ᠤᠳᠠ ᠵᠠᠰᠠᠭ ᠠᠯᠪᠠᠨ ᠲᠠᠷᠬᠠᠭᠠᠭᠰᠠᠨ〔2021〕53 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ | ︽ᠤᠳᠠ ᠲᠣᠭᠤᠷᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠯᠲᠡ ᠶᠢᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠠᠢ ᠬᠢᠨᠠᠨ ᠬᠠᠮᠢᠶᠠᠷᠬᠤ ᠶᠢ ᠠᠬᠢᠭᠤᠯᠬᠤ ᠶᠢᠨ | ᠬᠡᠷᠡᠭᠵᠢᠭᠦᠯᠬᠦ ᠳᠦᠰᠦᠯ︾ ᠢ ᠳᠠᠷᠣᠮᠯᠠᠨ ᠶᠠᠪᠤᠭᠤᠯᠬᠤ ᠲᠤᠬᠠᠢ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠯᠲᠡ ᠶᠢᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠶᠢ ᠲᠦᠯᠬᠢᠨ ᠠᠬᠢᠭᠤᠯᠬᠤ ᠶᠢᠨ | ᠬᠡᠷᠡᠭᠵᠢᠭᠦᠯᠬᠦ ᠲᠥᠰᠥᠯ︾ ᠢ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | 2021 ᠣᠨ ᠤ 11 ᠰᠠᠷ᠎ᠠ ᠶᠢᠨ 10 ᠤ ᠡᠳᠦᠷ | ᠤᠳᠠ ᠲᠣᠭᠤᠷᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠯᠲᠡ ᠶᠢᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠠᠢ ᠬᠢᠨᠠᠨ ᠬᠠᠮᠢᠶᠠᠷᠬᠤ ᠶᠢ ᠠᠬᠢᠭᠤᠯᠬᠤ ᠶᠢᠨ | ᠬᠡᠷᠡᠭᠵᠢᠭᠦᠯᠬᠦ ᠳᠦᠰᠦᠯ | ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠵᠢᠯᠤᠭᠤᠳᠬᠤ ᠰᠠᠨᠠᠯ︾ ︵ᠲᠥᠪ ᠲᠠᠷᠬᠠᠭᠠᠭᠰᠠᠨ ﹇2015﹈ 22 ᠳ᠋ᠤᠭᠠᠷ ᠲᠣᠭᠠᠲᠤ︶ ︽ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2015﹈ 20 ᠳ᠋ᠤᠭᠠᠷ ᠲᠣᠭᠠᠲᠤ︶ ᠪᠠ ︽ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠦᠬᠠᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇ | 2016﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠦᠬᠠᠢ ᠬᠤᠲᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠷᠢᠨ ᠲᠠᠩᠰᠠ︾ ︵ᠦᠬᠠᠢ ᠨᠠᠮ | ᠲᠠᠷᠬᠠᠭᠠᠭᠰᠠᠨ ﹇2021﹈ 4 ᠳ᠋ᠦ᠋ᠭᠡᠷ ᠲᠣᠭᠠᠲᠤ︶ ᠪᠣᠯᠣᠨ ︽ᠤᠳᠠ ᠲᠣᠭᠤᠷᠢᠭ ᠤᠨ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠷᠢᠨ ᠲᠠᠩᠰᠠ︾ | ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠠᠵᠢᠯ ᠢ ᠦᠨᠡᠨᠬᠦ ᠰᠠᠶᠢᠲᠤᠷ ᠬᠢᠵᠦ᠂ ᠤᠳᠠ | ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠷᠢᠴᠠᠭ᠎ᠠ ᠪᠠᠨ ᠰᠠᠯᠭᠠᠬᠤ᠂ | ᠳᠦᠷᠢᠮ ᠢᠶᠠᠨ ᠥᠭᠡᠷᠡᠴᠢᠯᠡᠬᠦ᠂ ᠦᠷ᠎ᠡ ᠠᠰᠢᠭ ᠢᠶᠠᠨ ᠨᠡᠮᠡᠭᠳᠡᠭᠦᠯᠬᠦ᠂ ᠬᠦᠴᠦᠷᠬᠡᠭᠵᠢᠭᠦᠯᠬᠦ︾ ᠶᠡᠷᠦᠩᠬᠡᠢ | ᠰᠡᠳᠬᠢᠴᠡ ᠶᠢᠨ ᠶᠣᠰᠣᠭᠠᠷ᠂ ᠵᠠᠰᠠᠭ ᠠᠵᠤ ᠠᠬᠤᠶᠢᠯᠠᠯ ᠢ ᠰᠠᠯᠭᠠᠬᠤ᠂ ᠵᠠᠰᠠᠭ ᠬᠥᠷᠥᠩᠭᠡ ᠶᠢ ᠰᠠᠯᠭᠠᠬᠤ ᠪᠠ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠪᠣᠯᠭᠠᠵᠤ᠂ ᠨᠠᠮ ᠵᠠᠰᠠᠭ ᠤᠨ ᠪᠠᠶᠢᠭᠤᠯᠭ᠎ᠠ ᠶᠢ | ᠬᠠᠷᠢᠶ᠎ᠠ ︵ᠡᠷᠬᠢᠯᠡᠭᠰᠡᠨ︶ ᠠᠵᠤ ᠠᠬᠤᠶᠢᠯᠠᠯ ᠠᠴᠠ ᠰᠠᠯᠭᠠᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ | ᠡᠵᠡᠩᠨᠡᠯᠲᠡ ᠶᠢᠨ ᠲᠣᠭᠲᠠᠴᠠ ᠶᠢ ᠬᠤᠪᠢᠷᠠᠭᠤᠯᠵᠤ᠂ ᠪᠡᠶ᠎ᠡ ᠪᠠᠨ ᠳᠠᠭᠠᠭᠠᠵᠤ ᠡᠵᠡᠩᠨᠡᠬᠦ᠂ ᠣᠯᠵᠤ ᠠᠯᠳᠠᠬᠤ ᠪᠠᠨ | ᠥᠪᠡᠰᠦᠪᠡᠨ ᠬᠠᠷᠢᠭᠤᠴᠠᠬᠤ᠂ ᠠᠶᠤᠯ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ᠂ ᠥᠪᠡᠷ ᠢ ᠪᠠᠨ ᠬᠢᠵᠠᠭᠠᠷᠯᠠᠬᠤ᠂ | ᠥᠪᠡᠷ ᠢ ᠪᠠᠨ ᠥᠪᠡᠰᠦᠪᠡᠨ ᠬᠥᠭᠵᠢᠭᠦᠯᠬᠦ ᠪᠡᠶ᠎ᠡ ᠪᠠᠨ ᠳᠠᠭᠠᠭᠠᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠪᠣᠶᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠪᠠ ᠡᠵᠡᠩᠨᠡᠯᠲᠡ ᠶᠢᠨ | ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ | ᠪᠡᠶᠡᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠪᠤᠵᠠᠭᠠᠶᠢᠷᠠᠭᠤᠯᠬᠤ ᠶᠢ ᠲᠦᠯᠬᠢᠨ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | 1. ᠵᠠᠰᠠᠭ ᠵᠠᠬᠢᠷᠭ᠎ᠠ ᠠᠵᠤ ᠠᠬᠤᠶᠢᠯᠠᠯ ᠢ ᠰᠠᠯᠭᠠᠬᠤ᠂ ᠵᠠᠰᠠᠭ ᠵᠠᠬᠢᠷᠭ᠎ᠠ ᠪᠠ ᠡᠳ᠋ ᠬᠥᠷᠥᠩᠭᠡ ᠶᠢ ᠰᠠᠯᠭᠠᠬᠤ᠂ ᠠᠵᠢᠯ | ᠦᠢᠯᠡᠰ ᠪᠠ ᠠᠵᠤ ᠠᠬᠤᠶᠢᠯᠠᠯ ᠢ ᠰᠠᠯᠭᠠᠨ᠎ᠠ᠃ ᠤᠳᠠ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠶᠢ ᠬᠠᠷᠢᠶ᠎ᠠ ᠠᠵᠤ ᠠᠬᠤᠶᠢᠯᠠᠯ ᠲᠠᠢ ᠪᠠᠨ ᠬᠠᠷᠢᠴᠠᠭ᠎ᠠ ᠪᠠᠨ ᠰᠠᠯᠭᠠᠬᠤ ᠶᠢ ᠠᠬᠢᠭᠤᠯᠵᠤ᠂ ᠲᠤᠭᠤᠷᠢᠭ ᠤᠨ | ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠳᠤ ᠨᠢᠭᠡᠳᠦᠯᠲᠡᠢ ᠣᠷᠣᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ | ᠡᠷᠬᠡ ᠣᠯᠭᠤᠭᠰᠠᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠵᠥᠪᠯᠡᠯ︶ ᠠᠴᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠨ ᠬᠠᠮᠢᠶᠠᠷᠬᠤ ᠪᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠵᠡᠷᠭᠡ ᠡᠭᠦᠷᠭᠡ ᠬᠠᠷᠢᠭᠤᠴᠠᠯᠭ᠎ᠠ᠃ | ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ︶ ᠶᠢᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠡᠭᠦᠷᠭᠡ | ᠴᠢᠳᠠᠪᠤᠷᠢ ᠶᠢ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠ ᠠᠵᠢᠯ ᠤᠨ ᠠᠭᠤᠯᠭ᠎ᠠ ᠶᠢ ᠲᠣᠳᠣᠷᠬᠠᠶᠢᠯᠠᠨ᠂ | ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠬᠤ ᠪᠠ ᠦᠢᠯᠡᠴᠢᠯᠡᠬᠦ ᠶᠢ ᠬᠠᠷᠢᠯᠴᠠᠨ | ᠤᠶᠠᠯᠳᠤᠭᠤᠯᠤᠭᠰᠠᠨ ᠠᠵᠢᠯ ᠤᠨ ᠬᠡᠪ ᠵᠠᠭᠪᠤᠷ ᠢ ᠪᠤᠢ ᠪᠣᠯᠭᠠᠨ᠎ᠠ᠃ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ︶ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠪᠣᠯᠤᠭᠰᠠᠨ ᠤ ᠬᠤᠪᠢ ᠳᠤ ᠣᠯᠠᠨ ᠨᠡᠶᠢᠲᠡ ᠶᠢᠨ ᠬᠠᠮᠢᠶᠠᠷᠤᠯᠲᠠ ᠶᠢᠨ | ᠡᠭᠦᠷᠭᠡ ᠴᠢᠳᠠᠪᠤᠷᠢ ᠶᠢ ᠬᠡᠷᠡᠭᠵᠢᠭᠦᠯᠬᠦ ᠦᠭᠡᠢ᠂ ᠪᠤᠰᠤᠳ ᠰᠠᠯᠠᠭ᠎ᠠ ᠮᠥᠴᠢᠷ ᠪᠠ ᠪᠠᠶᠢᠭᠤᠯᠤᠮᠵᠢ ᠨᠢ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠦᠭᠡᠢ᠃ | 2. ᠨᠢᠭᠡᠳᠦᠯᠲᠡᠢ ᠡᠷᠬᠡ ᠣᠯᠭᠤᠵᠤ᠂ ᠪᠥᠬᠦ ᠲᠠᠯ᠎ᠠ ᠶᠢ ᠪᠦᠷᠬᠦᠭᠦᠯᠦᠨ᠎ᠡ᠃ ᠡᠷᠬᠡ ᠣᠯᠭᠤᠭᠰᠠᠨ ᠲᠤᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶ ᠨᠢ ᠲᠤᠭᠤᠷᠢᠭ ᠤᠨ | ᠵᠠᠰᠠᠭ ᠤᠨ ᠣᠷᠳᠣᠨ ᠢ ᠲᠥᠯᠥᠭᠡᠯᠡᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠳᠤ | ᠨᠢᠭᠡᠳᠦᠯᠲᠡᠢ ᠬᠢᠨᠠᠨ ᠬᠠᠮᠢᠶᠠᠷᠴᠤ᠂ ᠥᠮᠴᠢᠯᠡᠭᠴᠢ ᠶᠢᠨ ᠡᠷᠬᠡ ᠠᠰᠢᠭ ᠢ ᠡᠳ᠋ᠯᠡᠨ᠂ ᠪᠡᠯᠡ ᠭᠠᠷᠭᠠᠭᠴᠢ ᠶᠢᠨ ᠳᠦᠷᠢᠮ ᠢ | ᠪᠦᠬᠦᠨ ᠢ ᠬᠠᠮᠤᠷᠬᠤ ᠶᠢ ᠬᠡᠷᠡᠭᠵᠢᠭᠦᠯᠦᠨ᠎ᠡ᠃ | 3. ᠬᠠᠤᠯᠢ ᠲᠣᠭᠲᠠᠭᠠᠯ ᠶᠣᠰᠣᠭᠠᠷ᠂ ᠢᠯᠡ ᠲᠣᠳᠣ ᠪᠠᠶᠢᠯᠭᠠᠨ᠎ᠠ᠃ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠠᠬᠢᠭᠤᠯᠵᠤ᠂ | ᠡᠯ᠎ᠡ ᠵᠦᠢᠯ ᠤᠨ ᠠᠵᠢᠯ ᠤᠨ ᠬᠠᠤᠯᠢ ᠲᠣᠭᠲᠠᠭᠠᠯ ᠳᠤ ᠨᠡᠶᠢᠴᠡᠬᠦ᠂ ᠢᠯᠡ ᠲᠣᠳᠣ᠂ ᠢᠯᠡ ᠪᠠᠷ ᠠᠵᠢᠯᠯᠠᠬᠤ ᠶᠢ | ᠦᠨᠡᠨᠬᠦ ᠪᠠᠲᠤᠯᠠᠬᠤ ᠬᠡᠷᠡᠭᠲᠡᠢ᠃ | 4. ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠡᠯ᠎ᠡ ᠵᠦᠢᠯ ᠤᠨ | ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠪᠠ ᠠᠶᠤᠯᠭᠦᠢ | ᠦᠢᠯᠡᠳᠪᠦᠷᠢᠯᠡᠯ ᠢ ᠦᠨᠡᠨ ᠬᠦ ᠪᠠᠲᠤᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠶᠤᠯᠭᠦᠢ ᠪᠥᠭᠡᠳ | ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠵᠤ᠂ ᠠᠵᠢᠯᠲᠠᠨ ᠠᠵᠢᠯᠴᠢᠨ ᠤ ᠡᠩᠨᠡᠭᠡ ᠶᠢᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠵᠤ᠂ ᠠᠵᠢᠯ ᠤᠨ ᠳᠤᠮᠳᠠᠬᠢ ᠡᠯ᠎ᠡ ᠵᠦᠢᠯ ᠤᠨ ᠠᠰᠠᠭᠤᠳᠠᠯ ᠢ ᠲᠣᠬᠢᠲᠠᠢ | ᠰᠢᠢᠳᠪᠦᠷᠢᠯᠡᠨ᠎ᠡ᠃ | ︵ᠭᠤᠷᠪᠠ︶ ᠠᠵᠢᠯ ᠤᠨ ᠬᠠᠷᠠᠯᠲᠠ | ︽ᠶᠡᠷᠦᠩᠬᠡᠢ ᠲᠤᠨᠢ ᠪᠠᠶᠢᠷᠢᠯᠠᠭᠤᠯᠬᠤ᠂ ᠪᠥᠬᠦ ᠲᠠᠯ᠎ᠠ ᠪᠠᠷ ᠰᠠᠯᠭᠠᠬᠤ᠂ ᠲᠥᠷᠥᠯ ᠬᠤᠪᠢᠶᠠᠨ ᠵᠢᠯᠤᠭᠤᠳᠬᠤ᠂ ᠠᠯᠬᠤᠮ | ᠬᠤᠪᠢᠶᠠᠨ ᠪᠡᠶᠡᠯᠡᠭᠦᠯᠬᠦ︾ ᠠᠵᠢᠯ ᠤᠨ ᠰᠡᠳᠬᠢᠴᠡ ᠶᠣᠰᠣᠭᠠᠷ᠂ ᠨᠠᠮ ᠵᠠᠰᠠᠭ ᠪᠠᠶᠢᠭᠤᠯᠤᠯᠭ᠎ᠠ᠂ ᠠᠵᠢᠯ ᠦᠢᠯᠡᠰ ᠤᠨ | ᠨᠢᠭᠡᠴᠡ ᠶᠢ ᠬᠠᠷᠢᠶ᠎ᠠ ᠠᠵᠤ ᠠᠬᠤᠶᠢᠯᠠᠯ ᠠᠴᠠ ᠪᠠᠨ ᠰᠠᠯᠭᠠᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠴᠢᠨᠠᠷᠲᠠᠢ | ᠤᠯᠤᠰ ᠤᠨ ᠥᠮᠴᠢᠯᠡᠯᠲᠦ ᠶᠢᠨ ᠬᠥᠷᠥᠩᠭᠡ ᠶᠢᠨ ᠲᠥᠪᠯᠡᠷᠡᠩᠭᠦᠢ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ | ᠪᠡᠶᠡᠯᠡᠭᠦᠯᠦᠨ᠎ᠡ᠃ | ᠬᠤᠶᠠᠷ᠂ ᠠᠵᠢᠯ ᠤᠨ ᠠᠯᠬᠤᠮ ᠳᠠᠷᠠᠭ᠎ᠠ | ︵ᠨᠢᠭᠡ︶ ᠬᠠᠷᠢᠴᠠᠭ᠎ᠠ ᠪᠠᠨ ᠰᠠᠯᠭᠠᠬᠤ | ᠣᠳᠣᠬᠠᠨ ᠳᠤ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠵᠥᠪᠯᠡᠯ︶ ᠶᠢᠨ ᠨᠢᠭᠡᠳᠦᠯᠲᠡᠢ ᠬᠢᠨᠠᠨ ᠬᠠᠮᠢᠶᠠᠷᠤᠯᠲᠠ ᠳᠤ ᠣᠷᠣᠭᠤᠯᠤᠭᠠᠳᠤᠢ ᠣᠷᠣᠨ ᠤ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠡ ᠶᠢᠨ ᠰᠢᠭᠤᠳ ᠪᠡᠯᠡ ᠭᠠᠷᠭᠠᠭᠰᠠᠨ ᠪᠤᠶᠤ | ᠰᠢᠭᠤᠳ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ | ᠠᠵᠤ ᠠᠬᠤᠶᠢᠯᠠᠯ ︵ᠳᠣᠷᠣᠭᠰᠢ ︽ᠬᠠᠷᠢᠴᠠᠭ᠎ᠠ ᠪᠠᠨ ᠰᠠᠯᠭᠠᠭᠰᠠᠨ ᠠᠵᠤ ᠠᠬᠤᠶᠢᠯᠠᠯ︾ ᠭᠡᠵᠦ ᠲᠣᠪᠴᠢᠯᠠᠨ᠎ᠠ︶ ᠢ | ᠪᠦᠬᠦᠨ ᠢ ᠰᠠᠯᠭᠠᠬᠤ ᠬᠡᠪᠴᠢᠶᠡᠨ ᠳᠤ ᠣᠷᠣᠭᠤᠯᠵᠤ᠂ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠢ ᠡᠷᠬᠡ | ᠣᠯᠭᠤᠭᠰᠠᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠵᠥᠪᠯᠡᠯ︶ ᠠᠴᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠭᠤᠯᠤᠯ᠂ ᠬᠠᠮᠢᠶᠠᠷᠤᠯᠲᠠ ᠶᠢᠨ ᠳᠦᠷᠢᠮ ᠪᠠ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠢᠭᠡᠳᠬᠡᠵᠦ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠳᠤ ︽ᠬᠠᠷᠢᠭᠤᠴᠠᠯᠭ᠎ᠠ ᠳᠤ ᠭᠤᠣᠯ | ᠴᠣᠭᠴᠠ ᠲᠠᠢ᠂ ᠠᠵᠢᠯᠯᠠᠭ᠎ᠠ ᠳᠤ ᠵᠢᠷᠤᠮᠵᠢᠯ ᠲᠠᠢ᠂ ᠬᠠᠷᠢᠭᠤᠴᠠᠯᠭ᠎ᠠ ᠨᠡᠬᠡᠮᠵᠢᠯᠡᠬᠦ ᠡᠲᠡᠭᠡᠳ ᠲᠠᠢ︾ ᠪᠠᠶᠢᠬᠤ ᠶᠢ | ᠪᠡᠶᠡᠯᠡᠭᠦᠯᠦᠨ᠎ᠡ᠃ | ︵ᠬᠤᠶᠠᠷ︶ ᠪᠠᠶᠢᠭᠤᠯᠤᠯ ᠢ ᠥᠭᠡᠷᠡᠴᠢᠯᠡᠬᠦ | ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ | ᠵᠣᠬᠢᠴᠠᠩᠭᠤᠢ ᠪᠠᠷ ᠠᠵᠢᠯᠯᠠᠬᠤ᠂ ᠪᠦᠲᠦᠮᠵᠢᠲᠡᠶ ᠪᠠᠷ ᠬᠠᠷᠢᠯᠴᠠᠨ ᠬᠢᠵᠠᠭᠠᠷᠯᠠᠬᠤ ᠺᠣᠮᠫᠠᠨᠢ ᠶᠢ ᠵᠠᠰᠠᠬᠤ ᠲᠣᠭᠲᠠᠴᠠ ᠶᠢ | ᠲᠦᠷᠭᠡᠪᠴᠢᠯᠡᠨ ᠪᠠᠶᠢᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢ ᠵᠠᠰᠠᠬᠤ ᠶᠢ | ᠲᠡᠭᠦᠯᠳᠡᠷᠵᠢᠭᠦᠯᠬᠦ ᠶᠢ ᠨᠢᠭᠡᠳᠬᠡᠵᠦ᠂ ᠠᠵᠤ ᠠᠬᠤᠶᠢᠯᠠᠯ ᠤᠨ ᠳᠦᠷᠢᠮ ᠢᠶᠠᠷ ᠰᠠᠭᠤᠷᠢ ᠪᠣᠯᠭᠠᠭᠰᠠᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠲᠤᠭᠤᠷᠢᠭ ᠤᠨ ᠬᠠᠷᠢᠶ᠎ᠠ ᠪᠦᠬᠦᠢ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠳᠦᠷᠢᠮᠲᠦ ᠬᠤᠪᠢ ᠣᠷᠣᠭᠤᠯᠬᠤ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠺᠣᠮᠫᠠᠨᠢ ᠶᠢᠨ | ᠳᠦᠷᠢᠮᠲᠦ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ︵ᠭᠤᠷᠪᠠ︶ ᠦᠷ᠎ᠡ ᠠᠰᠢᠭ ᠢ ᠨᠡᠮᠡᠭᠳᠡᠭᠦᠯᠬᠦ | ︽ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ᠂ ᠠᠯᠳᠠᠭᠳᠠᠵᠤ | ᠭᠡᠭᠡᠭᠳᠡᠬᠦ ᠶᠢ ᠰᠡᠷᠭᠡᠶᠢᠯᠡᠬᠦ︾ ᠵᠠᠷᠴᠢᠮ ᠶᠣᠰᠣᠭᠠᠷ᠂ ᠤᠳᠠ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠪᠣᠳᠠᠲᠠᠢ ᠪᠠᠶᠢᠳᠠᠯ ᠢ ᠦᠨᠳᠦᠰᠦᠯᠡᠨ ᠨᠢᠭᠡᠳᠦᠯᠲᠡᠢ ᠬᠢᠨᠠᠨ ᠬᠠᠮᠢᠶᠠᠷᠬᠤ ᠬᠡᠪᠴᠢᠶᠡᠨ ᠳᠤ | ᠣᠷᠣᠭᠤᠯᠤᠭᠰᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ | ᠤᠯᠤᠰ ᠤᠨ ᠥᠮᠴᠢᠯᠡᠯ ᠤᠨ ᠬᠥᠷᠥᠩᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ | ᠬᠥᠷᠥᠩᠭᠡ ᠶᠢ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠬᠦᠷᠢᠶ᠎ᠡ ᠲᠡᠰᠢ | ᠲᠥᠪᠯᠡᠷᠡᠭᠦᠯᠬᠦ᠂ ᠭᠤᠣᠯᠯᠠᠬᠤ ᠥᠷᠢᠰᠦᠯᠳᠦᠬᠦ ᠬᠦᠴᠦᠨ ᠲᠠᠢ ᠳᠠᠪᠠᠭᠤᠯᠢᠭ ᠠᠵᠤ ᠠᠬᠤᠶᠢᠯᠠᠯ ᠲᠡᠰᠢ ᠲᠥᠪᠯᠡᠷᠡᠭᠦᠯᠬᠦ᠂ | ᠠᠵᠤ ᠠᠬᠤᠶᠢᠯᠠᠯ ᠤᠨ ᠭᠤᠣᠯ ᠠᠵᠢᠯ ᠦᠢᠯᠡᠰ ᠲᠡᠰᠢ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠤ ᠠᠬᠤᠢ ᠶᠢᠨ | ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ︵ᠳᠥᠷᠪᠡ︶ ᠬᠦᠴᠦᠷᠭᠡᠭ ᠪᠣᠯᠭᠠᠬᠤ | ᠤᠳᠠ ᠲᠣᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠶᠡᠷᠦᠩᠬᠡᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠰᠤᠳᠤᠯᠵᠤ᠂ ᠠᠵᠢᠯ | ᠲᠥᠷᠥᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠠᠵᠤ ᠠᠬᠤᠶᠢᠯᠠᠯ ᠢ ᠬᠦᠴᠦᠯᠡᠨ ᠪᠣᠶᠢᠵᠢᠭᠤᠯᠵᠤ᠂ ᠠᠵᠤ | ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠴᠢᠬᠤᠯᠠᠴᠢᠯᠠᠨ᠂ ᠲᠤᠭᠤᠷᠢᠭ ᠤᠨ ᠬᠠᠷᠢᠶ᠎ᠠ ᠪᠦᠬᠦᠢ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠠ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶᠡᠨ ᠳᠠᠬᠢ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠴᠠᠭ᠎ᠠ ᠪᠠᠨ | ᠰᠠᠯᠭᠠᠬᠤ ᠥᠭᠡᠷᠡᠴᠢᠯᠡᠯᠲᠡ ᠶᠢᠨ ᠠᠵᠢᠯ ᠢ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ ᠠᠴᠠ ᠲᠤᠭᠤᠷᠢᠭ ᠤᠨ ᠨᠠᠮ ᠤᠨ | ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ ᠪᠣᠳᠠᠲᠠᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠦᠢᠯᠡᠰ ᠪᠠ ᠠᠵᠤ ᠠᠬᠤᠶᠢᠯᠠᠯ ᠢ ᠰᠠᠯᠭᠠᠬᠤ ᠡᠭᠦᠷᠭᠡ ᠲᠠᠢ ᠬᠤᠯᠪᠣᠭᠳᠠᠬᠤ | ᠠᠵᠤ ᠠᠬᠤᠶᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠭᠤᠷᠢᠭ ᠤᠨ ᠵᠠᠰᠠᠭ ᠤᠨ ᠣᠷᠳᠣᠨ ᠤ | ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠵᠢᠯ ᠦᠢᠯᠡᠰ ᠤᠨ ᠨᠢᠭᠡᠴᠡ ᠶᠢᠨ ᠲᠥᠷᠥᠯ ᠬᠤᠪᠢᠶᠠᠭᠰᠠᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠥᠭᠡᠷᠡᠴᠢᠯᠡᠯᠲᠡ ᠶᠢᠨ ᠤᠷᠤᠭᠰᠢᠲᠠᠢ ᠠᠬᠢᠬᠤ᠂ ᠠᠵᠤ | ᠠᠬᠤᠶᠢᠯᠠᠯ ᠪᠠ ᠨᠡᠶᠢᠭᠡᠮ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠡᠯ᠎ᠡ ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠠᠵᠢᠯ ᠢ ᠡᠷᠡᠰ ᠭᠤᠶᠢᠪᠢᠰᠢ ᠦᠭᠡᠢ ᠲᠦᠯᠬᠢᠨ | ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ | ᠃ ᠬᠠᠷᠢᠴᠠᠭ᠎ᠠ ᠪᠠᠨ ᠰᠠᠯᠭᠠᠬᠤ ᠳᠤ ᠣᠷᠣᠭᠤᠯᠬᠤ ᠪᠠᠷ ᠲᠣᠭᠲᠠᠭᠠᠭᠰᠠᠨ ᠠᠵᠤ ᠠᠬᠤᠶᠢᠯᠠᠯ ᠪᠦᠬᠦᠨ ᠤ ᠠᠵᠢᠯᠲᠠᠨ ᠤ | ᠶᠠᠪᠤᠳᠠᠯ ᠤᠨ ᠤᠴᠢᠷ ᠶᠠᠪᠤᠳᠠᠯ᠂ ᠺᠠᠳ᠋ᠷ ᠤᠨ ᠲᠣᠬᠢᠷᠠᠭᠤᠯᠤᠯᠲᠠ ᠵᠡᠷᠭᠡ ᠶᠢ ᠴᠥᠮ ᠥᠯᠥ ᠬᠥᠳᠡᠯᠭᠡᠯᠭᠡᠨᠡ᠃ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠠᠵᠤ ᠠᠬᠤᠶᠢᠯᠠᠯ ᠤᠨ ᠡᠳ᠋ ᠬᠥᠷᠥᠩᠭᠡ ᠶᠢ | ᠨᠢᠭᠤᠨ ᠳᠠᠯᠳᠠᠯᠠᠵᠤ᠂ ᠲᠠᠳᠠᠨ ᠵᠠᠶᠢᠯᠠᠭᠤᠯᠵᠤ᠂ ᠰᠢᠯᠵᠢᠭᠦᠯᠵᠦ᠂ ᠳᠤᠷ᠎ᠠ ᠪᠠᠷ ᠢᠶᠠᠨ ᠬᠤᠳᠠᠯᠳᠤᠬᠤ ᠪᠤᠶᠤ ᠠᠵᠤ | ᠠᠬᠤᠶᠢᠯᠠᠯ ᠤᠨ ᠳᠠᠩᠰᠠᠯᠠᠯᠲᠠ ᠶᠢ ᠬᠤᠪᠢᠷᠠᠭᠤᠯᠵᠤ ᠪᠣᠯᠬᠤ ᠦᠭᠡᠢ᠂ ᠵᠣᠭᠤᠰ ᠢ ᠱᠠᠯᠠᠪᠳᠠᠨ ᠵᠠᠷᠤᠵᠤ᠂ ᠪᠠᠩᠬᠢ ᠶᠢᠨ | ᠥᠷᠢ ᠥᠭᠴᠡᠭᠡ ᠠᠴᠠ ᠵᠠᠶᠢᠯᠠᠵᠤ ᠲᠡᠭᠦᠨ ᠢ ᠬᠦᠴᠦᠨ ᠦᠭᠡᠢ ᠪᠣᠯᠭᠠᠵᠤ ᠪᠣᠯᠬᠤ ᠦᠭᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ | ᠲᠤᠭᠤᠷᠢᠭ ᠤᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠵᠤ | ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠠᠰᠠᠬᠤ ᠪᠦᠲᠦᠴᠡ ᠶᠢ ᠦᠨᠡᠨᠬᠦ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠴᠠᠯᠢᠩ ᠬᠥᠯᠥᠰᠦ ᠶᠢᠨ ᠬᠠᠮᠢᠶᠠᠷᠤᠯᠲᠠ᠂ | ᠥᠮᠴᠢᠯᠡᠬᠦ ᠡᠷᠬᠡ ᠶᠢᠨ ᠬᠠᠮᠢᠶᠠᠷᠤᠯᠲᠠ᠂ ᠠᠰᠢᠭ ᠣᠷᠣᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠵᠢᠷᠤᠮᠵᠢᠭᠤᠯᠤᠨ᠂ | ᠠᠵᠤ ᠠᠬᠤᠶᠢᠯᠠᠯ ᠤᠨ ᠤᠳᠤᠷᠢᠳᠬᠤ ᠬᠥᠮᠥᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠷᠠᠭᠠᠯᠵᠠᠯ᠂ | ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ | ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ | ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ | | | | |