮᠠᠨ ᠤ ᠤᠯᠤᠰ ᠤᠨ ᠠᠵᠤ ᠠᠬᠤᠢ ᠶᠢᠨ ᠤᠷᠳᠤ | ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠂ ᠮᠥᠨ ᠯᠡ ᠶᠡᠭᠡ ᠦᠢᠯᠡᠰ ᠢ | ᠪᠦᠲᠦᠭᠡᠵᠦ ᠪᠣᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ | ᠪᠠᠶᠢᠨ᠎ᠠ᠃ ᠤᠯᠤᠰ ᠤᠨ ᠳᠡᠰ ᠳᠠᠪᠬᠤᠷᠭ᠎ᠠ ᠠᠴᠠ ᠦᠵᠡᠪᠡᠯ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠬᠦᠴᠦᠨ ᠢ ᠬᠤᠷᠠᠮᠳᠤᠭᠤᠯᠵᠤ᠂ ᠰᠢᠨ᠎ᠡ | ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠢᠨ᠎ᠡ ᠪᠠᠶᠢᠷᠢᠰᠢᠯ ᠢ | ᠪᠦᠷᠢᠯᠳᠦᠭᠦᠯᠬᠦ ᠲᠤᠬᠠᠢ ᠵᠢᠯᠤᠭᠤᠳᠬᠤ ᠰᠠᠨᠠᠯ ᠢ ᠭᠦᠨᠵᠡᠭᠡᠢ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠪᠠ | ᠬᠠᠷᠠᠯᠲᠠ ᠶᠢ ᠭᠦᠨᠵᠡᠭᠡᠢ ᠲᠣᠬᠢᠷᠠᠭᠤᠯᠬᠤ ᠴᠣᠩᠬᠤᠪᠴᠢ ᠬᠤᠭᠤᠴᠠᠭ᠎ᠠ ᠶᠢ ᠤᠭᠲᠤᠨ ᠠᠪᠴᠢᠷᠠᠵᠤ᠂ ᠪᠢᠳᠡ ᠶᠠᠭ | ᠤᠯᠠᠨ ᠳᠠᠪᠬᠤᠷ ᠲᠦᠷᠦ ᠶᠢᠨ ᠪᠣᠳᠣᠯᠭ᠎ᠠ ︽ᠳᠠᠪᠠᠭᠤᠯᠢᠭ︾ ᠳᠠᠪᠬᠤᠴᠠᠵᠤ ᠪᠠᠶᠢᠭᠰᠠᠨ ᠠᠴᠠ ᠪᠠᠨ ︽ᠬᠠᠨᠳᠤᠰᠢ︾ | ᠪᠦᠷᠢᠯᠳᠦᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠰᠤᠳᠠᠯ ᠪᠠᠷᠢᠵᠤ ᠪᠠᠶᠢᠷᠢ ᠲᠣᠭᠲᠠᠭᠠᠯᠲᠠ ᠬᠢᠵᠦ᠂ | ᠪᠢᠳᠡᠨ ᠳᠤ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ | ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠴᠢᠬᠤᠯᠠ | ᠶᠡᠭᠡ ᠤᠯᠤᠰ ᠲᠦᠷᠦ ᠶᠢᠨ ᠡᠭᠦᠷᠭᠡ ᠶᠢ ᠳᠠᠭᠠᠭᠠᠯᠭᠠᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠪᠢᠳᠡᠨ ᠤ ᠪᠠᠶᠢᠳᠠᠯ ᠢ ᠦᠨᠳᠦᠰᠦᠯᠡᠨ ᠠᠷᠭ᠎ᠠ ᠰᠦᠪᠡᠭᠴᠢᠯᠡᠬᠦ᠂ | ᠪᠠᠶᠢᠳᠠᠯ ᠢ ᠠᠰᠢᠭᠯᠠᠨ ᠬᠦᠴᠦᠯᠡᠬᠦ ᠨᠥᠬᠦᠴᠡᠯ ᠲᠠᠰᠤᠷᠠᠯᠳᠠ ᠦᠭᠡᠢ ᠬᠤᠷᠠᠮᠳᠤᠵᠤ ᠪᠠᠶᠢᠨ᠎ᠠ᠃ ᠥᠪᠡᠷᠲᠡᠭᠡᠨ ᠵᠠᠰᠠᠬᠤ | ᠣᠷᠣᠨ ᠤ ᠲᠠᠯ᠎ᠠ ᠠᠴᠠ ᠦᠵᠡᠪᠡᠯ᠂ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ︽ᠬᠥᠲᠥᠯᠪᠦᠷᠢ︾᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ᠂ ᠣᠳᠣᠬᠢᠴᠢᠯᠠᠭᠰᠠᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠮᠡᠷᠭᠡᠵᠢᠯ ᠲᠣᠨᠣᠭᠯᠠᠯ ᠤᠨ ᠲᠠᠰ | ᠳᠡᠪᠰᠢᠬᠦ ᠶᠢ ᠵᠢᠯᠤᠭᠤᠳᠬᠤ ᠲᠥᠰᠥᠯ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠠᠴᠠ ᠪᠠᠷᠠᠭᠤᠨ ᠬᠡᠰᠡᠭ ᠤᠨ ᠠᠶᠢᠮᠠᠭ ᠬᠤᠳᠠ ᠶᠢᠨ ᠠᠵᠤ ᠦᠢᠯᠡᠰ ᠤᠨ ᠳᠠᠪᠲᠠᠨ | ᠣᠷᠣᠯᠠᠬᠤ ᠠᠯᠬᠤᠴᠠ ᠪᠠᠨ ᠲᠦᠷᠭᠡᠳᠬᠡᠬᠦ᠂ ᠪᠠᠷᠠᠭᠤᠨ ᠬᠡᠰᠡᠭ ᠤᠨ ᠠᠶᠢᠮᠠᠭ ᠬᠤᠳᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠳᠤᠲᠠᠭᠤᠳᠠᠯ ᠢᠶᠠᠨ ᠨᠥᠬᠦᠪᠦᠷᠢᠯᠡᠬᠦ ᠶᠢ ᠠᠬᠢᠭᠤᠯᠬᠤ᠂ ᠦᠬᠠᠢ ᠪᠠᠷ ᠭᠤᠣᠯ ᠪᠣᠯᠭᠠᠭᠰᠠᠨ ᠡᠬᠢ | ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠢᠱᠢᠶ᠎ᠡ ᠦᠵᠡᠭᠦᠯᠬᠦ | ᠲᠣᠭᠤᠷᠢᠭ ᠢ ᠪᠠᠶᠢᠭᠤᠯᠬᠤ ᠵᠡᠷᠭᠡ ᠪᠠᠶᠢᠷᠢᠯᠠᠭᠤᠯᠤᠯᠲᠠ ᠶᠢ ᠠᠬᠢᠨ ᠲᠡᠬᠢᠠ ᠥᠷᠨᠢᠭᠦᠯᠬᠦ ᠶᠢ ᠲᠡᠮᠵᠢᠪᠡ᠃ ᠮᠠᠨ ᠤ | ᠲᠤᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠲᠦᠷᠭᠡᠳᠬᠡᠬᠦ ᠳᠤ ᠴᠢᠭᠯᠡᠯ ᠵᠠᠮ ᠱᠤᠭᠤᠮ ᠢ ᠲᠣᠳᠣᠷᠬᠠᠢ ᠥᠭᠴᠦ᠂ ᠪᠢᠳᠡᠨ ᠤ ᠦᠷᠭᠦᠯᠵᠢᠯᠡᠨ | ᠨᠡᠮᠡᠭᠳᠡᠭᠦᠯᠬᠦ᠂ ᠬᠤᠷᠳᠤᠴᠠ ᠶᠢ ᠲᠣᠬᠢᠷᠠᠭᠤᠯᠤᠨ ᠬᠤᠷᠳᠤᠴᠠ ᠶᠢ ᠰᠣᠯᠢᠬᠤ ᠬᠥᠳᠡᠯᠭᠡᠭᠦ ᠬᠦᠴᠦᠨ ᠲᠠᠰᠤᠷᠠᠯᠲᠠ | ᠦᠭᠡᠢ ᠬᠤᠷᠠᠮᠳᠤᠵᠤ ᠪᠠᠶᠢᠨ᠎ᠠ᠃ ᠲᠤᠰ ᠪᠡᠶ᠎ᠡ ᠶᠢᠨ ᠳᠠᠪᠬᠤᠷᠭ᠎ᠠ ᠠᠴᠠ ᠦᠵᠡᠪᠡᠯ᠂ ᠤᠯᠠᠨ ᠵᠢᠯ ᠤᠨ ᠴᠢᠷᠮᠠᠶᠢᠯᠭ᠎ᠠ ᠪᠠᠷ | ᠳᠠᠮᠵᠢᠭᠠᠳ᠂ ᠮᠠᠨ ᠤ ᠲᠤᠭᠤᠷᠢᠭ ᠤᠨ ᠬᠥᠭᠵᠢᠯᠲᠡ ᠶᠢᠨ ᠰᠠᠭᠤᠷᠢ ᠨᠡᠩ ᠪᠠᠬᠢᠵᠢᠵᠦ᠂ ᠠᠵᠤ ᠦᠢᠯᠡᠰ ᠤᠨ | ᠳᠠᠪᠠᠭᠤᠯᠢᠭ ᠨᠡᠩ ᠵᠤᠵᠠᠭᠠᠨ᠂ ᠬᠥᠭᠵᠢᠯᠲᠡ ᠶᠢᠨ ᠠᠭᠤᠷ ᠠᠮᠢᠰᠬᠤᠯ ᠤᠯᠠᠮ ᠵᠤᠵᠠᠭᠠᠳᠴᠤ᠂ ᠥᠷᠭᠡᠨ ᠤᠯᠠᠨ ᠺᠠᠳ᠋ᠷ | ᠤᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠡᠳᠦᠷ ᠢᠷᠡᠬᠦᠶ᠎ᠡ ᠣᠷᠭᠢᠯᠵᠤ᠂ ᠪᠢᠳᠡᠨ ᠳᠤ | ᠰᠢᠨ᠎ᠡ ᠬᠥᠭᠵᠢᠯᠲᠡ ᠶᠢᠨ ᠱᠠᠲᠤᠨ ᠳᠤ ᠨᠡᠩ ᠶᠡᠭᠡ ᠠᠮᠵᠢᠯᠲᠠ ᠪᠦᠲᠦᠮᠵᠢ ᠭᠠᠷᠭᠠᠬᠤ ᠢᠲᠡᠭᠡᠯ ᠵᠣᠷᠢᠭ ᠪᠦᠷᠢᠨ | ᠪᠠᠶᠢᠨ᠎ᠠ᠂ ᠴᠢᠳᠠᠪᠤᠷᠢ ᠪᠠ ᠢᠲᠡᠭᠡᠯ ᠵᠣᠷᠢᠭ ᠪᠦᠷᠢᠨ ᠪᠠᠶᠢᠨ᠎ᠠ︕ | ᠠᠮᠤᠷ ᠲᠦᠪᠰᠢᠨ ᠪᠠᠶᠢᠬᠤ ᠳᠤ ᠠᠶᠤᠯ ᠲᠦᠭᠰᠢᠭᠦᠷᠢ ᠶᠢ ᠮᠠᠷᠲᠠᠬᠤ ᠦᠭᠡᠢ᠂ ᠪᠠᠶᠠᠷ ᠬᠦᠷ ᠲᠠᠢ ᠪᠠᠶᠢᠬᠤ ᠳᠤ | ᠵᠣᠪᠠᠭᠤᠷᠢ ᠵᠦᠳᠡᠭᠦᠷᠢ ᠶᠢ ᠮᠠᠷᠲᠠᠬᠤ ᠦᠭᠡᠢ᠃ ᠪᠢᠳᠡ ᠪᠠᠰᠠ ᠬᠥᠭᠵᠢᠯᠲᠡ ᠶᠢᠨ ᠳᠤᠮᠳᠠ ᠪᠠᠰᠠ ᠴᠥᠭᠡᠨ ᠪᠤᠰᠤ | ᠳᠤᠲᠠᠭᠤᠳᠠᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠪᠠ᠂ ᠴᠢᠨᠠᠷ ᠰᠠᠶᠢᠲᠠᠢ | ᠬᠥᠭᠵᠢᠯᠲᠡ ᠶᠢᠨ ᠬᠠᠷᠠᠯᠲᠠ ᠲᠠᠢ ᠬᠠᠷᠢᠴᠠᠭᠤᠯᠵᠤ ᠦᠵᠡᠪᠡᠯ᠂ ᠮᠠᠨ ᠤ ᠲᠤᠭᠤᠷᠢᠭ ᠤᠨ ᠬᠥᠭᠵᠢᠯᠲᠡ ᠶᠢᠨ | ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨᠬᠦ ᠲᠣᠪᠣᠶᠢᠮ᠎ᠠ ᠪᠠᠶᠢᠭᠰᠠᠭᠠᠷ᠂ ︽ᠲᠦᠷᠪᠡᠡ | ᠤᠯᠠᠨ ᠲᠦᠷᠪᠡᠡ ᠴᠥᠭᠡᠨ︾ ᠤ ᠣᠳᠣᠬᠢ ᠪᠠᠶᠢᠳᠠᠯ ᠮᠥᠨᠬᠦ ᠬᠤᠪᠢᠷᠠᠭᠠᠳᠤᠢ ᠪᠠᠶᠢᠭᠰᠠᠭᠠᠷ᠂ ᠴᠢᠳᠠᠪᠤᠷᠢ ᠳᠠᠭᠠᠨ | ᠲᠦᠰᠢᠭᠯᠡᠬᠦ ᠪᠦᠲᠦᠴᠡ ᠶᠢᠨ ᠴᠢᠨᠠᠷᠲᠠᠢ ᠵᠥᠷᠢᠴᠡᠯ ᠮᠥᠨᠬᠦ ᠨᠠᠮᠳᠠᠭᠠᠳᠤᠢ ᠪᠠᠶᠢᠭᠰᠠᠭᠠᠷ᠂ ᠬᠤᠶᠠᠳᠤᠭᠠᠷ ᠠᠵᠤ | ᠦᠢᠯᠡᠰ ᠤᠨ GDP ᠳᠠᠬᠢ ᠡᠵᠡᠯᠡᠬᠦ ᠬᠤᠪᠢ ᠶᠢᠨ ᠵᠢᠩ ᠢᠮᠠᠭᠲᠠ 70% ᠠᠴᠠ ᠳᠡᠭᠡᠭᠰᠢ ᠳᠤ ᠬᠦᠷᠴᠡᠢ᠂ ᠠᠵᠤ | ᠦᠢᠯᠡᠰ ᠤᠨ ᠬᠡᠯᠬᠢᠶ᠎ᠡ ᠶᠢᠨ ᠤᠷᠲᠤᠳᠬᠠᠯᠲᠠ ᠬᠦᠷᠦᠯᠴᠡᠬᠦ ᠦᠭᠡᠢ᠂ ᠤᠶᠠᠨ ᠬᠠᠳᠠᠨ ᠴᠢᠨᠠᠷ ᠢᠶᠠᠷ ᠴᠢᠩᠭ᠎ᠠ ᠪᠢᠰᠢ᠂ | ᠰᠢᠨ᠎ᠡ ᠪᠠᠷ ᠬᠥᠭᠵᠢᠭᠰᠡᠨ ᠠᠵᠤ ᠦᠢᠯᠡᠰ ᠬᠠᠷᠠᠬᠠᠨ ᠪᠦᠲᠦᠮᠵᠢᠲᠡᠶ ᠲᠤᠯᠭᠠᠭᠤᠷᠢᠯᠠᠯ ᠪᠣᠯᠵᠤ ᠪᠦᠷᠢᠯᠳᠦᠭᠡᠳᠦᠢ ᠪᠠᠶᠢᠨ᠎ᠠ | ᠂ ᠦᠢᠯᠡᠳᠪᠦᠷᠢᠯᠡᠯ ᠤᠨ ᠡᠯᠧᠮᠧᠨ᠋ᠲ ᠤᠨ ᠬᠢᠵᠠᠭᠠᠷᠯᠠᠯ ᠬᠦᠨᠳᠦ ᠨᠣᠴᠢᠲᠠᠢ ᠪᠠᠶᠢᠵᠤ᠂ ᠰᠢᠨ᠎ᠡ ᠪᠠᠷ ᠪᠠᠶᠢᠭᠤᠯᠬᠤ | ᠵᠦᠢᠯᠡᠰ ᠤᠨ ᠡᠨᠧᠷᠭᠢ ᠶᠢᠨ ᠬᠤᠷᠣᠭᠳᠠᠯ ᠤᠨ ᠭᠦᠢᠴᠡᠳᠬᠡᠬᠦ ᠲᠤᠭ᠎ᠠ ᠳᠤ ᠪᠠᠷᠤᠭ 150 ᠲᠦᠮᠡᠨ ᠲᠣᠨ ᠪᠠᠷᠢᠮᠵᠢᠶᠠᠲᠤ | ᠨᠡᠭᠦᠷᠡᠰᠦ ᠲᠤᠲᠠᠭᠳᠠᠵᠤ᠂ ᠤᠰᠤ ᠬᠡᠷᠡᠭᠯᠡᠬᠦ ᠭᠦᠢᠴᠡᠳᠬᠡᠬᠦ ᠲᠤᠭ᠎ᠠ ᠳᠤ ᠪᠠᠷᠤᠭ 2700 ᠲᠦᠮᠡᠨ ᠪᠣᠰᠤᠭ᠎ᠠ | ᠳᠥᠷᠪᠡᠯᠵᠢᠨ ᠮᠧᠲᠷ ᠳᠤᠲᠠᠭᠳᠠᠪᠠ᠃ ᠥᠨᠳᠥᠷ ᠶᠠᠰᠤ ᠴᠢᠨᠠᠷ ᠲᠠᠢ ᠠᠮᠢᠳᠤᠷᠠᠯ ᠤᠨ ᠬᠠᠷᠠᠯᠲᠠ ᠲᠠᠢ ᠬᠠᠷᠢᠴᠠᠭᠤᠯᠵᠤ | ᠦᠵᠡᠪᠡᠯ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠥᠷᠢ ᠰᠢᠷᠢ ᠨᠡᠯᠢᠶᠡᠳ ᠤᠯᠠᠨ ᠪᠠᠶᠢᠵᠤ᠂ | ᠪᠣᠬᠢᠷᠳᠤᠯ ᠢ ᠰᠡᠷᠭᠡᠶᠢᠯᠡᠨ ᠵᠠᠰᠠᠬᠤ᠂ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾᠂ ᠠᠭᠤᠷᠬᠠᠢ ᠶᠢᠨ | ᠣᠷᠣᠨ ᠤ ᠵᠠᠰᠠᠯᠲᠠ ᠵᠡᠷᠭᠡ ᠡᠭᠦᠷᠭᠡ ᠪᠠᠴᠢᠮ ᠲᠤᠯᠭᠠᠮ᠎ᠠ ᠪᠥᠭᠡᠳ ᠪᠡᠷᠬᠡ ᠬᠠᠲᠠᠭᠤᠵᠢᠯᠲᠠᠢ ᠪᠠᠶᠢᠵᠤ᠂ ᠣᠷᠣᠨ | ᠪᠦᠰᠡ ᠶᠢᠨ ᠴᠢᠨᠠᠷᠲᠠᠢ᠂ ᠤᠯᠠᠷᠢᠯ ᠤᠨ ᠴᠢᠨᠠᠷᠲᠠᠢ ᠪᠣᠬᠢᠷᠳᠤᠯ ᠤᠨ ᠠᠰᠠᠭᠤᠳᠠᠯ ᠲᠣᠪᠣᠶᠢᠮ᠎ᠠ ᠪᠠᠶᠢᠵᠤ᠂ ᠰᠣᠯᠪᠢᠴᠠᠨ | ᠭᠠᠳᠠᠭᠰᠢᠯᠠᠭᠤᠯᠬᠤ ᠪᠠ ᠳᠠᠪᠬᠤᠴᠠᠬᠤ ᠦᠢᠯᠡᠳᠦᠯ ᠲᠣᠪᠣᠶᠢᠮ᠎ᠠ ᠪᠠᠶᠢᠵᠤ᠂ ᠭᠤᠣᠯ ᠪᠣᠯᠬᠤ ᠪᠣᠬᠢᠷᠳᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠠᠷᠤ ᠳᠤ ᠣᠷᠣᠵᠠᠢ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡ ᠳᠤ ᠪᠠᠰᠠ ᠴᠥᠭᠡᠨ ᠪᠤᠰᠤ ᠳᠤᠲᠠᠭᠤᠳᠠᠯ | ᠣᠷᠣᠰᠢᠵᠤ᠂ ᠬᠤᠳᠠ ᠶᠢ ᠰᠢᠨᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠬᠦᠨᠳᠦ | ᠨᠦᠰᠡᠷ ᠪᠠᠶᠢᠨ᠎ᠠ᠂ ᠢᠯᠠᠩᠭᠤᠶ᠎ᠠ ᠡᠮ ᠡᠮᠨᠡᠯᠭᠡ ᠶᠢᠨ ᠡᠬᠢ ᠪᠠᠶᠠᠯᠢᠭ ᠤᠨ ᠬᠠᠩᠭᠠᠯᠭ᠎ᠠ ᠨᠢ ᠤᠯᠠᠨ ᠲᠦᠮᠡᠨ ᠤ | ᠡᠪᠡᠳᠴᠢᠨ ᠦᠵᠡᠭᠦᠯᠬᠦ ᠬᠡᠷᠡᠭᠴᠡᠭᠡ ᠲᠠᠢ ᠮᠥᠨ ᠯᠡ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠮᠢᠩᠭᠠᠨ ᠬᠥᠮᠥᠨ | ᠪᠦᠷᠢ ᠳᠤ ᠨᠣᠭᠳᠠᠬᠤ ᠠᠵᠢᠯ ᠡᠷᠬᠢᠯᠡᠬᠦ ᠡᠮᠴᠢ ᠶᠢᠨ ᠲᠤᠭ᠎ᠠ ᠨᠢ ᠵᠥᠪᠬᠡᠨ 1.93 ᠬᠥᠮᠥᠨ ᠪᠠᠶᠢᠵᠤ᠂ ᠪᠦᠬᠦ | ᠬᠤᠳᠠ ᠶᠢᠨ ᠳᠤᠮᠳᠠᠴᠢ ᠲᠦᠪᠰᠢᠨ ᠠᠴᠠ ᠳᠣᠣᠷ᠎ᠠ ᠪᠠᠶᠢᠨ᠎ᠠ᠃ ᠥᠨᠳᠥᠷ ᠦᠷ᠎ᠡ ᠪᠦᠲᠦᠮᠵᠢ ᠲᠠᠢ ᠵᠠᠰᠠᠯᠲᠠ ᠶᠢᠨ | ᠬᠠᠷᠠᠯᠲᠠ ᠲᠠᠢ ᠬᠠᠷᠢᠴᠠᠭᠤᠯᠵᠤ ᠦᠵᠡᠪᠡᠯ᠂ ᠨᠡᠶᠢᠭᠡᠮ ᠤᠨ ᠵᠠᠰᠠᠯᠲᠠ ᠳᠤ ᠪᠠᠰᠠ ᠴᠥᠭᠡᠨ ᠪᠤᠰᠤ ᠪᠠᠭᠤᠷᠠᠢ | ᠭᠤᠭᠴᠤᠭ᠎ᠠ ᠪᠠᠶᠢᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠳᠠᠷᠤᠯᠲᠠ ᠮᠥᠨᠬᠦ | ᠨᠡᠯᠢᠶᠡᠳ ᠶᠡᠭᠡ ᠪᠠᠶᠢᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠮᠠᠰᠢ ᠤᠯᠠᠨ ᠰᠢᠨ᠎ᠡ ᠪᠠᠶᠢᠳᠠᠯ ᠰᠢᠨ᠎ᠡ | ᠠᠰᠠᠭᠤᠳᠠᠯ ᠲᠤᠯᠭᠠᠷᠠᠵᠤ ᠪᠠᠶᠢᠨ᠎ᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ | ᠴᠢᠬᠤᠯᠠᠲᠠᠢ ᠪᠠᠶᠢᠵᠤ᠂ ᠵᠠᠷᠢᠮ ᠺᠠᠳ᠋ᠷᠴᠤᠳ ᠤᠨ ᠦᠵᠡᠯ ᠰᠠᠨᠠᠭ᠎ᠠ ᠲᠠᠨᠢᠯᠲᠠ ᠪᠠ ᠦᠢᠯᠡ ᠠᠵᠢᠯᠯᠠᠭ᠎ᠠ ᠶᠢᠨ ᠠᠷᠭ᠎ᠠ | ᠮᠠᠶ᠋ᠢᠭ ᠨᠢ ᠰᠢᠨ᠎ᠡ ᠬᠥᠭᠵᠢᠯᠲᠡ ᠰᠢᠨ᠎ᠡ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠵᠤ᠂ ᠬᠡᠷᠡᠭᠵᠢᠭᠦᠯᠬᠦ ᠬᠦᠴᠦᠨ ᠨᠢ | ᠥᠨᠳᠥᠷ ᠪᠢᠰᠢ᠂ ᠨᠠᠶᠢᠳᠠᠪᠤᠷᠢᠵᠢᠭᠤᠯᠬᠤ ᠬᠦᠴᠦᠨ ᠨᠢ ᠴᠢᠩᠭ᠎ᠠ ᠪᠢᠰᠢ ᠪᠠᠶᠢᠵᠤ᠂ ᠮᠥᠨ ᠯᠡ ︽ᠬᠢᠬᠦ ᠵᠣᠷᠢᠭ ᠦᠭᠡᠢ | ᠂ ᠬᠢᠬᠦ ᠳᠤᠷ᠎ᠠ ᠦᠭᠡᠢ᠂ ᠬᠢᠬᠦ ᠳᠡᠭᠡᠨ ᠮᠠᠭᠤ ᠪᠠᠶᠢᠬᠤ︾ ᠦᠵᠡᠭᠳᠡᠯ ᠣᠷᠣᠰᠢᠵᠤ ᠪᠠᠶᠢᠬᠤ ᠵᠡᠷᠭᠡ ᠦᠵᠡᠭᠳᠡᠯ | ᠣᠷᠣᠰᠢᠵᠤ ᠪᠠᠶᠢᠨ᠎ᠠ᠃ ᠡᠭᠦᠨ ᠳᠤ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ | ᠪᠠᠷᠢᠮᠲᠠᠯᠠᠵᠤ᠂ ᠬᠢᠮᠤᠷᠠᠯ ᠤᠨ ᠳᠤᠮᠳᠠ ᠠᠵᠠ ᠲᠣᠬᠢᠶᠠᠯ ᠢ ᠠᠮᠵᠢᠵᠤ᠂ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ | ᠨᠡᠭᠡᠭᠡᠵᠦ᠂ ᠦᠨᠡᠨ ᠰᠡᠳᠬᠢᠯ ᠠᠴᠠ ᠪᠠᠨ ᠬᠦᠴᠦ ᠣᠷᠣᠭᠤᠯᠵᠤ ᠪᠠᠶᠢᠭᠠᠳ ᠤᠳᠠ ᠶᠢᠨ ᠶᠠᠪᠤᠳᠠᠯ ᠢ ᠨᠡᠩ ᠰᠠᠶᠢᠲᠤᠷ | ᠬᠢᠬᠦ ᠬᠡᠷᠡᠭᠲᠡᠢ︕ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ᠂ ᠦᠬᠠᠢ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ | ᠤᠳᠠ ᠲᠣᠭᠤᠷᠢᠭ ᠤᠨ ᠶᠢᠰᠦᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ | ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ | ᠦᠢᠯᠡᠴᠢᠯᠡᠬᠦ ᠪᠠ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠤᠬᠠᠮᠰᠠᠷ ᠠᠴᠠ ᠪᠠᠨ ᠳᠠᠭᠠᠵᠤ ᠲᠡᠭᠦᠨ ᠳᠤ ᠦᠢᠯᠡᠴᠢᠯᠡᠵᠦ᠂ ᠪᠦᠬᠦ ᠬᠤᠲᠠ ᠶᠢᠨ ︽ᠨᠢᠭᠡ ᠵᠢᠷᠤᠮᠯᠠᠯ ᠢ ᠪᠠᠷᠢᠮᠲᠠᠯᠠᠵᠤ᠂ | ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠥᠨᠳᠥᠷ﹀ | ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠠᠬᠢ ᠪᠣᠶ | ᠪᠣᠯᠭᠠᠬᠤ ᠶᠢ ᠨᠠᠩ ᠴᠢᠬᠤᠯᠠᠴᠢᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠨᠠᠩ | ᠴᠢᠬᠤᠯᠠᠴᠢᠯᠠᠵᠤ᠂ ᠠᠵᠤ ᠦᠢᠯᠡᠰ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠬᠤ ᠶᠢ ᠨᠠᠩ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠠᠩ | ᠴᠢᠬᠤᠯᠠᠴᠢᠯᠠᠵᠤ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠢ ᠨᠠᠩ ᠴᠢᠬᠤᠯᠠᠴᠢᠯᠠᠵᠤ᠂ ᠰᠢᠨ᠎ᠡ | ᠠᠶᠠᠨ ᠵᠠᠮ ᠳᠤ ᠤᠳᠠ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ | ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠠᠵᠠᠷ | ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠢ ᠵᠢᠯ ᠪᠦᠷᠢ ᠳᠤᠮᠳᠠᠴᠢ ᠪᠠᠷ 5%ᠣᠷᠴᠢᠮ ᠢᠶᠠᠷ ᠨᠡᠮᠡᠭᠳᠡᠭᠦᠯᠵᠦ᠂ | ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠤᠨ ᠡᠨᠧᠷᠭᠢ ᠶᠢᠨ ᠬᠤᠷᠣᠭᠳᠠᠯ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠪᠠ ᠬᠤᠳᠠ ᠶᠢᠨ ᠲᠣᠭᠤᠷᠢᠭ ᠤᠨ ᠣᠷᠴᠢᠨ | ᠠᠬᠤᠢ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠪᠠᠶᠢᠬᠤ ᠨᠤᠷᠮ᠎ᠠ ᠶᠢ ᠳᠣᠷᠣᠭᠰᠢ ᠪᠠᠭᠤᠯᠭᠠᠬᠤ ᠬᠠᠷᠠᠯᠲᠠ ᠶᠢ | ᠪᠡᠶᠡᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠤ᠂ ᠳᠡᠭᠡᠷ᠎ᠡ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠶᠢ ᠪᠠᠲᠤ | ᠡᠵᠡᠮᠰᠢᠭᠰᠡᠨ ᠤᠷᠢᠲᠠᠯ ᠳᠣᠣᠷ᠎ᠠ᠂ ︽ᠲᠠᠪᠤᠨ ᠰᠢᠪᠲᠤᠯᠤᠯᠲᠠ︾ ᠶᠢᠨ ᠬᠠᠷᠠᠯᠲᠠ ᠶᠢ ᠪᠡᠶᠡᠯᠡᠭᠦᠯᠬᠦ ᠶᠢ | ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ | ︱ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠤᠨ᠎ᠠ᠃ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢᠨ ᠬᠠᠮᠲᠤ᠂ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠣᠷᠭᠠᠨᠢᠭ | ᠴᠠᠬᠢᠭᠤᠷ᠂ ᠵᠠᠳᠠᠷᠠᠵᠤ ᠪᠣᠯᠬᠤ ᠰᠦᠯᠢᠶᠥᠦ᠂ ᠬᠡᠷᠡᠯ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ ︽ᠳᠥᠷᠪᠡᠨ ᠶᠡᠭᠡ | ᠠᠵᠤ ᠦᠢᠯᠡᠰ ᠤᠨ ᠬᠡᠯᠬᠢᠶ᠎ᠡ︾ ᠶᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠵᠤ᠂ ᠠᠵᠤ ᠦᠢᠯᠡᠰ ᠤᠨ ᠳᠡᠭᠡᠳᠦ | ᠲᠠᠰ ᠤᠨ᠂ ᠪᠣᠬᠢᠷᠳᠤᠯ ᠦᠭᠡᠢ᠂ ᠣᠶᠤᠨᠴᠢᠯᠠᠯᠲᠠ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠣᠲᠣ | ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠳᠤ᠂ ᠳᠡᠭᠡᠳᠦ ᠲᠡᠰ ᠤᠨ | ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠵᠦ᠂ ᠡᠮ | ᠡᠮᠨᠡᠯᠭᠡ ᠶᠢᠨ ᠵᠠᠪᠰᠠᠷ ᠤᠨ ᠴᠣᠭᠴᠠ᠂ ᠲᠦᠭᠦᠬᠡᠢ ᠮᠠᠲ᠋ᠧᠷᠢᠶᠠᠯ ᠤᠨ ᠡᠮ ᠠᠴᠠ ᠪᠡᠯᠡᠨ ᠡᠮ᠂ ᠨᠠᠶᠢᠷᠠᠯᠭ᠎ᠠ ᠶᠢᠨ | ᠭᠤᠯᠳᠤ ᠪᠠᠷ ᠤᠷᠲᠤᠳᠬᠠᠭᠰᠠᠨ ᠨᠢᠭᠡ ᠴᠣᠭᠴᠠᠵᠢᠭᠤᠯᠤᠭᠰᠠᠨ ᠪᠠᠶᠢᠷᠢᠰᠢᠭᠤᠯᠤᠯᠲᠠ ᠶᠢ ᠪᠠᠶᠢᠭᠤᠯᠵᠤ᠂ ᠲᠠᠷᠢᠶᠠᠨ ᠡᠮ | ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠨ᠎ᠠ᠃ ᠬᠤᠶᠠᠷ ᠲᠤ᠂ ᠣᠷᠭᠠᠨᠢᠭ ᠴᠠᠬᠢᠭᠤᠷ ᠤᠨ | ᠪᠦᠷᠢᠨ ᠲᠥᠬᠦᠷᠵᠢᠭᠰᠡᠨ ᠠᠵᠤ ᠦᠢᠯᠡᠰ ᠤᠨ ᠬᠡᠯᠬᠢᠶ᠎ᠡ ᠶᠢ ᠨᠠᠷᠢᠯᠢᠭ ᠬᠢᠵᠦ᠂ ᠠᠵᠤ ᠦᠢᠯᠡᠳᠪᠦᠷᠢ ᠶᠢᠨ | ᠴᠠᠬᠢᠭᠤᠷ ᠢᠶᠠᠷ ᠲᠤᠯᠭᠠᠭᠤᠷᠢᠯᠠᠭᠤᠯᠵᠤ᠂ ᠴᠠᠬᠢᠭᠤᠷᠲᠤ ᠲᠣᠰᠣ᠂ ᠴᠠᠬᠢᠭᠤᠷᠲᠤ ᠰᠢᠶᠠᠩᠵᠢᠶᠣᠣ᠂ ᠴᠠᠬᠢᠭᠤᠷᠲᠤ | ᠳᠠᠪᠠᠷᠬᠠᠢ ᠪᠠᠷ ᠬᠥᠭᠵᠢᠯᠲᠡ ᠶᠢᠨ ᠴᠢᠭᠯᠡᠯ ᠪᠣᠯᠭᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠹᠯᠤᠷᠤ᠋ | ᠴᠠᠬᠢᠭᠤᠷ ᠤᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠤᠨ᠎ᠠ᠃ ᠭᠤᠷᠪᠠ ᠳᠤ᠂ | ᠵᠠᠳᠠᠷᠠᠵᠤ ᠪᠣᠯᠬᠤ ᠰᠦᠯᠢᠶᠥᠦ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠵᠤ᠂ | γ - ᠪᠥᠲ᠋ᠢᠨ᠋ᠸᠢ ᠡᠰᠲ᠋ᠧᠷ ᠪᠣᠯᠣᠨ ᠲᠦᠷᠪᠡᠨ ᠤᠰᠤᠲᠥ᠋ᠷᠥᠭᠴᠢᠲᠤ ᠹᠦᠷᠠᠨ ᠢᠶᠠᠷ ᠰᠠᠭᠤᠷᠢ ᠲᠦᠭᠦᠬᠡᠢ ᠮᠠᠲ᠋ᠧᠷᠢᠶᠠᠯ | ᠪᠣᠯᠭᠠᠵᠤ᠂ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ᠂ ᠡᠳᠦᠷ ᠳᠤᠳᠤᠮ ᠤᠨ ᠬᠡᠷᠡᠭᠯᠡᠭᠡᠨ ᠤ ᠵᠦᠢᠯ ᠵᠡᠷᠭᠡ | ᠬᠡᠷᠡᠭᠯᠡᠭᠡᠨ ᠤ ᠬᠦᠷᠢᠶ᠎ᠡ ᠶᠢ ᠥᠷᠭᠡᠳᠬᠡᠵᠦ᠂ ᠦᠵᠦᠭᠦᠷ᠂ ᠲᠤᠰᠬᠠᠢ ᠬᠡᠷᠡᠭᠯᠡᠭᠡᠨ ᠤ᠂ ᠣᠨᠴᠠᠯᠢᠭᠲᠤ ᠪᠦᠲᠦᠭᠡᠭᠳᠡᠬᠦᠨ ᠢ | ᠨᠡᠭᠡᠭᠡᠨ ᠬᠥᠭᠵᠢᠭᠦᠯᠦᠨ᠎ᠡ᠃ ᠳᠥᠷᠪᠡ ᠳᠤ᠂ ᠭᠡᠷᠡᠯ ᠤᠰᠤᠲᠥ᠋ᠷᠥᠭᠴᠢ ᠶᠢ ᠬᠠᠳᠠᠭᠠᠯᠠᠵᠤ ᠬᠡᠷᠡᠭᠯᠡᠬᠦ ᠶᠢ ᠨᠢᠭᠡ | ᠴᠣᠭᠴᠠᠵᠢᠭᠤᠯᠤᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠵᠤ᠂ ᠮᠥᠬᠦᠯᠢᠭᠲᠦ | ᠴᠠᠬᠢᠭᠤᠷ᠂ ᠤᠰᠤᠲᠥ᠋ᠷᠥᠭᠴᠢ ᠲᠦᠯᠡᠰᠢ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠᠷ ᠭᠤᠣᠯᠳᠠᠯᠭ᠎ᠠ ᠪᠣᠯᠭᠠᠵᠤ᠂ | ᠬᠡᠷᠴᠢᠮ᠂ ᠳ᠋ᠢᠶᠠᠨ ᡂᠢ᠂ ᠲᠤᠨᠤᠭ ᠲᠥᠬᠦᠭᠡᠷᠦᠮᠵᠢ ᠵᠡᠷᠭᠡ ᠳᠣᠣᠷᠠᠳᠤ ᠤᠷᠤᠰᠬᠠᠯ ᠤᠨ ᠦᠢᠯᠡᠳᠬᠦᠨ ᠢ ᠢᠵᠢ | ᠪᠦᠷᠢᠳᠦᠭᠦᠯᠦᠨ ᠬᠥᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ᠂ | ᠬᠠᠳᠠᠭᠠᠯᠠᠵᠤ ᠵᠥᠭᠡᠭᠡᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠲᠦᠷᠦᠯ ᠢ | ᠤᠷᠲᠤᠳᠬᠠᠨ ᠬᠥᠭᠵᠢᠭᠦᠯᠵᠦ᠂ ᠠᠵᠤ ᠦᠢᠯᠡᠰ ᠤᠨ ᠰᠠᠭᠤᠷᠢ ᠶᠢ ᠳᠡᠭᠡᠳᠦ ᠲᠡᠰ ᠪᠣᠯᠭᠠᠬᠤ᠂ ᠠᠵᠤ ᠦᠢᠯᠡᠰ ᠤᠨ | ᠬᠡᠯᠬᠢᠶ᠎ᠡ ᠶᠢ ᠣᠳᠣᠬᠢᠴᠢᠯᠠᠬᠤ ᠶᠢ ᠠᠬᠢᠭᠤᠯᠤᠨ᠎ᠠ᠃ | ︱ ᠠᠮᠢ ᠠᠬᠤᠢ ᠶᠢᠨ ᠣᠷᠴᠢᠨ ᠨᠥᠬᠦᠴᠡᠯ ᠰᠢᠨ᠎ᠡ ᠰᠢᠪᠲᠤᠯᠤᠯᠲᠠ ᠲᠠᠢ ᠪᠣᠯᠤᠨ᠎ᠠ᠃ ᠠᠮᠢ ᠠᠬᠤᠢ ᠪᠠᠷ | ᠠᠷᠠᠳ ᠲᠤ ᠠᠰᠢᠭ ᠬᠦᠷᠲᠡᠭᠡᠬᠦ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ᠂ ᠠᠮᠢ ᠠᠬᠤᠢ ᠪᠠᠷ | ᠠᠷᠠᠳ ᠲᠤ ᠦᠢᠯᠡᠴᠢᠯᠡᠬᠦ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠬᠠᠮᠤᠭ ᠤᠨ | ᠴᠢᠩᠭ᠎ᠠ ᠳᠦᠷᠢᠮ ᠢ ᠬᠡᠷᠡᠭᠵᠢᠭᠦᠯᠦᠨ᠂ ︽ᠬᠤᠶᠠᠷ ᠶᠡᠭᠡ ᠣᠷᠣᠨ ᠪᠦᠰᠡ︾ ᠶᠢ ᠭᠤᠣᠯᠳᠠᠯᠭ᠎ᠠ ᠲᠠᠢ ᠪᠠᠷ ᠰᠢᠪᠲᠤᠯᠵᠤ᠂ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠲᠠᠶᠢᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠷᠴᠢᠮ ᠤᠨ ︽ᠬᠤᠶᠠᠷ ᠢ | ᠬᠢᠵᠠᠭᠠᠷᠯᠠᠬᠤ︾ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠳᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠪᠠᠷ | ᠲᠦᠯᠬᠢᠨ ᠠᠬᠢᠭᠤᠯᠵᠤ᠂ ︽ᠲᠠᠪᠤᠨ ᠣᠳᠣᠬᠢᠴᠢᠯᠠᠯᠲᠠ︾ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠶᠡᠭᠡ ᠪᠠᠷ | ᠬᠡᠷᠡᠭᠵᠢᠭᠦᠯᠵᠦ᠂ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ | ᠬᠤᠯᠪᠤᠭᠠᠯᠠᠨ ᠵᠠᠰᠠᠬᠤ ᠶᠢ ᠬᠦᠴᠦᠯᠡᠨ ᠴᠢᠩᠭᠠᠳᠬᠠᠵᠤ᠂ ᠭᠤᠣᠯ ᠪᠣᠯᠬᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ | ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠠᠵᠤ ᠠᠬᠤᠶᠢᠯᠠᠯ᠂ ᠠᠵᠤ ᠦᠢᠯᠡᠰ ᠤᠨ ᠬᠤᠭᠤᠷᠣᠨᠳᠣᠬᠢ | ᠬᠤᠯᠪᠣᠯᠳᠤᠨ ᠬᠠᠮᠲᠤ ᠪᠠᠷ ᠣᠷᠣᠰᠢᠬᠤ ᠪᠠ ᠡᠬᠢ ᠪᠠᠶᠠᠯᠢᠭ ᠢ ᠬᠠᠮᠵᠢᠯᠴᠠᠭᠤᠯᠤᠨ ᠠᠰᠢᠭᠯᠠᠬᠤ ᠶᠢ ᠬᠥᠲᠥᠯᠥᠨ | ᠵᠢᠯᠤᠭᠤᠳᠴᠤ᠂ ᠤᠷᠴᠢᠯᠵᠢᠭᠰᠠᠨ᠂ ᠣᠶᠤᠨᠴᠢᠯᠠᠭᠰᠠᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ | ᠬᠤᠶᠠᠷ ᠲᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠵᠠᠰᠠᠭ ᠤᠨ | ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠬᠡᠷᠡᠭᠵᠢᠭᠦᠯᠬᠦ᠂ ᠤᠷᠢᠳᠠᠪᠠᠷ ᠲᠤᠷᠰᠢᠯᠲᠠ ᠬᠢᠬᠦ᠂ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ︾ ᠣᠨᠣᠯᠵᠢᠬᠤᠨ ᠶᠣᠰᠣᠭᠠᠷ᠂ ᠠᠮᠢ ᠠᠬᠤᠢ ᠶᠢ ᠵᠠᠯᠭᠠᠯᠳᠤᠭᠤᠯᠤᠨ ᠵᠠᠰᠠᠬᠤ | ᠬᠢᠭᠡᠳ ᠣᠷᠴᠢᠨ ᠲᠣᠭᠤᠷᠢᠨ ᠤ ᠪᠣᠬᠢᠷᠳᠤᠯ ᠢ ᠬᠠᠮᠲᠤᠪᠠᠷ ᠵᠠᠰᠠᠬᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠴᠢᠨᠠᠷ ᠰᠠᠶᠢᠲᠠᠢ | ᠪᠡᠶᠡᠯᠡᠭᠦᠯᠵᠦ᠂ ᠪᠣᠶ ᠪᠦᠬᠦᠢ ᠠᠭᠤᠷᠬᠠᠢ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ᠃ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠭᠪᠤᠷ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠬᠢᠭᠡᠳ ᠬᠡᠷᠡᠯ | ᠴᠡᠨᠡᠭ ᠤᠨ ᠠᠵᠤ ᠦᠢᠯᠡᠰ᠂ ᠣᠶ ᠰᠢᠭᠤᠢ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠬᠠᠷᠢᠯᠴᠠᠨ | ᠤᠶᠠᠯᠳᠤᠭᠤᠯᠬᠤ ᠶᠢ ᠵᠣᠷᠢᠭᠵᠢᠭᠤᠯᠤᠨ᠂ ᠠᠮᠢ ᠠᠬᠤᠢ ᠶᠢᠨ ᠦᠷ᠎ᠡ ᠠᠰᠢᠭ ᠢ ᠨᠠᠩ ᠰᠠᠶᠢᠨ ᠢᠶᠠᠷ ᠠᠵᠤ ᠠᠬᠤᠢ ᠶᠢᠨ | ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠭᠠᠨ ᠬᠤᠪᠢᠷᠠᠭᠤᠯᠤᠨ᠎ᠠ᠃ | ︱ ᠬᠤᠳᠠ ᠶᠢᠨ ᠰᠢᠨᠡᠴᠢᠯᠡᠯᠲᠡ ᠰᠢᠨ᠎ᠡ ᠰᠢᠪᠲᠤᠯᠤᠯᠲᠠ ᠲᠠᠢ ᠪᠣᠯᠤᠨ᠎ᠠ᠃ ᠤᠮᠠᠷᠠᠰᠢ ᠰᠢᠯᠵᠢᠵᠦ ᠵᠡᠭᠦᠨᠰᠢ | ᠨᠠᠭᠤᠷ ᠮᠥᠷᠡᠨ ᠳᠠᠭᠠᠤ ᠶᠢᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠠᠵᠤ ᠦᠢᠯᠡᠰ ᠪᠠ ᠬᠤᠳᠠ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ︽ᠭᠤᠷᠪᠠᠨ ᠲᠥᠪᠯᠡᠷᠡᠯ︾ ᠢ ᠲᠣᠪᠤᠶᠢᠯᠭᠠᠨ᠂ ᠠᠵᠤ | ᠦᠢᠯᠡᠰᠵᠢᠭᠦᠯᠦᠯᠲᠡ ᠪᠠᠷ ᠬᠤᠲᠠᠴᠢᠯᠠᠯᠲᠠ ᠶᠢ ᠠᠬᠢᠭᠤᠯᠵᠤ᠂ ᠬᠤᠲᠠᠴᠢᠯᠠᠯᠲᠠ ᠪᠠᠷ ᠠᠵᠤ ᠦᠢᠯᠡᠰᠵᠢᠭᠦᠯᠦᠯᠲᠡ ᠶᠢ | ᠠᠬᠢᠭᠤᠯᠤᠨ᠎ᠠ᠃ ᠨᠢᠭᠡ ᠳᠤ᠂ ᠬᠠᠭᠤᠴᠢᠨ ᠬᠤᠳᠠ ᠶᠢᠨ ᠲᠣᠭᠤᠷᠢᠭ ᠤᠨ ᠰᠢᠨ᠎ᠡ ᠶᠢ ᠡᠭᠦᠳᠴᠦ ᠶᠠᠰᠤ ᠴᠢᠨᠠᠷ ᠢ | ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ᠬᠠᠭᠤᠴᠢᠨ ᠪᠠ ᠬᠠᠭᠤᠴᠢᠨ ᠲᠣᠭᠤᠷᠢᠭ ᠢ ᠢᠵᠢ ᠪᠦᠷᠢᠳᠦᠭᠦᠯᠦᠨ ᠥᠭᠡᠷᠡᠴᠢᠯᠡᠬᠦ ᠶᠢ ᠲᠦᠷᠦᠯ | ᠬᠤᠪᠢᠶᠠᠨ ᠪᠡᠶᠡᠯᠡᠭᠦᠯᠵᠦ᠂ ᠬᠤᠳᠠ ᠶᠢᠨ ᠥᠩᠭᠡ ᠵᠢᠰᠦ ᠶᠢ ᠰᠢᠨᠡᠳᠬᠡᠨ᠎ᠡ᠃ ᠬᠤᠶᠠᠷ ᠲᠤ᠂ ᠪᠢᠨ ᠾᠧ ᠪᠠᠷᠠᠭᠤᠨ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠡᠯᠧᠮᠧᠨ᠋ᠲ ᠢ | ᠲᠥᠪᠯᠡᠷᠡᠭᠦᠯᠵᠦ᠂ ᠡᠬᠢ ᠪᠠᠶᠠᠯᠢᠭ ᠢ ᠨᠡᠶᠢᠳᠬᠡᠵᠦ᠂ ᠣᠨᠴᠠᠯᠢᠭᠲᠤ ᠰᠣᠶᠣᠯ ᠵᠤᠭᠠᠴᠠᠯ᠂ ᠡᠷᠡᠭᠦᠯᠵᠢᠯ ᠰᠤᠪᠢᠯᠠᠯᠲᠠ | ᠰᠡᠯᠡᠭᠦᠴᠡᠯ ᠵᠡᠷᠭᠡ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂ ︽ | ᠬᠤᠳᠠ ᠶᠢᠨ ᠵᠣᠴᠢᠨ ᠤ ᠲᠢᠩᠬᠢᠮ︾ ᠢ ᠴᠣᠭᠴᠠᠯᠠᠨ᠎ᠠ᠃ ᠭᠤᠷᠪᠠ ᠳᠤ᠂ ᠳᠤᠲᠠᠭᠤᠳᠠᠯ ᠢ ᠨᠥᠬᠦᠪᠦᠷᠢᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ ᠶᠢ ᠲᠦᠷᠭᠡᠨ ᠲᠡᠭᠦᠯᠳᠡᠷᠵᠢᠭᠦᠯᠵᠦ᠂ ᠶᠡᠭᠡ ᠬᠤᠳᠠ ᠶᠢᠨ | ᠪᠣᠷᠣ ᠲᠥᠯᠥᠪ ᠢ ᠥᠷᠭᠡᠳᠬᠡᠵᠦ᠂ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠬᠤᠳᠠ ᠶᠢ ᠭᠡᠷᠡᠯ | ᠭᠢᠯᠪᠠᠭ᠎ᠠ ᠲᠠᠢ ︽ᠨᠢᠭᠤᠷ ᠲᠠᠯ᠎ᠠ︾ ᠲᠠᠢ ᠪᠣᠯᠭᠠᠬᠤ ᠪᠥᠭᠡᠳ ᠪᠠᠲᠤ ᠨᠠᠶᠢᠳᠠᠪᠤᠷᠢᠲᠠᠢ ︽ᠳᠣᠲᠣᠷ ᠲᠠᠯ᠎ᠠ︾ ᠲᠠᠢ | ᠪᠣᠯᠭᠠᠨ᠎ᠠ᠃ | ︱ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠤᠨ᠎ᠠ᠃ | ᠥᠭᠡᠷᠡᠴᠢᠯᠡᠯᠲᠡ ᠪᠠᠷ ᠬᠦᠴᠦᠨ ᠢ ᠬᠥᠭᠵᠢᠭᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦ ᠬᠦᠴᠦᠨ ᠨᠡᠮᠡᠷᠢᠯᠡᠬᠦ᠂ | ᠣᠷᠴᠢᠨ ᠲᠣᠭᠤᠷᠢᠨ ᠢᠶᠠᠷ ᠥᠷᠢᠰᠦᠯᠳᠦᠬᠦ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ︽ᠭᠤᠷᠪᠠᠨ ᠵᠦᠢᠯ ᠤᠨ | ᠥᠭᠡᠷᠡᠴᠢᠯᠡᠯᠲᠡ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦ | ᠬᠦᠴᠦᠨ ᠨᠡᠮᠡᠷᠢᠯᠡᠨ᠎ᠡ᠃ ᠨᠢᠭᠡ ᠳᠤ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ | ᠬᠠᠷᠢᠴᠠᠭᠤᠯᠤᠭᠰᠠᠨ ᠳᠠᠪᠠᠭᠤᠯᠢᠭ ᠪᠠ ᠬᠠᠮᠵᠢᠯᠴᠠᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠪᠣᠳᠠᠲᠤ ᠴᠣᠭᠴᠠ ᠶᠢᠨ ᠠᠵᠤ ᠦᠢᠯᠡᠰ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ | ᠠᠬᠢᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠬᠦᠷᠢᠶᠡᠨ ᠳᠠᠬᠢ ᠪᠠᠶᠢᠷᠢᠰᠢᠯ ᠢ ᠬᠥᠲᠥᠯᠥᠨ ᠵᠢᠯᠤᠭᠤᠳᠴᠤ᠂ ᠡᠵᠡᠩᠨᠡᠯᠲᠡ ᠶᠢᠨ ᠪᠣᠳᠠᠲᠤ ᠬᠦᠴᠦᠨ ᠪᠠ ᠴᠢᠰᠤ | ᠪᠦᠲᠦᠭᠡᠬᠦ ᠴᠢᠳᠠᠪᠤᠷᠢ ᠶᠢ ᠴᠢᠩᠭᠠᠷᠠᠭᠤᠯᠵᠤ᠂ ᠤᠯᠤᠰ ᠤᠨ ᠥᠮᠴᠢᠯᠡᠯ ᠦᠨᠡᠳ᠋ ᠤᠨ ᠵᠠᠰᠠᠭ ᠭᠠᠶᠢᠯᠢ ᠮᠥᠩᠭᠦᠨ | ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ ᠰᠢᠨᠵᠢᠯᠡᠬᠦ ᠤᠬᠠᠭᠠᠨ | ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠦᠷ ᠮᠣᠩᠭᠤᠯ ᠢ | ᠬᠥᠭᠵᠢᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠵᠠᠰᠠᠭ ᠤᠨ ᠣᠷᠳᠣᠨ ᠤ | ᠣᠷᠣᠭᠤᠯᠤᠯᠲᠠ ᠶᠢᠨ ᠬᠠᠲᠠᠭᠤ ᠨᠡᠮᠡᠭᠳᠡᠯ ᠤᠨ ᠲᠣᠭᠲᠠᠴᠠ ᠪᠣᠯᠣᠨ ᠨᠡᠶᠢᠭᠡᠮ ᠤᠨ ᠣᠯᠠᠨ ᠠᠷᠭ᠎ᠠ ᠵᠠᠮ ᠤᠨ | ᠣᠷᠣᠭᠤᠯᠤᠯᠲᠠ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠬᠥᠷᠥᠩᠭᠡ ᠪᠠ | ᠠᠷᠠᠳ ᠤᠨ ᠳᠤᠮᠳᠠᠬᠢ ᠬᠥᠷᠥᠩᠭᠡ ᠶᠢᠨ ᠰᠢᠨ᠎ᠡ ᠶᠢ ᠡᠭᠦᠳᠬᠦ ᠬᠦᠷᠢᠶᠡᠨ ᠳᠤ ᠣᠷᠣᠬᠤ ᠶᠢ ᠬᠥᠲᠥᠯᠥᠨ ᠵᠢᠯᠤᠭᠤᠳᠴᠤ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠠᠵᠤ | ᠦᠢᠯᠡᠰ ᠲᠤ ᠴᠢᠭᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ | ᠪᠠ ᠬᠤᠰᠢᠭᠤᠷᠠᠯ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠲᠤᠰᠬᠠᠢ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠪᠣᠬᠢᠷᠳᠤᠯ ᠢ | ᠰᠡᠷᠭᠡᠶᠢᠯᠡᠨ ᠵᠠᠰᠠᠬᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠵᠡᠷᠭᠡ ᠬᠦᠷᠢᠶᠡᠨ ᠳᠠᠬᠢ ᠳᠠᠶᠢᠴᠢᠯᠠᠨ | ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠭᠤᠷᠪᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠤᠷᠪᠠᠳᠠᠭᠢ ᠡᠲᠡᠭᠡᠳ ᠢ ᠣᠷᠣᠭᠤᠯᠤᠨ ᠠᠪᠴᠢᠷᠠᠵᠤ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠬᠢᠨᠠᠨ ᠰᠢᠯᠭᠠᠵᠤ ᠦᠨᠡᠯᠡᠬᠦ ᠶᠢ ᠥᠷᠨᠢᠭᠦᠯᠵᠦ᠂ ︽ᠦᠨᠡᠮᠯᠡᠯ ᠢ ᠬᠠᠰᠤᠵᠤ | ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠢᠭᠤᠷ ᠵᠣᠯᠭᠠᠬᠤ ᠦᠭᠡᠢ ᠪᠠᠷ | ᠬᠢᠨᠠᠨ ᠵᠥᠪᠰᠢᠶᠡᠷᠡᠬᠦ᠂ ᠠᠬᠤᠢ ᠲᠠᠯᠠᠪᠤᠷ ᠤᠨ ᠮᠠᠶ᠋ᠢᠭ ᠢᠶᠠᠷ ᠠᠵᠢᠯ ᠶᠠᠪᠤᠳᠠᠯ ᠰᠢᠢᠳᠪᠦᠷᠢᠯᠡᠬᠦ ᠶᠢ ᠶᠡᠬᠡᠪᠡᠷ | ᠳᠡᠯᠭᠡᠷᠡᠭᠦᠯᠵᠦ᠂ ᠰᠢᠰᠲ᠋ᠧᠮ ᠤᠨ ᠪᠥᠬᠦ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ᠂ ᠲᠤᠭ᠎ᠠ ᠪᠠᠷᠢᠮᠲᠠ ᠶᠢᠨ ᠪᠥᠬᠦ | ᠲᠠᠯ᠎ᠠ ᠪᠠᠷ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠦᠵᠡᠮᠡᠭᠴᠡ | ᠣᠶᠢᠯᠠᠭᠠᠵᠤ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ᠃ | ︱ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠰᠢᠨ᠎ᠡ ᠰᠢᠪᠲᠤᠯᠤᠯᠲᠠ ᠲᠠᠢ ᠪᠣᠯᠤᠨ᠎ᠠ᠃ ᠠᠷᠠᠳ ᠲᠦᠮᠡᠨ ᠢ | ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ︽ᠭᠤᠷᠪᠠ ᠶᠢ ᠴᠢᠩᠭᠠᠳᠬᠠᠬᠤ | ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠢᠯᠬ᠎ᠠ ᠬᠡᠦᠬᠡᠳ ᠢ ᠬᠥᠮᠥᠵᠢᠭᠦᠯᠬᠦ ᠳᠡᠭᠡᠨ ᠴᠢᠳᠠᠮᠠᠭᠠᠢ᠂ | ᠰᠤᠷᠤᠯᠴᠠᠬᠤ ᠳᠤ ᠰᠠᠶᠢᠨ ᠰᠤᠷᠭᠠᠨ ᠬᠥᠮᠦᠵᠢᠯ ᠲᠠᠢ᠂ ᠡᠪᠡᠳᠴᠢᠯᠡᠪᠡᠯ ᠰᠠᠶᠢᠨ ᠡᠮᠴᠢ ᠲᠠᠢ᠂ ᠥᠲᠡᠯᠪᠡᠯ | ᠠᠰᠠᠷᠠᠬᠤᠢ ᠲᠠᠢ᠂ ᠪᠠᠭᠤᠷᠠᠢ ᠶᠢ ᠤᠯᠠᠨ ᠢᠶᠠᠷ ᠢᠶᠠᠨ ᠲᠡᠳᠬᠦᠬᠦ ᠶᠢ ᠴᠢᠷᠮᠠᠶᠢᠨ ᠪᠡᠶᠡᠯᠡᠭᠦᠯᠦᠨ᠎ᠡ᠃ ᠨᠢᠭᠡ ᠳᠤ ᠤᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠠᠷᠠᠳ ᠢ | ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠠᠴᠤᠷᠠᠭ ᠤᠨ ᠳᠠᠪᠠᠭᠤᠯᠢᠭ ᠪᠦᠬᠦᠢ | ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠡᠮ ᠡᠮᠨᠡᠯᠭᠡ ᠶᠢᠨ ᠪᠣᠳᠠᠲᠤ ᠬᠦᠴᠦᠨ ᠢ ᠪᠤᠢ ᠪᠣᠯᠭᠠᠨ᠎ᠠ᠃ ᠬᠤᠶᠠᠷ ᠲᠤ | ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠡᠯ᠎ᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ | ᠪᠠᠶᠠᠯᠢᠭᠵᠢᠭᠤᠯᠤᠨ᠎ᠠ᠃ ᠭᠤᠷᠪᠠ ᠳᠤ᠂ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ | ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠵᠦ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠤᠯᠠᠨ ᠨᠡᠶᠢᠲᠡ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ | ᠲᠦᠮᠡᠨ ᠢ ᠬᠥᠬᠡ ᠲᠡᠭᠷᠢ ᠶᠢᠨ ᠳᠣᠣᠷ᠎ᠠ ᠬᠠᠮᠲᠤ ᠪᠠᠶᠢᠯᠭᠠᠵᠤ᠂ ᠰᠢᠨ᠎ᠡ ᠠᠮᠢᠳᠤᠷᠠᠯ ᠢ ᠬᠠᠮᠲᠤᠪᠠᠷ ᠡᠳ᠋ᠯᠡᠭᠦᠯᠦᠨ᠎ᠡ᠃ | ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠪᠠᠰᠠ ᠴᠤ ᠰᠢᠨ᠎ᠡ | ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠂ | ᠤᠳᠠ ᠲᠣᠭᠤᠷᠢᠭ ᠲᠤ ᠠᠪᠴᠤ ᠬᠡᠯᠡᠪᠡᠯ᠂ ᠨᠠᠩ ᠴᠤ ᠬᠥᠳᠡᠯᠭᠡᠭᠴᠢ ᠡᠨᠧᠷᠭᠢ ᠶᠢᠨ ᠰᠣᠯᠢᠭᠳᠠᠯ᠂ ᠬᠤᠲᠠ ᠶᠢᠨ | ᠡᠷᠪᠡᠬᠡᠢ ᠶᠢᠨ ᠬᠤᠪᠢᠷᠠᠯᠲᠠ᠂ ᠠᠷᠠᠳ ᠤᠨ ᠠᠮᠢᠳᠤᠷᠠᠯ ᠤᠨ ᠲᠠᠩᠰᠠ ᠡᠪᠬᠡᠮᠡᠯ ᠳᠡᠭᠡᠭᠰᠢᠯᠡᠭᠦᠯᠬᠦ᠂ ᠵᠠᠰᠠᠯᠲᠠ ᠶᠢᠨ | ᠣᠷᠤᠯᠠᠭᠤᠯᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ | ᠠᠯᠤᠰ ᠬᠡᠲᠦ ᠶᠢᠨ ᠠᠴᠢ ᠬᠤᠯᠪᠣᠭᠳᠠᠯ ᠲᠠᠢ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ | ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠪᠠ ᠨᠡᠶᠢᠭᠡᠮ ᠤᠨ ᠶᠡᠭᠡ ᠲᠠᠯ᠎ᠠ ᠶᠢ ᠬᠦᠴᠦᠯᠡᠨ | ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠵᠤ ᠬᠦᠴᠦᠨ ᠴᠢᠳᠠᠯ ᠢ | ᠬᠤᠷᠠᠮᠳᠤᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6% ᠣᠷᠴᠢᠮ ᠢᠶᠠᠷ ᠨᠡᠮᠡᠭᠳᠡᠭᠦᠯᠦᠨ᠎ᠡ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠂ ᠰᠠᠭᠤᠭᠠᠯᠢ | ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠭᠦᠯᠦᠨ᠎ᠡ᠂ ᠭᠤᠣᠯ ᠪᠣᠯᠬᠤ ᠪᠣᠬᠢᠷᠳᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠦᠷᠭᠦᠯᠵᠢᠯᠡᠨ ᠲᠣᠷᠤᠭᠰᠢᠯᠠᠭᠤᠯᠤᠨᠠ᠃ ᠪᠥᠬᠦ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠣᠭᠠᠨ ᠤ ᠭᠦᠢᠴᠡᠳᠬᠡᠯ ᠲᠤᠭ᠎ᠠ ᠶᠢ ᠲᠣᠰ ᠲᠣᠰ | 10%᠂ 23.2%᠂ 5% ᠪᠠᠷ ᠨᠡᠮᠡᠭᠳᠡᠭᠦᠯᠬᠦ ᠪᠠᠷ ᠡᠵᠡᠮᠰᠢᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠣᠣᠷᠠᠬᠢ ᠠᠵᠢᠯ ᠤᠳ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠲᠤᠪᠤᠶᠢᠯᠭᠠᠵᠤ᠂ ᠠᠮᠢ ᠠᠬᠤᠢ ᠶᠢᠨ ᠣᠷᠴᠢᠨ | ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠨᠡᠩ ᠶᠡᠭᠡ ᠡᠷᠴᠢᠮ ᠢᠶᠠᠷ ᠲᠦᠯᠬᠢᠨ ᠠᠬᠢᠭᠤᠯᠤᠨ᠎ᠠ᠃ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ | ᠪᠣᠯᠣᠨ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠢ ᠴᠢᠩᠭ᠎ᠠ ᠰᠠᠬᠢᠵᠤ᠂ ᠳᠡᠭᠡᠳᠦ ᠱᠠᠲᠤᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ | ᠨᠢᠭᠲᠠ ᠤᠶᠠᠯᠳᠤᠭᠤᠯᠵᠤ᠂ ᠤᠨᠢᠨ ᠳᠡᠭᠡᠷ᠎ᠡ ᠨᠢ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ | ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠬᠥᠬᠡ ᠲᠡᠭᠷᠢ ᠬᠥᠬᠡᠮᠳᠦᠭ ᠤᠰᠤ ᠴᠡᠪᠡᠷ | ᠬᠥᠷᠥᠰᠥ ᠶᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠨ᠎ᠠ᠃ | ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠪᠦᠬᠦ ᠣᠷᠣᠨ ᠪᠦᠰᠡ ᠪᠠᠷ ᠲᠦᠯᠬᠢᠨ ᠠᠬᠢᠭᠤᠯᠤᠨ᠎ᠠ᠃ | ᠪᠡᠷᠬᠡ ᠰᠡᠳᠦᠪ ᠢ ᠰᠢᠢᠳᠪᠦᠷᠢᠯᠡᠬᠦ ᠪᠠᠶᠢᠳᠠᠯ ᠪᠠ ᠰᠢᠢᠳᠪᠦᠷᠢᠲᠦ ᠪᠠᠶᠢᠯᠳᠤᠭᠠᠨ ᠤ ᠪᠠᠶᠢᠳᠠᠯ ᠢ ᠢᠮᠠᠭᠲᠠ ᠪᠠᠷᠢᠮᠲᠠᠯᠠᠵᠤ᠂ | ᠬᠠᠮᠤᠭ ᠤᠨ ᠪᠣᠳᠠᠲᠠᠢ ᠣᠪᠣᠷ ᠰᠤᠷᠲᠠᠯ᠂ ᠬᠠᠮᠤᠭ ᠤᠨ ᠰᠢᠯᠢᠳᠡᠭ ᠦᠷ᠎ᠡ ᠪᠦᠲᠦᠮᠵᠢ ᠪᠠᠷ ᠰᠢᠨ᠎ᠡ ᠨᠢᠭᠡ ᠡᠭᠡᠯᠵᠢ ᠶᠢᠨ | ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠤᠭᠲᠤᠬᠤ ᠬᠡᠷᠡᠭᠲᠡᠢ᠃ ᠡᠬᠢ | ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠪᠦᠬᠦ ᠶᠠᠪᠤᠴᠠ ᠳᠤ ᠴᠢᠩᠭ᠎ᠠ ᠬᠠᠮᠢᠶᠠᠷᠬᠤ᠂ ᠬᠠᠷᠠᠯᠲᠠ ᠶᠢ ᠭᠡᠳᠡᠷᠭᠦ | ᠰᠢᠬᠠᠮᠳᠠᠭᠤᠯᠬᠤ ᠶᠢ ᠬᠡᠷᠡᠭᠵᠢᠭᠦᠯᠵᠦ᠂ ᠡᠷᠬᠢᠨ ᠲᠣᠭᠤᠷᠢᠨ ᠤ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠳᠤᠯ ᠢ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠠᠵᠤ | ᠦᠢᠯᠡᠳᠪᠦᠷᠢ ᠶᠢᠨ ᠪᠣᠬᠢᠷᠳᠤᠯ ᠤᠨ ᠡᠬᠢ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠣᠽᠣᠨ ᠤ ᠪᠣᠬᠢᠷᠳᠤᠯ ᠢ ᠬᠠᠮᠵᠢᠯᠴᠠᠨ ᠵᠠᠰᠠᠬᠤ ᠶᠢ | ᠠᠬᠢᠭᠤᠯᠵᠤ᠂ 7 ᠠᠵᠤ ᠠᠬᠤᠶᠢᠯᠠᠯ ᠤᠨ ᠣᠨᠴᠠᠭᠠᠢ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ | ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ 3000 ᠡᠷᠦᠬᠡ ᠶᠢᠨ ᠠᠷᠢᠭᠤᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠪᠦᠬᠦ ᠵᠢᠯ ᠤᠨ ᠠᠭᠠᠷ ᠤᠨ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ ᠢ 75% ᠠᠴᠠ ᠳᠡᠭᠡᠭᠰᠢ ᠳᠤ ᠬᠦᠷᠭᠡᠨ᠎ᠡ᠃ ᠬᠥᠷᠥᠰᠥ ᠰᠢᠷᠣᠢ ᠶᠢᠨ ᠪᠣᠬᠢᠷᠳᠤᠯ ᠢ | ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠵᠠᠰᠠᠬᠤ ᠲᠥᠷᠥᠯ | ᠵᠦᠢᠯ ᠢ ᠰᠢᠨ᠎ᠡ ᠪᠠᠷ ᠪᠠᠶᠢᠭᠤᠯᠵᠤ᠂ ᠮᠧᠩ ᠼᠣᠣ ᠵᠣᠣ ᠿᠢ ᠨᠡᠭᠦᠷᠡᠰᠦᠨ ᠴᠢᠯᠠᠭᠤ ᠶᠢ ᠣᠷᠣᠨ ᠪᠦᠰᠡ ᠬᠤᠪᠢᠶᠠᠨ | ᠰᠢᠢᠳᠪᠦᠷᠢᠯᠡᠬᠦ ᠲᠠᠯᠠᠪᠠᠶ ᠶᠢ ᠪᠠᠶᠢᠭᠤᠯᠤᠨ᠎ᠠ᠃ ︽ᠡᠰᠡ ᠴᠤ ᠠᠭᠤᠴᠢᠯᠠᠬᠤ︾ ᠰᠦᠷ ᠬᠦᠴᠦᠲᠦ ᠪᠠᠶᠢᠳᠠᠯ ᠢ | ᠪᠠᠲᠤᠯᠠᠵᠤ᠂ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ | ᠲᠦᠷᠭᠡᠨ ᠪᠥᠭᠡᠳ ᠴᠢᠩᠭ᠎ᠠ ᠴᠣᠬᠢᠯᠲᠠ ᠥᠭᠭᠦᠨ᠎ᠡ᠃ | ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ ᠶᠢ ᠪᠥᠬᠦ ᠬᠤᠷᠳᠤᠴᠠ ᠪᠠᠷ ᠠᠬᠢᠭᠤᠯᠤᠨ᠎ᠠ᠃ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠳᠡᠶᠢᠯᠦᠩᠭᠦᠢ ᠪᠠᠶᠢᠷᠢᠨ ᠳᠤ | ᠲᠠᠯᠪᠢᠵᠤ᠂ ᠠᠭᠤᠷᠬᠠᠢ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠲᠡᠷᠭᠡ ᠶᠢ ᠵᠠᠰᠠᠬᠤ᠂ ᠤᠰᠤ ᠶᠢ ᠵᠠᠰᠠᠬᠤ᠂ | ᠵᠠᠮ ᠢ ᠵᠠᠰᠠᠬᠤ᠂ ᠰᠢᠲᠠᠮᠠᠬᠠᠢ ᠬᠡᠢ ᠶᠢ ᠵᠠᠰᠠᠬᠤ᠂ ᠲᠠᠯᠠᠪᠠᠶ ᠶᠢ ᠵᠠᠰᠠᠬᠤ ᠳᠤ ᠣᠯᠠᠨ ᠲᠠᠯ᠎ᠠ ᠪᠠᠷ ᠬᠦᠴᠦᠯᠡᠬᠦ ᠶᠢ | ᠪᠠᠷᠢᠮᠲᠠᠯᠠᠵᠤ᠂ ᠠᠵᠤ ᠠᠬᠤᠶᠢᠯᠠᠯ ᠤᠨ ᠦᠨᠡᠨᠬᠦ ᠥᠭᠡᠷᠡᠴᠢᠯᠡᠵᠦ ᠦᠨᠡᠨᠬᠦ ᠵᠠᠰᠠᠬᠤ᠂ ︽ᠬᠤᠶᠠᠷ ᠬᠠᠷᠢᠭᠤᠴᠠᠯᠭ᠎ᠠ | ᠬᠤᠣᠰ ᠳᠠᠷᠤᠭ᠎ᠠ︾ ᠶᠢ ᠦᠨᠡᠨᠬᠦ ᠰᠢᠮᠳᠠᠭᠤᠯᠤᠨ ᠦᠨᠡᠨᠬᠦ ᠬᠠᠮᠢᠶᠠᠷᠬᠤ᠂ ᠪᠥᠬᠦ ᠴᠠᠷᠠᠭ᠎ᠠ ᠶᠢ ᠨᠢᠭᠡ | ᠴᠣᠭᠴᠠᠵᠢᠭᠤᠯᠬᠤ ᠶᠢ ᠰᠢᠮᠳᠠᠭᠤᠯᠤᠨ᠂ ᠰᠢᠷᠣᠢ ᠭᠠᠳᠠᠭᠰᠢᠯᠠᠭᠤᠯᠬᠤ ᠲᠠᠯᠠᠪᠠᠶ ᠶᠢ ᠵᠠᠯᠭᠠᠯᠳᠤᠭᠤᠯᠤᠨ ᠵᠠᠰᠠᠬᠤ ᠶᠢ | ᠲᠥᠪᠯᠡᠷᠡᠭᠦᠯᠦᠨ ᠠᠬᠢᠭᠤᠯᠵᠤ᠂ ᠨᠦᠬᠡ ᠮᠠᠯᠲᠠᠭᠰᠠᠨ ᠭᠠᠵᠠᠷ ᠢ ᠡᠭᠡᠭᠦᠯᠦᠨ ᠪᠥᠭᠯᠡᠵᠦ ᠰᠢᠷᠣᠢ ᠬᠥᠷᠪᠡᠭᠦᠯᠬᠦ᠂ ᠭᠠᠯ ᠤᠨ | ᠴᠡᠭ ᠢ ᠬᠥᠳᠡᠯᠦᠩᠭᠦᠢ ᠪᠠᠷ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠰᠤᠬᠠᠶᠢᠲᠣ | ᠵᠢᠵᠢᠭ ᠲᠡᠮᠦᠷ ᠮᠠᠯᠠᠭᠠᠢ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠥᠨᠳᠥᠷ | ᠪᠠᠷᠢᠮᠵᠢᠶ᠎ᠠ ᠪᠠᠷ ᠲᠦᠯᠬᠢᠨ ᠠᠬᠢᠭᠤᠯᠤᠨ᠎ᠠ᠃ ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ | ᠪᠠᠶᠢᠭᠤᠯᠬᠤ ᠶᠢ ᠲᠦᠷᠭᠡᠳᠬᠡᠵᠦ᠂ ᠬᠤᠯᠪᠤᠭᠠᠯᠠᠨ ᠭᠠᠳᠠᠭᠰᠢᠯᠠᠭᠤᠯᠬᠤ ᠬᠤᠯᠪᠤᠭᠠᠯᠠᠨ ᠵᠠᠰᠠᠬᠤ ᠬᠤᠯᠪᠤᠭᠠᠯᠠᠨ | ᠮᠠᠯᠲᠠᠬᠤ ᠶᠢ ᠪᠡᠶᠡᠯᠡᠭᠦᠯᠦᠨ᠎ᠡ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠣᠶᠤᠨᠴᠢ ᠬᠠᠮᠢᠶᠠᠷᠤᠯᠲᠠ ᠶᠢᠨ | ᠲᠠᠪᠴᠠᠩ ᠢ ᠭᠦᠢᠴᠡᠳ ᠠᠰᠢᠭᠯᠠᠨ᠂ ᠰᠢᠨ᠎ᠡ ᠡᠨᠧᠷᠭᠢ ᠶᠢᠨ ᠲᠡᠷᠭᠡ ᠬᠥᠰᠬᠡ ᠶᠢ ᠳᠡᠯᠭᠡᠷᠡᠭᠦᠯᠦᠨ ᠬᠡᠷᠡᠭᠯᠡᠵᠦ᠂ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠰᠠᠭᠠᠳ ᠦᠭᠡᠢ ᠪᠥᠭᠡᠳ ᠡᠮᠬᠢ ᠵᠢᠷᠤᠮ ᠲᠠᠢ ᠣᠷᠣᠨ | ᠪᠦᠰᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠤᠰᠤ ᠠᠷᠪᠢᠯᠠᠬᠤ ᠨᠡᠶᠢᠭᠡᠮ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ | ᠳᠦᠷᠪᠡᠨ ᠤᠰᠤ ᠪᠠᠷ ᠳᠥᠷᠪᠡ ᠶᠢ ᠲᠣᠭᠲᠠᠭᠠᠬᠤ︾ ᠶᠢ ᠪᠠᠷᠢᠮᠲᠠᠯᠠᠨ᠂ ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠢ ᠶᠢᠨ ᠤᠰᠤ ᠬᠡᠷᠡᠭᠯᠡᠬᠦ ᠪᠦᠲᠦᠴᠡ ᠶᠢ ᠨᠢᠭᠡᠳᠦᠯᠲᠡᠢ ᠲᠥᠯᠥᠪᠯᠡᠨ ᠰᠢᠯᠢᠳᠡᠭᠵᠢᠭᠦᠯᠵᠦ ᠤᠰᠤᠨ ᠤ ᠡᠬᠢ | ᠪᠠᠶᠠᠯᠢᠭ ᠢ ᠨᠠᠷᠢᠯᠢᠭ ᠪᠤᠳᠤᠵᠤ ᠰᠠᠶᠢᠲᠤᠷ ᠬᠡᠷᠡᠭᠯᠡᠨ᠂ ᠤᠰᠤᠨ ᠤ ᠭᠦᠢᠴᠡᠳᠬᠡᠬᠦ ᠲᠤᠭ᠎ᠠ ᠶᠢ ᠴᠢᠩᠭ᠎ᠠ ᠨᠢᠮᠪᠠᠢ | ᠰᠠᠶᠢᠲᠤᠷ ᠬᠠᠮᠢᠶᠠᠷᠤᠨ᠎ᠠ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ | ᠬᠠᠳᠤᠨ ᠭᠤᠣᠯ ᠤᠨ ᠰᠠᠪᠠ ᠭᠠᠵᠠᠷ ᠤᠨ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢ ᠲᠤᠰᠬᠠᠢ | ᠵᠦᠢᠯ ᠢᠶᠠᠷ ᠴᠡᠭᠴᠡᠯᠡᠨ ᠵᠠᠰᠠᠬᠤ ᠪᠠ ︽ᠬᠠᠶᠠᠭᠳᠠᠮᠠᠯ ᠪᠣᠳᠠᠰ ᠢ ᠠᠷᠢᠯᠭᠠᠬᠤ ᠠᠵᠢᠯᠯᠠᠭ᠎ᠠ︾ ᠶᠢ ᠭᠦᠨᠵᠡᠭᠡᠢ | ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷ᠎ᠡ ᠶᠢ ᠵᠠᠰᠠᠬᠤ︾ ᠶᠢ | ᠪᠠᠶᠢᠩᠭᠤᠵᠢᠭᠤᠯᠤᠨ ᠲᠦᠯᠬᠢᠨ ᠠᠬᠢᠭᠤᠯᠤᠨ᠎ᠠ᠃ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ | ᠪᠦᠬᠦ ᠲᠠᠯ᠎ᠠ ᠪᠠᠷ ᠥᠷᠨᠢᠭᠦᠯᠦᠨ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠠ ᠠᠵᠤ | ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ 5 | ᠵᠦᠢᠯᠡᠰ ᠢ ᠬᠡᠷᠡᠭᠵᠢᠭᠦᠯᠵᠦ᠂ ᠳ᠋ᠦᠩᠶᠤᠸᠠᠨ ᠤ ᠲᠦᠮᠡᠨ ᠮᠦ ᠲᠠᠷᠢᠶᠠᠨ ᠭᠠᠵᠠᠷ ᠤᠨ ᠥᠨᠳᠥᠷ ᠪᠦᠲᠦᠮᠵᠢᠲᠡᠶ ᠤᠰᠤ | ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠵᠤ᠂ ᠪᠣᠷᠣᠭᠠᠨ ᠪᠣᠬᠢᠷᠳᠤᠯ ᠢ ᠰᠠᠯᠭᠠᠨ | ᠲᠣᠬᠢᠷᠠᠭᠤᠯᠬᠤ᠂ ᠪᠣᠷᠣᠭᠠᠨ ᠦᠶᠡᠷ ᠢ ᠬᠤᠷᠠᠮᠳᠤᠭᠤᠯᠤᠨ ᠠᠰᠢᠭᠯᠠᠬᠤ ᠨᠢᠭᠡ ᠪᠦᠯᠦᠭ ᠢᠨᠵᠧᠨᠧᠷᠢᠩ ᠢ | ᠰᠦᠪᠡᠭᠴᠢᠯᠡᠵᠦ᠂ ᠬᠡᠪ ᠤᠨ ᠪᠤᠰᠤ ᠤᠰᠤᠨ ᠤ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠰᠤ ᠬᠡᠷᠡᠭᠯᠡᠬᠦ | ᠠᠷᠭ᠎ᠠ ᠮᠠᠶ᠋ᠢᠭ ᠢ ᠪᠦᠳᠦᠭᠦᠯᠢᠭ ᠪᠥᠭᠡᠳ ᠳᠣᠣᠷ᠎ᠠ ᠦᠷ᠎ᠡ ᠪᠦᠲᠦᠮᠵᠢ ᠲᠠᠢ ᠪᠠᠶᠢᠭᠰᠠᠨ ᠠᠴᠠ ᠨᠢ ᠠᠷᠪᠢᠲᠠᠢ ᠡᠷᠴᠢᠮᠯᠢᠭ | ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠎ᠠ᠃ ︽ᠬᠤᠣᠰ ᠨᠡᠭᠦᠷᠡᠰᠦᠲᠥ᠋ᠷᠥᠭᠴᠢ︾ ︽ᠬᠤᠶᠠᠷ ᠢ ᠡᠵᠡᠮᠳᠡᠬᠦ︾ ᠪᠠᠷ ᠴᠢᠩᠭ᠎ᠠ | ᠬᠢᠵᠠᠭᠠᠷᠯᠠᠯ ᠪᠣᠯᠭᠠᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ ᠪᠠ ᠦᠯᠡᠳᠡᠭᠡᠯ ᠬᠡᠮᠵᠢᠶ᠎ᠡ ᠶᠢ ᠪᠠᠭᠠᠰᠬᠠᠬᠤ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠴᠢᠬᠤᠯᠠ ᠶᠡᠭᠡ ᠠᠵᠢᠯ ᠲᠥᠷᠥᠯ ᠪᠠ ᠭᠤᠣᠯᠳᠠᠯᠭ᠎ᠠ ᠲᠠᠢ | ᠬᠦᠷᠢᠶᠡᠨ ᠳᠠᠬᠢ ᠪᠣᠬᠢᠷᠳᠤᠯ ᠦᠭᠡᠢ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︽ᠬᠤᠶᠠᠷ ᠥᠨᠳᠦᠷ︾ ᠲᠥᠷᠥᠯ | ᠵᠦᠢᠯ ᠢ ᠡᠷᠡᠰ ᠬᠤᠷᠢᠭᠯᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠨᠧᠷᠭᠢ ᠶᠡᠭᠡ | ᠬᠤᠷᠣᠭᠳᠠᠭᠤᠯᠬᠤ ᠲᠥᠷᠥᠯ ᠵᠦᠢᠯ ᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ | ︽ᠦᠬᠦᠰᠢᠷᠡᠮᠡᠯ ᠠᠵᠤ ᠠᠬᠤᠶᠢᠯᠠᠯ︾ ᠢ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠦᠢᠯᠡᠳᠪᠦᠷᠢᠯᠡᠬᠦ ᠴᠢᠳᠠᠪᠤᠷᠢ | ᠨᠢ ᠦᠯᠡᠭᠦᠳᠡᠭᠰᠡᠨ 5 ᠵᠦᠢᠯᠡᠰ ᠢ ᠭᠡᠭᠡᠭᠳᠡᠭᠦᠯᠵᠦ᠂ ᠵᠢᠶᠦ᠋ᠨ ᠵᠧᠩ᠂ ᠢ ᠬᠤᠸᠠ ᠵᠡᠷᠭᠡ ᠠᠵᠤ ᠠᠬᠤᠶᠢᠯᠠᠯ ᠤᠨ 3 | ᠲᠦᠮᠡᠨ ᠺᠢᠯᠣᠸᠣᠯᠲ ᠠᠮᠫᠧᠷ ᠠᠴᠠ ᠳᠣᠷᠣᠭᠰᠢᠬᠢ ᠠᠭᠤᠷᠬᠠᠢ ᠶᠢᠨ ᠢᠯᠴᠢ ᠶᠢᠨ ᠵᠤᠤᠬ᠎ᠠ ᠶᠢ ᠪᠦᠬᠦ ᠲᠠᠯ᠎ᠠ ᠪᠠᠷ | ᠪᠤᠴᠠᠭᠠᠨ ᠭᠠᠷᠭᠠᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠮᠡᠷᠭᠡᠵᠢᠯ ᠤᠨ ᠲᠠᠰ ᠳᠡᠪᠰᠢᠬᠦ ᠶᠢ | ᠲᠦᠷᠭᠡᠳᠬᠡᠵᠦ᠂ ᠾᠧᠩ ᠶᠧ ᠴᠧᠩ ᠤᠨ ᠡᠨᠧᠷᠭᠢ ᠠᠷᠪᠢᠯᠠᠬᠤ ᠶᠢ ᠰᠢᠯᠢᠳᠡᠭᠵᠢᠭᠦᠯᠬᠦ᠂ ᠪᠣᠬᠢᠷ ᠤᠰᠤ ᠶᠢ | ᠰᠢᠢᠳᠪᠦᠷᠢᠯᠡᠵᠦ ᠥᠭᠡᠷᠡᠴᠢᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠦᠨ᠂ ᠨᠡᠭᠦᠷᠡᠰᠦ ᠤᠬᠢᠶᠠᠵᠤ ᠰᠢᠯᠢᠬᠦ ᠠᠵᠢᠯ | ᠲᠥᠷᠥᠯ ᠤᠨ ᠲᠤᠰᠬᠠᠢ ᠵᠠᠰᠠᠯᠲᠠ ᠶᠢ ᠥᠷᠨᠢᠭᠦᠯᠵᠦ᠂ ᠨᠠᠭᠦᠷᠡᠰᠦᠨ ᠤ ᠵᠢᠵᠢᠭ ᠠᠵᠤ ᠠᠬᠤᠶᠢᠯᠠᠯ ᠢ ᠴᠡᠪᠡᠷᠯᠡᠬᠦ ᠶᠢ | ᠪᠡᠶᠡᠯᠡᠭᠦᠯᠦᠨ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ | ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ︽ᠠᠯᠳᠡᠠ ᠤ | ᠠᠭᠤᠯᠤᠭᠳᠠᠴᠠ︾ ︽ᠰᠢᠨ᠎ᠡ ᠶᠢᠨ ᠠᠭᠤᠯᠤᠭᠳᠠᠴᠠ︾ ︽ᠪᠣᠬᠢᠷᠳᠠᠯ ᠦᠭᠡᠢ ᠶᠢᠨ ᠠᠭᠤᠯᠤᠭᠳᠠᠴᠠ︾ ᠶᠢ | ᠳᠡᠭᠡᠭᠰᠢᠯᠡᠭᠦᠯᠦᠨ᠎ᠡ᠃ | ︵ᠬᠤᠶᠠᠷ︶ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠤᠪᠤᠶᠢᠯᠭᠠᠵᠤ᠂ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠡᠩ ᠶᠡᠭᠡ ᠡᠷᠴᠢᠮ ᠢᠶᠠᠷ ᠲᠦᠯᠬᠢᠨ ᠠᠬᠢᠭᠤᠯᠤᠨ᠎ᠠ᠃ | ᠥᠭᠡᠷᠡᠴᠢᠯᠡᠬᠦ ᠪᠠ ᠳᠡᠭᠡᠭᠰᠢᠯᠡᠭᠦᠯᠬᠦ ᠶᠢᠨ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠦᠯᠡᠳᠡᠭᠡᠯ ᠪᠠ | ᠨᠡᠮᠡᠭᠳᠡᠯ ᠤᠨ ᠬᠡᠮᠵᠢᠶ᠎ᠡ ᠶᠢ ᠵᠡᠷᠭᠡᠪᠡᠷ ᠠᠳᠬᠤᠵᠤ᠂ ᠡᠪᠳᠡᠬᠦ ᠪᠠᠶᠢᠭᠤᠯᠬᠤ ᠶᠢ ᠵᠡᠷᠭᠡᠪᠡᠷ ᠠᠳᠬᠤᠵᠤ᠂ ᠨᠡᠮᠡᠬᠦ | ᠬᠠᠰᠤᠬᠤ ᠶᠢ ᠵᠡᠷᠭᠡᠪᠡᠷ ᠬᠢᠵᠦ᠂ ᠦᠷᠭᠦᠯᠵᠢᠯᠡᠨ ᠬᠡᠯᠬᠢᠶᠡᠵᠢᠯ ᠢ ᠪᠠᠲᠤᠳᠬᠠᠨ ᠬᠡᠯᠬᠢᠶᠡᠵᠢᠯ ᠢ ᠤᠷᠲᠤᠳᠬᠠᠵᠤ | ᠬᠡᠯᠬᠢᠶᠡᠵᠢᠯ ᠢ ᠨᠥᠬᠦᠪᠦᠷᠢᠯᠡᠨ ᠬᠡᠯᠬᠢᠶᠡᠵᠢᠯ ᠢ ᠴᠢᠩᠭᠠᠳᠬᠠᠵᠤ᠂ ᠣᠯᠠᠨ ᠬᠡᠯᠬᠢᠶᠡᠵᠢᠯ ᠤᠨ ᠠᠭᠤᠰᠤᠯᠴᠠᠭᠰᠠᠨ᠂ ᠪᠥᠬᠦ | ᠬᠡᠯᠬᠢᠶᠡᠵᠢᠯ ᠤᠨ ᠪᠥᠭᠡᠭᠡᠨᠡᠷᠡᠯ ᠤᠨ ᠠᠵᠤ ᠦᠢᠯᠡᠰ ᠤᠨ ᠪᠠᠶᠢᠷᠢᠰᠢᠯ ᠢ ᠪᠣᠶ ᠪᠣᠯᠭᠠᠨ᠎ᠠ᠃ | ᠠᠵᠤ ᠦᠢᠯᠡᠰ ᠤᠨ ᠬᠡᠯᠬᠢᠶ᠎ᠡ ᠶᠢᠨ ᠥᠷᠢᠰᠦᠯᠳᠦᠬᠦ ᠳᠠᠪᠠᠭᠤᠯᠢᠭ ᠢ ᠳᠡᠭᠡᠭᠰᠢᠯᠡᠭᠦᠯᠦᠨ᠎ᠡ᠃ ᠣᠷᠭᠠᠨᠢᠭ | ᠴᠠᠬᠢᠭᠤᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠵᠦ᠂ ᠰᠢᠩ ᠹᠠ᠂ ᠾᠧᠩ ᠶᠧ ᠴᠧᠩ | ᠣᠷᠭᠠᠨᠢᠭ ᠴᠠᠬᠢᠭᠤᠷ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠽᠧ ᠮᠧᠶ ᠣᠨᠴᠠ ᠲᠥᠷᠥᠯ ᠤᠨ | ᠴᠠᠬᠢᠭᠤᠷ ᠤᠨ ᠲᠣᠰᠣ᠂ ᠾᠦᠢ ᠹᠦ᠋ ᠴᠠᠭᠠᠨ ᠨᠡᠭᠦᠷᠡᠰᠦᠨ ᠬᠥ᠋ ᠵᠡᠷᠭᠡ ᠲᠥᠷᠥᠯ ᠵᠦᠢᠯ ᠢ ᠲᠦᠷᠭᠡᠬᠡᠨ | ᠨᠠᠶᠢᠳᠠᠪᠤᠷᠢᠵᠢᠭᠤᠯᠵᠤ᠂ ᠴᠠᠬᠢᠭᠤᠷᠲᠤ ᠭᠤᠮ᠂ ᠨᠡᠭᠦᠷᠡᠰᠦᠲᠥ᠋ᠷᠥᠭᠴᠢᠲᠦ ᠴᠠᠬᠢᠭᠤᠷ ᠤᠨ ᠰᠢᠷᠬᠡᠭ ᠵᠡᠷᠭᠡ ᠳᠣᠣᠷᠠᠳᠤ | ᠤᠷᠤᠰᠬᠠᠯ ᠤᠨ ᠦᠢᠯᠡᠳᠬᠦᠨ ᠢ ᠵᠡᠷᠭᠡᠪᠡᠷ ᠪᠣᠶᠢᠵᠢᠭᠤᠯᠤᠨ᠎ᠠ᠃BDO ᠠᠵᠤ ᠦᠢᠯᠡᠰ ᠤᠨ ᠬᠡᠯᠬᠢᠶ᠎ᠡ ᠶᠢ ᠶᠡᠬᠡᠪᠡᠷ | ᠬᠥᠭᠵᠢᠭᠦᠯᠵᠦ᠂ ᠵᠢᠶᠦ᠋ᠨ ᠵᠧᠩ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠴᠢᠯ ᠠᠵᠤ | ᠦᠢᠯᠡᠰ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠪᠥᠬᠦ ᠲᠠᠯ᠎ᠠ ᠪᠠᠷ ᠠᠵᠢᠯ ᠡᠬᠢᠯᠡᠭᠦᠯᠬᠦ ᠶᠢ ᠠᠬᠢᠭᠤᠯᠵᠤ | ᠂ ᠳ᠋ᠦᠩ ᠶᠤᠸᠠᠨ ᠬᠤᠶᠠᠳᠤᠭᠠᠷ ᠬᠤᠭᠤᠴᠠᠭᠠᠨ ᠤ BDO ᠲᠥᠷᠥᠯ ᠵᠦᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠢ ᠳ᠋ᠠ ᠳ᠋ᠦᠢ | ᠾᠯᠣᠷᠲᠤ ᠹᠧᠨᠤᠯ᠂ ᠯᠠᠨᠶᠠ ᠲᠠᠮᠠᠬᠢᠨ ᠱᠦᠯᠲᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠶᠤᠸᠠᠨ ᠬᠤᠩ ᠳᠥᠷᠪᠡᠳᠦᠭᠡᠷ ᠬᠤᠭᠤᠴᠠᠭ᠎ᠠ᠂ ᠶᠢᠨ ᠳ᠋ᠠ ᠬᠤᠶᠠᠷ ᠾᠯᠣᠷᠲᠤ ᠮᠧᠲ᠋ᠢᠯ ᠪᠧᠨ᠋ᠽᠧᠨ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠯᠢᠶᠠᠨ ᠴᠢᠶᠦ᠋ᠨ ᠬᠢᠮᠢ ᠶᠢᠨ ᠠᠵᠤ | ᠦᠢᠯᠡᠳᠪᠦᠷᠢ᠂ ᠢ ᠽᠧ ᠡᠮ ᠦᠶᠯᠡᠳᠬᠦ ᠵᠡᠷᠭᠡ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠢᠳᠴᠢᠯᠠᠨ ᠪᠠᠶᠢᠷᠢᠰᠢᠭᠤᠯᠵᠤ᠂ | ᠴᠠᠬᠢᠯᠭᠠᠨ ᠬᠦᠴᠦᠨ ᠢ ᠰᠢᠩᠭᠡᠬᠡᠨ ᠬᠡᠷᠡᠭᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠪᠦᠬᠦ ᠬᠡᠯᠬᠢᠶ᠎ᠡ ᠪᠠᠷ ᠬᠥᠭᠵᠢᠭᠦᠯᠵᠦ᠂ ᠰᠢᠰᠲ᠋ᠧᠮ ᠲᠠᠢ ᠪᠠᠷ ᠠᠬᠢᠭᠤᠯᠵᠤ᠂ ᠤᠯᠤᠰ ᠤᠨ ᠡᠨᠧᠷᠭᠢ | ᠲᠥᠪᠯᠡᠷᠡᠭᠰᠡᠨ ᠮᠠᠶ᠋ᠢᠭ ᠤᠨ᠂ ᠳ᠋ᠠ ᠲᠠᠩ ᠤᠨ ᠲᠠᠷᠬᠠᠯᠲᠠ ᠶᠢᠨ ᠬᠡᠯᠪᠡᠷᠢ ᠶᠢᠨ᠂ ︽ᠭᠡᠷᠡᠯ ᠸᠣᠯᠲ + ᠠᠮᠢ ᠠᠬᠤᠢ ᠶᠢ | ᠵᠠᠰᠠᠨ ᠰᠡᠷᠭᠦᠭᠡᠬᠦ︾ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠶᠧ ᠰᠢᠨ ᠳ᠋ᠦᠩ | ᠯᠢ ᠮᠥᠬᠦᠯᠢᠭᠲᠦ ᠴᠠᠬᠢᠭᠤᠷ᠂ ᠳ᠋ᠦᠩ ᠶᠤᠸᠠᠨ ᠲᠠᠩ ᠲᠠᠯᠠᠰᠲᠤ ᠳ᠋ᠢᠶᠠᠨ ᡂᠢ ᠶᠢᠨ ᠲᠤᠨᠤᠭ ᠲᠥᠬᠦᠭᠡᠷᠦᠮᠵᠢ ᠵᠡᠷᠭᠡ | ᠲᠦᠷᠦᠯ ᠵᠦᠢᠯ ᠢ ᠡᠬᠢᠯᠡᠭᠦᠯᠵᠦ᠂ ᠬᠠᠢ ᠢ ᠶᠢᠨ ᠭᠡᠷᠡᠯ ᠤᠰᠤᠲᠥ᠋ᠷᠥᠭᠴᠢ ᠶᠢ ᠨᠡᠪᠲᠡᠷᠡᠭᠦᠯᠦᠨ ᠨᠥᠭᠡᠴᠡᠯᠡᠵᠦ | ᠴᠡᠨᠡᠭᠯᠡᠬᠦ ᠶᠢ ᠨᠢᠭᠡ ᠴᠣᠭᠴᠠᠵᠢᠭᠤᠯᠤᠭᠰᠠᠨ ᠰᠠᠭᠤᠷᠢᠨ ᠭᠠᠵᠠᠷ ᠢ ᠪᠤᠵᠠᠭᠠᠶᠢᠷᠠᠭᠤᠯᠵᠤ᠂ ᠠᠵᠤ ᠦᠢᠯᠡᠰ ᠤᠨ | ᠪᠥᠭᠡᠮᠨᠡᠷᠡᠨ ᠪᠦᠯᠦᠭᠯᠡᠬᠦ ᠶᠢ ᠠᠬᠢᠭᠤᠯᠤᠨ᠎ᠠ᠃ | ᠲᠥᠷᠥᠯ ᠵᠦᠢᠯ ᠤᠨ ᠰᠢᠪᠲᠤᠯᠤᠯᠲᠠ ᠶᠢ ᠬᠦᠴᠦ ᠪᠠᠨ ᠲᠥᠪᠯᠡᠷᠡᠭᠦᠯᠦᠨ ᠠᠬᠢᠭᠤᠯᠤᠨ᠎ᠠ᠃ ︽ᠲᠥᠷᠥᠯ | ᠵᠦᠢᠯ ᠢᠶᠠᠷ ᠸᠠᠩ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ᠬᠡᠯᠬᠢᠶᠡᠨ ᠤ ᠳᠠᠷᠤᠭ᠎ᠠ ᠶᠢᠨ | ᠳᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠵᠢᠯ ᠳᠤ 33 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ | ᠲᠥᠷᠥᠯ ᠵᠦᠢᠯ ᠢ ᠬᠡᠷᠡᠭᠵᠢᠭᠦᠯᠦᠨ᠎ᠡ᠃ ᠬᠤᠳᠠᠯᠳᠤᠭᠠᠴᠢᠨ ᠪᠠ ᠪᠡᠯᠡ ᠮᠥᠩᠭᠦ ᠶᠢ ᠰᠣᠩᠭᠤᠬᠤ ᠶᠢ ᠰᠠᠶᠢᠲᠤᠷ ᠬᠢᠵᠦ᠂ | ᠪᠥᠬᠦ ᠬᠦᠷᠢᠶ᠎ᠡ ᠴᠠᠷᠠᠭ᠎ᠠ᠂ ᠪᠥᠬᠦ ᠬᠡᠯᠬᠢᠶ᠎ᠡ᠂ ᠪᠥᠬᠦ ᠬᠦᠴᠦᠨ ᠵᠦᠢᠯ ᠤᠨ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠬᠤ ᠶᠢ ᠴᠢᠩᠭᠠᠳᠬᠠᠨ᠂ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ᠂ ︽ᠭᠠᠭᠴᠠ ᠪᠠᠷ | ᠮᠠᠩᠯᠠᠶᠢᠯᠠᠬᠤ︾ ᠪᠠ ︽ᠬᠡᠯᠬᠢᠶ᠎ᠡ︾ ᠶᠢᠨ ᠲᠥᠷᠥᠯ ᠵᠦᠢᠯ ᠢ ᠬᠦᠴᠦᠯᠡᠨ ᠲᠠᠲᠠᠵᠤ᠂ ᠭᠠᠵᠠᠷ ᠬᠡᠷᠡᠭᠯᠡᠬᠦ᠂ | ᠴᠢᠳᠠᠪᠤᠷᠢ ᠶᠢ ᠦᠨᠡᠯᠡᠬᠦ᠂ ᠣᠷᠴᠢᠨ ᠲᠣᠭᠤᠷᠢᠨ ᠤ ᠦᠨᠡᠯᠡᠯᠲᠡ ᠶᠢ ᠦᠨᠡᠯᠡᠬᠦ ᠵᠡᠷᠭᠡ ᠤᠷᠢᠳᠠᠴᠢ ᠦᠢᠯᠡᠴᠢᠯᠡᠭᠡ ᠶᠢ | ᠱᠠᠯᠠᠪᠳᠠᠨ ᠥᠷᠨᠢᠭᠦᠯᠵᠦ᠂ ᠬᠦᠴᠦᠨ ᠵᠦᠢᠯ ᠤᠨ ᠭᠦᠢᠴᠡᠳᠬᠡᠯ ᠲᠤᠭ᠎ᠠ ᠶᠢ ᠡᠩ ᠲᠡᠷᠢᠭᠦᠨ ᠳᠤ ᠠᠵᠤ ᠦᠢᠯᠡᠰ ᠤᠨ | ᠬᠤᠭᠤᠰᠤᠨ ᠢ ᠨᠥᠬᠦᠪᠦᠷᠢᠯᠡᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠲᠠᠰ | ᠳᠡᠪᠰᠢᠬᠦ ᠶᠢ ᠠᠬᠢᠭᠤᠯᠬᠤ ᠰᠢᠯᠢᠳᠡᠭ ᠲᠥᠷᠥᠯ ᠵᠦᠢᠯ ᠳᠠᠰᠢ ᠬᠡᠯᠪᠡᠶᠢᠯᠭᠡᠨ᠎ᠡ᠃ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ︽ᠬᠤᠷᠳᠤᠴᠠ︾ ᠶᠢ ᠲᠦᠷᠭᠡᠳᠬᠡᠵᠦ᠂ ᠤᠳᠤᠷᠢᠳᠤᠯᠭ᠎ᠠ ᠠᠴᠠ ᠴᠡᠭ ᠲᠤ ᠴᠢᠭᠯᠡᠭᠦᠯᠦᠨ ᠠᠵᠤ | ᠠᠬᠤᠶᠢᠯᠠᠯ ᠢ ᠳᠠᠭᠠᠭᠠᠴᠢᠯᠠᠬᠤ᠂ ᠰᠠᠯᠠᠭ᠎ᠠ ᠮᠥᠴᠢᠷ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠠᠵᠤ | ᠠᠬᠤᠶᠢᠯᠠᠯ ᠢ ᠬᠠᠪᠰᠤᠷᠬᠤ᠂ ᠲᠤᠰᠬᠠᠢ ᠠᠩᠭᠢ ᠲᠤᠰᠬᠠᠢ ᠬᠥᠮᠥᠨ ᠬᠤᠯᠪᠤᠭᠠᠯᠠᠨ ᠠᠵᠤ ᠠᠬᠤᠶᠢᠯᠠᠯ ᠲᠠᠢ | ᠬᠤᠯᠪᠣᠭᠠᠯᠠᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠲᠦᠷᠦᠯ ᠵᠦᠢᠯ ᠤᠨ ᠪᠦᠬᠦ ᠰᠢᠰᠲ᠋ᠧᠮ ᠤᠨ | ᠲᠣᠬᠢᠷᠠᠭᠤᠯᠤᠯᠲᠠ᠂ ᠪᠦᠬᠦ ᠶᠠᠪᠤᠴᠠ ᠶᠢᠨ ᠦᠢᠯᠡᠴᠢᠯᠡᠭᠡ᠂ ᠪᠦᠬᠦ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ | ᠳᠤᠮᠳᠠᠬᠢ ᠲᠦᠭᠵᠢᠷᠡᠯ ᠢ ᠪᠦᠬᠦ ᠬᠦᠴᠦᠨ ᠢᠶᠠᠷ ᠢᠶᠠᠨ ᠨᠠᠪᠲᠠᠷᠡᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡ ᠶᠢᠨ | ︽ᠬᠠᠯᠠᠭᠤᠨ︾ ᠢᠶᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠠᠯᠠᠭᠤᠨ︾ ᠢ ᠪᠤᠢ ᠪᠣᠯᠭᠠᠨ᠎ᠠ᠃ | ᠡᠵᠡᠩᠨᠡᠯᠲᠡ ᠶᠢᠨ ᠣᠷᠴᠢᠨ ᠲᠣᠭᠤᠷᠢᠨ ᠤ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠵᠤ᠂ ︽ | ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠢ ᠦᠷᠭᠦᠯᠵᠢᠯᠡᠨ ᠰᠠᠶᠢᠲᠤᠷ ᠡᠷᠭᠢᠯᠡᠵᠦ᠂ ︽ᠭᠡᠷᠡᠴᠢᠯᠡᠯ | ᠦᠭᠡᠢ︾ ᠬᠤᠲᠠ ᠶᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠴᠤᠪᠤᠷᠠᠯ ᠢ ᠳᠥᠭᠦᠮᠴᠢᠯᠡᠬᠦ᠂ | ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡ ᠶᠢ ᠴᠢᠩᠭᠠᠳᠬᠠᠬᠤ ᠲᠠᠯ᠎ᠠ ᠪᠠᠷ ᠳᠠᠯᠳᠠ ᠬᠦᠴᠦᠨ ᠢ | ᠠᠭᠤᠳᠠᠯᠤᠨ ᠬᠦᠴᠦᠨ ᠢ ᠨᠢᠭᠲᠠᠷᠠᠭᠤᠯᠵᠤ᠂ ᠪᠠᠷᠢᠮᠵᠢᠶᠠᠵᠢᠭᠰᠠᠨ᠂ ᠪᠥᠬᠦ ᠦᠶᠡᠯᠡᠯ ᠤᠨ ᠬᠤᠭᠤᠴᠠᠭ᠎ᠠ᠂ ᠪᠥᠬᠦ | ᠡᠳᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠩᠭᠠᠨ᠎ᠠ᠃ ᠠᠵᠤ ᠠᠬᠤᠶᠢᠯᠠᠯᠲᠠᠨ ᠤ ᠡᠷᠬᠡ ᠠᠰᠢᠭ ᠢ | ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ | ᠲᠣᠭᠲᠠᠴᠠ ᠶᠢ ᠪᠦᠷᠢᠨᠰᠢᠭᠦᠯᠵᠦ᠂ ᠳᠣᠲᠣᠨᠣ ᠪᠥᠭᠡᠳ ᠬᠡᠮᠵᠢᠶ᠎ᠡ ᠲᠠᠢ᠂ ᠴᠡᠪᠡᠷ ᠪᠥᠭᠡᠳ ᠦᠢᠯᠡᠰ ᠪᠦᠲᠦᠭᠡᠬᠦ | ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯᠲᠠᠨ ᠢ ᠰᠡᠳᠬᠢᠯ ᠠᠮᠤᠷ ᠪᠡᠯᠡ ᠣᠷᠣᠭᠤᠯᠵᠤ᠂ ᠰᠡᠳᠬᠢᠯ ᠲᠠᠯᠪᠢᠨ | ᠦᠢᠯᠡᠰ ᠪᠣᠰᠬᠠᠬᠤ ᠪᠣᠯᠭᠠᠨ᠎ᠠ᠃ | ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ᠪᠠᠷᠠᠭᠤᠨ ᠣᠷᠣᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ | ᠰᠢᠨ᠎ᠡ ᠪᠠᠷ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠲᠥᠪ ᠢ 3 ᠡᠭᠦᠳᠦᠨ ᠪᠠᠶᠢᠭᠤᠯᠵᠤ᠂ ᠵᠢᠶᠦ᠋ᠨ ᠵᠧᠩ ᠤᠨ ᠮᠥᠩᠭᠦᠨ ᠤᠰᠤ ᠦᠭᠡᠢ ᠬᠦᠷᠦᠯᠴᠡᠭᠦᠯᠦᠭᠴᠢ᠂ ᠵᠢᠶᠠ | ᠷᠦᠢ ᠮᠢ ᠶᠢᠨ ᠬᠠᠶᠠᠭᠳᠠᠮᠠᠯ ᠰᠢᠭᠠᠷᠤ ᠶᠢ ᠬᠤᠷᠢᠶᠠᠨ ᠠᠪᠴᠤ ᠰᠢᠢᠳᠪᠦᠷᠢᠯᠡᠬᠦ ᠵᠡᠷᠭᠡ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠠᠬᠢᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ 2 ᠠᠵᠤ ᠠᠬᠤᠶᠢᠯᠠᠯ ᠢ | ᠪᠣᠶᠢᠵᠢᠭᠤᠯᠤᠨ᠎ᠠ᠃ ︽ᠡᠭᠦᠯᠡᠨ ᠳᠠᠬᠢ ᠳ᠋ᠠᠶᠢᠲ᠋ᠠ ᠪᠠᠷ ᠣᠶᠤᠨ ᠣᠯᠭᠤᠬᠤ︾ ᠠᠵᠢᠯᠯᠠᠭ᠎ᠠ ᠶᠢ ᠥᠷᠨᠢᠭᠦᠯᠵᠦ᠂ ︽ | 5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ︾ ᠶᠢᠨ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠂ ᠹᠧᠢ | ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ᠂ ᠪᠠᠷᠠᠭᠤᠨ ᠬᠤᠶᠢᠲᠤ ᠶᠢᠨ ᠬᠢᠮᠢ ᠶᠢᠨ | ᠰᠦᠯᠵᠢᠶ᠎ᠡ ᠶᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠳᠡᠮᠵᠢᠵᠦ᠂ ᠲᠣᠭᠠᠴᠢᠯᠠᠭᠰᠠᠨ ᠮᠡᠷᠭᠡᠵᠢᠯ ᠢᠶᠠᠷ ᠪᠥᠬᠦ | ᠲᠠᠯ᠎ᠠ ᠶᠢᠨ᠂ ᠪᠥᠬᠦ ᠬᠡᠯᠬᠢᠶᠡᠰᠦ ᠪᠠᠷ ᠣᠶᠤᠨ ᠤ ᠤᠬᠠᠭᠠᠨ ᠣᠯᠭᠤᠬᠤ ᠤᠯᠠᠮᠵᠢᠯᠠᠯᠲᠤ ᠠᠵᠤ ᠦᠢᠯᠡᠰ ᠢ ᠳᠡᠮᠵᠢᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷᠴᠢᠯᠡᠨ | ᠬᠡᠯᠪᠡᠷᠢ ᠪᠠᠨ ᠬᠤᠪᠢᠷᠠᠭᠤᠯᠬᠤ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠦᠯᠢᠶᠡᠰᠦ ᠶᠢ ᠠᠯᠳᠠᠷᠠᠭᠠᠬᠤ ᠳᠤ ᠦᠨᠡᠨᠬᠦ ᠬᠦᠴᠦ ᠨᠡᠮᠡᠨ᠎ᠡ᠃ | ︵ᠭᠤᠷᠪᠠ︶ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠳᠣᠪᠤᠶᠢᠯᠭᠠᠵᠤ᠂ ᠨᠠᠩ ᠶᠡᠭᠡ ᠡᠷᠴᠢᠮ ᠢᠶᠠᠷ | ᠬᠤᠲᠠ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢ ᠠᠬᠢᠭᠤᠯᠤᠨ᠎ᠠ᠃ ᠬᠤᠲᠠ ᠶᠢᠨ ᠡᠵᠡᠩᠨᠡᠯᠲᠡ ᠶᠢᠨ | ᠣᠨᠣᠯᠵᠢᠬᠤᠨ ᠢ ᠪᠣᠶ ᠪᠣᠯᠭᠠᠵᠤ᠂ ᠪᠥᠬᠦ ᠣᠷᠣᠨ ᠪᠦᠰᠡᠴᠢᠯᠡᠭᠰᠡᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠠᠷᠭ᠎ᠠ | ᠵᠠᠮ ᠢ ᠣᠨᠣᠪᠴᠢᠲᠠᠶ ᠡᠷᠢᠵᠦ᠂ ᠬᠤᠲᠠ ᠶᠢᠨ ᠲᠣᠭᠤᠷᠢᠭ ᠤᠨ ᠨᠠᠷᠢᠨ ᠨᠢᠮᠪᠠᠢ ᠪᠦᠲᠦᠭᠡᠨ ᠪᠠᠶᠢᠭᠤᠯᠤᠯᠲᠠ᠂ | ᠲᠠᠷᠢᠶᠠᠯᠠᠬᠤ ᠣᠷᠣᠨ ᠤ ᠨᠠᠷᠢᠯᠢᠭ ᠰᠠᠶᠢᠬᠠᠨ ᠢᠶᠠᠷ ᠶᠠᠰᠤ ᠴᠢᠨᠠᠷ ᠢ ᠳᠡᠭᠡᠭᠰᠢᠯᠡᠭᠦᠯᠬᠦ᠂ ᠬᠦᠷᠢᠶᠡᠯᠡᠩ ᠲᠣᠭᠤᠷᠢᠭ ᠤᠨ | ᠨᠠᠷᠢᠯᠢᠭ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠤ ᠦᠢᠯᠡᠰ ᠪᠠ ᠬᠤᠲᠠ ᠶᠢᠨ | ᠠᠭᠤᠰᠤᠯᠴᠠᠯ ᠢ ᠠᠬᠢᠭᠤᠯᠤᠨ᠂ ᠠᠵᠤ ᠦᠢᠯᠡᠰ ᠢᠶᠠᠷ ᠬᠤᠲᠠ ᠶᠢ ᠠᠬᠢᠭᠤᠯᠵᠤ᠂ ᠬᠤᠲᠠ ᠪᠠᠷ ᠠᠵᠤ ᠦᠢᠯᠡᠰ ᠢ | ᠬᠥᠭᠵᠢᠭᠦᠯᠦᠨ᠎ᠡ᠃ | ᠣᠷᠣᠰᠢᠨ ᠰᠠᠭᠤᠬᠤ ᠳᠤ ᠲᠣᠬᠢᠷᠠᠮᠵᠢᠲᠠᠢ ᠬᠡᠯᠪᠡᠷᠢ ᠶᠢᠨ ᠬᠤᠳᠠ ᠶᠢᠨ ᠲᠣᠭᠤᠷᠢᠭ ᠢ ᠬᠦᠴᠦᠯᠡᠨ ᠪᠠᠶᠢᠭᠤᠯᠤᠨ᠎ᠠ | ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠳᠡᠭᠡᠳᠦ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠠᠴᠠ | ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠨ᠂ ᠤᠷᠢᠳᠠᠪᠠᠷ ᠲᠤᠷᠰᠢᠯᠲᠠ ᠬᠢᠵᠦ᠂ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠣᠷᠣᠨ ᠪᠦᠰᠡ ᠳᠤ ᠨᠢᠭᠡ ᠬᠡᠷᠡᠭ᠂ ᠨᠢᠭᠡ ᠠᠰᠠᠷ ᠲᠤ ᠨᠢᠭᠡ ᠠᠷᠭ᠎ᠠ | ᠪᠣᠳᠣᠯᠭ᠎ᠠ︾ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠪᠠ ᠲᠡᠦᠬᠡ | ᠰᠣᠶᠣᠯ ᠢ ᠢᠯᠡᠷᠡᠭᠦᠯᠬᠦ ᠶᠢ ᠬᠠᠷᠢᠯᠴᠠᠨ ᠠᠭᠤᠰᠤᠯᠴᠠᠭᠤᠯᠬᠤ ᠶᠢ ᠲᠣᠪᠤᠶᠢᠯᠭᠠᠨ᠂ ᠬᠡᠮᠡᠷᠯᠢᠭ ᠬᠠᠳᠬᠤᠮᠠᠯ᠂ | ᠲᠠᠷᠢᠶᠠᠯᠠᠩ ᠤᠨ ᠪᠠᠩᠬᠢ ᠵᠡᠷᠭᠡ 7 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠵᠡᠷᠭᠡ ᠪᠠᠷ ᠲᠦᠯᠬᠢᠨ | ᠠᠬᠢᠭᠤᠯᠤᠨ᠎ᠠ᠃ ᠳᠤᠲᠠᠭᠤᠳᠠᠯ ᠲᠠᠢ ᠪᠠᠭᠤᠷᠠᠢ ᠲᠠᠯ᠎ᠠ ᠶᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠ ᠶᠢᠨ ᠪᠡᠶ᠎ᠡ ᠪᠠᠶᠢᠴᠠᠭᠠᠯᠲᠠ ᠶᠢᠨ ᠦᠨᠡᠯᠡᠨ ᠵᠢᠱᠢᠯᠲᠡ ᠶᠢ ᠥᠷᠨᠢᠭᠦᠯᠵᠦ᠂ ᠵᠣᠯ ᠵᠢᠷᠭᠠᠯ ᠵᠡᠭᠡᠯᠢ᠂ ᠯᠢᠦ ᠶᠢᠨ | ᠶᠡᠭᠡ ᠵᠠᠮ ᠵᠡᠷᠭᠡ ᠭᠤᠣᠯᠳᠠᠯᠭ᠎ᠠ ᠲᠠᠢ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ ᠪᠢᠨ ᠬᠠᠢ᠂ ᠷᠦᠢ ᠳ᠋ᠧ ᠵᠡᠷᠭᠡ | ᠵᠢᠵᠢᠭ ᠲᠣᠭᠤᠷᠢᠭ ᠤᠨ ᠤᠰᠤᠲᠤᠯ ᠢ ᠵᠠᠰᠠᠬᠤ ᠠᠵᠢᠯ ᠢ ᠲᠦᠯᠬᠢᠨ ᠠᠬᠢᠭᠤᠯᠵᠤ᠂ ᠶᠢᠨ ᠰᠢᠶᠠᠩ᠂ ᠶᠢᠨ ᠬᠤ᠋ ᠵᠡᠷᠭᠡ | ᠵᠢᠵᠢᠭ ᠲᠣᠭᠤᠷᠢᠭ ᠤᠨ ᠭᠠᠳᠠᠨᠠᠬᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 4 ᠪᠢᠴᠢᠯ | ᠴᠡᠴᠡᠷᠯᠢᠭ ᠢ ᠰᠢᠨ᠎ᠡ ᠪᠠᠷ ᠪᠠᠶᠢᠭᠤᠯᠪᠠ᠃ ᠬᠤᠳᠠ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ︽ᠬᠤᠳᠠ ᠶᠢᠨ ᠤᠯᠠᠨ ᠨᠡᠶᠢᠲᠡ ᠶᠢᠨ ᠬᠠᠮᠢᠶᠠᠷᠤᠯᠲᠠ᠂ ᠬᠤᠳᠠ ᠶᠢᠨ ᠨᠠᠷᠢᠨ ᠬᠠᠮᠢᠶᠠᠷᠤᠯᠲᠠ᠂ | ᠬᠤᠳᠠ ᠶᠢᠨ ᠤᠶᠤᠨ ᠤ ᠬᠠᠮᠢᠶᠠᠷᠤᠯᠲᠠ︾ ᠶᠢᠨ ᠵᠠᠭᠪᠤᠷ ᠢ ᠭᠦᠨᠵᠡᠭᠡᠶᠢᠷᠡᠭᠦᠯᠵᠦ᠂ ︽ᠨᠠᠢᠮᠠᠨ ᠠᠳᠠᠯᠢ︾ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠤᠨ᠎ᠠ᠃ ᠬᠡᠷᠡᠭᠯᠡᠭᠡᠨ ᠤ ᠬᠥᠳᠡᠯᠭᠡᠭᠦ | ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠪᠣᠯᠬᠤ ᠬᠤᠳᠠᠯᠳᠤᠭᠠᠨ ᠤ ᠬᠦᠷᠢᠶ᠎ᠡ ᠶᠢ | ᠥᠭᠡᠷᠡᠴᠢᠯᠡᠨ ᠳᠡᠭᠡᠭᠰᠢᠯᠡᠭᠦᠯᠵᠦ᠂ ᠵᠦᠩ ᠰᠢᠩ ᠲᠠᠢ ᠬᠠᠮᠲᠤᠷᠠᠯᠴᠠᠭᠠᠨ ᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠮᠢᠨ ᠯᠧ᠂ ᠶᠢᠨ ᠲᠠᠢ ᠵᠡᠷᠭᠡ ᠬᠤᠳᠠᠯᠳᠤᠭᠠᠨ ᠤ ᠲᠣᠭᠤᠷᠢᠭ ᠤᠨ ᠲᠠᠬᠢᠨ | ᠳᠠᠪᠲᠠᠨ ᠰᠢᠨᠡᠳᠬᠦ ᠶᠢ ᠠᠬᠢᠭᠤᠯᠵᠤ᠂ ᠠᠩᠬᠠᠨ ᠤ ᠳᠡᠯᠭᠡᠭᠦᠷ ᠤᠨ ᠠᠵᠤ ᠠᠬᠤᠢ᠂ ᠰᠥᠨᠢ ᠶᠢᠨ ᠠᠵᠤ ᠠᠬᠤᠢ᠂ | ᠰᠦᠯᠵᠢᠶᠡᠨ ᠤ ᠤᠯᠠᠭᠠᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠬᠥᠭᠵᠢᠭᠦᠯᠵᠦ᠂ | ᠬᠤᠳᠠ ᠶᠢ ᠨᠡᠩ ᠣᠨᠴᠠᠯᠢᠭ ᠲᠠᠢ᠂ ᠨᠡᠩ ᠠᠭᠤᠯᠤᠭᠳᠠᠬᠤᠨ ᠲᠠᠢ᠂ ᠨᠡᠩ ᠲᠠᠲᠠᠬᠤ ᠬᠦᠴᠦᠨ ᠲᠠᠢ ᠪᠣᠯᠭᠠᠨ᠎ᠠ᠃ | ᠵᠤᠭᠠᠴᠠᠬᠤ ᠳᠤ ᠲᠣᠬᠢᠷᠠᠮᠵᠢᠲᠠᠢ ᠲᠠᠷᠢᠶᠠᠯᠠᠬᠤ ᠣᠷᠣᠨ ᠢ ᠬᠦᠴᠦᠯᠡᠨ ᠪᠠᠶᠢᠭᠤᠯᠤᠨ᠎ᠠ᠃ ᠤᠯᠠᠭᠠᠨᠨᠠᠭᠤᠷ ᠤᠨ | ᠲᠠᠷᠢᠶᠠᠯᠠᠩ ᠵᠢᠭᠤᠯᠴᠢᠯᠠᠯ ᠤᠨ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ | ᠪᠢᠨ ᠾᠧ ᠭᠤᠣᠯ ᠤᠨ ᠪᠠᠷᠠᠭᠤᠨ ᠲᠣᠭᠤᠷᠢᠭ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠡᠬᠢᠯᠡᠭᠦᠯᠵᠦ᠂ | ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠶᠢ ᠬᠡᠷᠡᠭᠯᠡᠨ᠂ ᠵᠢᠭᠤᠯᠴᠢᠯᠠᠯ ᠤᠨ ᠠᠵᠤ ᠦᠢᠯᠡᠰ ᠢ ᠪᠥᠬᠦ ᠴᠠᠷᠠᠭ᠎ᠠ ᠪᠠᠷ ᠢᠶᠠᠨ | ᠪᠠᠶᠢᠷᠢᠰᠢᠭᠤᠯᠵᠤ᠂ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠠᠵᠢᠯ ᠲᠥᠷᠥᠯ ᠢᠶᠠᠷ ᠢᠶᠠᠨ ᠤᠬᠠᠭᠠᠯᠠᠨ | ᠲᠥᠯᠥᠪᠯᠡᠵᠦ᠂ ᠵᠢᠭᠤᠯᠴᠢᠯᠠᠯ ᠤᠨ ᠣᠷᠴᠢᠨ ᠲᠣᠭᠤᠷᠢᠨ ᠢ ᠪᠥᠬᠦ ᠴᠠᠭ ᠢᠶᠠᠷ ᠢᠶᠠᠨ ᠪᠣᠶ ᠪᠣᠯᠭᠠᠨ᠎ᠠ᠃ ︽ᠠᠮᠢ ᠠᠬᠤᠢ | +︾ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠭᠦᠨᠵᠡᠭᠡᠢ ᠬᠠᠭᠠᠯᠪᠤᠷᠢᠯᠠᠵᠤ᠂ ᠣᠶᠤᠨᠲᠤ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠴᠣᠭᠴᠠ ᠶᠢ ᠡᠬᠢᠯᠡᠨ ᠬᠡᠷᠡᠭᠵᠢᠭᠦᠯᠵᠦ᠂ ᠠᠷᠠᠳ ᠤᠨ ᠵᠠᠩ ᠦᠶᠯᠡ ᠶᠢᠨ ᠮᠦᠽᠧᠢ ᠶᠢ ᠪᠦᠲᠦᠭᠡᠨ | ᠪᠠᠶᠢᠭᠤᠯᠵᠤ᠂ ︽ᠨᠢᠭᠡ ᠡᠳᠦᠷ ᠤᠨ ᠪᠢᠴᠢᠯ ᠵᠢᠭᠤᠯᠴᠢᠯᠠᠯ︾ ᠤᠨ ᠰᠣᠳᠣᠨ ᠵᠠᠮ ᠱᠤᠭᠤᠮ ᠢ ᠤᠬᠠᠭᠠᠯᠠᠨ | ᠲᠥᠯᠥᠪᠯᠡᠨ᠎ᠡ᠂ ︽ᠰᠤᠳᠤᠯᠤᠨ ᠰᠤᠷᠤᠯᠴᠠᠬᠤ + ᠡᠷᠡᠭᠦᠯᠵᠢᠯ ᠰᠤᠪᠢᠯᠠᠯᠲᠠ︾ ᠶᠢᠨ ᠵᠠᠭᠪᠤᠷ ᠢ ᠬᠠᠶᠢᠨ | ᠰᠦᠪᠡᠭᠴᠢᠯᠡᠵᠦ᠂ ᠮᠠᠢ ᠵᠢᠢ TV ᠴᠡᠩᠭᠡᠯ ᠤᠨ ᠬᠦᠷᠢᠶᠡᠯᠡᠩ ᠵᠡᠷᠭᠡ ᠬᠥᠳᠡᠯᠭᠡᠭᠦᠷ ᠤᠨ ᠲᠥᠷᠥᠯ ᠵᠦᠢᠯ ᠢ | ᠲᠦᠷᠭᠡᠳᠬᠡᠨ ᠠᠬᠢᠭᠤᠯᠵᠤ᠂ ᠣᠶᠤᠨᠲᠤ ᠡᠷᠡᠭᠦᠯᠵᠢᠯ ᠰᠤᠪᠢᠯᠠᠯᠲᠠ ᠶᠢᠨ ᠨᠡᠶᠢᠭᠡᠮ ᠲᠣᠭᠤᠷᠢᠭ᠂ ᠵᠠᠯᠠᠭᠤᠴᠤᠳ | ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠧᠨ ᠲᠠᠢ᠂ | ᠷᠦᠨ ᠲᠠᠢ ᠬᠥᠳᠡᠭᠡ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠷᠦᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠨᠢᠦᠢ ᠨᠥᠩ ᠶᠦᠩ ᠱᠧᠩ᠂ ᠶᠦᠩ ᠹᠠ ᠵᠡᠷᠭᠡ ᠬᠤᠷᠰᠢᠶ᠎ᠠ ᠶᠢ ᠲᠡᠳᠬᠦᠵᠦ ᠦᠵᠦᠮ ᠤᠨ | ᠠᠵᠤ ᠦᠢᠯᠡᠰ ᠤᠨ ᠲᠠᠷᠢᠮᠠᠯ ᠤᠨ ᠰᠠᠭᠤᠷᠢᠨ ᠢ ᠪᠦᠲᠦᠭᠡᠨ ᠪᠠᠶᠢᠭᠤᠯᠵᠤ᠂ ᠮᠧᠢ ᠽᠧ ᠬᠠᠮᠲᠤ ᠶᠢᠨ ᠠᠵᠤ ᠠᠬᠤᠢ ᠶᠢᠨ | ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠤᠯᠤᠰ ᠤᠨ ᠳᠡᠰ ᠤᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ | ᠬᠦᠴᠦᠷᠬᠡᠭ ᠪᠠᠯᠭᠠᠰᠤ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ | ᠠᠵᠢᠯ ᠦᠢᠯᠡᠰ ᠲᠤ ᠲᠣᠬᠢᠷᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠤᠨ᠎ᠠ᠃ | ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠢ ᠢ ᠲᠦᠩ ᠡᠮᠦᠨ᠎ᠡ ᠵᠠᠮ᠂ ᠦ᠋ ᠬᠤ᠋ ᠱᠠᠨ ᠠᠭᠤᠷᠬᠠᠢ ᠶᠢᠨ | ᠣᠷᠣᠨ ᠤ ᠵᠠᠮ ᠢ ᠰᠢᠨ᠎ᠡ ᠪᠠᠷ ᠪᠠᠶᠢᠭᠤᠯᠵᠤ᠂ ᠠᠭᠤᠷ ᠤᠨ ᠬᠤᠭᠤᠯᠠᠢ ᠶᠢᠨ ᠲᠣᠣᠷ ᠤᠨ ᠳᠥᠷᠪᠡᠳᠦᠭᠡᠷ | ᠬᠤᠭᠤᠴᠠᠭᠠᠨ ᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠩ ᠹᠠ ᠣᠷᠭᠠᠨᠢᠭ | ᠴᠠᠬᠢᠭᠤᠷ ᠤᠨ ᠠᠭᠤᠷ ᠤᠨ ᠬᠤᠭᠤᠯᠠᠢ ᠶᠢᠨ ᠬᠤᠩᠭᠢᠯ ᠢ ᠨᠡᠪᠲᠡᠷᠡᠭᠦᠯᠦᠨ᠂ ᠲᠥᠷᠥᠭᠳᠡᠯ ᠢᠶᠠᠨ ᠳᠡᠭᠡᠭᠰᠢᠯᠡᠭᠦᠯᠬᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠨᠢᠭᠡ | ᠣᠨᠴᠠᠭᠠᠶ︾ ᠪᠢᠴᠢᠯ ᠦᠵᠡᠮᠵᠢ ᠶᠢ ᠪᠣᠶ ᠪᠣᠯᠭᠠᠬᠤ ᠶᠢ ᠵᠣᠷᠢᠭᠵᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ | ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ᠬᠠᠮᠢᠶᠠᠷᠤᠯᠲᠠ ᠪᠠᠨ | ᠰᠢᠯᠢᠳᠡᠭᠵᠢᠭᠦᠯᠵᠦ᠂ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠡᠩ ᠤᠨ ᠪᠠᠷᠠᠭᠠᠨ ᠤ ᠲᠡᠷᠭᠡᠨ ᠵᠣᠭᠰᠣᠭᠠᠯ ᠢ ᠪᠠᠶᠢᠭᠤᠯᠤᠨ ᠳᠠᠭᠤᠰᠬᠠᠵᠤ᠂ ᠬᠦᠷᠢᠶᠡᠯᠡᠩ ᠲᠣᠭᠤᠷᠢᠭ ᠢ | ᠪᠢᠲᠡᠭᠦᠮᠵᠢᠯᠡᠬᠦ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︽ᠮᠦ ᠪᠦᠷᠢ ᠳᠤᠮᠳᠠᠴᠢ ᠪᠠᠷ ᠪᠠᠭᠠᠲᠤᠷᠴᠤᠳ ᠢ | ᠦᠨᠡᠯᠡᠬᠦ︾ ᠦᠨᠡᠯᠡᠯᠲᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠮᠦ ᠪᠦᠷᠢ ᠳᠤᠮᠳᠠᠴᠢ ᠪᠠᠷ ᠭᠠᠶᠢᠯᠢ | ᠲᠠᠲᠠᠪᠤᠷᠢᠯᠠᠬᠤ᠂ ᠮᠦ ᠪᠦᠷᠢ ᠳᠤᠮᠳᠠᠴᠢ ᠪᠠᠷ ᠭᠠᠷᠤᠯᠲᠠ ᠭᠠᠷᠭᠠᠬᠤ ᠵᠡᠷᠭᠡ ᠵᠥᠪᠰᠢᠶᠡᠷᠡᠯ ᠤᠨ ᠪᠠᠷᠢᠮᠵᠢᠶ᠎ᠠ ᠶᠢ | ᠲᠣᠪᠤᠶᠢᠯᠭᠠᠨ᠂ ᠣᠷᠣᠨ ᠪᠦᠰᠡ ᠶᠢᠨ ᠦᠨᠡᠯᠡᠨ ᠵᠢᠱᠢᠯᠲᠡ ᠬᠢᠬᠦ᠂ ᠣᠯᠠᠨ ᠦᠨᠡᠯᠡᠯᠲᠡ ᠶᠢ ᠨᠡᠶᠢᠯᠡᠭᠦᠯᠦᠨ ᠨᠢᠭᠡ | ᠪᠣᠯᠭᠠᠬᠤ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠬᠡᠷᠡᠭᠵᠢᠭᠦᠯᠵᠦ᠂ ︽ᠨᠢᠰᠦᠭᠡ ᠭᠠᠵᠠᠷ ᠤᠨ ᠠᠵᠤ ᠠᠬᠤᠢ | ︾ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠴᠢᠬᠤᠯᠠ ᠶᠡᠭᠡ ᠲᠥᠷᠥᠯ ᠵᠦᠢᠯ ᠤᠨ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠢ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢᠨ ᠭᠤᠣᠯ ᠲᠡᠶᠢᠨ ᠤ | ᠲᠠᠯᠠᠪᠤᠷ ᠪᠣᠯᠭᠠᠨ᠎ᠠ᠃ | ︵ᠳᠥᠷᠪᠡ︶ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠲᠣᠪᠤᠶᠢᠯᠭᠠᠨ᠂ ᠠᠷᠠᠳ ᠤᠨ ᠠᠮᠢᠳᠤᠷᠠᠯ ᠢ | ᠨᠡᠩ ᠶᠡᠭᠡ ᠡᠷᠴᠢᠮ ᠢᠶᠠᠷ ᠪᠠᠲᠤᠯᠠᠨ ᠰᠠᠶᠢᠵᠢᠷᠠᠭᠤᠯᠤᠨ᠎ᠠ᠃ ᠤᠯᠠᠨ ᠲᠦᠮᠡᠨ ᠤ ᠬᠦᠰᠡᠵᠦ ᠪᠠᠶᠢᠭ᠎ᠠ ᠵᠦᠢᠯ ᠪᠣᠯ ᠳᠠᠷᠤᠢ | ᠵᠠᠰᠠᠭ ᠤᠨ ᠣᠷᠳᠣᠨ ᠤ ᠬᠢᠬᠦ ᠵᠦᠢᠯ ᠮᠥᠨ᠃ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ | ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠰᠡᠳᠬᠢᠯ ᠲᠠᠯᠪᠢᠨ | ᠰᠡᠳᠬᠢᠯᠭᠡ ᠲᠠᠢ ᠪᠠᠷ ᠰᠠᠶᠢᠲᠤᠷ ᠬᠢᠵᠦ᠂ ᠨᠡᠯᠢᠶᠡᠳ ᠰᠠᠶᠢᠨ ᠲᠥᠷᠥᠭᠳᠡᠯ ᠲᠠᠢ ᠪᠣᠳᠠᠲᠤ ᠦᠷ᠎ᠡ ᠪᠦᠲᠦᠮᠵᠢ ᠪᠠᠷ ᠤᠯᠠᠨ | ᠲᠦᠮᠡᠨ ᠤ ᠮᠠᠭᠲᠠᠭᠠᠯ ᠰᠠᠶᠢᠰᠢᠶᠠᠯ ᠢ ᠣᠯᠬᠤ ᠬᠡᠷᠡᠭᠲᠡᠢ᠃ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠬᠤ ᠶᠢ ᠠᠬᠢᠭᠤᠯᠤᠨ᠎ᠠ᠃ | ᠠᠭᠤᠯᠤᠭᠳᠠᠬᠤᠨ ᠤ ᠬᠥᠭᠵᠢᠯᠲᠡ ᠪᠠᠷ ᠭᠤᠣᠯ ᠡᠭᠦᠷᠭᠡ ᠪᠣᠯᠭᠠᠵᠤ᠂ ︽ᠰᠢᠶᠠᠨ ᠠᠴᠠ ᠬᠠᠮᠢᠶᠠᠷᠴᠤ ᠰᠤᠷᠭᠠᠭᠤᠯᠢ | ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠲᠠᠪᠤᠨ ᠵᠦᠢᠯ ᠤᠨ ᠬᠠᠮᠢᠶᠠᠷᠤᠯᠲᠠ︾ ᠪᠠ | ᠬᠢᠴᠢᠶᠡᠯ ᠤᠨ ᠥᠭᠡᠷᠡᠴᠢᠯᠡᠯᠲᠡ ᠶᠢ ᠪᠠᠲᠤᠲᠠᠢ ᠠᠳᠬᠤᠵᠤ᠂ ︽ᠨᠠᠷᠠᠲᠤ ᠪᠠᠭᠰᠢ +︾ ᠢᠨᠵᠧᠨᠧᠷᠢᠩ ᠢ ᠶᠡᠬᠡᠪᠡᠷ | ᠬᠡᠷᠡᠭᠵᠢᠭᠦᠯᠵᠦ᠂ ᠵᠢᠭᠠᠨ ᠰᠤᠷᠭᠠᠯᠲᠠ ᠶᠢᠨ ᠴᠢᠳᠠᠪᠤᠷᠢᠲᠠᠨ ᠪᠠ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠶᠢ | ᠬᠥᠮᠥᠵᠢᠭᠦᠯᠦᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠶᠢᠳᠡᠮ ᠬᠠᠷᠠᠭᠠᠯᠵᠠᠬᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠯᠬᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ | ᠴᠢᠨᠠᠷᠵᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠤᠨ᠂ ᠣᠯᠠᠨ | ᠡᠰᠢᠲᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠦᠴᠦᠨ ᠢ ᠣᠷᠣᠭᠤᠯᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠰᠢᠩ ᠹᠦ᠋ ᠵᠡᠭᠡᠯᠢ ᠶᠢᠨ ᠪᠠᠭ᠎ᠠ | ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠬᠡᠷᠡᠭᠯᠡᠨ᠂ 11 ᠰᠤᠷᠭᠠᠭᠤᠯᠢ ᠶᠢᠨ ᠭᠡᠷ ᠪᠠᠶᠢᠰᠢᠩ ᠤᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠨᠢᠭᠡ ᠪᠦᠯᠦᠭ ᠣᠶᠤᠨᠴᠢ ᠢᠵᠢ ᠪᠦᠷᠢᠳᠦᠭᠦᠯᠬᠦ ᠪᠡᠯᠡᠳᠬᠡᠮᠵᠢ ᠶᠢ | ᠲᠡᠭᠦᠯᠳᠡᠷᠵᠢᠭᠦᠯᠦᠨ᠂ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠪᠥᠭᠡᠳ ᠲᠡᠩᠴᠡᠭᠦᠷᠢᠲᠡᠢ ᠪᠠᠷᠢᠮᠵᠢᠶ᠎ᠠ ᠳᠤ ᠬᠦᠷᠦᠭᠦᠯᠦᠨ ᠰᠢᠯᠭᠠᠨ ᠬᠤᠷᠢᠶᠠᠬᠤ ᠶᠢ ᠪᠠᠲᠤᠯᠠᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ︽ᠳᠣᠲᠣᠭᠠᠳᠤ ᠳᠠᠭᠠᠨ | ᠪᠣᠳᠠᠲᠤ ᠬᠦᠴᠦᠨ ᠢ ᠳᠡᠭᠡᠭᠰᠢᠯᠡᠭᠦᠯᠬᠦ︾ ᠪᠠ ︽ᠭᠠᠳᠠᠭᠠᠳᠤ ᠳᠤ ᠣᠷᠴᠢᠨ ᠲᠣᠭᠤᠷᠢᠨ ᠢ ᠱᠤᠭᠤᠬᠤ︾ ᠶᠢ ᠵᠡᠷᠭᠡᠪᠡᠷ | ᠠᠬᠢᠭᠤᠯᠬᠤ ᠶᠢ ᠪᠠᠷᠢᠮᠲᠠᠯᠠᠵᠤ᠂ ᠡᠮᠴᠢᠯᠡᠭᠡᠨ ᠤ ᠦᠢᠯᠡᠴᠢᠯᠡᠭᠡᠨ ᠤ ᠰᠠᠭᠤᠷᠢ ᠶᠢ ᠴᠢᠩᠭᠠᠳᠬᠠᠨ ᠰᠢᠯᠢᠳᠡᠭ ᠢ ᠡᠭᠦᠳᠬᠦ | ᠲᠤᠰᠬᠠᠢ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠳᠤ ᠨᠠᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ | ᠡᠳ᠋ᠯᠡᠭᠦᠯᠦᠨ᠎ᠡ᠃ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠪ ᠡᠮᠨᠡᠯᠭᠡ ᠶᠢᠨ | ᠬᠤᠷᠢᠶ᠎ᠠ ᠶᠢᠨ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠥᠭᠡᠷᠡᠴᠢᠯᠡᠨ ᠳᠡᠭᠡᠭᠰᠢᠯᠡᠭᠦᠯᠵᠦ᠂ ᠡᠮᠴᠢᠯᠡᠭᠡ | ᠰᠤᠪᠢᠯᠠᠯᠲᠠ ᠶᠢ ᠤᠶᠠᠯᠳᠤᠭᠤᠯᠤᠭᠰᠠᠨ ᠡᠪᠡᠳᠴᠢᠨ ᠤ ᠣᠷᠣᠨ ᠢ ᠬᠡᠷᠡᠭᠯᠡᠬᠦ ᠬᠡᠷᠡᠭᠲᠡᠢ᠃ ᠣᠨᠣᠰᠢᠯᠠᠨ ᠡᠮᠨᠡᠬᠦ | ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ︽ᠢᠨᠲ᠋ᠧᠷ ᠰᠦᠯᠵᠢᠶ᠎ᠡ + ᠡᠷᠡᠭᠦᠯ ᠮᠡᠨᠳᠦ ᠶᠢᠨ ᠡᠮᠴᠢᠯᠡᠭᠡ︾ | ᠶᠢ ᠬᠡᠷᠡᠭᠵᠢᠭᠦᠯᠦᠨ᠂ ᠤᠯᠤᠰ ᠤᠨ ᠳᠣᠲᠣᠭᠠᠳᠤ ᠶᠢᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠬᠤᠯᠪᠣᠵᠤ᠂ | ᠣᠷᠣᠨ ᠪᠦᠰᠡ ᠶᠢᠨ ᠣᠨᠣᠰᠢᠯᠠᠨ ᠡᠮᠨᠡᠬᠦ ᠲᠠᠪᠴᠠᠩ ᠢ ᠲᠦᠷᠭᠡᠳᠬᠡᠨ ᠪᠠᠶᠢᠭᠤᠯᠤᠨ᠎ᠠ᠂ ᠬᠤᠷᠢᠶᠠᠨ ᠳᠠᠷᠤᠭ᠎ᠠ ᠶᠢ ᠤᠷᠢᠨ | ᠲᠣᠮᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠶᠠᠰᠤᠨ ᠤ ᠰᠠᠯᠠᠭ᠎ᠠ᠂ ᠬᠢᠲᠠᠳ ᠡᠮᠨᠡᠯᠭᠡ ᠶᠢᠨ ᠡᠷᠡᠭᠦᠯᠵᠢᠯ | ᠵᠡᠷᠭᠡ ᠣᠨᠴᠠᠯᠢᠭᠲᠤ ᠲᠤᠰᠬᠠᠢ ᠰᠠᠯᠠᠭ᠎ᠠ ᠶᠢ ᠪᠣᠶ ᠪᠣᠯᠭᠠᠵᠤ᠂ ᠣᠯᠠᠨ ᠲᠦᠮᠡᠨ ᠤ ᠦᠨᠳᠦᠰᠦᠨ ᠱᠠᠲᠤᠨ ᠳᠤ ᠠᠩᠬ᠎ᠠ | ᠡᠮᠴᠢᠯᠡᠬᠦ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ | ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ᠃ ᠠᠵᠤ ᠠᠬᠤᠶᠢᠯᠠᠯ ᠢ ᠳᠡᠮᠵᠢᠨ | ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ | ᠭᠤᠣᠯᠳᠠᠯᠭ᠎ᠠ ᠲᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠠᠳᠠᠯ ᠦᠢᠯᠡᠰ ᠴᠣᠭᠴᠠᠯᠠᠵᠤ ᠠᠵᠢᠯ | ᠣᠯᠭᠤᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃ ︽ᠨᠠᠰᠤᠲᠠᠨ ᠪᠠᠭ᠎ᠠ ᠬᠡᠦᠬᠡᠳ︾ ᠤᠨ | ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠪᠥᠬᠦᠳᠡ ᠶᠢ ᠬᠠᠮᠤᠷᠬᠤ ᠶᠢ ᠪᠡᠶᠡᠯᠡᠭᠦᠯᠵᠦ᠂ ᠭᠤᠷᠪᠠᠨ ᠬᠡᠦᠬᠡᠳ | ᠠᠪᠬᠤ ᠲᠦᠷᠤ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠣᠷᠣᠨ ᠰᠠᠭᠤᠴᠠ ᠶᠢᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠯᠠᠩ ᠹᠧᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠢᠨ ᠷᠦᠢ ᠵᠢᠶᠠ ᠶᠤᠸᠠᠨ ᠴᠡᠴᠡᠷᠯᠢᠭ ᠤᠨ 561 ᠢᠵᠢ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ | ᠠᠰᠠᠷᠠᠨ ᠲᠡᠵᠢᠭᠡᠬᠦ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠪᠠ | ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠲᠠᠢ ᠬᠤᠯᠪᠣᠯᠳᠤᠭᠤᠯᠤᠨ ᠬᠤᠯᠪᠣᠯᠳᠤᠭᠤᠯᠬᠤ | ᠲᠣᠭᠲᠠᠴᠠ ᠶᠢ ᠨᠠᠶᠢᠳᠠᠪᠤᠷᠢᠵᠢᠭᠤᠯᠵᠤ᠂ ᠬᠤᠳᠠ ᠶᠢ ᠨᠡᠩ ᠢᠯᠡᠭᠦᠦ ᠳᠤᠯᠠᠭᠠᠬᠠᠨ ᠪᠣᠯᠭᠠᠨ᠎ᠠ᠃ | ᠨᠡᠶᠢᠭᠡᠮ ᠤᠨ ᠵᠠᠰᠠᠯᠲᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠦᠨ᠎ᠡ᠃ ᠬᠠᠮᠲᠤ ᠪᠠᠷ ᠪᠠᠶᠢᠭᠤᠯᠬᠤ | ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠷᠪᠠᠨ | ᠱᠠᠲᠤᠨ ᠤ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠶᠢ | ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠢ ᠥᠨᠳᠥᠷ ᠪᠦᠲᠦᠮᠵᠢᠲᠡᠢ | ᠠᠵᠢᠯᠯᠠᠭᠤᠯᠵᠤ᠂ ᠨᠡᠶᠢᠭᠡᠮ ᠤᠨ ᠵᠥᠷᠢᠴᠡᠯ ᠢ ᠵᠢᠯᠣᠭᠤᠳᠤᠨ ᠨᠠᠮᠳᠠᠭᠤᠯᠬᠤ ᠶᠢ ᠤᠯᠠᠨ ᠡᠰᠢᠵᠢᠭᠦᠯᠦᠨ ᠠᠬᠢᠭᠤᠯᠵᠤ᠂ ︽ | ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ | ᠤᠯᠤᠰ ᠤᠨ ᠠᠩᠬᠠᠳᠠᠭᠴᠢ ᠬᠤᠭᠤᠴᠠᠭᠠᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠬᠤᠳᠠ ᠶᠢᠨ ᠰᠢᠯᠭᠠᠨ ᠠᠪᠬᠤ ᠶᠢ ᠥᠩᠭᠡᠷᠡᠭᠡᠬᠦ ᠪᠠᠷ ᠴᠢᠷᠮᠠᠶᠢᠨ᠎ᠠ᠃ ᠦᠵᠡᠯ | ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠎ᠠ᠃ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠨᠠᠮ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠢ 4 ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ︽ᠣᠶᠤᠨᠲᠤ ᠪᠠᠭ᠎ᠠ | ᠲᠣᠭᠤᠷᠢᠭ︾ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠪᠦᠯᠬᠦᠮᠳᠡᠯ᠂ ᠰᠢᠤᠳᠠᠨ ᠤ ᠶᠠᠪᠤᠳᠠᠯ ᠵᠡᠷᠭᠡ ᠪᠠᠭ᠎ᠠ ᠲᠣᠭᠤᠷᠢᠭ ᠤᠨ ᠮᠡᠷᠭᠡᠵᠢᠯ ᠤᠨ ᠰᠡᠷᠭᠡᠶᠢᠯᠡᠯᠲᠡ ᠶᠢᠨ | ᠪᠡᠯᠡᠳᠬᠡᠮᠵᠢ ᠶᠢ ᠤᠭᠰᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠴᠢᠩᠭᠠᠳᠬᠠᠨ᠂ ᠡᠴᠦᠰ ᠤᠨ ᠠᠵᠤ ᠠᠬᠤᠶᠢᠯᠠᠯ ᠤᠨ ᠰᠢᠯᠭᠠᠨ ᠬᠢᠨᠠᠵᠤ ᠪᠡᠶ᠎ᠡ ᠶᠢᠨ | ᠪᠠᠶᠢᠴᠠᠭᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠠᠤᠯᠢ ᠬᠡᠷᠡᠭᠵᠢᠭᠦᠯᠬᠦ᠂ ᠲᠤᠰᠬᠠᠢ | ᠮᠡᠷᠭᠡᠵᠢᠯᠲᠡᠨ ᠬᠠᠮᠲᠤᠷᠠᠨ ᠣᠨᠣᠰᠢᠯᠠᠬᠤ᠂ ᠭᠤᠷᠪᠠᠳᠠᠭᠢ ᠡᠲᠡᠭᠡᠳ ᠠᠴᠠ ᠦᠨᠡᠯᠡᠨ ᠵᠢᠱᠢᠬᠦ᠂ ᠮᠡᠳᠡᠭᠡ | ᠵᠠᠩᠭᠢᠵᠢᠯᠲᠠ ᠶᠢᠨ ᠴᠢᠳᠠᠪᠤᠷᠢ ᠣᠯᠭᠤᠬᠤ ︽ᠳᠥᠷᠪᠡ ᠶᠢ ᠨᠢᠭᠡ ᠴᠣᠭᠴᠠᠵᠢᠭᠤᠯᠬᠤ︾ ᠬᠤᠯᠪᠤᠭᠠᠯᠠᠨ ᠬᠥᠳᠡᠯᠦᠯᠴᠡᠬᠦ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠢ ᠲᠣᠥᠷᠵᠢᠭᠤᠯᠤᠨ ᠲᠠᠰ ᠬᠤᠪᠢᠶᠠᠨ | ᠬᠢᠨᠠᠨ ᠬᠠᠮᠢᠶᠠᠷᠬᠤ ᠶᠢ ᠴᠢᠩᠭᠠᠳᠬᠠᠵᠤ᠂ ᠢᠳᠡᠭᠡᠨ ᠤ ᠣᠶᠤᠨᠴᠢ ᠬᠢᠨᠠᠨ ᠬᠠᠮᠢᠶᠠᠷᠤᠯᠲᠠ ᠶᠢᠨ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ ᠲᠡᠭᠦᠨ ᠢ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ | ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢᠨ ᠵᠡᠷᠭᠡ ᠳᠡᠰ ᠢ | ᠤᠯᠠᠭᠠᠨ ᠠᠴᠠ ᠤᠯᠠᠪᠲᠤᠷ ᠰᠢᠷ᠎ᠠ ᠵᠦᠭ ᠰᠢᠯᠵᠢᠭᠦᠯᠬᠦ ᠪᠠᠷ ᠴᠢᠷᠮᠠᠶᠢᠨ᠎ᠠ᠃ ᠰᠢᠨ᠎ᠡ ᠲᠢᠲᠢᠮ ᠲᠠᠢ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ | ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ᠂ | ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︽ᠨᠠᠢᠮᠠᠨ ᠲᠠᠪᠤᠨ ᠵᠢᠯ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠢ | ᠲᠦᠯᠬᠢᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ | ᠬᠠᠷᠠᠭᠠᠯᠵᠠᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠲᠠᠩᠰᠠ ᠡᠪᠬᠡᠮᠡᠯ ᠲᠡᠦᠬᠡ | ᠣᠶᠢᠯᠠᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ | ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ | ᠡᠯ᠎ᠡ ᠵᠦᠢᠯ ᠤᠨ ᠦᠢᠯᠡᠰ ᠢ ᠦᠨᠡᠨ ᠬᠦ ᠰᠠᠶᠢᠲᠤᠷ ᠠᠳᠬᠤᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠲᠡᠮᠦᠷ ᠢ ᠳᠠᠪᠲᠠᠬᠤ ᠳᠤ ᠥᠪᠡᠷ ᠢᠶᠠᠨ ᠬᠠᠲᠠᠭᠤ ᠪᠠᠶᠢᠬᠤ ᠬᠡᠷᠡᠭᠲᠡᠢ᠃ ᠪᠢᠳᠡ ᠠᠷᠠᠳ ᠲᠦᠮᠡᠨ ᠤ ᠨᠡᠩ | ᠰᠠᠨᠠᠭ᠎ᠠ ᠠᠮᠤᠷ᠂ ᠨᠡᠩ ᠬᠠᠨᠤᠮᠵᠢᠲᠠᠢ᠂ ᠨᠡᠩ ᠢᠲᠡᠭᠡᠯᠲᠡᠢ ᠵᠠᠰᠠᠭ ᠤᠨ ᠣᠷᠳᠣᠨ ᠢ ᠪᠠᠶᠢᠭᠤᠯᠬᠤ ᠪᠠᠷ ᠬᠠᠷᠠᠯᠲᠠ | ᠪᠣᠯᠭᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠮᠠᠭᠲᠠ ᠠᠵᠢᠯ ᠦᠢᠯᠡᠰ ᠤᠨ | ᠲᠥᠯᠥᠭᠡ ᠡᠭᠦᠷᠭᠡᠯᠡᠵᠦ᠂ ᠠᠷᠠᠳ ᠲᠦᠮᠡᠨ ᠳᠤ ᠬᠠᠷᠢᠭᠤᠴᠠᠨ᠎ᠠ᠃ | ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢ ᠪᠠᠷᠢᠮᠲᠠᠯᠠᠨ᠎ᠠ᠃ ᠨᠠᠮ ᠤᠨ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠤᠯᠤᠰ ᠤᠨ ᠶᠡᠭᠡ ᠶᠠᠪᠤᠳᠠᠯ︾ ᠢ | ᠰᠡᠳᠬᠢᠯ ᠳᠡᠭᠡᠨ ᠪᠤᠳᠤᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠠᠯᠢᠪᠠ ᠠᠵᠢᠯ ᠳᠠᠬᠢ | ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠲᠠᠯ᠎ᠠ ᠡᠯ᠎ᠡ ᠬᠦᠷᠢᠶᠡᠨ ᠳᠤ ᠲᠤᠤᠱᠯᠠᠭᠤᠯᠬᠤ ᠶᠢ | ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠣᠷᠣᠰᠢᠵᠤ ᠪᠠᠶᠢᠭ᠎ᠠ ᠣᠷᠣᠨ | ᠪᠠᠶᠢᠷᠢ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠠ ᠭᠦᠨᠵᠡᠭᠡᠢ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤᠮᠳᠠ ᠤᠬᠠᠮᠰᠠᠷ ᠠᠴᠠ ᠪᠠᠨ ᠠᠵᠢᠯ ᠢᠶᠠᠨ ᠰᠦᠪᠡᠭᠴᠢᠯᠡᠵᠦ᠂ | ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠪᠥᠬᠦ ᠬᠤᠲᠠ ᠶᠢᠨ ︽ᠨᠢᠭᠡ ᠶᠢ ᠵᠢᠷᠤᠮᠯᠠᠬᠤ ᠶᠢ ᠪᠠᠷᠢᠮᠲᠠᠯᠠᠨ᠂ ᠨᠢᠭᠡ | ᠭᠤᠣᠯ ᠱᠤᠭᠤᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠲᠦᠯᠬᠢᠨ ᠠᠬᠢᠭᠤᠯᠵᠤ᠂ ︿ᠭᠤᠷᠪᠠᠨ ᠥᠨᠳᠥᠷ﹀ | ᠬᠠᠷᠠᠯᠲᠠ ᠶᠢ ᠪᠡᠶᠡᠯᠡᠭᠦᠯᠬᠦ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠨᠢᠭᠡᠳᠬᠡᠵᠦ᠂ ᠳᠡᠭᠡᠳᠦ | ᠱᠠᠲᠤᠨ ᠤ ᠬᠢᠨ ᠱᠠᠭᠠᠷᠳᠠᠯᠭ᠎ᠠ ᠲᠠᠢ᠂ ᠤᠳᠠ ᠲᠤᠭᠤᠷᠢᠭ ᠤᠨ ᠬᠢᠨ ᠠᠵᠢᠯᠯᠠᠭ᠎ᠠ ᠲᠠᠢ᠂ ᠨᠠᠶᠢᠳᠠᠪᠤᠷᠢᠵᠢᠭᠤᠯᠤᠯᠲᠠ ᠳᠤ | ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠬᠦ ᠬᠡᠷᠡᠭᠲᠡᠢ᠃ | ᠵᠣᠷᠢᠭᠲᠠᠢ ᠪᠠᠷ ᠡᠭᠦᠷᠭᠡᠯᠡᠵᠦ᠂ ᠴᠢᠳᠠᠮᠠᠭᠠᠢ ᠪᠠᠷ ᠬᠡᠷᠡᠭᠵᠢᠭᠦᠯᠬᠦ ᠶᠢ ᠪᠠᠷᠢᠮᠲᠠᠯᠠᠨ᠎ᠠ᠃ ᠵᠣᠷᠢᠭᠲᠠᠢ ᠪᠠᠷ ᠡᠪᠳᠡᠵᠦ | ᠵᠣᠷᠢᠭᠲᠠᠢ ᠪᠠᠷ ᠪᠠᠶᠢᠭᠤᠯᠬᠤ᠂ ᠵᠣᠷᠢᠭᠲᠠᠢ ᠪᠠᠷ ᠠᠳᠬᠤᠨ ᠵᠣᠷᠢᠭᠲᠠᠢ ᠪᠠᠷ ᠬᠠᠮᠢᠶᠠᠷᠬᠤ᠂ ᠵᠣᠷᠢᠭᠲᠠᠢ ᠪᠠᠷ ᠰᠡᠳᠬᠢᠵᠦ | ᠴᠢᠳᠠᠬᠤ ᠬᠡᠪ ᠰᠤᠷᠲᠠᠯ ᠢ ᠶᠡᠬᠡᠪᠡᠷ ᠪᠤᠢ ᠪᠣᠯᠭᠠᠵᠤ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠢᠨᠧᠷᠼᠢ ᠶᠢᠨ ᠰᠡᠳᠬᠢᠬᠦᠢ ᠶᠢ ᠡᠪᠳᠡᠵᠦ᠂ ᠪᠤᠳᠤᠯᠢᠶᠠᠨᠲᠠᠢ ᠠᠰᠠᠭᠤᠳᠠᠯ ᠢ ᠵᠣᠷᠢᠭᠲᠠᠢ ᠪᠠᠷ ᠰᠢᠢᠳᠪᠦᠷᠢᠯᠡᠵᠦ᠂ | ᠦᠯᠡᠳᠡᠭᠳᠡᠵᠦ ᠢᠷᠡᠭᠰᠡᠨ ᠬᠦᠴᠢᠷ ᠠᠰᠠᠭᠤᠳᠠᠯ ᠳᠤ ᠵᠣᠷᠢᠭᠲᠠᠢ ᠪᠠᠷ ᠥᠷᠢᠰᠦᠯᠳᠦᠵᠦ᠂ ᠬᠠᠷᠢᠭᠤᠴᠠᠯᠭ᠎ᠠ | ᠡᠭᠦᠷᠭᠡᠯᠡᠬᠦ ᠪᠠᠷ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠶᠢ ᠦᠢᠯᠡᠳᠦᠯᠭᠡᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠢᠯ ᠤᠨ ᠡᠬᠢᠨ ᠳᠤ ︽ | ᠲᠠᠩᠰᠠ ᠪᠠᠶᠢᠭᠤᠯᠬᠤ︾᠂ ᠤᠯᠠᠷᠢᠯ ᠳᠤ ︽ᠲᠠᠩᠰᠠ ᠪᠠᠶᠢᠴᠠᠭᠠᠬᠤ︾᠂ ᠲᠣᠭᠲᠠᠮᠠᠯ ᠬᠤᠭᠤᠴᠠᠭ᠎ᠠ ᠲᠠᠢ ᠪᠠᠷ ︽ | ᠲᠠᠩᠰᠠ ᠨᠡᠶᠢᠲᠡᠯᠡᠬᠦ︾᠂ ᠵᠢᠯ ᠤᠨ ᠡᠴᠦᠰ ᠲᠤ ︽ᠲᠠᠩᠰᠠ ᠲᠤᠰᠢᠶᠠᠬᠤ︾᠂ ᠪᠥᠬᠦ ᠶᠠᠪᠤᠴᠠ ᠶᠢ ᠪᠢᠲᠡᠭᠦᠮᠵᠢᠯᠡᠵᠦ᠂ | ᠡᠴᠦᠰ ᠲᠤᠨᠢ ᠲᠤᠯᠲᠠᠯ᠎ᠠ ᠠᠳᠬᠤᠬᠤ ᠶᠢ ᠬᠡᠷᠡᠭᠵᠢᠭᠦᠯᠦᠨ᠎ᠡ᠃ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ ᠪᠣᠳᠠᠲᠠᠢ | ᠠᠮᠵᠢᠯᠲᠠ ᠶᠢ ᠦᠵᠡᠬᠦ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ︽ᠬᠡᠯᠡᠭᠰᠡᠨ ᠢᠶᠠᠷ ᠢᠶᠠᠨ | ᠪᠣᠯᠬᠤ᠂ ᠲᠣᠭᠲᠠᠭᠠᠪᠠᠯ ᠬᠢᠵᠦ᠂ ᠬᠢᠪᠡᠯ ᠰᠠᠶᠢᠲᠤᠷ ᠬᠢᠬᠦ︾ ᠰᠤᠷᠲᠠᠯ ᠢ ᠰᠠᠨᠠᠭᠠᠴᠢᠯᠠᠵᠤ᠂ ᠵᠢᠷᠤᠭ ᠲᠥᠯᠥᠪᠯᠡᠭᠡ | ᠳᠡᠭᠡᠷ᠎ᠡ ᠵᠢᠷᠤᠭᠯᠠᠭᠰᠠᠨ᠂ ᠪᠢᠴᠢᠭ ᠮᠠᠲ᠋ᠧᠷᠢᠶᠠᠯ ᠳᠡᠭᠡᠷ᠎ᠡ ᠪᠢᠴᠢᠭᠰᠡᠨ᠂ ᠬᠤᠷᠠᠯ ᠳᠡᠭᠡᠷ᠎ᠡ ᠶᠠᠷᠢᠭᠰᠠᠨ ᠵᠦᠢᠯ ᠢ ᠦᠨᠡᠨ | ᠪᠣᠳᠠᠲᠠᠢ ᠠᠵᠢᠯᠯᠠᠭ᠎ᠠ ᠪᠠ ᠦᠷ᠎ᠡ ᠪᠦᠲᠦᠮᠵᠢ ᠪᠣᠯᠭᠠᠨ ᠨᠠᠶᠢᠳᠠᠪᠤᠷᠢᠵᠢᠭᠤᠯᠬᠤ ᠬᠡᠷᠡᠭᠲᠡᠢ᠃ | ᠰᠤᠷᠲᠠᠯ ᠢᠶᠠᠨ ᠰᠠᠶᠢᠵᠢᠷᠠᠭᠤᠯᠵᠤ᠂ ᠰᠢᠨ᠎ᠡ ᠶᠢ ᠡᠭᠦᠳᠬᠦ ᠶᠢ ᠡᠷᠢᠯᠬᠢᠯᠡᠬᠦ ᠶᠢ ᠪᠠᠷᠢᠮᠲᠠᠯᠠᠨ᠎ᠠ᠃ ᠺᠠᠳ᠋ᠷᠴᠤᠳ ᠢ | ᠬᠥᠲᠥᠯᠥᠨ ᠵᠢᠯᠤᠭᠤᠳᠴᠤ ᠪᠠᠶᠢᠭᠠᠳ ᠰᠤᠷᠤᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠪᠠᠶᠢᠴᠠᠭᠠᠨ | ᠰᠤᠳᠤᠯᠤᠯᠲᠠ ᠬᠢᠬᠦ ᠶᠢ ᠴᠢᠩᠭᠠᠳᠬᠠᠵᠤ᠂ ᠳᠡᠭᠡᠳᠦ ᠱᠠᠲᠤᠨ ᠤ ᠪᠠᠶᠢᠳᠠᠯ ᠢ ᠲᠤᠭᠤᠷᠠᠲᠠᠯ᠎ᠠ ᠣᠶᠢᠯᠠᠭᠠᠭᠤᠯᠵᠤ᠂ | ᠳᠣᠣᠷᠠᠳᠤ ᠱᠠᠲᠤᠨ ᠤ ᠪᠠᠶᠢᠳᠠᠯ ᠢ ᠣᠨᠣᠪᠴᠢᠲᠠᠶ ᠣᠶᠢᠯᠠᠭᠠᠭᠤᠯᠵᠤ᠂ ᠪᠣᠳᠠᠲᠤ ᠪᠠᠶᠢᠳᠠᠯ ᠢ ᠣᠶᠢᠯᠠᠭᠠᠭᠤᠯᠬᠤ ᠬᠡᠷᠡᠭᠲᠡᠢ ᠃ | ᠠᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠠᠷᠭ᠎ᠠ ᠶᠢᠨ | ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠺᠠᠳ᠋ᠷᠴᠤᠳ ᠤᠨ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ᠂ ᠡᠯᠧᠮᠧᠨ᠋ᠲ ᠤᠨ ᠪᠠᠲᠤᠯᠠᠭ᠎ᠠ᠂ ᠪᠡᠯᠡ ᠲᠣᠬᠢᠷᠠᠭᠤᠯᠭ᠎ᠠ ᠶᠢᠨ ᠠᠰᠠᠭᠤᠳᠠᠯ ᠢ ᠰᠢᠢᠳᠪᠦᠷᠢᠯᠡᠬᠦ ᠵᠡᠷᠭᠡ | ᠠᠵᠢᠯ ᠤᠨ ᠲᠠᠯ᠎ᠠ ᠪᠠᠷ ᠤᠷᠢᠳᠠᠪᠠᠷ ᠬᠢᠵᠦ ᠤᠷᠢᠳᠠᠪᠠᠷ ᠲᠤᠷᠰᠢᠬᠤ᠂ ᠬᠥᠭᠵᠢᠯᠲᠡ ᠳᠤ ᠠᠰᠢᠭᠲᠠᠢ᠂ ᠠᠷᠠᠳ ᠤᠨ | ᠠᠮᠢᠳᠤᠷᠠᠯ ᠳᠤ ᠠᠰᠢᠭᠲᠠᠢ ᠶᠠᠪᠤᠳᠠᠯ ᠳᠡᠭᠡᠷ᠎ᠡ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠬᠤ ᠶᠢ | ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠬᠦᠯᠢᠶᠡᠰᠦ ᠶᠢ ᠠᠯᠳᠠᠷᠠᠭᠠᠵᠤ ᠳᠠᠷᠤᠭᠠᠰᠤ ᠶᠢ ᠬᠥᠩᠭᠡᠷᠡᠭᠦᠯᠬᠦ ᠶᠢ | ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠰᠡᠳᠬᠢᠯ ᠤᠨ ᠳᠠᠭᠤᠨ ᠢ | ᠰᠣᠨᠣᠰᠴᠤ᠂ ᠦᠨᠳᠦᠰᠦᠨ ᠱᠠᠲᠤᠨ ᠤ ᠺᠠᠳ᠋ᠷᠴᠤᠳ ᠤᠨ ᠲᠥᠯᠥᠭᠡ ᠢᠯᠡᠭᠦᠬᠡᠨ ᠠᠯᠠᠭ᠎ᠠ ᠲᠠᠰᠢᠵᠤ ᠰᠡᠳᠬᠢᠯ ᠢ | ᠳᠤᠯᠠᠭᠠᠴᠠᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠰᠠᠨᠠᠭ᠎ᠠ ᠵᠣᠪᠠᠭ᠋ᠤ ᠶᠠᠪᠤᠳᠠᠯ ᠢ | ᠰᠢᠢᠳᠪᠦᠷᠢᠯᠡᠵᠦ᠂ ᠨᠢᠭᠡᠨᠲᠡ ᠲᠣᠭᠲᠠᠭᠠᠭᠰᠠᠨ ᠠᠷᠠᠳ ᠲᠤ ᠠᠰᠢᠭᠲᠠᠢ ᠠᠷᠠᠳ ᠲᠤ ᠠᠰᠢᠭ ᠬᠦᠷᠲᠡᠭᠡᠬᠦ ᠪᠣᠳᠠᠲᠤ | ᠶᠠᠪᠤᠳᠠᠯ ᠢ ᠬᠢᠵᠦ ᠪᠦᠲᠦᠭᠡᠬᠦ ᠶᠢ ᠪᠠᠲᠤᠯᠠᠬᠤ ᠬᠡᠷᠡᠭᠲᠡᠢ᠃ | ᠶᠣᠰᠣ ᠳᠦᠷᠢᠮ ᠢ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠴᠢᠬᠤᠯᠠᠴᠢᠯᠠᠬᠤ ᠶᠢ ᠪᠠᠷᠢᠮᠲᠠᠯᠠᠨ᠎ᠠ᠃ | ᠬᠠᠤᠯᠢ ᠪᠠᠷ ᠵᠠᠰᠠᠬᠤ ᠰᠡᠳᠬᠢᠬᠦᠢ ᠶᠢ ᠪᠠᠲᠤ ᠪᠤᠢ ᠪᠣᠯᠭᠠᠵᠤ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ | ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠵᠤ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠶᠣᠰᠣᠭᠠᠷ᠂ | ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ | ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠯᠡᠭᠰᠡᠨ ᠳᠡᠭᠡᠨ ᠬᠦᠷᠦᠨ᠎ᠡ᠃ ᠲᠥᠰᠥᠪ ᠤᠨ | ᠭᠦᠢᠴᠡᠳᠭᠡᠯᠲᠡ ᠶᠢᠨ ᠬᠠᠮᠢᠶᠠᠷᠤᠯᠲᠠ ᠶᠢ ᠴᠢᠩᠭ᠎ᠠ ᠪᠥᠭᠡᠳ ᠴᠢᠩᠭ᠎ᠠ ᠠᠳᠬᠤᠵᠤ᠂ ᠡᠳ᠋ ᠤᠨ ᠵᠠᠰᠠᠭ ᠤᠨ | ᠵᠠᠷᠤᠯᠭ᠎ᠠ ᠶᠢᠨ ᠵᠠᠮ ᠢ ᠴᠢᠩᠭ᠎ᠠ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠠᠷᠠᠳ ᠲᠤ ᠠᠰᠢᠭ ᠬᠦᠷᠲᠡᠭᠡᠬᠦ | ᠵᠠᠮ ᠢ ᠠᠭᠤᠵᠢᠭᠤ ᠲᠠᠯᠪᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ ᠶᠢ ᠪᠦᠬᠦᠨ ᠢ | ᠪᠦᠷᠬᠦᠬᠦᠯᠬᠦ ᠶᠢ ᠦᠷᠭᠦᠯᠵᠢᠯᠡᠨ ᠠᠬᠢᠭᠤᠯᠵᠤ᠂ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠡᠳᠦᠷ ᠲᠤᠳᠤᠮ ᠤᠨ | ᠳᠠᠳᠬᠠᠯ ᠪᠠ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠵᠤ᠂ ᠠᠷᠢᠭᠤᠨ ᠴᠢᠬᠡᠴᠢ ᠰᠤᠷᠲᠠᠯ ᠲᠥᠪ | ᠰᠤᠷᠲᠠᠯ ᠢᠶᠠᠷ ᠤᠯᠤᠰ ᠲᠦᠷᠦ ᠶᠢᠨ ᠠᠮᠢ ᠠᠬᠤᠢ ᠶᠢᠨ ᠬᠥᠬᠡᠮᠳᠦᠭ ᠨᠣᠭᠤᠭᠠᠨ ᠠᠭᠤᠯᠠ ᠤᠰᠤ ᠶᠢ ᠤᠮᠳᠠᠯᠠᠬᠤ | ᠬᠡᠷᠡᠭᠲᠡᠢ᠃ | ᠲᠥᠯᠥᠭᠡᠯᠡᠭᠴᠢᠳ ᠠ᠋᠄ ᠪᠣᠳᠠᠲᠠᠢ ᠠᠵᠢᠯᠯᠠᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ | ᠲᠡᠮᠡᠴᠡᠪᠡᠯ ᠢᠷᠡᠭᠡᠳᠦᠢ ᠪᠠᠨ ᠴᠣᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠣᠯᠣᠨ ᠲᠤᠭᠤᠷᠢᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠢ | ᠤᠳᠤᠷᠢᠳᠤᠯᠭ᠎ᠠ ᠳᠣᠣᠷ᠎ᠠ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠪᠣᠳᠠᠲᠠᠢ | ᠠᠵᠢᠯᠯᠠᠵᠤ ᠡᠷᠡᠯᠬᠡᠭᠯᠡᠨ ᠲᠡᠮᠡᠴᠡᠵᠦ᠂ ᠤᠳᠠ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ | ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠣᠳᠠᠲᠤ ᠠᠵᠢᠯᠯᠠᠭ᠎ᠠ | ᠪᠣᠯᠣᠨ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠵᠠᠭᠠᠶ᠎ᠠ︕ | ᠨᠡᠷ᠎ᠡ ᠦᠭᠡ ᠶᠢᠨ ᠲᠠᠶᠢᠯᠪᠤᠷᠢ | ᠲᠠᠪᠤ ᠶᠢ ᠬᠠᠰᠤᠵᠦ ᠭᠤᠷᠪᠠᠨ ᠬᠠᠮᠤᠭ᠄ ᠡᠨᠡ ᠨᠢ ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ ᠪᠠᠷ | ᠳᠠᠮᠵᠢᠭᠤᠯᠤᠨ᠂ ᠴᠢᠬᠤᠯᠠ ᠨᠥᠬᠦᠴᠡᠯ ᠢ ᠬᠠᠮᠤᠭ ᠤᠨ ᠨᠠᠷᠢᠯᠢᠭ᠂ ᠭᠤᠭᠴᠤᠭ᠎ᠠ ᠶᠢ ᠬᠠᠮᠤᠭ ᠤᠨ ᠳᠥᠭᠦᠮ᠂ ᠴᠠᠭ ᠤᠨ | ᠬᠢᠵᠠᠭᠠᠷ ᠢ ᠬᠠᠮᠤᠭ ᠤᠨ ᠣᠬᠤᠷ ᠪᠣᠯᠭᠠᠬᠤ ᠶᠢ ᠬᠡᠯᠡᠵᠦ ᠪᠠᠶᠢᠨ᠎ᠠ᠃ | ᠳᠦᠷᠪᠡᠨ ᠤᠰᠤ ᠪᠠᠷ ᠳᠥᠷᠪᠡ ᠶᠢ ᠲᠣᠭᠲᠠᠭᠠᠬᠤ᠄ ᠡᠨᠡ ᠨᠢ ᠤᠰᠤ ᠪᠠᠷ ᠬᠤᠳᠠ ᠶᠢ ᠲᠣᠭᠲᠠᠭᠠᠬᠤ᠂ | ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠬᠡᠯᠡᠵᠦ ᠪᠠᠶᠢᠨ᠎ᠠ᠃ | ᠡᠭᠦᠯᠡᠨ ᠳᠠᠬᠢ ᠳ᠋ᠠᠶᠢᠲ᠋ᠠ ᠪᠠᠷ ᠣᠶᠤᠨ ᠣᠯᠭᠤᠬᠤ᠄ ᠡᠭᠦᠯᠡᠨ ᠳᠠᠬᠢ ᠭᠡᠳᠡᠭ ᠨᠢ ᠲᠦᠭᠡᠮᠡᠯ ᠬᠠᠷᠠᠭᠠᠯᠵᠠᠯ ᠤᠨ | ᠬᠡᠯᠪᠡᠷᠢ ᠶᠢᠨ ᠡᠭᠦᠯᠡᠨ ᠦᠢᠯᠡᠴᠢᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠬᠦ ᠶᠢ | ᠵᠢᠭᠠᠵᠤ ᠪᠣᠶ᠂ ᠳ᠋ᠠᠶᠢᠲ᠋ᠠ ᠭᠡᠳᠡᠭ ᠨᠢ ᠨᠠᠩ ᠭᠦᠨ ᠲᠠᠰ ᠳᠠᠪᠬᠤᠷᠭ᠎ᠠ ᠳᠤ ᠲᠣᠮᠣ ᠳ᠋ᠠᠶᠢᠲ᠋ᠠ ᠶᠢ ᠠᠭᠤᠰᠤᠯᠴᠠᠭᠤᠯᠤᠨ | ᠬᠡᠷᠡᠭᠯᠡᠬᠦ ᠶᠢ ᠲᠦᠯᠬᠢᠨ ᠠᠬᠢᠭᠤᠯᠬᠤ ᠶᠢ ᠵᠢᠭᠠᠵᠤ ᠪᠣᠶ᠂ ᠤᠶᠤᠨ ᠣᠯᠭᠤᠬᠤ ᠭᠡᠳᠡᠭ ᠨᠢ ᠠᠵᠤ ᠠᠬᠤᠶᠢᠯᠠᠯ ᠤᠨ | ᠣᠶᠤᠨᠴᠢᠯᠠᠭᠰᠠᠨ ᠥᠭᠡᠷᠡᠴᠢᠯᠡᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠨᠴᠠᠭᠠᠶᠢᠯᠠᠨ ᠵᠣᠬᠢᠶᠠᠮᠠᠯ ᠤᠶᠤᠨ | ᠴᠢᠳᠠᠪᠤᠷᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢ ᠵᠢᠭᠠᠵᠤ | ᠪᠠᠶᠢᠨ᠎ᠠ᠃ | ︽ᠭᠡᠷᠡᠴᠢ ᠦᠭᠡᠢ︾ ᠬᠤᠲᠠ᠄ ᠡᠨᠡ ᠨᠢ ᠠᠵᠤ ᠠᠬᠤᠶᠢᠯᠠᠯ ᠪᠠ ᠣᠯᠠᠨ ᠲᠦᠮᠡᠨ ᠵᠠᠰᠠᠭ ᠤᠨ ᠣᠷᠳᠣᠨ ᠤ | ᠪᠠᠶᠢᠭᠤᠯᠭ᠎ᠠ᠂ ᠣᠯᠠᠨ ᠨᠡᠶᠢᠲᠡ ᠶᠢᠨ ᠠᠵᠢᠯ ᠦᠢᠯᠡᠰ ᠤᠨ ᠨᠢᠭᠡᠴᠢ᠂ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ | ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠡᠭᠡᠨ᠂ ᠥᠪᠡᠷ ᠢᠶᠠᠨ ᠣᠴᠢᠵᠤ ᠬᠢᠬᠦ ᠴᠢᠬᠤᠯᠠᠲᠠᠢ | ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠦᠭᠡᠢ ᠪᠠᠶᠢᠬᠤ ᠶᠢ ᠵᠢᠭᠠᠵᠤ ᠪᠠᠶᠢᠨ᠎ᠠ᠃ | ᠨᠠᠢᠮᠠᠨ ᠠᠳᠠᠯᠢᠬᠠᠨ᠄ ᠬᠤᠳᠠ ᠶᠢᠨ ᠬᠠᠮᠢᠶᠠᠷᠤᠯᠲᠠ ᠳᠤ ᠡᠳᠦᠷ ᠰᠥᠨᠢ ᠳᠡᠭᠡᠨ ᠨᠢᠭᠡ ᠠᠳᠠᠯᠢ᠂ ᠲᠤᠩᠭᠠᠯᠠᠭ | ᠡᠳᠦᠷ ᠪᠣᠷᠣᠭᠠᠨ ᠲᠠᠢ ᠡᠳᠦᠷ ᠨᠢᠭᠡ ᠠᠳᠠᠯᠢ᠂ ᠬᠤᠯᠠ ᠠᠴᠠ ᠬᠠᠷᠠᠪᠠᠯ ᠣᠶᠢᠷ᠎ᠠ ᠠᠴᠠ ᠬᠠᠷᠠᠪᠠᠯ ᠨᠢᠭᠡ ᠠᠳᠠᠯᠢ᠂ ᠶᠡᠭᠡ | ᠵᠡᠭᠡᠯᠢ ᠪᠠᠭ᠎ᠠ ᠭᠤᠳᠤᠮᠵᠢ ᠳᠤ ᠨᠢᠭᠡ ᠠᠳᠠᠯᠢ᠂ ᠰᠢᠨ᠎ᠡ ᠬᠤᠳᠠ ᠬᠠᠭᠤᠴᠢᠨ ᠬᠤᠳᠠ ᠳᠤ ᠨᠢᠭᠡ ᠠᠳᠠᠯᠢ᠂ | ᠪᠠᠶᠢᠴᠠᠭᠠᠬᠤ ᠡᠰᠡᠬᠦ ᠨᠢ ᠨᠢᠭᠡ ᠠᠳᠠᠯᠢ᠂ ᠡᠩ ᠤᠨ ᠦᠶ᠎ᠡ ᠳᠤ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ | ᠡᠳᠦᠷ ᠨᠢᠭᠡ ᠠᠳᠠᠯᠢ᠂ ᠬᠤᠳᠠ ᠶᠢᠨ ᠲᠣᠭᠤᠷᠢᠭ ᠪᠠ ᠪᠠᠯᠭᠠᠰᠤ ︵ᠵᠡᠭᠡᠯᠢ ᠭᠤᠳᠤᠮᠵᠢ︶ ᠳᠤ ᠨᠢᠭᠡ ᠠᠳᠠᠯᠢ᠂ | ᠬᠤᠳᠠ ᠶᠢᠨ ᠲᠣᠭᠤᠷᠢᠭ ᠲᠤ ᠨᠢᠭᠡ ᠠᠳᠠᠯᠢ᠂ ᠰᠢᠨ᠎ᠡ ᠬᠤᠳᠠ ᠬᠠᠭᠤᠴᠢᠨ ᠬᠤᠳᠠ ᠳᠤ ᠨᠢᠭᠡ ᠠᠳᠠᠯᠢ᠂ ᠪᠠᠶᠢᠴᠠᠭᠠᠬᠤ | ᠡᠰᠡᠬᠦ ᠨᠢ ᠨᠢᠭᠡ ᠠᠳᠠᠯᠢ᠂ ᠡᠩ ᠤᠨ ᠦᠶ᠎ᠡ ᠳᠤ ᠪᠠ ᠪᠠᠶᠠᠷ ᠳᠤᠷᠠᠰᠬᠠᠯ ᠤᠨ ᠡᠳᠦᠷ ᠨᠢᠭᠡ ᠠᠳᠠᠯᠢ᠂ ᠬᠤᠳᠠ ᠶᠢᠨ | ᠲᠣᠭᠤᠷᠢᠭ ᠲᠤ ᠨᠢᠭᠡ ᠪᠠᠯᠭᠠᠰᠤ ︵ᠵᠡᠭᠡᠯᠢ ᠭᠤᠳᠤᠮᠵᠢ︶ ᠳᠤ ᠨᠢᠭᠡ ᠠᠳᠠᠯᠢ᠂ ᠬᠤᠳᠠ ᠶᠢᠨ ᠲᠣᠭᠤᠷᠢᠭ ᠲᠤ ᠨᠢᠭᠡ | ᠠᠳᠠᠯᠢ᠃ | ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ᠄ ᠡᠨᠡ ᠨᠢ ᠠᠯᠪᠠᠨ ᠠᠴᠠ ᠡᠷᠬᠢᠯᠡᠭᠰᠡᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠬᠦ ᠪᠠᠭᠰᠢ ᠪᠠ ᠰᠤᠷᠭᠠᠭᠤᠯᠢ ᠶᠢᠨ ᠵᠠᠬᠢᠷᠤᠯ ᠳᠤ ᠴᠥᠮ | ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠬᠡᠷᠡᠭᠵᠢᠭᠦᠯᠬᠦ ᠶᠢᠨ | ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠰᠢᠯᠵᠢᠨ ᠣᠴᠢᠵᠤ᠂ ᠰᠤᠷᠭᠠᠭᠤᠯᠢ ᠶᠢ ᠠᠵᠢᠯ ᠤᠨ ᠪᠠᠶᠢᠷᠢ ᠪᠠᠷ ᠨᠢ ᠤᠷᠢᠨ | ᠲᠣᠮᠢᠯᠠᠵᠤ᠂ ᠤᠷᠢᠬᠤ ᠬᠤᠭᠤᠴᠠᠭ᠎ᠠ ᠪᠠᠷ ᠬᠠᠮᠢᠶᠠᠷᠬᠤ ᠶᠢ ᠵᠢᠭᠠᠵᠤ ᠪᠠᠶᠢᠨ᠎ᠠ᠃ | ᠲᠠᠪᠤᠨ ᠵᠦᠢᠯ ᠤᠨ ᠬᠠᠮᠢᠶᠠᠷᠤᠯᠲᠠ᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠰᠬᠠᠯ ᠤᠨ | ᠬᠠᠮᠢᠶᠠᠷᠤᠯᠲᠠ᠂ ᠤᠨᠲᠠᠯᠭ᠎ᠠ ᠶᠢᠨ ᠬᠠᠮᠢᠶᠠᠷᠤᠯᠲᠠ᠂ ᠭᠠᠷ ᠤᠲᠠᠰᠤᠨ ᠤ ᠬᠠᠮᠢᠶᠠᠷᠤᠯᠲᠠ᠂ ᠨᠣᠮ ᠪᠢᠴᠢᠭ ᠤᠨ | ᠬᠠᠮᠢᠶᠠᠷᠤᠯᠲᠠ᠂ ᠪᠡᠶ᠎ᠡ ᠮᠠᠬᠠᠪᠤᠳ ᠤᠨ ᠬᠠᠮᠢᠶᠠᠷᠤᠯᠲᠠ ᠶᠢ ᠵᠢᠭᠠᠵᠤ ᠪᠠᠶᠢᠨ᠎ᠠ᠂ ᠡᠨᠡ ᠪᠣᠯ ︽ᠬᠤᠶᠠᠷ ᠢ ᠬᠥᠩᠭᠡᠷᠡᠭᠦᠯᠬᠦ | ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠄ ᠳ᠋ᠦᠩ ᠶᠤᠸᠠᠨ ᠲᠦᠮᠡᠨ ᠮᠦ ᠲᠠᠷᠢᠶᠠᠨ ᠭᠠᠵᠠᠷ ᠤᠨ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠵᠤ᠂ 4 ᠪᠢᠴᠢᠯ | ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ᠃ | ᠬᠤᠲᠠ ᠶᠢᠨ ᠰᠢᠨᠡᠳᠬᠡᠨ ᠥᠭᠡᠷᠡᠴᠢᠯᠡᠬᠦ ᠲᠠᠯ᠎ᠠ ᠪᠠᠷ᠄ 3000 ᠡᠷᠦᠬᠡ ᠶᠢᠨ ᠠᠷᠢᠭᠤᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠶᠢᠨ ᠰᠢᠸ᠂ ᠲᠠᠷᠢᠶᠠᠯᠠᠩ ᠤᠨ ᠪᠠᠩᠬᠢ ᠵᠡᠷᠭᠡ 7 | ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠣᠯ ᠵᠢᠷᠭᠠᠯᠲᠤ ᠵᠡᠭᠡᠯᠢ᠂ ᠯᠢᠦ | ᠶᠢᠨ ᠶᠡᠭᠡ ᠵᠠᠮ ᠵᠡᠷᠭᠡ ᠭᠤᠣᠯᠳᠠᠯᠭ᠎ᠠ ᠲᠠᠢ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ ᠪᠢᠨ ᠬᠠᠢ᠂ ᠷᠦᠢ ᠳ᠋ᠧ | ᠵᠡᠷᠭᠡ ᠵᠢᠵᠢᠭ ᠲᠣᠭᠤᠷᠢᠭ ᠤᠨ ᠤᠰᠤᠲᠤᠯ ᠢ ᠵᠠᠰᠠᠬᠤ ᠠᠵᠢᠯ ᠢ ᠪᠡᠶᠡᠯᠡᠭᠦᠯᠵᠦ᠂ ᠶᠢᠨ ᠰᠢᠶᠠᠩ᠂ ᠶᠢᠨ ᠬᠤ᠋ ᠵᠡᠷᠭᠡ | ᠵᠢᠵᠢᠭ ᠲᠣᠭᠤᠷᠢᠭ ᠤᠨ ᠭᠠᠳᠠᠨᠠᠬᠢ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ | ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠲᠠᠯ᠎ᠠ ᠪᠠᠷ᠄ ᠯᠠᠩ ᠹᠧᠩ | ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠢᠨ ᠷᠦᠢ ᠵᠢᠶᠠ | ᠶᠤᠸᠠᠨ ᠤ 561 ᠢᠵᠢ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠣᠷᠣᠨ | ᠰᠠᠭᠤᠴᠠ ᠶᠢ ᠪᠠᠶᠢᠭᠤᠯᠵᠤ ᠳᠠᠭᠤᠰᠬᠠᠨ᠎ᠠ᠃ | ᠰᠣᠶᠣᠯ ᠵᠤᠭᠠᠴᠠᠯ ᠤᠨ ᠲᠠᠯ᠎ᠠ ᠪᠠᠷ᠄ ᠣᠶᠤᠨᠲᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ | ᠡᠬᠢᠯᠡᠨ ᠬᠡᠷᠡᠭᠵᠢᠭᠦᠯᠵᠦ᠂ ᠠᠷᠠᠳ ᠤᠨ ᠵᠠᠩ ᠦᠢᠯᠡ ᠶᠢᠨ ᠮᠦᠽᠧᠢ ᠶᠢ ᠪᠠᠶᠢᠭᠤᠯᠵᠤ᠂ ᠮᠠᠢ ᠵᠢᠢ TV ᠴᠡᠩᠭᠡᠯ ᠤᠨ | ᠬᠦᠷᠢᠶᠡᠯᠡᠩ ᠵᠡᠷᠭᠡ ᠬᠥᠳᠡᠯᠭᠡᠭᠦᠷ ᠤᠨ ᠲᠦᠷᠦᠯ ᠵᠦᠢᠯ ᠢ ᠲᠦᠷᠭᠡᠳᠬᠡᠨ ᠠᠬᠢᠭᠤᠯᠤᠨ᠎ᠠ᠃ | ᠰᠤᠷᠭᠠᠨ ᠬᠥᠮᠦᠵᠢᠯ ᠤᠨ ᠦᠢᠯᠡᠰ ᠤᠨ ᠲᠠᠯ᠎ᠠ ᠪᠠᠷ᠄ ᠨᠡᠶᠢᠭᠡᠮ ᠤᠨ ᠬᠦᠴᠦᠨ ᠢ ᠣᠷᠣᠭᠤᠯᠤᠨ ᠠᠪᠴᠢᠷᠠᠵᠤ | ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠰᠢᠩ ᠹᠦ᠋ | ᠵᠡᠭᠡᠯᠢ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠬᠡᠷᠡᠭᠯᠡᠵᠦ᠂ 11 ᠰᠤᠷᠭᠠᠭᠤᠯᠢ ᠶᠢᠨ ᠭᠡᠷ | ᠪᠠᠶᠢᠰᠢᠩ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ᠨᠢᠭᠡ ᠪᠦᠯᠦᠭ ᠣᠶᠤᠨᠴᠢ ᠢᠵᠢ | ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ | ᠡᠮᠴᠢᠯᠡᠭᠡ ᠡᠷᠡᠭᠦᠯ ᠬᠠᠮᠠᠭᠠᠯᠠᠯ ᠤᠨ ᠲᠠᠯ᠎ᠠ ᠪᠠᠷ᠄ ᠲᠥᠪ ᠡᠮᠨᠡᠯᠭᠡ ᠶᠢᠨ ᠬᠤᠷᠢᠶᠠᠨ ᠤ ᠡᠪᠡᠳᠴᠢᠨ ᠦᠵᠡᠭᠦᠯᠬᠦ | ᠣᠷᠴᠢᠨ ᠲᠣᠭᠤᠷᠢᠨ ᠢ ᠥᠭᠡᠷᠡᠴᠢᠯᠡᠨ ᠳᠡᠭᠡᠭᠰᠢᠯᠡᠭᠦᠯᠵᠦ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ | ᠡᠪᠡᠳᠴᠢᠨ ᠤ ᠣᠷᠣᠨ ᠢ ᠣᠷᠣᠭᠤᠯᠤᠨ ᠬᠡᠷᠡᠭᠯᠡᠵᠦ᠂ ᠣᠷᠣᠨ ᠪᠦᠰᠡ ᠶᠢᠨ ᠣᠨᠣᠰᠢᠯᠠᠨ ᠡᠮᠨᠡᠬᠦ ᠲᠠᠪᠴᠠᠩ ᠢ | ᠲᠦᠷᠭᠡᠳᠬᠡᠨ ᠪᠠᠶᠢᠭᠤᠯᠵᠤ᠂ ᠶᠠᠰᠤᠨ ᠤ ᠰᠠᠯᠠᠭ᠎ᠠ᠂ ᠬᠢᠲᠠᠳ ᠡᠮᠨᠡᠯᠭᠡ ᠶᠢᠨ ᠡᠷᠡᠭᠦᠯᠵᠢᠯ ᠵᠡᠷᠭᠡ ᠣᠨᠴᠠᠯᠢᠭᠲᠤ | ᠲᠤᠰᠬᠠᠢ ᠰᠠᠯᠠᠭ᠎ᠠ ᠶᠢ ᠪᠣᠶ ᠪᠣᠯᠭᠠᠨ᠎ᠠ᠃ | ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠲᠠᠯ᠎ᠠ ᠪᠠᠷ᠄ 4 ᠨᠡᠶᠢᠭᠡᠮ ᠲᠣᠭᠤᠷᠢᠭ ᠤᠨ ᠨᠠᠮ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ︽ᠣᠶᠤᠨᠲᠤ ᠪᠠᠭ᠎ᠠ ᠲᠣᠭᠤᠷᠢᠭ︾ | ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠯᠬᠦᠮᠳᠡᠯ᠂ | ᠰᠢᠤᠳᠠᠨ ᠵᠡᠷᠭᠡ ᠪᠠᠭ᠎ᠠ ᠲᠣᠭᠤᠷᠢᠭ ᠤᠨ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠤᠭᠰᠠᠷᠠᠨ᠎ᠠ᠃ | | | | |